| ᠰᠤᠷᠪᠤᠯᠵᠢᠯᠠᠭᠴᠢ᠂ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ | ᠤᠶᠢᠯᠠᠭᠠᠭᠰᠠᠨ ᠢᠶᠠᠷ᠂ 2017 ᠤᠨ ᠳᠤ ᠮᠠᠨ ᠤ ᠤᠷᠤᠨ ᠦᠷᠭᠦᠯᠵᠢᠯᠡᠨ ᠮᠠᠯᠵᠢᠬᠤ ᠲᠠᠷᠢᠶᠠᠯᠠᠬᠤ ᠤᠷᠤᠨ ᠤ ᠠᠯᠪᠠᠨ | ᠵᠢᠷᠦᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠦᠭᠵᠢᠭᠦᠯᠦᠯᠲᠡ ᠶᠢᠨ ᠱᠠᠲᠤᠨ ᠤ ᠤᠨᠴᠠ ᠠᠵᠢᠯ ᠤᠨ ᠪᠠᠶᠢᠷᠢ ᠶᠢᠨ | ᠪᠠᠭᠰᠢ ᠶᠢᠨ ᠲᠦᠯᠦᠪᠯᠡᠭᠡ ᠶᠢ ᠬᠡᠷᠡᠭᠵᠢᠭᠦᠯᠵᠦ᠂ ᠡᠨᠡ ᠵᠢᠯ 600 ᠪᠠᠭᠰᠢ ᠡᠯᠰᠡᠬᠦ ᠪᠠᠷ ᠲᠦᠯᠦᠪᠯᠡᠵᠦ ᠪᠠᠶᠢᠨ᠎ᠠ᠃ 4 | ᠰᠠᠷ᠎ᠠ ᠶᠢᠨ 17 ᠠᠴᠠ ᠡᠬᠢᠯᠡᠨ ᠨᠡᠷ᠎ᠡ ᠮᠡᠳᠡᠭᠦᠯᠦᠨ᠎ᠡ᠃ | ᠡᠨᠡ ᠵᠢᠯ ᠤᠨ ᠤᠷᠢᠵᠤ ᠡᠯᠰᠡᠬᠦ ᠲᠦᠯᠦᠪᠯᠡᠭᠡ ᠶᠢ ᠲᠤᠬᠢᠷᠠᠭᠤᠯᠤᠭᠰᠠᠨ ᠠᠶᠢᠮᠠᠭ ᠬᠤᠲᠠ ᠪᠤᠯ ᠬᠦᠬᠡᠬᠤᠲᠠ᠂ | ᠪᠤᠭᠤᠲᠤ᠂ ᠬᠦᠯᠦᠨ ᠪᠤᠶᠢᠷ ᠬᠤᠲᠠ ᠪᠠ ᠬᠢᠩᠭᠠᠨ ᠠᠶᠢᠮᠠᠭ ᠪᠤᠯᠤᠨ᠎ᠠ᠂ ᠴᠢᠩ ᠱᠦᠢ ᠡᠾᠧ ᠰᠢᠶᠠᠨ᠂ ᠳᠠᠷᠬᠠᠨ ᠮᠤᠤᠮᠢᠩᠭᠠᠨ | ᠬᠤᠯᠪᠤᠭᠠᠲᠤ ᠬᠤᠰᠢᠭᠤ ᠵᠡᠷᠭᠡ 14 ᠬᠤᠰᠢᠭᠤ ᠰᠢᠶᠠᠨ ᠲᠠᠢ ᠬᠤᠯᠪᠤᠭᠳᠠᠵᠤ᠂ ᠪᠦᠬᠦ ᠤᠷᠤᠨ ᠤ ᠲᠤᠳᠤᠨ᠎ᠠ ᠭᠠᠳᠠᠨᠠᠬᠢ | ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠦᠪᠦᠷ ᠮᠤᠩᠭᠤᠯ ᠤᠨ ᠡᠷᠦᠬᠡ | ᠠᠮᠠ ᠶᠢᠨ ᠳᠠᠩᠰᠠ ᠲᠠᠢ ᠰᠤᠷᠠᠭᠴᠢ ᠠᠴᠠ ᠡᠯᠰᠡᠨ᠎ᠡ᠃ | 4 ᠰᠠᠷ᠎ᠠ ᠶᠢᠨ 17 ᠤ 8 ᠴᠠᠭ ᠠᠴᠠ 4 ᠰᠠᠷ᠎ᠠ ᠶᠢᠨ 22 ᠤ 18 ᠴᠠᠭ ᠪᠤᠯᠲᠠᠯ᠎ᠠ ᠨᠡᠷ᠎ᠡ ᠮᠡᠳᠡᠭᠦᠯᠦᠨ᠎ᠡ᠃ | ᠨᠦᠬᠦᠴᠡᠯ ᠳᠤ ᠨᠡᠶᠢᠴᠡᠬᠦ ᠰᠢᠯᠭᠠᠭᠤᠯᠤᠭᠴᠢ ᠦᠪᠦᠷ ᠮᠤᠩᠭᠤᠯ ᠤᠨ ᠰᠤᠷᠠᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ | ᠰᠦᠯᠵᠢᠶᠡᠨ ᠳᠤ ᠭᠠᠷᠴᠤ ᠨᠡᠷ᠎ᠡ ᠮᠡᠳᠡᠭᠦᠯᠦᠨ᠎ᠡ᠃ 5 ᠰᠠᠷ᠎ᠠ ᠶᠢᠨ 13 ᠤ 8 ᠴᠠᠭ ᠠᠴᠠ 5 ᠰᠠᠷ᠎ᠠ ᠶᠢᠨ 20 ᠤ 9 ᠴᠠᠭ | ᠪᠤᠯᠲᠠᠯ᠎ᠠ ᠰᠢᠯᠭᠠᠭᠤᠯᠤᠭᠴᠢ ᠶᠢᠨ ᠰᠢᠯᠭᠠᠭᠤᠯᠬᠤ ᠶᠢ ᠵᠦᠪᠰᠢᠶᠡᠷᠡᠬᠦ ᠭᠡᠷᠡᠴᠢ ᠪᠠᠨ ᠳᠠᠷᠤᠮᠠᠯᠯᠠᠨ᠎ᠠ᠃ 5 ᠰᠠᠷ᠎ᠠ ᠶᠢᠨ 20 ᠳᠤ | ᠪᠢᠷ ᠤᠨ ᠰᠢᠯᠭᠠᠯᠲᠠ ᠶᠠᠪᠤᠭᠳᠠᠨ᠎ᠠ᠃ ᠪᠦᠬᠦ ᠤᠷᠤᠨ ᠳᠤ 5 ᠰᠢᠯᠭᠠᠯᠲᠠ ᠶᠢᠨ ᠴᠡᠭ ᠲᠤᠬᠢᠷᠠᠭᠤᠯᠵᠤ᠂ ᠲᠤᠰᠪᠤᠷᠢ | ᠬᠦᠬᠡᠬᠤᠲᠠ᠂ ᠬᠦᠯᠦᠨ ᠪᠤᠶᠢᠷ᠂ ᠬᠢᠩᠭᠠᠨ ᠠᠶᠢᠮᠠᠭ᠂ ᠲᠦᠩᠯᠢᠶᠤᠤ ᠬᠤᠲᠠ᠂ ᠪᠤᠭᠤᠲᠤ ᠳᠤ ᠰᠢᠯᠭᠠᠨ᠎ᠠ᠃ ᠰᠢᠯᠭᠠᠯᠲᠠ ᠶᠢᠨ | ᠬᠢᠷᠢ ᠪᠦᠲᠦᠮᠵᠢ ᠶᠢ 6 ᠰᠠᠷ᠎ᠠ ᠶᠢᠨ 10 ᠳᠤ ᠨᠡᠶᠢᠲᠡᠯᠡᠨ᠎ᠡ᠃ |