| ᠦᠳᠡ ᠶᠢᠨ ᠤᠨᠲᠠᠯᠭ᠎ᠠ ᠶᠢᠨ ᠴᠠᠭ ᠬᠡᠳᠦᠶᠢᠪᠡᠷ ᠪᠤᠭᠤᠨᠢ ᠪᠤᠯᠪᠠᠴᠤ ᠲᠡᠭᠦᠨ ᠢ ᠪᠠᠰᠤᠵᠤ ᠪᠤᠯᠬᠤ ᠦᠭᠡᠢ᠃ | ᠤᠯᠠᠮᠵᠢᠯᠠᠯᠲᠤ ᠬᠢᠲᠠᠳ ᠡᠮᠨᠡᠯᠭᠡ ᠪᠠ ᠡᠰᠡᠬᠦᠯ᠎ᠡ ᠬᠠᠮᠤᠭ ᠤᠨ ᠰᠢᠨ᠎ᠡ ᠤᠯᠤᠰ ᠤᠨ ᠭᠠᠳᠠᠭᠠᠳᠤ ᠶᠢᠨ ᠰᠤᠳᠤᠯᠭᠠᠨ ᠢᠶᠠᠷ | ᠠᠪᠴᠤ ᠬᠡᠯᠡᠭᠰᠡᠨ ᠴᠦ᠂ ᠦᠳᠡ ᠶᠢᠨ ᠤᠨᠲᠠᠯᠭ᠎ᠠ ᠶᠢ ︽ᠡᠷᠡᠭᠦᠯ ᠴᠡᠨᠡᠭᠯᠡᠭᠦᠷ︾ ᠤᠨ ᠨᠢᠭᠡ ᠭᠡᠵᠦ ᠬᠡᠯᠡᠬᠦ ᠳᠤ | ᠦᠴᠦᠬᠡᠨ ᠴᠦ ᠬᠡᠲᠦᠷᠡᠬᠦ ᠦᠭᠡᠢ ᠶᠤᠮ᠃ | ᠬᠢᠲᠠᠳ ᠡᠮᠨᠡᠯᠭᠡ ᠳᠤ ᠦᠳᠡ ᠶᠢᠨ 11 ᠴᠠᠭ ᠠᠴᠠ 1 ᠴᠠᠭ ᠪᠤᠯᠲᠠᠯᠠᠬᠢ ᠶᠢ ᠬᠦᠮᠦᠨ ᠤ ᠪᠡᠶ᠎ᠡ | ᠮᠠᠬᠠᠪᠤᠳ ᠤᠨ ᠠᠷᠭ᠎ᠠ ᠲᠠᠮᠢᠷ ᠬᠠᠮᠤᠭ ᠤᠨ ᠪᠠᠳᠠᠷᠠᠭᠤᠨ ᠦᠶ᠎ᠡ ᠭᠡᠵᠦ ᠦᠵᠡᠵᠦ᠂ ᠡᠨᠡ ᠦᠶ᠎ᠡ ᠳᠤ ᠤᠨᠲᠠᠪᠠᠯ ᠠᠷᠭ᠎ᠠ | ᠪᠢᠯᠢᠭ ᠲᠠᠮᠢᠷ ᠢ ᠲᠡᠩᠴᠡᠭᠦᠷᠢᠰᠢᠭᠦᠯᠬᠦ ᠦᠢᠯᠡᠳᠦᠯ ᠲᠠᠢ ᠪᠤᠯᠬᠤᠷ ᠬᠦᠮᠦᠨ ᠤ ᠤᠷᠮ᠎ᠠ ᠰᠡᠷᠭᠦᠵᠦ ᠴᠤᠭ ᠰᠦᠯᠳᠡ | ᠲᠡᠭᠦᠯᠳᠡᠷ ᠪᠤᠯᠳᠠᠭ ᠭᠡᠳᠡᠭ᠃ ᠡᠭᠦᠨ ᠠᠴᠠ ᠭᠠᠳᠠᠨ᠎ᠠ ᠤᠯᠤᠰ ᠤᠨ ᠭᠠᠳᠠᠭᠠᠳᠤ ᠶᠢᠨ ᠰᠤᠳᠤᠯᠭᠠᠨ ᠴᠦ ᠦᠳᠡ ᠶᠢᠨ | ᠤᠨᠲᠠᠯᠭ᠎ᠠ ᠶᠢᠨ ᠰᠠᠶᠢᠨ ᠲᠠᠢ ᠲᠠᠯ᠎ᠠ ᠶᠢᠨ ᠦᠷ᠎ᠡ ᠳ᠋ᠦᠩ ᠢ ᠤᠯᠠᠨ ᠳᠤ ᠨᠡᠶᠢᠲᠡᠯᠡᠭᠰᠡᠨ ᠪᠠᠶᠢᠨ᠎ᠠ᠃ | 1. ᠴᠢᠰᠤᠨ ᠳᠠᠷᠤᠯᠲᠠ ᠶᠢ ᠪᠠᠭᠤᠷᠠᠭᠤᠯᠤᠨ᠎ᠠ᠃ ᠠᠮᠧᠷᠢᠺᠡ ᠶᠢᠨ ᠠᠯᠧᠭ᠌ᠨᠢ ᠳᠡᠭᠡᠳᠦ ᠰᠤᠷᠭᠠᠭᠤᠯᠢ ᠶᠢᠨ | ᠰᠤᠳᠤᠯᠭᠠᠲᠠᠳ ᠤᠨ ᠬᠠᠮᠤᠭ ᠰᠢᠨ᠎ᠡ ᠰᠤᠳᠤᠯᠭᠠᠨ ᠳᠤ ᠠᠵᠢᠯ ᠤᠨ ᠳᠠᠷᠤᠭᠠᠰᠤ ᠶᠡᠭᠡ ᠦᠶ᠎ᠡ ᠳᠤ ᠬᠦᠮᠦᠨ ᠤ ᠴᠢᠰᠤᠨ | ᠳᠠᠷᠤᠯᠲᠠ ᠦᠨᠳᠦᠷ ᠪᠤᠯᠳᠠᠭ ᠠᠴᠠ ᠦᠳᠡ ᠳᠤ ᠲᠦᠷ ᠤᠨᠲᠠᠭᠠᠳ ᠠᠪᠤᠪᠠᠯ ᠴᠢᠰᠤᠨ ᠳᠠᠷᠤᠯᠲᠠ ᠪᠠᠭᠤᠷᠠᠬᠤ ᠳᠤ | ᠠᠰᠢᠭᠲᠠᠢ ᠶᠢ ᠤᠯᠵᠤ ᠮᠡᠳᠡᠵᠡᠢ᠃ | 2. ᠵᠢᠷᠦᠬᠡ ᠶᠢ ᠬᠠᠮᠠᠭᠠᠯᠠᠨ᠎ᠠ᠃ ᠭᠷᠧᠭ ᠤᠨ ᠨᠢᠭᠡᠨ ᠰᠤᠳᠤᠯᠭᠠᠨ ᠳᠤ ᠭᠠᠷᠠᠭ ᠪᠤᠯᠭᠠᠨ ᠭᠤᠷᠪᠠ ᠤᠳᠠᠭ᠎ᠠ᠂ | ᠤᠳᠠᠭ᠎ᠠ ᠪᠤᠯᠭᠠᠨ 30 ᠮᠢᠨᠦ᠋ᠲ ᠤᠨ ᠦᠳᠡ ᠶᠢᠨ ᠤᠨᠲᠠᠯᠭ᠎ᠠ ᠶᠢ ᠪᠠᠷᠢᠮᠲᠠᠯᠠᠪᠠᠯ᠂ ᠵᠢᠷᠦᠬᠡᠨ ᠡᠪᠡᠳᠴᠢᠨ ᠠᠴᠠ | ᠪᠤᠯᠵᠤ ᠴᠤᠴᠢᠮᠠᠭ ᠦᠬᠦᠬᠦ ᠠᠶᠤᠯ ᠢ 37% ᠪᠠᠷ ᠪᠠᠭᠠᠰᠬᠠᠬᠤ ᠶᠢ ᠲᠤᠳᠤᠷᠬᠠᠶᠢᠯᠠᠵᠠᠢ᠃ ᠦᠭᠡᠷ᠎ᠡ ᠨᠢᠭᠡᠨ | ᠮᠠᠲ᠋ᠧᠷᠢᠶᠠᠯ ᠳᠤ ᠦᠳᠡ ᠳᠤ ᠤᠨᠲᠠᠬᠤ ᠵᠠᠩᠰᠢᠯ ᠲᠠᠢ ᠭᠠᠵᠠᠷ ᠤᠷᠤᠨ ᠤ ᠬᠦᠮᠦᠰ ᠤᠨ ᠲᠢᠳᠢᠮᠯᠢᠭ ᠯᠤᠭᠰᠢᠭᠤᠨ | ᠰᠤᠳᠠᠯ ᠤᠨ ᠴᠢᠨᠠᠷᠲᠠᠢ ᠵᠢᠷᠦᠬᠡᠨ ᠡᠪᠡᠳᠴᠢᠨ ᠤᠯᠬᠤ ᠨᠤᠷᠮ᠎ᠠ ᠦᠳᠡ ᠳᠤ ᠤᠨᠲᠠᠳᠠᠭ ᠦᠭᠡᠢ ᠭᠠᠵᠠᠷ ᠤᠷᠤᠨ ᠤ | ᠬᠦᠮᠦᠰ ᠤᠨ ᠬᠢ ᠠᠴᠠ ᠬᠤᠯᠠ ᠳᠤᠤᠷ᠎ᠠ ᠪᠠᠶᠢᠭ᠎ᠠ ᠶᠢ ᠭᠡᠷᠡᠴᠢᠯᠡᠭᠰᠡᠨ ᠪᠠᠶᠢᠨ᠎ᠠ᠃ ᠰᠤᠳᠤᠯᠭᠠᠲᠠᠳ᠂ ᠡᠨᠡ ᠨᠢ ᠪᠠᠷᠤᠭ | ᠦᠳᠡ ᠶᠢᠨ ᠤᠨᠲᠠᠯᠭ᠎ᠠ ᠵᠢᠷᠦᠬᠡ ᠴᠢᠰᠤᠨ ᠰᠤᠳᠠᠯ ᠤᠨ ᠰᠢᠰᠲ᠋ᠧᠮ ᠢ ᠲᠠᠶᠢᠪᠤᠰᠢᠷᠠᠭᠤᠯᠵᠤ᠂ ᠪᠡᠶ᠎ᠡ ᠮᠠᠬᠠᠪᠤᠳ ᠤᠨ | ᠴᠢᠩᠭᠠᠷᠠᠴᠠ ᠶᠢ ᠰᠤᠯᠠᠷᠠᠭᠤᠯᠤᠭᠰᠠᠨ ᠠᠴᠠ ᠪᠤᠯᠤᠭᠰᠠᠨ ᠪᠠᠶᠢᠭ᠎ᠠ ᠭᠡᠵᠦ ᠦᠵᠡᠵᠦ ᠪᠠᠶᠢᠨ᠎ᠠ᠃ | 3. ᠴᠡᠭᠡᠵᠢᠯᠡᠬᠦ ᠴᠢᠳᠠᠪᠤᠷᠢ ᠶᠢ ᠰᠠᠶᠢᠵᠢᠷᠠᠭᠤᠯᠤᠨ᠎ᠠ᠃ ᠠᠮᠧᠷᠢᠺᠡ ᠶᠢᠨ ᠰᠤᠳᠤᠯᠭᠠᠲᠠᠨ ᠦᠳᠡ ᠶᠢᠨ | ᠤᠨᠲᠠᠯᠭ᠎ᠠ ᠬᠦᠮᠦᠨ ᠤ ᠲᠠᠮᠢᠷ ᠬᠦᠴᠦ ᠪᠤᠯᠤᠨ ᠰᠤᠨᠤᠷ ᠰᠡᠷᠡᠮᠵᠢ ᠶᠢ ᠶᠡᠬᠡᠪᠡᠷ ᠨᠡᠮᠡᠭᠳᠡᠭᠦᠯᠬᠦ ᠶᠢ ᠮᠡᠳᠡᠭᠰᠡᠨ ᠪᠠᠶᠢᠨ᠎ᠠ᠃ | ᠭᠧᠷᠮᠠᠨ ᠤ ᠳ᠋ᠦᠰᠧᠳᠤᠷᠹ ᠶᠡᠭᠡ ᠰᠤᠷᠭᠠᠭᠤᠯᠢ ᠶᠢᠨ ᠰᠤᠳᠤᠯᠭᠠᠨ ᠳᠤ ᠦᠳᠡ ᠶᠢᠨ ᠤᠨᠲᠠᠯᠭ᠎ᠠ ᠶᠠᠳᠠᠷᠠᠭ᠎ᠠ ᠴᠢᠯᠡᠭᠡ ᠶᠢ | ᠲᠠᠶᠢᠯᠬᠤ ᠪᠠᠷ ᠪᠠᠷᠠᠬᠤ ᠦᠭᠡᠢ ᠪᠠᠰᠠ ᠴᠡᠭᠡᠵᠢᠯᠡᠬᠦ ᠴᠢᠳᠠᠪᠤᠷᠢ ᠶᠢ ᠰᠠᠶᠢᠵᠢᠷᠠᠭᠤᠯᠬᠤ ᠶᠢ ᠲᠤᠳᠤᠷᠬᠠᠶᠢᠯᠠᠵᠠᠢ᠃ | 4. ᠴᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠧᠷᠮᠠᠨ ᠤ ᠤᠶᠤᠨ ᠮᠡᠳᠡᠷᠡᠯ ᠤᠨ ᠡᠪᠡᠳᠴᠢᠨ ᠤ | ᠰᠤᠳᠤᠯᠭᠠᠨ ᠤ ᠭᠠᠵᠠᠷ ᠤᠨ ᠤᠨᠲᠠᠯᠭ᠎ᠠ ᠶᠢᠨ ᠲᠤᠰᠬᠠᠢ ᠮᠡᠷᠭᠡᠵᠢᠯᠲᠡᠨ ᠦᠳᠡ ᠶᠢᠨ ᠨᠢᠭᠡ ᠴᠠᠭ ᠪᠤᠯ ᠬᠦᠮᠦᠨ ᠤ ᠨᠢᠭᠡ | ᠡᠳᠦᠷ ᠤᠨ ᠲᠤᠳᠤᠷᠠᠬᠢ ᠢᠯᠡᠷᠬᠡᠢ ᠨᠤᠶᠢᠷ ᠤᠨ ᠤᠷᠭᠢᠯ ᠪᠤᠯᠬᠤᠷ ᠡᠨᠡ ᠦᠶ᠎ᠡ ᠳᠤ ᠲᠦᠷ ᠤᠨᠲᠠᠪᠠᠯ ᠪᠡᠶ᠎ᠡ ᠶᠢᠨ | ᠲᠤᠲᠤᠭᠠᠳᠤ ᠶᠢᠨ ᠯᠢᠮᠪᠠ ᠡᠰ ᠢ ᠪᠦᠲᠦᠮᠵᠢᠲᠡᠢ ᠪᠠᠷ ᠰᠡᠳᠡᠨ᠂ ᠴᠠᠷᠤᠯᠲᠠ ᠶᠢᠨ ᠡᠰ ᠤᠨ ᠢᠳᠡᠪᠬᠢ ᠴᠢᠨᠠᠷ ᠢ | ᠨᠡᠮᠡᠭᠳᠡᠭᠦᠯᠬᠦ ᠶᠢ ᠤᠯᠵᠤ ᠮᠡᠳᠡᠭᠰᠡᠨ ᠪᠠᠶᠢᠨ᠎ᠠ᠃ | 5. ᠤᠷᠮ᠎ᠠ ᠰᠡᠳᠬᠢᠯ ᠢ ᠰᠡᠷᠭᠦᠭᠡᠵᠦ᠂ ᠵᠤᠪᠠᠵᠤ ᠭᠠᠩᠰᠠᠷᠠᠬᠤ ᠭᠡᠮ ᠢ ᠠᠷᠢᠯᠭᠠᠨ᠎ᠠ᠃ ᠠᠮᠧᠷᠢᠺᠡ ᠶᠢᠨ | ᠬᠠᠹᠧ ᠶᠡᠭᠡ ᠰᠤᠷᠭᠠᠭᠤᠯᠢ ᠶᠢᠨ ᠰᠡᠳᠬᠢᠬᠦᠢ ᠶᠢᠨ ᠵᠦᠢ ᠶᠢᠨ ᠤᠬᠠᠭᠠᠨᠲᠠᠳ᠂ ᠦᠳᠡ ᠳᠤ ᠲᠦᠷ ᠤᠨᠲᠠᠵᠤ ᠠᠪᠬᠤ | ᠨᠢ ᠤᠷᠮ᠎ᠠ ᠰᠡᠳᠬᠢᠯᠭᠡ ᠶᠢ ᠰᠠᠶᠢᠵᠢᠷᠠᠭᠤᠯᠵᠤ᠂ ᠪᠡᠶ᠎ᠡ ᠮᠠᠬᠠᠪᠤᠳ ᠢ ᠲᠠᠶᠢᠪᠤᠰᠢᠷᠠᠭᠤᠯᠤᠨ᠂ ᠳᠠᠷᠤᠯᠲᠠ ᠳᠠᠷᠤᠭᠠᠰᠤ ᠶᠢ | ᠬᠦᠩᠭᠡᠷᠡᠭᠦᠯᠬᠦ ᠶᠢ ᠤᠯᠵᠤ ᠮᠡᠳᠡᠵᠡᠢ᠃ ᠠᠮᠧᠷᠢᠺᠡ ᠶᠢᠨ ᠰᠲ᠋ᠠᠨᠹᠦ᠋ ᠶᠡᠭᠡ ᠰᠤᠷᠭᠠᠭᠤᠯᠢ ᠶᠢᠨ ᠨᠢᠭᠡ ᠲᠦᠷᠦᠯ ᠤᠨ | ᠰᠤᠳᠤᠯᠭᠠᠨ ᠳᠤ ᠨᠡᠩ ᠴᠦ᠂ ᠡᠳᠦᠷ ᠪᠤᠯᠭᠠᠨ ᠦᠳᠡ ᠳᠤ ᠤᠨᠲᠠᠪᠠᠯ ᠵᠤᠪᠠᠵᠤ ᠭᠠᠩᠰᠠᠷᠠᠬᠤ ᠪᠠᠶᠢᠳᠠᠯ ᠢ | ᠪᠦᠲᠦᠮᠵᠢᠲᠡᠢ ᠪᠠᠷ ᠠᠷᠢᠯᠭᠠᠵᠤ ᠵᠠᠮᠬᠠᠷᠠᠭᠤᠯᠬᠤ ᠶᠢ ᠲᠤᠳᠤᠷᠬᠠᠶᠢᠯᠠᠭᠰᠠᠨ ᠪᠠᠶᠢᠨ᠎ᠠ᠃ |