ᠰᠠᠶᠢᠨ ᠤᠨᠲᠠᠵᠤ ᠠᠮᠠᠷᠠᠬᠤ ᠶᠢᠨ ᠴᠢᠬᠤᠯᠠ ᠴᠢᠨᠠᠷ
ᠨᠡᠶᠢᠲᠡᠯᠡᠭᠰᠡᠨ ᠴᠠᠭ᠄
2017-03-07
       ᠬᠢᠲᠠᠳ ᠡᠮᠨᠡᠯᠭᠡ ᠳᠤ ︽ᠨᠢᠭᠡ ᠤᠳᠠᠭ᠎ᠠ ᠮᠢᠬ᠎ᠠ ᠢᠳᠡᠬᠦ ᠦᠭᠡᠢ ᠴᠦ ᠨᠢᠭᠡ ᠡᠷᠡᠨ ᠤᠨᠲᠠᠬᠤ ᠦᠭᠡᠢ ᠦᠯᠦ ᠪᠤᠯᠤᠨ᠎ᠠ︾ ᠬᠡᠰᠡᠨ ᠦᠭᠡ ᠪᠠᠶᠢᠳᠠᠭ᠃ ᠰᠠᠶᠢᠨ ᠤᠨᠲᠠᠬᠤ ᠪᠤᠯ ᠡᠷᠡᠭᠦᠯ ᠠᠮᠢᠳᠤᠷᠠᠯ ᠤᠨ ᠬᠠᠮᠤᠭ ᠴᠢᠬᠤᠯᠠ ᠰᠠᠭᠤᠷᠢ ᠪᠤᠯᠤᠨ᠎ᠠ᠃ ᠭᠡᠪᠡᠴᠦ ᠤᠳᠤ ᠶᠢᠨ ᠤᠯᠠᠩᠬᠢ ᠬᠦᠮᠦᠰ ᠠᠵᠢᠯ ᠬᠦᠳᠡᠯᠮᠦᠷᠢ ᠪᠠᠨ ᠠᠮᠵᠢᠭᠤᠯᠬᠤ ᠭᠡᠳ ᠤᠨᠲᠠᠬᠤ ᠬᠡᠪ ᠤᠨ ᠬᠡᠮᠵᠢᠶ᠎ᠡ ᠪᠠᠨ ᠶᠡᠬᠡᠪᠡᠷ ᠪᠠᠭᠠᠰᠬᠠᠵᠤ ᠪᠠᠶᠢᠳᠠᠭ᠃ ᠡᠨᠡ ᠨᠢ ᠬᠡᠷᠡᠭ ᠳᠡᠭᠡᠷ᠎ᠡ ᠪᠠᠨ ᠲᠡᠶᠢᠮᠦ ᠪᠦᠲᠦᠮᠵᠢᠲᠡᠢ ᠠᠷᠭ᠎ᠠ ᠪᠢᠰᠢ᠃ ᠬᠠᠷᠢᠨ ᠰᠠᠶᠢᠲᠤᠷ ᠤᠨᠲᠠᠵᠤ ᠠᠮᠠᠷᠠᠪᠠᠯ ᠢᠯᠡᠭᠦᠦ ᠡᠷᠴᠢ ᠬᠦᠴᠦᠲᠡᠢ ᠪᠠᠶᠢᠵᠤ᠂ ᠪᠦᠲᠦᠭᠡᠬᠦ ᠴᠢᠳᠠᠪᠤᠷᠢ ᠪᠠ ᠤᠷᠮ᠎ᠠ ᠵᠤᠷᠢᠭ ᠲᠡᠭᠦᠯᠳᠡᠷ ᠪᠤᠯᠳᠠᠭ ᠶᠤᠮ᠃        ᠤᠤᠯ ᠨᠢ ᠬᠦᠮᠦᠰ ᠰᠠᠶᠢᠨ ᠢᠳᠡᠵᠦ᠂ ᠰᠠᠶᠢᠨ ᠤᠨᠲᠠᠬᠤ ᠪᠠᠷ ᠵᠤᠯ ᠵᠢᠷᠭᠠᠯ ᠤᠨ ᠢᠶᠠᠨ ᠪᠠᠷᠢᠮᠵᠢᠶ᠎ᠠ ᠪᠤᠯᠭᠠᠳᠠᠭ᠃ ᠭᠡᠲᠡᠯ᠎ᠡ ᠤᠳᠤ ᠰᠠᠶᠢᠨ ᠢᠳᠡᠬᠦ ᠨᠢ ᠬᠦᠴᠢᠷ ᠶᠠᠪᠤᠳᠠᠯ ᠪᠢᠰᠢ ᠴᠦ ᠰᠠᠶᠢᠨ ᠤᠨᠲᠠᠬᠤ ᠨᠢ ᠬᠠᠷᠢᠨ ᠬᠦᠰᠡᠯ ᠮᠦᠷᠦᠭᠡᠳᠦᠯ ᠰᠢᠭ ᠪᠤᠯᠵᠤ ᠪᠠᠶᠢᠨ᠎ᠠ᠃ ᠲᠡᠭᠡᠪᠡᠯ ᠬᠦᠮᠦᠨ ᠬᠡᠳᠦᠢ ᠴᠠᠭ ᠤᠨᠲᠠᠬᠤ ᠶᠤᠰᠤᠲᠠᠢ ᠪᠠᠶᠢᠬᠤ ᠲᠤᠬᠠᠢ ᠸᠠᠰᠢᠩᠲ᠋ᠤᠨ ᠮᠤᠵᠢ ᠶᠢᠨ ᠶᠡᠭᠡ ᠰᠤᠷᠭᠠᠭᠤᠯᠢ ᠶᠢᠨ ᠮᠡᠷᠭᠡᠵᠢᠯᠲᠡᠳ 48 ᠡᠷᠡᠭᠦᠯ ᠴᠢᠬᠢᠷᠠᠭ ᠬᠦᠮᠦᠰ ᠢ ᠴᠤᠭᠯᠠᠭᠤᠯᠵᠤ᠂ ᠲᠡᠳᠡᠨ ᠢ ᠳᠦᠷᠪᠡᠨ ᠪᠦᠯᠦᠭ ᠬᠤᠪᠢᠶᠠᠨ ᠬᠤᠶᠠᠷ ᠭᠠᠷᠠᠭ ᠲᠤᠷᠰᠢᠯᠲᠠ ᠬᠢᠭᠰᠡᠨ ᠪᠠᠶᠢᠨ᠎ᠠ᠃ ᠡᠶᠢᠨᠬᠦ ᠨᠢᠭᠡᠳᠦᠭᠡᠷ ᠪᠦᠯᠦᠭ ᠰᠠᠶᠢᠨ ᠳᠤᠷᠠᠴᠤᠳ ᠤᠨ ᠨᠤᠶᠢᠷ ᠢ ᠭᠤᠷᠪᠠᠨ ᠬᠤᠨᠤᠭ ᠬᠠᠰᠤᠵᠠᠢ᠃ ᠬᠤᠶᠠᠳᠤᠭᠠᠷ ᠪᠦᠯᠦᠭ ᠰᠠᠶᠢᠨ ᠳᠤᠷᠠᠴᠤᠳ ᠢ ᠬᠤᠨᠤᠭ ᠲᠤ 4 ᠴᠠᠭ ᠤᠨᠲᠠᠭᠤᠯᠵᠤ᠂ ᠭᠤᠷᠪᠠᠳᠤᠭᠠᠷ ᠪᠦᠯᠦᠭ ᠰᠠᠶᠢᠨ ᠳᠤᠷᠠᠴᠤᠳ ᠢ ᠬᠤᠨᠤᠭ ᠲᠤ 6 ᠴᠠᠭ ᠤᠨᠲᠠᠭᠤᠯᠵᠤ᠂ ᠳᠦᠷᠪᠡᠳᠦᠭᠡᠷ ᠪᠦᠯᠦᠭ ᠰᠠᠶᠢᠨ ᠳᠤᠷᠠᠴᠤᠳ ᠢ 8 ᠴᠠᠭ ᠤᠨᠲᠠᠭᠤᠯᠵᠠᠢ᠃ ᠳᠠᠭᠠᠤ ᠳᠤᠨᠢ ᠤᠷᠤᠯᠴᠠᠭᠰᠠᠳ ᠤᠨ ᠤᠶᠤᠨ ᠤ ᠪᠤᠯᠤᠨ ᠪᠡᠶ᠎ᠡ ᠶᠢᠨ ᠬᠦᠴᠦᠨ ᠤ ᠬᠦᠳᠡᠯᠮᠦᠷᠢ ᠶᠢᠨ ᠪᠦᠲᠦᠮᠵᠢ ᠶᠢ ᠰᠢᠯᠭᠠᠭᠰᠠᠨ ᠳᠤ᠂ ᠬᠤᠨᠤᠭ ᠲᠤ 8 ᠴᠠᠭ ᠤᠨᠲᠠᠭᠰᠠᠳ ᠨᠢ ᠰᠢᠯᠭᠠᠯᠲᠠ ᠶᠢ ᠲᠤᠷᠰᠢᠯᠲᠠ ᠶᠢᠨ ᠡᠮᠦᠨᠡᠬᠢ ᠰᠢᠭ ᠢᠶᠠᠨ ᠰᠠᠶᠢᠨ ᠳᠠᠪᠠᠵᠤ ᠪᠠᠶᠢᠪᠠ᠃ ᠭᠡᠲᠡᠯ᠎ᠡ ᠬᠤᠨᠤᠭ ᠲᠤ 4 ᠠᠴᠠ 6 ᠴᠠᠭ ᠤᠨᠲᠠᠭᠰᠠᠳ ᠤᠨ ᠲᠠᠨᠢᠨ ᠮᠡᠳᠡᠬᠦ ᠴᠢᠳᠠᠪᠤᠷᠢ ᠡᠳᠦᠷ ᠠᠴᠠ ᠡᠳᠦᠷ ᠲᠠᠰᠤᠷᠠᠯᠲᠠ ᠦᠭᠡᠢ ᠪᠠᠭᠤᠷᠠᠵᠤ ᠪᠠᠶᠢᠭᠰᠠᠨ ᠮᠦᠷᠲᠡᠭᠡᠨ 4 ᠪᠤᠯᠤᠨ 6 ᠴᠠᠭ ᠤᠨᠲᠠᠭᠰᠠᠳ ᠤᠨ ᠬᠤᠭᠤᠷᠤᠨᠳᠤ ᠶᠠᠮᠠᠷ ᠴᠦ ᠮᠡᠳᠡᠭᠳᠡᠮ᠎ᠡ ᠢᠯᠭᠠᠭ᠎ᠠ ᠭᠠᠷᠤᠭᠰᠠᠨ ᠦᠭᠡᠢ᠃ ᠲᠡᠷᠡᠴᠢᠯᠡᠨ ᠬᠤᠶᠠᠷ ᠭᠠᠷᠠᠭ ᠤᠨ ᠲᠤᠷᠰᠢᠯᠲᠠ ᠶᠢᠨ ᠳᠠᠷᠠᠭ᠎ᠠ᠂ 6 ᠴᠠᠭ ᠤᠨᠲᠠᠭᠰᠠᠳ ᠤᠨ ᠪᠦᠲᠦᠭᠡᠯᠴᠢ ᠴᠢᠳᠠᠪᠤᠷᠢ ᠶᠢᠨ ᠬᠤᠮᠰᠠᠳᠠᠯ ᠬᠤᠶᠠᠷ ᠬᠤᠨᠤᠭ ᠳᠠᠷᠠᠭᠠᠯᠠᠨ ᠤᠨᠲᠠᠭᠰᠠᠨ ᠦᠭᠡᠢ ᠬᠦᠮᠦᠰ ᠤᠨ ᠬᠢ ᠲᠠᠢ ᠶᠠᠭ ᠠᠳᠠᠯᠢᠬᠠᠨ ᠠᠵᠢᠭᠯᠠᠭᠳᠠᠵᠤ ᠪᠠᠶᠢᠪᠠ᠃ ᠡᠭᠦᠨ ᠠᠴᠠ ᠦᠵᠡᠬᠦ ᠳᠤ ᠠᠵᠢᠯ ᠬᠦᠳᠡᠯᠮᠦᠷᠢ ᠶᠢᠨ ᠢᠶᠠᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠭᠡᠪᠡᠯ ᠶᠠᠭᠤᠨ ᠤ ᠤᠷᠢᠳ ᠰᠠᠶᠢᠲᠤᠷ ᠤᠨᠲᠠᠵᠤ ᠠᠮᠠᠷᠠᠭᠰᠠᠨ ᠪᠠᠶᠢᠬᠤ ᠬᠡᠷᠡᠭᠲᠡᠢ᠃ ᠬᠠᠷᠢᠨ ᠠᠵᠢᠯ ᠠᠮᠢᠳᠤᠷᠠᠯ ᠢᠶᠠᠨ ᠠᠮᠵᠢᠭᠤᠯᠬᠤ ᠭᠡᠳ ᠨᠤᠶᠢᠷ ᠲᠤᠲᠠᠭᠤ ᠪᠠᠶᠢᠬᠤ ᠨᠢ ᠤᠶᠤᠨ ᠤ ᠪᠠ ᠪᠡᠶ᠎ᠡ ᠶᠢᠨ ᠠᠵᠢᠯᠯᠠᠬᠤ ᠴᠢᠳᠠᠪᠤᠷᠢ ᠪᠠᠨ ᠠᠯᠳᠠᠵᠤ ᠡᠬᠢᠯᠡᠨ᠎ᠡ ᠭᠡᠳᠡᠭ ᠢ ᠤᠶᠢᠯᠠᠭᠠᠷᠠᠢ᠃        ᠪᠢᠳᠡ ᠠᠮᠢᠳᠤᠷᠠᠯ ᠤᠨ ᠢᠶᠠᠨ ᠭᠤᠷᠪᠠᠨ ᠤ ᠨᠢᠭᠡ ᠶᠢ ᠤᠨᠲᠠᠵᠤ ᠦᠩᠭᠡᠷᠡᠭᠡᠳᠡᠭ᠃ ᠡᠶᠢᠮᠦ ᠠᠴᠠ ᠬᠦᠮᠦᠰ ᠨᠤᠶᠢᠷ ᠪᠤᠯᠤᠨ ᠲᠡᠭᠦᠨ ᠤ ᠬᠡᠷᠡᠭᠴᠡᠭᠡᠨ ᠤ ᠲᠤᠬᠠᠢ ᠪᠠᠰᠠ ᠠᠩᠬᠠᠷᠤᠯ ᠳᠠᠭᠠᠨ ᠠᠪᠴᠤ᠂ ᠤᠨᠲᠠᠵᠤ ᠠᠮᠠᠷᠠᠬᠤ ᠪᠠᠨ ᠰᠠᠶᠢᠲᠤᠷ ᠲᠤᠬᠢᠷᠠᠭᠤᠯᠪᠠᠯ ᠵᠤᠬᠢᠨ᠎ᠠ᠃ ᠬᠡᠳᠦᠶᠢᠪᠡᠷ ᠬᠦᠮᠦᠨ ᠪᠦᠷᠢ ᠶᠢᠨ ᠤᠨᠲᠠᠬᠤ ᠴᠠᠭ ᠤᠨ ᠤᠷᠲᠤ ᠤᠬᠤᠷ ᠨᠢ ᠠᠳᠠᠯᠢ ᠦᠭᠡᠢ ᠪᠠᠶᠢᠳᠠᠭ ᠴᠦ ᠶᠠᠷᠦᠨᠢ ᠨᠠᠰᠤᠨ ᠳᠤ ᠬᠦᠷᠦᠭᠰᠡᠳ ᠤᠨ 95% ᠨᠢ ᠬᠡᠪ ᠤᠨ ᠠᠮᠢᠳᠤᠷᠠᠯ ᠢᠶᠠᠨ ᠪᠠᠲᠤᠯᠠᠬᠤ ᠶᠢᠨ ᠲᠤᠰᠠᠲᠠ ᠰᠦᠨᠢ ᠪᠦᠷᠢ 7 ᠠᠴᠠ 9 ᠴᠠᠭ ᠤᠨᠲᠠᠬᠤ ᠶᠤᠰᠤᠲᠠᠢ ᠭᠡᠳᠡᠭ ᠳᠡᠭᠡᠷ᠎ᠡ ᠮᠡᠷᠭᠡᠵᠢᠯᠲᠡᠳ ᠰᠠᠨᠠᠯ ᠨᠢᠭᠡᠳᠴᠡᠢ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号