| ᠤᠶᠢᠷ᠎ᠠ ᠳᠤ᠂ ᠰᠤᠷᠭᠠᠨ ᠬᠦᠮᠦᠵᠢᠯ ᠤᠨ ᠶᠠᠮᠤᠨ ᠠᠴᠠ 2016 ᠤᠨ ᠤ ᠡᠩ ᠤᠨ ᠶᠡᠭᠡ ᠳᠡᠭᠡᠳᠦ | ᠰᠤᠷᠭᠠᠭᠤᠯᠢ ᠶᠢᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠳᠠᠩᠰᠠᠯᠠᠨ ᠪᠦᠷᠢᠳᠬᠡᠭᠰᠡᠨ ᠪᠠ ᠬᠢᠨᠠᠨ ᠵᠦᠪᠰᠢᠶᠡᠷᠡᠭᠰᠡᠨ | ᠦᠷ᠎ᠡ ᠳ᠋ᠦᠩ ᠢ ᠨᠡᠶᠢᠲᠡᠯᠡᠵᠦ᠂ ᠮᠠᠨ ᠤ ᠤᠷᠤᠨ ᠤ 15 ᠶᠡᠭᠡ ᠳᠡᠭᠡᠳᠦ ᠰᠤᠷᠭᠠᠭᠤᠯᠢ 38 ᠵᠢᠩᠬᠢᠨᠢ ᠠᠩᠭᠢ ᠶᠢᠨ ᠲᠤᠰᠬᠠᠢ | ᠮᠡᠷᠭᠡᠵᠢᠯ ᠢ ᠨᠡᠮᠡᠵᠡᠢ᠃ | ᠰᠢᠨ᠎ᠡ ᠪᠠᠷ ᠨᠡᠮᠡᠭᠰᠡᠨ 38 ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠨᠢ ᠳᠤᠤᠷᠠᠬᠢ ᠮᠡᠲᠦ᠄ ᠦᠪᠦᠷ | ᠮᠤᠩᠭᠤᠯ ᠤᠨ ᠶᠡᠭᠡ ᠰᠤᠷᠭᠠᠭᠤᠯᠢ ᠶᠢᠨ ᠤᠷᠴᠢᠨ ᠲᠤᠭᠤᠷᠢᠨ ᠤ ᠠᠮᠢ ᠠᠬᠤᠢ ᠶᠢᠨ ᠢᠨᠵᠧᠨᠧᠷᠢᠩ᠂ ᠠᠭᠠᠷ ᠮᠠᠨᠳᠠᠯ ᠤᠨ | ᠰᠢᠨᠵᠢᠯᠡᠬᠦ ᠤᠬᠠᠭᠠᠨ︔ ᠦᠪᠦᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ | ᠬᠤᠳᠠᠯᠳᠤᠭᠠᠨ ᠤ ᠶᠠᠪᠤᠳᠠᠯ ᠤᠨ ᠠᠩᠭ᠍ᠯᠢ ᠬᠡᠯᠡ᠂ ᠨᠠᠷᠢᠨ ᠪᠢᠴᠢᠭᠡᠴᠢ ᠶᠢᠨ ᠤᠬᠠᠭᠠᠨ︔ ᠦᠪᠦᠷ ᠮᠤᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠦ ᠶᠢᠨ ᠦᠢᠯᠡᠳᠬᠦᠨ ᠤ ᠢᠨᠵᠧᠨᠧᠷᠢᠩ︔ ᠦᠪᠦᠷ ᠮᠤᠩᠭᠤᠯ ᠤᠨ ᠪᠠᠭᠰᠢ ᠶᠢᠨ | ᠶᠡᠭᠡ ᠰᠤᠷᠭᠠᠭᠤᠯᠢ ᠶᠢᠨ ᠰᠦᠯᠵᠢᠶ᠎ᠡ ᠪᠠ ᠰᠢᠨ᠎ᠡ ᠵᠠᠭᠤᠴᠢᠯᠠᠭᠤᠷ᠂ ᠮᠦᠩᠭᠦᠨ ᠭᠦᠢᠯᠭᠡᠭᠡᠨ ᠤ ᠢᠨᠵᠧᠨᠧᠷᠢᠩ᠂ | ᠬᠤᠳᠠᠯᠳᠤᠭᠠᠨ ᠤ ᠶᠠᠪᠤᠳᠠᠯ ᠤᠨ ᠠᠩᠭ᠍ᠯᠢ ᠬᠡᠯᠡ︔ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ | ᠬᠡᠦᠬᠡᠳ ᠤᠨ ᠰᠠᠯᠠᠭ᠎ᠠ ᠶᠢᠨ ᠰᠤᠳᠤᠯᠤᠯ︔ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠤᠶᠤᠨ ᠮᠡᠳᠡᠷᠡᠯ ᠤᠨ | ᠤᠬᠠᠭᠠᠨ︔ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠮᠡᠷᠭᠡᠵᠢᠯ᠂ | ᠡᠯᠧᠺᠲᠷᠤᠨ ᠬᠤᠳᠠᠯᠳᠤᠭ᠎ᠠ᠂ ᠠᠮᠠᠨ ᠬᠦᠨᠳᠡᠢ ᠶᠢᠨ ᠠᠨᠠᠭᠠᠬᠤ ᠤᠬᠠᠭᠠᠨ ᠤ ᠮᠡᠷᠭᠡᠵᠢᠯ︔ ᠵᠢᠨᠢᠩ ᠤᠨ ᠪᠠᠭᠰᠢ ᠶᠢᠨ ᠳᠡᠭᠡᠳᠦ | ᠰᠤᠷᠭᠠᠭᠤᠯᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠴᠠᠬᠢᠯᠭᠠᠨ ᠤ ᠢᠨᠵᠧᠨᠧᠷᠢᠩ ᠵᠢᠴᠢ ᠠᠦ᠋ᠲ᠋ᠤᠴᠢᠯᠠᠯᠲᠠ︔ ᠦᠪᠦᠷ | ᠮᠤᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠮᠠᠰᠢᠨ ᠮᠧᠬᠠᠨᠢᠭ ᠡᠯᠧᠺᠲᠷᠤᠨ ᠤ ᠢᠨᠵᠧᠨᠧᠷᠢᠩ᠂ ᠤᠷᠢᠳᠴᠢᠯᠠᠨ | ᠰᠡᠷᠭᠡᠶᠢᠯᠡᠬᠦ ᠠᠨᠠᠭᠠᠬᠤ ᠤᠬᠠᠭᠠᠨ︔ ᠬᠦᠯᠦᠨ ᠪᠤᠶᠢᠷ ᠳᠡᠭᠡᠳᠦ ᠰᠤᠷᠭᠠᠭᠤᠯᠢ ᠶᠢᠨ ᠠᠵᠤ ᠠᠬᠤᠢ ᠪᠤᠯᠤᠨ ᠮᠦᠩᠭᠦᠨ | ᠭᠦᠢᠯᠭᠡᠭᠡᠨ᠂ ᠮᠠᠰᠢᠨ ᠮᠧᠬᠠᠨᠢᠭ ᠤᠨ ᠢᠨᠵᠧᠨᠧᠷᠢᠩ᠂ ᠵᠤᠴᠢᠳ ᠤᠨ ᠪᠠᠭᠤᠳᠠᠯ ᠤᠨ ᠬᠠᠮᠢᠶᠠᠷᠤᠯᠲᠠ︔ ᠪᠤᠷᠤᠳᠤᠬᠤᠢ ᠳᠡᠭᠡᠳᠦ | ᠰᠤᠷᠭᠠᠭᠤᠯᠢ ᠶᠢᠨ ᠤᠰᠤ ᠭᠠᠳᠠᠭᠰᠢᠯᠠᠭᠤᠯᠵᠤ ᠤᠰᠤ ᠬᠠᠩᠭᠠᠬᠤ ᠢᠨᠵᠧᠨᠧᠷᠢᠩ᠂ ᠲᠠᠮᠢᠷ ᠤᠨ ᠰᠤᠷᠭᠠᠨ ᠬᠦᠮᠦᠵᠢᠯ᠂ | ᠢᠳᠡᠭᠡᠨ ᠤ ᠶᠠᠰᠤ ᠴᠢᠨᠠᠷ ᠪᠤᠯᠤᠨ ᠠᠮᠤᠷ ᠲᠦᠪᠰᠢᠨ︔ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠦᠢᠯᠡᠰ ᠪᠤᠰᠬᠠᠬᠤ | ᠳᠡᠭᠡᠳᠦ ᠰᠤᠷᠭᠠᠭᠤᠯᠢ ᠶᠢᠨ ᠮᠠᠰᠢᠨ ᠲᠡᠷᠭᠡ ᠶᠢᠨ ᠦᠢᠯᠡᠴᠢᠯᠡᠭᠡ ᠶᠢᠨ ᠢᠨᠵᠧᠨᠧᠷᠢᠩ︔ ᠦᠪᠦᠷ ᠮᠤᠩᠭᠤᠯ ᠤᠨ ᠪᠠᠭᠰᠢ ᠶᠢᠨ | ᠶᠡᠭᠡ ᠰᠤᠷᠭᠠᠭᠤᠯᠢ ᠶᠢᠨ ᠬᠤᠩ ᠳ᠋ᠧ ᠳᠡᠭᠡᠳᠦ ᠰᠤᠷᠭᠠᠭᠤᠯᠢ ᠶᠢᠨ ᠵᠠᠬ᠎ᠠ ᠳᠡᠯᠭᠡᠭᠦᠷ ᠤᠨ ᠪᠤᠷᠤᠯᠠᠭᠤᠯᠭ᠎ᠠ᠂ ᠫᠠᠺᠢᠰᠲ᠋ᠠᠨ | ᠤᠯᠤᠰ ᠤᠨ ᠨᠢᠭᠡ ᠵᠦᠢᠯ ᠤᠨ ᠬᠡᠯᠡ ᠪᠤᠯᠬᠤ ᠦᠷᠲᠦ ᠬᠡᠯᠡ᠂ ᠮᠦᠩᠭᠦᠨ ᠭᠦᠢᠯᠭᠡᠭᠡᠨ ᠤ ᠤᠬᠠᠭᠠᠨ᠂ ᠦᠪᠦᠷ ᠮᠤᠩᠭᠤᠯ ᠤᠨ | ᠤᠷᠠᠯᠢᠭ ᠤᠨ ᠳᠡᠭᠡᠳᠦ ᠰᠤᠷᠭᠠᠭᠤᠯᠢ ᠶᠢᠨ ᠤᠷᠠᠨ ᠵᠢᠷᠤᠭ ᠤᠨ ᠤᠬᠠᠭᠠᠨ᠂ ᠤᠷᠠᠯᠢᠭ ᠤᠨ ᠲᠦᠰᠦᠪᠯᠡᠯ ᠤᠨ ᠤᠬᠠᠭᠠᠨ᠂ | ᠤᠷᠴᠢᠨ ᠲᠤᠭᠤᠷᠢᠨ ᠤ ᠵᠢᠷᠤᠭ ᠲᠦᠰᠦᠪᠯᠡᠯ᠂ ᠰᠢ ᠵᠦᠴᠦᠭᠡ ᠺᠢᠨᠤ᠋ ᠲᠧᠯᠸᠢᠰ ᠤᠨ ᠤᠬᠠᠭᠠᠨ᠂ ᠬᠢᠲᠠᠳ ᠵᠢᠷᠤᠭ᠂ ᠱᠤᠭᠤᠮᠠᠯ | ︔ ᠤᠷᠳᠤᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠮᠨᠡᠯᠭᠡ ᠶᠢᠨ ᠤᠬᠠᠭᠠᠨ ᠤ ᠬᠢᠨᠠᠨ ᠰᠢᠯᠭᠠᠬᠤ | ᠮᠡᠷᠭᠡᠵᠢᠯ᠂ ᠺᠤᠮᠫᠢᠦ᠋ᠲ᠋ᠧᠷ ᠤᠨ ᠤᠬᠠᠭᠠᠨ ᠪᠤᠯᠤᠨ ᠮᠡᠷᠭᠡᠵᠢᠯ᠂ ᠨᠢᠳᠤᠨ ᠬᠠᠷᠠᠭ᠎ᠠ ᠶᠢ ᠪᠠᠶᠢᠴᠠᠭᠠᠬᠤ ᠭᠡᠷᠡᠯ ᠤᠨ ᠤᠬᠠᠭᠠᠨ᠂ | ᠮᠠᠲ᠋ᠧᠷᠢᠶᠠᠯ ᠤᠨ ᠬᠢᠮᠢ᠂ ᠴᠠᠬᠢᠯᠭᠠᠨ ᠤ ᠢᠨᠵᠧᠨᠧᠷᠢᠩ ᠪᠤᠯᠤᠨ ᠠᠦ᠋ᠲ᠋ᠤᠴᠢᠯᠠᠯᠲᠠ ᠵᠡᠷᠭᠡ ᠪᠠᠭᠲᠠᠵᠤ ᠪᠤᠢ᠃ |