ᠰᠤᠨᠢᠨ ᠮᠡᠳᠡᠭᠡᠨ ᠤ ᠤᠷᠴᠢᠭᠤᠯᠭ᠎ᠠ ᠳᠤ ᠠᠩᠬᠠᠷᠬᠤ ᠠᠰᠠᠭᠤᠳᠠᠯ ᠤᠨ ᠲᠤᠬᠠᠢ ᠦᠭᠦᠯᠡᠬᠦ ᠨᠢ
ᠨᠡᠶᠢᠲᠡᠯᠡᠭᠰᠡᠨ ᠴᠠᠭ᠄
2017-04-13
       ᠤᠳᠤᠬᠠᠨ ᠳᠤ ᠰᠤᠨᠢᠨ ᠮᠡᠳᠡᠭᠡᠨ ᠤ ᠡᠬᠡ ᠪᠢᠴᠢᠭ ᠤᠨ ᠤᠯᠠᠩᠬᠢ ᠨᠢ ᠬᠢᠲᠠᠳ ᠠᠴᠠ ᠮᠤᠩᠭᠤᠯᠴᠢᠯᠠᠬᠤ ᠲᠦᠯᠦᠪ  ᠲᠠᠢ ᠪᠤᠯᠬᠤᠷ ᠬᠦᠮᠦᠰ ᠠᠮᠠᠷᠬᠠᠨ ᠤᠶᠢᠯᠠᠭᠠᠭᠳᠠᠬᠤ ᠤᠷᠤᠰᠤᠮ᠎ᠠ ᠰᠠᠶᠢᠬᠠᠨ ᠬᠡᠯᠡ ᠬᠡᠯᠡᠯᠭᠡ ᠪᠠᠷ ᠢᠯᠡᠳᠬᠡᠬᠦ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠃        ᠬᠡᠯᠡᠯᠭᠡᠨ ᠦᠭᠡᠢ ᠰᠤᠨᠢᠨ ᠮᠡᠳᠡᠭᠡᠨ ᠤ ᠤᠷᠴᠢᠭᠤᠯᠭ᠎ᠠ ᠳᠤ ᠴᠦ ᠲᠤᠭᠲᠠᠭᠰᠠᠨ ᠬᠡᠯᠪᠡᠷᠢ ᠪᠠ ᠵᠠᠩᠰᠢᠭᠰᠠᠨ ᠬᠡᠯᠡᠯᠭᠡ ᠪᠠᠶᠢᠳᠠᠭ᠃ ᠡᠨᠡ ᠨᠢ ᠭᠤᠤᠯᠳᠠᠭᠤ ᠤᠯᠤᠰ ᠤᠷᠤᠨ ᠤ ᠴᠢᠬᠤᠯᠠ ᠶᠡᠭᠡ ᠬᠡᠷᠡᠭ ᠢ ᠮᠡᠳᠡᠭᠡᠯᠡᠬᠦ ᠳᠤ ᠬᠡᠷᠡᠭᠯᠡᠭᠳᠡᠳᠡᠭ ᠶᠤᠮ᠃ ᠰᠤᠨᠢᠨ ᠮᠡᠳᠡᠭᠡᠨ ᠤ ᠤᠷᠴᠢᠭᠤᠯᠭ᠎ᠠ ᠦᠨᠳᠦᠰᠦᠨ ᠳᠡᠭᠡᠨ ᠪᠢᠴᠢᠭ ᠤᠨ ᠬᠡᠯᠡᠨ ᠤ ᠤᠷᠴᠢᠭᠤᠯᠭ᠎ᠠ ᠭᠡᠵᠦ ᠬᠡᠯᠡᠵᠦ ᠪᠤᠯᠬᠤ ᠪᠤᠯᠪᠠᠴᠤ ᠠᠯᠢ ᠴᠢᠳᠠᠬᠤ ᠪᠠᠷ ᠶᠠᠷᠢᠶᠠᠨ ᠤ ᠬᠡᠯᠡᠨ ᠳᠤ ᠤᠶᠢᠷᠠᠳᠤᠭᠤᠯᠵᠤ ᠤᠶᠢᠯᠠᠭᠠᠮᠵᠢᠲᠠᠢ ᠪᠤᠯᠭᠠᠬᠤ ᠶᠢ ᠡᠷᠬᠢᠮᠯᠡᠳᠡᠭ᠂ ᠭᠡᠬᠦ ᠳᠡᠭᠡᠨ ᠤᠳᠬᠠᠴᠢᠯᠠᠨ ᠤᠷᠴᠢᠭᠤᠯᠬᠤ ᠠᠷᠭ᠎ᠠ ᠪᠠᠷᠢᠯ ᠢᠶᠠᠷ ᠭᠤᠤᠯᠳᠠᠭᠤᠯᠤᠨ ᠦᠪᠡᠷ ᠤᠨ ᠦᠨᠳᠦᠰᠦᠲᠡᠨ ᠤ ᠪᠠᠨ ᠬᠡᠯᠡ ᠨᠠᠶᠢᠷᠠᠭᠤᠯᠭ᠎ᠠ ᠳᠤ ᠨᠡᠶᠢᠴᠡᠭᠦᠯᠦᠨ ᠤᠷᠴᠢᠭᠤᠯᠵᠤ ᠬᠦᠮᠦᠰ ᠤᠨ ᠱᠠᠭᠠᠷᠳᠠᠯᠭ᠎ᠠ ᠶᠢ ᠬᠠᠩᠭᠠᠬᠤ ᠪᠤᠯᠤᠨ᠎ᠠ᠃ ᠲᠡᠭᠡᠪᠡᠯ ᠰᠤᠨᠢᠨ ᠮᠡᠳᠡᠭᠡᠨ ᠤ ᠤᠷᠴᠢᠭᠤᠯᠭ᠎ᠠ ᠳᠤ ᠠᠩᠬᠠᠷᠬᠤ ᠴᠢᠬᠤᠯᠠ ᠲᠠᠢ ᠬᠡᠳᠦᠨ ᠠᠰᠠᠭᠤᠳᠠᠯ ᠪᠠᠶᠢᠳᠠᠭ᠃        ᠨᠢᠭᠡ᠂ ᠵᠦᠪ ᠤᠨᠤᠪᠴᠢᠲᠡᠢ ᠪᠠᠶᠢᠬᠤ ᠬᠡᠷᠡᠭᠲᠡᠢ        ᠵᠦᠪ ᠤᠨᠤᠪᠴᠢᠲᠠᠢ ᠪᠠᠶᠢᠬᠤ ᠨᠢ ᠠᠯᠢᠪᠠ ᠤᠷᠴᠢᠭᠤᠯᠭ᠎ᠠ ᠳᠤ ᠪᠦᠷ ᠪᠠᠶᠢᠬᠤ ᠴᠢᠬᠤᠯᠠᠲᠠᠢ ᠪᠠᠷᠢᠮᠵᠢᠶ᠎ᠠ ᠪᠤᠯᠤᠨ᠎ᠠ᠃ ᠭᠡᠬᠦ ᠳᠡᠭᠡᠨ ᠰᠤᠨᠢᠨ ᠮᠡᠳᠡᠭᠡᠨ ᠤ ᠤᠷᠴᠢᠭᠤᠯᠭ᠎ᠠ ᠳᠤ ᠵᠦᠪ ᠤᠨᠤᠪᠴᠢᠲᠠᠢ ᠤᠷᠴᠢᠭᠤᠯᠬᠤ ᠶᠢ ᠨᠡᠩ ᠴᠦ ᠱᠠᠭᠠᠷᠳᠠᠳᠠᠭ᠂ ᠡᠨᠡ  ᠨᠢ ᠰᠤᠨᠢᠨ ᠮᠡᠳᠡᠭᠡ ᠨᠢ ᠲᠦᠷᠦ ᠶᠢᠨ ᠪᠤᠳᠤᠯᠭ᠎ᠠ ᠶᠢᠨ ᠴᠢᠨᠠᠷ ᠢᠶᠠᠷ ᠴᠢᠩᠭ᠎ᠠ ᠦᠨᠡᠨ ᠪᠤᠳᠠᠲᠠᠢ ᠪᠠᠶᠢᠬᠤ ᠤᠨᠴᠠᠯᠢᠭ ᠢᠶᠠᠷ ᠲᠤᠭᠲᠠᠭᠠᠭᠳᠠᠭᠰᠠᠨ ᠶᠤᠮ᠃ ᠰᠤᠨᠢᠨ ᠮᠡᠳᠡᠭᠡ ᠨᠢ ᠨᠠᠮ ᠪᠠ ᠤᠯᠤᠰ ᠤᠨ ᠵᠠᠷᠯᠢᠭ ᠵᠢᠭᠠᠪᠤᠷᠢ᠂ ᠳᠦᠷᠢᠮ ᠲᠤᠭᠲᠠᠭᠠᠯ᠂ ᠬᠠᠤᠯᠢ ᠴᠠᠭᠠᠵᠠ ᠪᠠ ᠤᠳᠤᠷᠢᠳᠬᠤ ᠬᠦᠮᠦᠰ ᠤᠨ ᠶᠠᠷᠢᠶ᠎ᠠ ᠢᠯᠡᠳᠬᠡᠯ ᠢ ᠨᠡᠶᠢᠲᠡᠯᠡᠬᠦ ᠪᠤᠯᠬᠤᠷ ᠡᠳᠡᠭᠡᠷ ᠨᠢ ᠲᠦᠷᠦ ᠶᠢᠨ ᠪᠤᠳᠤᠯᠭ᠎ᠠ ᠶᠢᠨ ᠠᠭᠤᠯᠭ᠎ᠠ ᠪᠠᠷ ᠭᠦᠨ᠂ ᠲᠦᠷᠦ ᠶᠢᠨ ᠪᠤᠳᠤᠯᠭ᠎ᠠ ᠶᠢᠨ ᠴᠢᠨᠠᠷ ᠢᠶᠠᠷ ᠴᠢᠩᠭ᠎ᠠ ᠪᠦᠭᠡᠳ ᠨᠠᠮ ᠤᠨ ᠵᠤᠭᠰᠤᠯᠲᠠ ᠦᠵᠡᠯᠲᠡ ᠪᠠ ᠵᠤᠷᠢᠯᠭ᠎ᠠ ᠶᠢ ᠢᠯᠡᠷᠬᠡᠶᠢᠯᠡᠵᠦ ᠪᠠᠶᠢᠳᠠᠭ ᠠᠴᠠ ᠵᠠᠪᠠᠯ ᠵᠦᠪ ᠤᠨᠤᠪᠴᠢᠲᠠᠢ ᠤᠷᠴᠢᠭᠤᠯᠬᠤ ᠬᠡᠷᠡᠭᠲᠡᠢ᠃ ᠵᠢᠱᠢᠶᠡᠯᠡᠪᠡᠯ 100 ᠲᠦᠮᠡᠨ ᠲᠦᠭᠦᠷᠢᠭ ᠭᠡᠰᠡᠨ ᠢ 100 ᠲᠦᠭᠦᠷᠢᠭ ᠭᠡᠬᠦ ᠪᠤᠶᠤ ᠭᠠᠳᠠᠭᠠᠳᠤ ᠳᠤ ᠭᠡᠰᠡᠨ ᠢ ᠠᠮᠧᠷᠢᠺᠡ ᠳᠤ ᠭᠡᠵᠦ ᠠᠳᠡᠭᠦᠷᠡᠵᠦ ᠤᠷᠴᠢᠭᠤᠯᠪᠠᠯ ᠰᠤᠨᠢᠨ ᠮᠡᠳᠡᠭᠡᠨ ᠤ ᠵᠦᠪ ᠤᠨᠤᠪᠴᠢᠲᠠᠢ ᠰᠢᠨᠵᠢ ᠶᠢ ᠠᠯᠳᠠᠭᠤᠯᠬᠤ ᠪᠤᠯᠤᠨ᠎ᠠ᠃        ᠬᠤᠶᠠᠷ᠂ ᠦᠭᠡ ᠦᠭᠦᠯᠡᠪᠦᠷᠢ ᠤᠶᠢᠯᠠᠭᠠᠮᠵᠢᠲᠠᠢ ᠨᠡᠶᠢᠴᠡᠪᠦᠷᠢᠲᠡᠢ ᠪᠠᠶᠢᠬᠤ ᠬᠡᠷᠡᠭᠲᠡᠢ        ᠰᠤᠨᠢᠨ ᠤ ᠤᠩᠰᠢᠭᠴᠢᠳ ᠤᠨ ᠲᠤᠲᠤᠷ᠎ᠠ ᠡᠷᠳᠡᠮ ᠮᠡᠳᠡᠯᠭᠡ ᠲᠠᠢ ᠬᠦᠮᠦᠰ ᠪᠠᠶᠢᠬᠤ ᠪᠠᠷ ᠪᠠᠷᠠᠬᠤ ᠦᠭᠡᠢ ᠪᠢᠴᠢᠭ ᠲᠠᠨᠢᠳᠠᠭ ᠬᠢᠷᠢ ᠬᠡᠮᠵᠢᠶ᠎ᠡ ᠪᠠᠷ ᠳᠤᠤᠷ᠎ᠠ ᠬᠦᠮᠦᠰ ᠴᠦ ᠪᠠᠶᠢᠬᠤ ᠪᠤᠯᠬᠤᠷ ᠰᠤᠨᠢᠨ ᠮᠡᠳᠡᠭᠡᠨ ᠤ ᠤᠷᠴᠢᠭᠤᠯᠭ᠎ᠠ ᠵᠠᠪᠠᠯ ᠤᠳᠬ᠎ᠠ ᠰᠠᠨᠠᠭ᠎ᠠ ᠨᠢ ᠲᠤᠳᠤᠷᠬᠠᠢ᠂ ᠤᠩᠰᠢᠵᠤ ᠰᠤᠨᠤᠰᠬᠤ ᠳᠤ ᠤᠶᠢᠯᠠᠭᠠᠮᠵᠢᠲᠠᠢ ᠨᠠᠶᠢᠳᠠᠪᠤᠷᠢᠲᠠᠢ ᠪᠠᠶᠢᠬᠤ ᠬᠡᠷᠡᠭᠲᠡᠢ᠃        ᠭᠤᠷᠪᠠ᠂ ᠲᠤᠪᠴᠢ ᠲᠤᠳᠤᠷᠬᠠᠢ ᠪᠠᠶᠢᠬᠤ ᠬᠡᠷᠡᠭᠲᠡᠢ        ᠲᠤᠪᠴᠢ ᠲᠤᠳᠤᠷᠬᠠᠢ ᠪᠠᠶᠢᠬᠤ ᠨᠢ ᠰᠤᠨᠢᠨ ᠮᠡᠳᠡᠭᠡᠨ ᠤ ᠤᠷᠴᠢᠭᠤᠯᠭ᠎ᠠ ᠳᠤ ᠴᠦ ᠨᠢᠭᠡᠨ ᠪᠠᠷᠢᠮᠵᠢᠶ᠎ᠠ ᠪᠤᠯᠭᠠᠵᠤ ᠠᠩᠬᠠᠷᠪᠠᠯ ᠵᠤᠬᠢᠨ᠎ᠠ᠃ ᠰᠤᠨᠢᠨ ᠮᠡᠳᠡᠭᠡ ᠪᠤᠯ ᠨᠢᠭᠤᠷ ᠤᠨ ᠬᠡᠮᠵᠢᠶ᠎ᠡ ᠪᠠ ᠴᠠᠭ ᠤᠨ ᠲᠠᠯ᠎ᠠ ᠪᠠᠷ ᠬᠢᠵᠠᠭᠠᠷ ᠲᠠᠢ ᠪᠤᠯᠬᠤᠷ ᠨᠢᠭᠡ ᠨᠢᠭᠤᠷ ᠪᠤᠶᠤ ᠲᠤᠭᠲᠠᠭᠰᠠᠨ ᠴᠠᠭ ᠤᠨ ᠲᠤᠲᠤᠷ᠎ᠠ ᠢᠯᠡᠭᠦᠬᠡᠨ ᠡᠬᠡ ᠪᠢᠴᠢᠭ ᠨᠡᠶᠢᠲᠡᠯᠡᠬᠦ ᠶᠢ ᠵᠤᠷᠢᠳᠠᠭ᠃ ᠲᠡᠶᠢᠮᠦ ᠠᠴᠠ ᠤᠭ ᠵᠤᠬᠢᠶᠠᠯ ᠤᠨ ᠠᠭᠤᠯᠭ᠎ᠠ ᠶᠢ ᠪᠦᠷᠢᠨ ᠵᠦᠪ ᠢᠯᠡᠳᠬᠡᠬᠦ ᠤᠷᠢᠳᠠᠯ ᠳᠤᠤᠷ᠎ᠠ ᠦᠭᠡ ᠦᠭᠦᠯᠡᠪᠦᠷᠢ ᠪᠠᠨ ᠲᠤᠪᠴᠢ ᠲᠤᠳᠤᠷᠬᠠᠢ ᠪᠤᠯᠭᠠᠪᠠᠯ ᠵᠤᠬᠢᠨ᠎ᠠ᠃        ᠳᠦᠷᠪᠡ᠂ ᠠᠮᠢᠳᠤᠯᠢᠭ ᠪᠤᠳᠠᠲᠠᠢ ᠪᠠᠶᠢᠬᠤ ᠬᠡᠷᠡᠭᠲᠡᠢ        ᠴᠢᠮᠡᠭᠡᠯᠡᠯ ᠰᠤᠷᠪᠤᠯᠵᠢᠯᠠᠭ᠎ᠠ ᠪᠤᠯ ᠤᠳᠬ᠎ᠠ ᠰᠡᠳᠦᠪ ᠢᠶᠠᠨ ᠦᠨᠡᠨ ᠪᠤᠳᠠᠲᠠᠢ ᠬᠡᠷᠡᠭ ᠶᠠᠪᠤᠳᠠᠯ ᠪᠤᠯᠤᠨ ᠬᠦᠮᠦᠨ ᠢ ᠲᠡᠮᠳᠡᠭᠯᠡᠨ ᠶᠠᠷᠢᠵᠤ ᠳᠦᠷᠰᠦᠯᠡᠨ ᠪᠢᠴᠢᠬᠦ ᠪᠠᠷ ᠳᠠᠮᠵᠢᠨ ᠢᠯᠡᠳᠬᠡᠳᠡᠭ ᠲᠤᠯᠠ ᠴᠢᠮᠡᠭᠡᠯᠡᠯ ᠰᠤᠷᠪᠤᠯᠵᠢᠯᠠᠭ᠎ᠠ ᠶᠢ ᠤᠷᠴᠢᠭᠤᠯᠬᠤ ᠳᠠᠭᠠᠨ ᠠᠮᠢᠳᠤᠯᠢᠭ ᠳᠦᠷᠰᠦᠯᠢᠭ ᠦᠭᠡ ᠬᠡᠯᠡᠯᠭᠡ ᠪᠠᠷ ᠤᠤᠯ ᠵᠤᠬᠢᠶᠠᠯ ᠢ ᠨᠢᠳᠤᠨ ᠳᠤ ᠦᠵᠡᠭᠳᠡᠮ᠎ᠡ ᠭᠠᠷ ᠲᠤ ᠪᠠᠷᠢᠭᠳᠠᠮ᠎ᠠ ᠠᠮᠢᠳᠤᠯᠢᠭ ᠪᠤᠳᠠᠲᠠᠢ ᠢᠯᠡᠳᠬᠡᠬᠦ ᠪᠠᠷ ᠴᠢᠷᠮᠠᠶᠢᠬᠤ ᠬᠡᠷᠡᠭᠲᠡᠢ᠃ ᠢᠩᠬᠢᠪᠡᠯ ᠤᠩᠰᠢᠬᠴᠢ ᠶᠢᠨ ᠤᠷᠮ᠎ᠠ ᠪᠠᠬ᠎ᠠ ᠶᠢ ᠲᠠᠲᠠᠵᠤ᠂ ᠭᠦᠨ ᠰᠠᠭᠤᠭᠳᠠᠯ ᠦᠭᠴᠦ ᠴᠢᠳᠠᠨ᠎ᠠ᠃        ᠰᠤᠨᠢᠨ ᠮᠡᠳᠡᠭᠡᠨ ᠤ ᠤᠷᠴᠢᠭᠤᠯᠭ᠎ᠠ ᠳᠤ ᠡᠶᠢᠮᠦᠷᠬᠦ ᠪᠠᠷᠢᠮᠵᠢᠶ᠎ᠠ ᠪᠠᠶᠢᠬᠤ ᠪᠠ ᠳᠠᠭᠠᠤ ᠳᠤᠨᠢ ᠳᠦᠷᠢᠮᠵᠢᠭᠰᠡᠨ ᠦᠭᠡ ᠬᠡᠯᠡᠯᠭᠡ ᠭᠡᠳᠡᠭ ᠨᠢ ᠵᠤᠬᠢᠬᠤ ᠬᠡᠪ ᠪᠠᠷᠢᠮᠵᠢᠶ᠎ᠠ ᠳᠤ ᠨᠡᠶᠢᠴᠡᠭᠰᠡᠨ ᠪᠦᠭᠡᠳ ᠠᠷᠠᠳ ᠨᠡᠶᠢᠲᠡ ᠪᠠᠷ ᠢᠶᠠᠨ ᠵᠢᠷᠤᠮᠯᠠᠨ ᠬᠡᠷᠡᠭᠯᠡᠵᠦ ᠪᠦᠬᠦᠢ ᠦᠭᠡ ᠬᠡᠯᠡᠯᠭᠡ ᠶᠢ ᠵᠢᠭᠠᠵᠤ ᠪᠤᠢ᠃ ᠳᠦᠷᠢᠮᠵᠢᠭᠰᠡᠨ ᠦᠭᠡ ᠬᠡᠯᠡᠯᠭᠡ ᠶᠢ ᠬᠡᠷᠡᠭᠯᠡᠪᠡᠯ ᠰᠤᠨᠢᠨ ᠮᠡᠳᠡᠭᠡᠨ ᠤ ᠤᠷᠴᠢᠭᠤᠯᠭ᠎ᠠ ᠤᠶᠢᠯᠠᠭᠠᠮᠵᠢᠲᠠᠢ ᠪᠤᠯᠬᠤ ᠪᠦᠭᠡᠳ ᠨᠡᠩ ᠴᠢᠬᠤᠯᠠ ᠨᠢ ᠬᠡᠯᠡᠨ ᠤ ᠳᠦᠷᠢᠮᠵᠢᠯ ᠳᠤ ᠦᠵᠡᠭᠦᠯᠬᠦ ᠰᠤᠨᠢᠨ ᠮᠡᠳᠡᠭᠡᠨ ᠤ ᠦᠢᠯᠡᠳᠦᠯ ᠢ ᠪᠠᠳᠠᠷᠠᠭᠤᠯᠵᠤ ᠴᠢᠳᠠᠨ᠎ᠠ᠃ ᠰᠤᠨᠢᠨ ᠮᠡᠳᠡᠭᠡ ᠪᠤᠯ ᠤᠯᠠᠮᠵᠢᠯᠠᠭᠳᠠᠬᠤ ᠬᠡᠪᠴᠢᠶ᠎ᠡ ᠪᠠᠷ ᠦᠷᠭᠡᠨ ᠪᠦᠭᠡᠳ ᠤᠩᠰᠢᠭᠴᠢᠳ ᠲᠤ ᠡᠳᠦᠷ ᠪᠤᠯᠭᠠᠨ ᠤᠩᠰᠢᠭᠳᠠᠵᠤ ᠰᠤᠨᠤᠰᠲᠠᠳᠠᠭ ᠢᠶᠠᠷ ᠢᠶᠠᠨ ᠰᠤᠨᠢᠨ ᠮᠡᠳᠡᠭᠡᠨ ᠤ ᠬᠡᠯᠡ ᠨᠢ ᠠᠷᠠᠳ ᠤᠯᠠᠨ ᠤ ᠬᠡᠯᠡᠨ ᠳᠤ ᠲᠤᠩ ᠶᠡᠭᠡ ᠨᠦᠯᠦᠭᠡ ᠦᠵᠡᠭᠦᠯᠵᠦ ᠪᠠᠶᠢᠳᠠᠭ᠃ ᠰᠤᠨᠢᠨ ᠮᠡᠳᠡᠭᠡᠨ ᠤ ᠡᠨᠡᠬᠦ ᠳᠠᠪᠠᠭᠤᠯᠢᠭ ᠲᠠᠯ᠎ᠠ ᠶᠢ ᠠᠰᠢᠭᠯᠠᠨ ᠬᠡᠯᠡᠨ ᠤ ᠳᠦᠷᠢᠮᠵᠢᠯ ᠳᠤ ᠨᠡᠩ ᠶᠡᠭᠡ ᠦᠢᠯᠡᠳᠦᠯ ᠦᠵᠡᠭᠦᠯᠪᠡᠯ ᠵᠤᠬᠢᠨ᠎ᠠ᠃ ᠪᠠᠰᠠ ᠨᠡᠷ᠎ᠡ ᠲᠤᠮᠢᠶ᠎ᠠ ᠶᠢ ᠨᠢᠭᠡᠲᠦᠯᠲᠡᠢ ᠬᠡᠷᠡᠭᠯᠡᠬᠦ ᠬᠡᠷᠡᠭᠲᠡᠢ᠃ ᠰᠤᠨᠢᠨ ᠮᠡᠳᠡᠭᠡᠨ ᠤ ᠵᠤᠬᠢᠶᠠᠯ ᠳᠤ ᠨᠡᠷ᠎ᠡ ᠲᠤᠮᠢᠶ᠎ᠠ ᠲᠤᠩ ᠤᠯᠠᠨ ᠬᠡᠷᠡᠭᠯᠡᠭᠳᠡᠳᠡᠭ ᠪᠦᠭᠡᠳ ᠰᠢᠨ᠎ᠡ ᠨᠡᠷ᠎ᠡ ᠲᠤᠮᠢᠶ᠎ᠠ ᠲᠠᠰᠤᠷᠠᠯᠲᠠ ᠦᠭᠡᠢ ᠨᠡᠮᠡᠭᠳᠡᠵᠦ ᠯᠡ ᠪᠠᠶᠢᠳᠠᠭ᠂ ᠡᠳᠡᠭᠡᠷ ᠨᠡᠷ᠎ᠡ ᠲᠤᠮᠢᠶ᠎ᠠ ᠶᠢ ᠤᠨᠤᠪᠴᠢᠲᠠᠢ ᠤᠷᠴᠢᠭᠤᠯᠵᠤ ᠨᠢᠭᠡᠲᠦᠯᠲᠡᠢ ᠬᠡᠷᠡᠭᠯᠡᠬᠦ ᠬᠡᠷᠡᠭᠲᠡᠢ᠃        ᠡᠭᠦᠨ ᠤ ᠳᠠᠭᠠᠤ ᠰᠤᠨᠢᠨ ᠮᠡᠳᠡᠭᠡᠨ ᠤ ᠤᠷᠴᠢᠭᠤᠯᠤᠭᠴᠢ ᠲᠤᠤᠷ ᠰᠦᠯᠵᠢᠶ᠎ᠡ ᠺᠤᠮᠫᠢᠦ᠋ᠲ᠋ᠧᠷ ᠲᠠᠢ ᠬᠤᠯᠪᠤᠭᠳᠠᠯ ᠲᠠᠢ ᠮᠡᠳᠡᠯᠭᠡ ᠪᠠᠨ ᠳᠡᠭᠡᠭᠰᠢᠯᠡᠭᠦᠯᠬᠦ ᠶᠢᠨ ᠬᠠᠮᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠲᠠᠢ ᠬᠤᠯᠪᠤᠭᠳᠠᠯ ᠲᠠᠢ ᠮᠡᠳᠡᠯᠭᠡ ᠪᠠᠨ ᠳᠡᠭᠡᠭᠰᠢᠯᠡᠭᠦᠯᠬᠦ ᠬᠡᠷᠡᠭᠲᠡᠢ᠃ ᠪᠠᠰᠠ ᠵᠤᠬᠢᠬᠤ ᠬᠡᠮᠵᠢᠶᠡᠨ ᠤ ᠭᠠᠳᠠᠭᠠᠳᠤ ᠬᠡᠯᠡ ᠮᠡᠳᠡᠬᠦ ᠬᠡᠷᠡᠭᠲᠡᠢ᠃ ᠤᠴᠢᠷ ᠨᠢ ᠰᠤᠨᠢᠨ ᠮᠡᠳᠡᠭᠡᠨ ᠤ ᠠᠭᠤᠯᠭ᠎ᠠ ᠨᠢ ᠦᠷᠭᠡᠨ ᠳᠡᠯᠭᠡᠷ ᠤᠨᠴᠠᠯᠢᠭ ᠠᠴᠠ ᠪᠤᠯᠵᠤ ᠰᠤᠨᠢᠨ ᠮᠡᠳᠡᠭᠡᠨ ᠤ ᠤᠷᠴᠢᠭᠤᠯᠤᠭᠴᠢ ᠲᠤᠬᠠᠶᠢᠯᠠᠭᠰᠠᠨ ᠠᠵᠢᠯ ᠢᠶᠠᠨ ᠪᠦᠷᠢᠨ ᠰᠠᠶᠢᠨ ᠭᠦᠢᠴᠡᠳᠬᠡᠬᠦ ᠳᠤ ᠵᠤᠬᠢᠴᠠᠬᠤ ᠤᠷᠴᠢᠭᠤᠯᠭ᠎ᠠ ᠶᠢᠨ ᠤᠷᠠᠨ ᠮᠡᠷᠭᠡᠵᠢᠯ ᠲᠠᠢ ᠪᠠᠶᠢᠬᠤ ᠠᠴᠠ ᠭᠠᠳᠠᠨ᠎ᠠ ᠨᠡᠶᠢᠭᠡᠮ ᠤᠨ ᠬᠦᠭᠵᠢᠯᠲᠡ ᠳᠤ ᠵᠤᠬᠢᠴᠠᠭᠰᠠᠨ ᠤᠯᠠᠨ ᠲᠠᠯ᠎ᠠ ᠶᠢᠨ ᠮᠡᠳᠡᠯᠭᠡ ᠲᠠᠢ ᠪᠠᠶᠢᠬᠤ ᠬᠡᠷᠡᠭᠲᠡᠢ᠃ ᠺᠤᠮᠫᠢᠦ᠋ᠲ᠋ᠧᠷ᠂ ᠲᠤᠤᠷ ᠰᠦᠯᠵᠢᠶ᠎ᠡ ᠨᠢ ᠤᠳᠤ ᠦᠶ᠎ᠡ ᠶᠢᠨ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠲᠡᠷᠢᠭᠦᠨ ᠤ ᠠᠷᠭ᠎ᠠ ᠪᠠᠷᠢᠯ ᠪᠤᠯᠤᠭᠰᠠᠨ᠂ ᠨᠡᠶᠢᠭᠡᠮ ᠨᠡᠶᠢᠲᠡ ᠶᠢᠨ ᠠᠮᠢᠳᠤᠷᠠᠯ ᠳᠤ ᠰᠢᠨ᠎ᠡ ᠤᠳᠬ᠎ᠠ ᠠᠭᠤᠯᠭ᠎ᠠ ᠠᠪᠴᠢᠷᠠᠵᠤ᠂ ᠨᠡᠶᠢᠭᠡᠮ ᠠᠵᠤ ᠠᠬᠤᠢ ᠶᠢᠨ ᠬᠦᠭᠵᠢᠯᠲᠡ ᠳᠤ ᠮᠠᠰᠢ ᠶᠡᠭᠡ ᠠᠬᠢᠭᠤᠯᠬᠤ ᠦᠢᠯᠡᠳᠦᠯ ᠦᠵᠡᠭᠦᠯᠵᠦ ᠪᠠᠶᠢᠨ᠎ᠠ᠃ ᠬᠤᠷᠢᠨ ᠨᠢᠭᠡᠳᠦᠭᠡᠷ ᠵᠠᠭᠤᠨ ᠪᠤᠯ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠠᠭ ᠦᠶ᠎ᠡ ᠮᠦᠨ᠂ ᠠᠵᠤ ᠠᠬᠤᠢ ᠶᠢᠨ ᠦᠷᠢᠰᠦᠯᠳᠦᠭᠡᠨ᠂ ᠴᠡᠷᠢᠭ ᠤᠨ ᠶᠠᠪᠤᠳᠠᠯ ᠤᠨ ᠦᠷᠢᠰᠦᠯᠳᠦᠭᠡᠨ ᠨᠢ ᠪᠤᠳᠠᠲᠠᠢ ᠬᠡᠷᠡᠭ ᠳᠡᠭᠡᠷ᠎ᠡ ᠪᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷᠢᠰᠦᠯᠳᠦᠭᠡᠨ ᠪᠤᠯᠤᠨ᠎ᠠ᠃ ᠡᠶᠢᠮᠦ ᠠᠴᠠ ᠰᠤᠨᠢᠨ ᠮᠡᠳᠡᠭᠡᠨ ᠤ ᠳᠡᠭᠡᠳᠦ ᠬᠡᠮᠵᠢᠶᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠭᠵᠢᠯᠲᠡ ᠶᠢᠨ ᠪᠠᠶᠢᠳᠠᠯ ᠪᠠ ᠠᠮᠵᠢᠯᠲᠠ ᠪᠦᠲᠦᠭᠡᠯ ᠤᠨ ᠮᠡᠳᠡᠯᠭᠡ ᠨᠦᠭᠦᠳ ᠳᠤᠪᠤᠶᠢᠮ᠎ᠠ ᠪᠠᠶᠢᠷᠢ ᠶᠢ ᠡᠵᠡᠯᠡᠵᠦ᠂ ᠠᠷᠠᠳ ᠤᠯᠠᠨ ᠤ ᠡᠨᠡ ᠲᠠᠯ᠎ᠠ ᠶᠢᠨ ᠮᠡᠳᠡᠭᠡ ᠵᠠᠩᠭᠢ ᠶᠢᠨ ᠬᠡᠷᠡᠭᠴᠡᠭᠡ ᠶᠢ ᠬᠠᠩᠭᠠᠵᠤ ᠪᠠᠶᠢᠳᠠᠭ᠂ ᠠᠵᠤ ᠠᠬᠤᠢ ᠶᠢᠨ ᠳᠡᠯᠡᠬᠡᠶᠢᠴᠢᠯᠡᠬᠦ ᠬᠢᠭᠡᠳ ᠤᠯᠤᠰ ᠤᠨ ᠦᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠬᠤ ᠶᠢᠨ ᠭᠦᠨᠵᠡᠭᠡᠶᠢᠷᠡᠬᠦ ᠶᠢ ᠳᠠᠭᠠᠯᠳᠤᠨ᠂ ᠲᠤᠰᠠᠭᠠᠷ ᠤᠯᠤᠰ ᠯᠤᠭ᠎ᠠ ᠪᠤᠯᠤᠭᠰᠠᠨ ᠠᠵᠤ ᠠᠬᠤᠢ ᠰᠤᠶᠤᠯ ᠵᠡᠷᠭᠡ ᠠᠯᠢᠪᠠ ᠬᠦᠷᠢᠶᠡᠨ ᠤ ᠰᠤᠯᠢᠯᠴᠠᠭ᠎ᠠ ᠦᠩᠭᠡᠷᠡᠭᠰᠡᠨ ᠤ ᠶᠠᠮᠠᠷᠴᠤ ᠴᠠᠭ ᠠᠴᠠ ᠦᠷᠭᠡᠵᠢᠭᠰᠡᠨ ᠪᠠᠶᠢᠨ᠎ᠠ᠃ ᠡᠶᠢᠮᠦ ᠪᠠᠶᠢᠳᠠᠯ ᠳᠤᠤᠷ᠎ᠠ ᠭᠠᠳᠠᠭᠠᠳᠤ ᠦᠭᠡ ᠶᠡᠬᠡᠪᠡᠷ ᠵᠢᠭᠡᠯᠡᠭᠳᠡᠨ ᠬᠡᠷᠡᠭᠯᠡᠭᠳᠡᠵᠦ ᠭᠠᠳᠠᠭᠠᠳᠤ ᠭᠠᠷᠤᠯ ᠲᠠᠢ ᠮᠠᠰᠢ ᠤᠯᠠᠨ ᠰᠢᠨ᠎ᠡ ᠦᠭᠡᠰ ᠪᠤᠢ ᠪᠣᠯᠵᠤ᠂ ᠬᠢᠲᠠᠳ ᠬᠡᠯᠡᠨ ᠤ ᠬᠦᠷᠢᠶᠡᠨ ᠳᠠᠬᠢ ᠰᠢᠨ᠎ᠡ ᠦᠵᠡᠮᠵᠢ ᠪᠤᠯᠤᠭᠰᠠᠨ ᠶᠤᠮ᠃        ᠳ᠋ᠦᠩᠨᠡᠯᠲᠡ        ᠤᠷᠴᠢᠭᠤᠯᠭ᠎ᠠ ᠪᠤᠯ ᠬᠦᠮᠦᠰ ᠤᠨ ᠤᠬᠠᠭᠠᠨ ᠲᠠᠮᠢᠷ ᠢ ᠰᠢᠯᠭᠠᠬᠤ ᠤᠶᠤᠨ ᠤ ᠬᠦᠳᠡᠯᠮᠦᠷᠢ ᠪᠤᠯᠬᠤᠷ ᠤᠷᠴᠢᠭᠤᠯᠤᠭᠴᠢ ᠪᠤᠯᠤᠭᠰᠠᠳ ᠢ ᠮᠤᠩᠭᠤᠯ ᠬᠢᠲᠠᠳ ᠬᠤᠶᠠᠷ ᠬᠡᠯᠡᠨ ᠤ ᠰᠠᠭᠤᠷᠢ ᠪᠠᠨ ᠵᠤᠵᠠᠭᠠᠳᠬᠠᠵᠤ᠂ ᠤᠶᠢᠯᠠᠭᠠᠵᠤ ᠢᠯᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ ᠬᠡᠯᠡ ᠶᠠᠷᠢᠶᠠᠨ ᠤ ᠪᠠᠶᠠᠯᠢᠭ ᠪᠠᠶᠢᠬᠤ ᠶᠢ ᠱᠠᠭᠠᠷᠳᠠᠳᠠᠭ ᠶᠤᠮ᠃ ᠡᠶᠢᠮᠦ ᠠᠴᠠ ᠰᠤᠨᠢᠨ ᠮᠡᠳᠡᠭᠡᠨ ᠤ ᠤᠷᠴᠢᠭᠤᠯᠤᠭᠴᠢ ᠪᠤᠯᠤᠭᠰᠠᠨ ᠤ ᠬᠤᠪᠢ ᠳᠤ ᠡᠬᠡ ᠪᠢᠴᠢᠭ ᠤᠷᠴᠢᠭᠤᠯᠵᠤ ᠨᠠᠶᠢᠷᠠᠭᠤᠯᠬᠤ ᠳᠠᠭᠠᠨ ᠡᠷᠬᠡᠪᠰᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠤᠪᠤᠷ ᠢᠶᠠᠷ ᠦᠭᠡ ᠦᠰᠦᠭ ᠪᠦᠬᠦᠨ ᠢ ᠨᠠᠷᠢᠪᠴᠢᠯᠠᠨ ᠲᠤᠩᠭᠠᠵᠤ ᠵᠦᠪ ᠤᠨᠤᠪᠴᠢᠲᠠᠢ ᠤᠶᠢᠯᠠᠭᠠᠮᠵᠢᠲᠠᠢ ᠤᠷᠴᠢᠭᠤᠯᠬᠤ ᠬᠡᠷᠡᠭᠲᠡᠢ᠃ ᠭᠡᠬᠦ ᠳᠡᠭᠡᠨ ᠪᠢᠳᠡ ᠮᠡᠳᠡᠯᠭᠡ ᠮᠡᠳᠡᠴᠡ ᠶᠢᠨ ᠬᠦᠷᠢᠶ᠎ᠡ ᠬᠡᠪᠴᠢᠶ᠎ᠡ ᠪᠠᠨ ᠦᠷᠭᠡᠳᠬᠡᠨ ᠤᠷᠴᠢᠭᠤᠯᠤᠭᠴᠢ ᠶᠢᠨ ᠦᠨᠳᠦᠷ ᠬᠢᠷᠢ ᠪᠤᠯᠪᠠᠰᠤᠷᠠᠯ ᠢ ᠪᠦᠷᠢᠯᠳᠦᠭᠦᠯᠵᠦ᠂ ᠠᠵᠢᠯ ᠮᠡᠷᠭᠡᠵᠢᠯ ᠳᠡᠭᠡᠨ ᠴᠠᠭᠠᠷᠠᠵᠤ ᠤᠬᠠᠭᠠᠨ ᠪᠤᠳᠤᠯ ᠳᠠᠭᠠᠨ ᠲᠤᠩᠭᠠᠨ᠂ ᠠᠵᠢᠯᠰᠠᠭ ᠬᠢᠴᠢᠶᠡᠩᠭᠦᠢ ᠤᠪᠤᠷ ᠰᠤᠷᠲᠠᠯ ᠢᠶᠠᠷ ᠠᠵᠢᠯ ᠦᠢᠯᠡᠰ ᠰᠤᠷᠤᠯᠭ᠎ᠠ ᠠᠮᠢᠳᠤᠷᠠᠯ ᠳᠠᠭᠠᠨ ᠬᠠᠨᠳᠤᠬᠤ ᠪᠤᠯ ᠨᠡᠩ ᠴᠢᠬᠤᠯᠠ ᠶᠤᠮ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号