︽ᠬᠠᠨ ᠤᠰᠤᠨ ᠤ ᠬᠠᠩᠭᠢᠶ᠎ᠠ︾ ᠬᠦᠭᠡᠮᠡᠢ ᠶᠢᠨ ᠤᠷᠤᠯᠳᠤᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2017-04-10
       ᠪᠠᠷᠠᠭᠤᠨ ᠦᠵᠦᠮᠦᠴᠢᠨ ᠬᠤᠰᠢᠭᠤᠨ ᠤ ᠰᠤᠶᠤᠯ ᠤᠨ ᠤᠷᠳᠤᠨ ᠠᠴᠠ ᠳᠠᠭᠠᠭᠠᠴᠢᠯᠠᠨ ᠡᠷᠬᠢᠯᠡᠭᠰᠡᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠳᠤ ᠵᠤᠷᠢᠭᠤᠯᠤᠯᠲᠠ ᠲᠠᠢ ︽ᠤᠯᠠᠨ ᠲᠦᠮᠡᠨᠴᠢ ᠤᠳᠬ᠎ᠠ ᠤᠷᠠᠯᠢᠭ ᠤᠨ ᠨᠠᠭᠠᠳᠤᠮ︾ ᠤᠨ ᠰᠢᠷᠢᠰ ᠠᠵᠢᠯᠯᠠᠭ᠎ᠠ ᠪᠤᠯᠬᠤ ᠭᠤᠷᠪᠠᠳᠤᠭᠠᠷ ᠬᠤᠭᠤᠴᠠᠭᠠᠨ ᠤ ︽ᠬᠠᠨ ᠤᠰᠤᠨ ᠤ ᠬᠠᠷᠭᠢᠶ᠎ᠠ︾ ᠭᠦᠭᠡᠮᠡᠢ ᠶᠢᠨ ᠤᠷᠤᠯᠳᠤᠭᠠᠨ 3 ᠰᠠᠷ᠎ᠠ ᠶᠢᠨ 30 ᠤ ᠡᠳᠦᠷ ᠪᠠᠷᠠᠭᠤᠨ ᠦᠵᠦᠮᠦᠴᠢᠨ ᠬᠤᠰᠢᠭᠤᠨ ᠳᠤ ᠶᠠᠪᠤᠭᠳᠠᠯ᠎ᠠ᠃        ᠲᠤᠰ ᠤᠳᠠᠭᠠᠨ ᠤ ᠤᠷᠤᠯᠳᠤᠭᠠᠨ ᠳᠤ᠂ ᠠᠯᠠᠱᠠ ᠠᠶᠢᠮᠠᠭ ᠤᠨ ᠬᠦᠭᠡᠮᠡᠢ᠂ ᠲᠤᠪᠰᠢᠭᠤᠷ ᠢᠵᠠᠭᠤᠷ ᠤᠷᠠᠯᠢᠭ ᠤᠨ ᠨᠡᠶᠢᠭᠡᠮᠯᠢᠭ ᠤᠨ ᠲᠡᠷᠢᠭᠦᠯᠡᠭᠴᠢ ᠶᠢᠨ ᠳᠠᠯᠠᠢ᠂ ᠦᠪᠦᠷ ᠮᠤᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠤᠨ ᠭᠤᠴᠤᠯᠠᠯ ᠬᠦᠭᠡᠮᠡᠶᠢᠴᠢᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠭᠴᠢ ᠴᠢᠨᠠᠷᠲᠠᠢ ᠦᠪᠯᠡᠨ ᠵᠠᠯᠭᠠᠮᠵᠢᠯᠠᠭᠴᠢ ᠰᠤᠶᠤᠯᠰᠠᠶᠢᠬᠠᠨ᠂ ᠰᠢᠯᠢ ᠶᠢᠨ ᠭᠤᠤᠯ ᠠᠶᠢᠮᠠᠭ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠭᠴᠢ ᠴᠢᠨᠠᠷᠲᠠᠢ ᠦᠪᠯᠡᠨ ᠵᠠᠯᠭᠠᠮᠵᠢᠯᠠᠭᠴᠢ ᠦᠷᠦᠨ᠎ᠡ ᠵᠡᠷᠭᠡ ᠬᠦᠮᠦᠰ ᠢ ᠵᠠᠯᠠᠵᠤ ᠬᠢᠨᠠᠭᠴᠢ ᠰᠢᠭᠦᠭᠴᠢ ᠪᠠᠷ ᠠᠵᠢᠯᠯᠠᠭᠤᠯᠤᠭᠰᠠᠨ ᠶᠤᠮ᠃ ᠤᠷᠤᠯᠳᠤᠭᠠᠨ ᠳᠤ ᠠᠯᠤᠰ ᠬᠤᠯᠠ ᠶᠢᠨ ᠰᠢᠨᠵᠢᠶᠠᠩ᠂ ᠬᠦᠬᠡᠨᠠᠭᠤᠷ ᠵᠢᠴᠢ ᠬᠦᠬᠡᠬᠤᠲᠠ᠂ ᠬᠦᠯᠦᠨ ᠪᠤᠶᠢᠷ᠂ ᠲᠦᠩᠯᠢᠶᠤᠤ᠂ ᠤᠯᠠᠭᠠᠨᠬᠠᠳᠠ ᠵᠡᠷᠭᠡ ᠠᠶᠢᠮᠠᠭ ᠬᠤᠲᠠ ᠠᠴᠠ ᠬᠦᠷᠦᠯᠴᠡᠨ ᠢᠷᠡᠭᠰᠡᠨ 20 ᠬᠦᠭᠡᠮᠡᠶᠢᠴᠢᠳ ︵ᠬᠠᠮᠲᠤᠯᠢᠭ︶ ᠤᠷ᠎ᠠ ᠠᠪᠢᠶᠠᠰ ᠢᠶᠠᠨ ᠰᠤᠷᠢᠵᠠᠭᠠᠭᠰᠠᠨ ᠤ ᠳ᠋ᠦᠩ ᠳᠤ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠷᠮᠦ᠋ᠷᠡᠨ ᠲᠡᠷᠢᠭᠦᠨ ᠪᠠᠶᠢᠷᠢᠨ ᠳᠤ᠂ ᠬᠦᠯᠦᠨ ᠪᠤᠶᠢᠷ ᠬᠤᠲᠠ ᠶᠢᠨ ᠤᠷᠲᠤᠨᠠᠰᠤᠨ᠂ ᠵᠡᠭᠦᠨ ᠦᠵᠦᠮᠦᠴᠢᠨ ᠬᠤᠰᠢᠭᠤᠨ ᠤ ︽ᠬᠠᠭᠤᠴᠢᠳ︾ ᠬᠠᠮᠲᠤᠯᠢᠭ ᠳᠡᠳ᠋ ᠪᠠᠶᠢᠷᠢᠨ ᠳᠤ᠂ ᠰᠢᠨᠵᠢᠶᠠᠩ ᠤᠨ ᠳ᠋ᠦᠮᠡᠨ᠂ ᠰᠢᠯᠢᠩᠬᠤᠲᠠ ᠶᠢᠨ ᠵᠠᠩ᠂ ᠤᠶᠤᠨ᠂ ᠰᠢᠯᠤᠭᠤᠨ ᠬᠦᠬᠡ ᠬᠤᠰᠢᠭᠤᠨ ᠤ ︽ᠤᠯᠠᠭᠠᠨᠮᠦ᠋ᠴᠢᠷ︾ ᠬᠠᠮᠲᠤᠯᠢᠭ ᠭᠤᠷᠪᠠᠳᠤᠭᠠᠷ ᠪᠠᠶᠢᠷᠢᠨ ᠳᠤ ᠲᠤᠰ ᠲᠤᠰ ᠲᠤᠳᠤᠷᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠬᠦᠯᠦᠨ ᠪᠤᠶᠢᠷ ᠬᠤᠲᠠ ᠶᠢᠨ ᠤᠷᠲᠤᠨᠠᠰᠤᠨ ᠤ ᠳᠠᠭᠠᠭᠤᠯᠤᠨ ᠤᠴᠢᠭᠰᠠᠨ ︽ᠤᠨᠠᠭᠠᠨ ᠦᠦᠷᠰᠡᠭᠡ︾ ᠬᠠᠮᠲᠤᠯᠢᠭ ᠤᠨ ᠬᠢᠨ ᠪᠤᠯ ᠦᠪᠦᠷ ᠮᠤᠩᠭᠤᠯ ᠤᠨ ᠬᠠᠮᠤᠭ ᠤᠨ ᠠᠩᠬᠠᠨ ᠤ ᠬᠡᠦᠬᠡᠳ ᠬᠦᠭᠡᠮᠡᠶᠢᠴᠢᠳ ᠪᠠᠶᠢᠵᠤ᠂ ︽ᠬᠦᠭᠡᠮᠡᠢ ᠶᠢᠨ ᠰᠢᠨ᠎ᠡ ᠤᠳᠤᠨ︾ ᠭᠡᠮᠡᠬᠦ ᠴᠤᠯᠠ ᠬᠦᠷᠲᠡᠵᠦ᠂ ᠤᠷᠲᠤᠨᠠᠰᠤᠨ ᠪᠠᠭᠰᠢ ᠳᠤ ᠰᠢᠯᠢᠳᠡᠭ ᠵᠤᠬᠢᠶᠠᠨ ᠪᠠᠶᠢᠭᠤᠯᠤᠭᠴᠢ ᠶᠢᠨ ᠱᠠᠩᠨᠠᠯ ᠤᠯᠭᠤᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号