| ᠰᠤᠷᠭᠠᠨ ᠬᠦᠮᠦᠵᠢᠯ ᠤᠨ ᠶᠠᠮᠤᠨ᠂ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠵᠦᠪᠯᠡᠯ | ᠤᠶᠢᠷ᠎ᠠ ᠶᠢᠨ ᠡᠳᠦᠷ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ ᠪᠤᠭᠤᠮᠲᠠ | ᠰᠢᠪᠲᠤᠯᠬᠤ ᠢᠨᠵᠧᠨᠧᠷᠢᠩ ᠤᠨ ᠬᠡᠷᠡᠭᠵᠢᠭᠦᠯᠬᠦ ᠲᠦᠰᠦᠯ︾ ᠢ ᠳᠠᠷᠤᠮᠠᠯᠯᠠᠨ ᠲᠠᠷᠬᠠᠭᠠᠵᠤ᠂ ᠪᠠᠭᠰᠢ ᠨᠠᠷ ᠤᠨ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠰᠠᠶᠢᠲᠤᠷ ᠴᠢᠷᠮᠠᠶᠢᠵᠤ ᠪᠠᠶᠢᠭᠠᠳ ᠪᠠᠭᠰᠢ ᠨᠠᠷ ᠲᠤ ᠴᠦᠮ ᠬᠢᠲᠠᠳ | ᠬᠡᠯᠡᠨ ᠤ ᠪᠠᠷᠢᠮᠵᠢᠶ᠎ᠠ ᠠᠪᠢᠶ᠎ᠠ ᠶᠢ ᠡᠵᠡᠮᠰᠢᠭᠦᠯᠬᠦ ᠪᠠᠷ ᠴᠢᠷᠮᠠᠶᠢᠨ᠎ᠠ ᠭᠡᠵᠦ ᠲᠤᠳᠤᠷᠬᠠᠢ ᠳᠤᠷᠠᠳᠤᠭᠰᠠᠨ ᠪᠠᠶᠢᠯ᠎ᠠ᠃ | ᠲᠦᠰᠦᠯ ᠳᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ ᠪᠤᠭᠤᠮᠲᠠ | ᠰᠢᠪᠲᠤᠯᠬᠤ ᠢᠨᠵᠧᠨᠧᠷᠢᠩ ᠤᠨ ᠶᠡᠷᠦᠩᠬᠡᠢ ᠬᠠᠷᠠᠯᠲᠠ ᠪᠤᠯ ︽2020 ᠤᠨ ᠪᠤᠯᠬᠤ ᠳᠤ᠂ ᠪᠦᠬᠦ ᠤᠯᠤᠰ ᠤᠨ | ᠬᠡᠪᠴᠢᠶᠡᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠦᠨᠳᠦᠰᠦᠨ ᠳᠡᠭᠡᠨ ᠲᠦᠭᠡᠮᠡᠯᠵᠢᠭᠦᠯᠦᠨ᠎ᠡ︾ | ᠂ ᠪᠤᠳᠠᠲᠠᠢ ᠳᠤ ᠪᠦᠬᠦ ᠤᠯᠤᠰ ᠤᠨ ᠬᠢᠲᠠᠳ ᠬᠡᠯᠡᠨ ᠤ ᠪᠠᠷᠢᠮᠵᠢᠶ᠎ᠠ ᠠᠪᠢᠶ᠎ᠠ ᠶᠢ ᠲᠦᠭᠡᠮᠡᠯᠵᠢᠭᠦᠯᠦᠭᠰᠡᠨ ᠨᠤᠷᠮ᠎ᠠ ᠶᠢ | ᠳᠤᠮᠳᠠᠴᠢ ᠪᠠᠷ 80% ᠠᠴᠠ ᠳᠡᠭᠡᠭᠰᠢ ᠬᠦᠷᠭᠡᠨ᠎ᠡ᠃ ᠤᠳᠤ ᠶᠢᠨ ᠬᠢᠲᠠᠳ ᠬᠡᠯᠡᠨ ᠤ ᠪᠠᠷᠢᠮᠵᠢᠶ᠎ᠠ ᠠᠪᠢᠶ᠎ᠠ ᠶᠢᠨ ᠰᠠᠭᠤᠷᠢ | ᠪᠤᠯᠤᠨ ᠪᠦᠬᠦ ᠤᠯᠤᠰ ᠤᠨ ᠶᠡᠷᠦᠩᠬᠡᠢ ᠬᠠᠷᠠᠯᠲᠠ ᠶᠢ ᠦᠨᠳᠦᠰᠦᠯᠡᠵᠦ᠂ ᠡᠯ᠎ᠡ ᠭᠠᠵᠠᠷ ᠤᠷᠤᠨ ᠤ ᠬᠢᠨ ᠦᠪᠡᠷ ᠤᠨ ᠪᠤᠳᠠᠲᠠᠢ | ᠪᠠᠶᠢᠳᠠᠯ ᠳᠠᠭᠠᠨ ᠲᠤᠬᠢᠷᠠᠭᠰᠠᠨ ᠬᠠᠷᠠᠯᠲᠠ ᠪᠤᠯᠤᠨ ᠡᠭᠦᠷᠭᠡ ᠲᠤᠭᠲᠠᠭᠠᠬᠤ ᠬᠡᠷᠡᠭᠲᠡᠢ ᠭᠡᠵᠦ ᠲᠤᠳᠤᠷᠬᠠᠶᠢᠯᠠᠪᠠ᠃ | ᠰᠤᠷᠭᠠᠭᠤᠯᠢ ᠪᠤᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠦᠭᠡᠮᠡᠯᠵᠢᠯ ᠢ | ᠠᠬᠢᠭᠤᠯᠬᠤ᠂ ᠠᠷᠠᠳ ᠢᠷᠭᠡᠨ ᠤ ᠦᠭᠡ ᠬᠡᠯᠡ ᠦᠰᠦᠭ ᠪᠢᠴᠢᠭ ᠤᠨ ᠵᠢᠷᠦᠮᠵᠢᠯ ᠤᠨ ᠤᠬᠠᠮᠰᠠᠷ ᠢ ᠬᠦᠮᠦᠵᠢᠭᠦᠯᠬᠦ | ᠭᠤᠤᠯᠳᠠᠯᠭ᠎ᠠ ᠲᠠᠢ ᠬᠦᠷᠢᠶ᠎ᠡ ᠪᠤᠯᠤᠨ᠎ᠠ᠃ ᠲᠦᠰᠦᠯ ᠳᠤ᠂ ᠡᠯ᠎ᠡ ᠭᠠᠵᠠᠷ ᠤᠷᠤᠨ ᠤ ᠬᠢᠨ ᠪᠠᠭᠰᠢ ᠶᠢᠨ ᠪᠤᠭᠤᠮᠲᠠ ᠶᠢ | ᠴᠢᠩᠭ᠎ᠠ ᠠᠳᠬᠤᠵᠤ᠂ ᠰᠢᠨ᠎ᠡ ᠪᠠᠷ ᠠᠵᠢᠯ ᠤᠨ ᠪᠠᠶᠢᠷᠢ ᠳᠤ ᠭᠠᠷᠬᠤ ᠪᠠᠭᠰᠢ ᠨᠠᠷ ᠤᠨ ᠬᠢᠲᠠᠳ ᠬᠡᠯᠡᠨ ᠤ ᠪᠠᠷᠢᠮᠵᠢᠶ᠎ᠠ | ᠠᠪᠢᠶ᠎ᠠ ᠪᠠᠷ ᠶᠠᠷᠢᠵᠤ ᠢᠯᠡᠳᠬᠡᠬᠦ ᠲᠦᠪᠰᠢᠨ ᠢ ᠡᠷᠬᠡᠪᠰᠢ ᠤᠯᠤᠰ ᠤᠨ ᠲᠤᠭᠲᠠᠭᠠᠭᠰᠠᠨ ᠪᠠᠷᠢᠮᠵᠢᠶ᠎ᠠ ᠳᠤ ᠬᠦᠷᠭᠡᠬᠦ ᠬᠡᠷᠡᠭᠲᠡᠢ︔ | ᠠᠵᠢᠯ ᠠᠴᠠ ᠨᠢ ᠰᠠᠯᠭᠠᠵᠤ ᠬᠦᠮᠦᠵᠢᠭᠦᠯᠦᠨ ᠪᠤᠯᠪᠠᠰᠤᠷᠠᠭᠤᠯᠬᠤ᠂ ᠠᠯᠤᠰ ᠡᠵᠡᠮᠰᠢᠯ ᠢᠶᠠᠷ ᠦᠪᠡᠷ ᠢᠶᠠᠨ ᠰᠤᠷᠬᠤ᠂ | ᠬᠠᠪᠰᠤᠷᠤᠯᠴᠠᠭ᠎ᠠ ᠪᠠᠶᠢᠭᠤᠯᠵᠤ ᠬᠠᠪᠰᠤᠷᠤᠨ ᠳᠡᠮᠵᠢᠬᠦ ᠵᠡᠷᠭᠡ ᠠᠷᠭ᠎ᠠ ᠪᠠᠷ ᠬᠢᠲᠠᠳ ᠬᠡᠯᠡᠨ ᠤ ᠪᠠᠷᠢᠮᠵᠢᠶ᠎ᠠ ᠠᠪᠢᠶ᠎ᠠ ᠪᠠᠷ ᠶᠠᠷᠢᠵᠤ | ᠢᠯᠡᠳᠬᠡᠬᠦ ᠲᠦᠪᠰᠢᠨ ᠨᠢ ᠤᠯᠤᠰ ᠤᠨ ᠪᠠᠷᠢᠮᠵᠢᠶᠠᠨ ᠳᠤ ᠬᠦᠷᠦᠭᠰᠡᠨ ᠦᠭᠡᠢ ᠪᠠᠭᠰᠢ᠂ ᠤᠨᠴᠠᠭᠠᠶᠢᠯᠠᠨ ᠦᠨᠳᠦᠰᠦᠲᠡᠨ ᠤ | ᠤᠷᠤᠨ ᠤ ᠬᠤᠤᠰ ᠬᠡᠯᠡᠨ ᠤ ᠵᠢᠭᠠᠨ ᠰᠤᠷᠭᠠᠯᠲᠠ ᠶᠢᠨ ᠪᠠᠭᠰᠢ ᠶᠢᠨ ᠬᠢᠲᠠᠳ ᠬᠡᠯᠡᠨ ᠤ ᠪᠠᠷᠢᠮᠵᠢᠶ᠎ᠠ ᠠᠪᠢᠶ᠎ᠠ ᠪᠠᠷ ᠶᠠᠷᠢᠵᠤ | ᠢᠯᠡᠳᠬᠡᠬᠦ ᠴᠢᠳᠠᠪᠤᠷᠢ ᠶᠢ ᠨᠢ ᠲᠦᠷᠭᠡᠨ ᠳᠡᠭᠡᠭᠰᠢᠯᠡᠭᠦᠯᠬᠦ ᠬᠡᠷᠡᠭᠲᠡᠢ︔ ᠰᠠᠶᠢᠲᠤᠷ ᠴᠢᠷᠮᠠᠶᠢᠵᠤ ᠪᠠᠶᠢᠭᠠᠳ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠠᠭᠰᠢ ᠨᠠᠷ ᠤᠨ ᠬᠢᠲᠠᠳ ᠬᠡᠯᠡᠨ ᠤ ᠪᠠᠷᠢᠮᠵᠢᠶ᠎ᠠ ᠠᠪᠢᠶ᠎ᠠ ᠪᠠᠷ ᠶᠠᠷᠢᠵᠤ | ᠢᠯᠡᠳᠬᠡᠬᠦ ᠴᠢᠳᠠᠪᠤᠷᠢ ᠶᠢ ᠴᠦᠮ ᠤᠯᠤᠰ ᠤᠨ ᠪᠠᠷᠢᠮᠵᠢᠶ᠎ᠠ ᠳᠤ ᠬᠦᠷᠭᠡᠵᠦ᠂ ᠦᠨᠳᠦᠰᠦᠲᠡᠨ ᠤ ᠤᠷᠤᠨ ᠤ ᠬᠤᠤᠰ ᠬᠡᠯᠡᠨ ᠤ | ᠵᠢᠭᠠᠨ ᠰᠤᠷᠭᠠᠯᠲᠠ ᠶᠢᠨ ᠪᠠᠭᠰᠢ ᠨᠠᠷ ᠤᠨ ᠬᠢᠲᠠᠳ ᠬᠡᠯᠡᠨ ᠤ ᠪᠠᠷᠢᠮᠵᠢᠶ᠎ᠠ ᠠᠪᠢᠶ᠎ᠠ ᠪᠠᠷ ᠶᠠᠷᠢᠵᠤ ᠢᠯᠡᠳᠬᠡᠬᠦ ᠴᠢᠳᠠᠪᠤᠷᠢ ᠨᠢ | ᠬᠤᠤᠰ ᠬᠡᠯᠡᠨ ᠤ ᠵᠢᠭᠠᠨ ᠰᠤᠷᠭᠠᠯᠲᠠ ᠶᠢᠨ ᠠᠵᠢᠯ ᠳᠠᠭᠠᠨ ᠵᠤᠬᠢᠴᠠᠬᠤ ᠳᠤ ᠬᠦᠷᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠲᠠᠨᠢᠯᠴᠠᠭᠤᠯᠤᠭᠰᠠᠨ ᠢᠶᠠᠷ᠂ ᠤᠳᠤᠬᠠᠨ ᠳᠤ ᠮᠠᠨ ᠤ ᠤᠯᠤᠰ ᠤᠨ ᠬᠢᠲᠠᠳ ᠬᠡᠯᠡᠨ ᠤ ᠪᠠᠷᠢᠮᠵᠢᠶ᠎ᠠ ᠠᠪᠢᠶ᠎ᠠ ᠶᠢᠨ | ᠲᠦᠭᠡᠮᠡᠯᠵᠢᠯᠲᠡ ᠶᠢᠨ ᠨᠤᠷᠮ᠎ᠠ ᠨᠢᠭᠡᠨᠲᠡ ᠳᠤᠮᠳᠠᠴᠢ ᠪᠠᠷ 79% ᠶᠢ ᠳᠠᠪᠠᠭᠰᠠᠨ ᠪᠤᠯᠪᠠᠴᠤ᠂ ᠵᠡᠭᠦᠨ ᠪᠠᠷᠠᠭᠤᠨ ᠤᠷᠤᠨ ᠤ | ᠬᠤᠭᠤᠷᠤᠨᠳᠤ᠂ ᠬᠤᠲᠠ ᠬᠦᠳᠡᠭᠡ ᠶᠢᠨ ᠬᠤᠭᠤᠷᠤᠨᠳᠤᠬᠢ ᠬᠦᠭᠵᠢᠯᠲᠡ ᠶᠢᠨ ᠲᠦᠪᠰᠢᠨ ᠮᠠᠰᠢ ᠲᠡᠩᠴᠡᠭᠦᠷᠢ ᠦᠭᠡᠢ ᠪᠠᠶᠢᠵᠤ᠂ | ᠪᠠᠷᠠᠭᠤᠨ ᠤᠷᠤᠨ ᠪᠤᠯᠤᠨ ᠵᠡᠭᠦᠨ ᠤᠷᠤᠨ ᠨᠢ ᠵᠠᠭᠤᠨ ᠤ ᠬᠠᠷᠢᠴᠠᠯ ᠢᠶᠠᠷ 20 ᠬᠤᠪᠢ ᠵᠦᠷᠢᠵᠦ ᠪᠤᠢ︔ ᠶᠡᠭᠡ | ᠬᠤᠲᠠ ᠶᠢᠨ ᠲᠦᠭᠡᠮᠡᠯᠵᠢᠯᠲᠡ ᠶᠢᠨ ᠨᠤᠷᠮ᠎ᠠ ᠨᠢ 90% ᠶᠢ ᠳᠠᠪᠠᠵᠤ ᠪᠠᠶᠢᠬᠤ ᠳᠤ᠂ ᠮᠠᠰᠢ ᠤᠯᠠᠨ ᠬᠦᠳᠡᠭᠡ ᠲᠤᠰᠬᠤᠨ ᠤ | ᠲᠦᠭᠡᠮᠡᠯᠵᠢᠯᠲᠡ ᠶᠢᠨ ᠨᠤᠷᠮ᠎ᠠ ᠨᠢ ᠵᠦᠪᠬᠡᠨ 40% ᠤᠷᠴᠢᠮ ᠳᠤ ᠯᠡ ᠬᠦᠷᠴᠦ ᠪᠤᠢ᠃ | |