ᠠᠮᠧᠷᠢᠺᠡ ᠶᠢᠨ ᠪᠢᠨᠰᠢᠹᠠᠨᠢᠶᠠ ᠵᠸᠦ ᠶᠢᠨ ᠶᠡᠭᠡ ᠰᠤᠷᠭᠠᠭᠤᠯᠢ ᠶᠢᠨ ᠰᠤᠳᠤᠯᠭᠠᠨ ᠳᠤ ᠤᠯᠵᠤ | ᠮᠡᠳᠡᠭᠰᠡᠨ ᠢᠶᠠᠷ᠂ ᠲᠡᠮᠦᠷ ᠲᠤᠲᠠᠭᠳᠠᠬᠤ ᠴᠢᠨᠠᠷᠲᠠᠢ ᠴᠢᠰᠤ ᠲᠤᠲᠠᠭᠳᠠᠬᠤ ᠨᠢ ᠬᠦᠮᠦᠨ ᠤ ᠰᠤᠨᠤᠷ ᠢ ᠨᠦᠯᠦᠭᠡᠯᠡᠳᠡᠭ᠃ | 2014 ᠤᠨ ᠳᠤ᠂ 15% ᠶᠢᠨ ᠲᠤᠮᠤᠴᠤᠤᠯ ᠰᠤᠨᠤᠷ ᠠᠨᠠᠢ ᠪᠤᠯᠵᠤ ᠪᠠᠶᠢᠨ᠎ᠠ ᠭᠡᠵᠦ ᠪᠠᠶᠢᠪᠠ᠃ ᠲᠡᠮᠦᠷ | ᠲᠤᠲᠠᠭᠰᠠᠨ ᠴᠢᠨᠠᠷᠲᠠᠢ ᠴᠢᠰᠤ ᠲᠤᠲᠠᠭᠳᠠᠬᠤ ᠪᠤᠯ ᠦᠷᠭᠦᠯᠵᠢ ᠲᠤᠬᠢᠶᠠᠯᠳᠤᠳᠠᠭ ᠮᠦᠷᠲᠡᠭᠡᠨ ᠵᠠᠰᠠᠬᠤ ᠳᠤ ᠠᠮᠠᠷᠬᠠᠨ | ᠡᠪᠡᠳᠴᠢᠨ ᠶᠤᠮ᠃ ᠡᠶᠢᠮᠦ ᠠᠴᠠ ᠲᠡᠮᠦᠷ ᠲᠤᠲᠠᠭᠳᠠᠭᠰᠠᠨ ᠠᠴᠠ ᠪᠤᠯᠤᠭᠰᠠᠨ ᠴᠢᠰᠤ ᠲᠤᠲᠠᠬᠤ ᠪᠠ ᠰᠤᠨᠤᠷ ᠤᠨ | ᠬᠤᠭᠤᠷᠤᠨᠳᠤᠬᠢ ᠬᠤᠯᠪᠤᠭ᠎ᠠ ᠶᠢ ᠰᠤᠳᠤᠯᠬᠤ ᠨᠢ ᠰᠢᠨ᠎ᠡ ᠵᠠᠰᠠᠯᠭ᠎ᠠ ᠶᠢᠨ ᠠᠷᠭ᠎ᠠ ᠶᠢ ᠴᠢᠨᠠᠭᠰᠢᠲᠠ ᠰᠦᠪᠡᠭᠴᠢᠯᠡᠬᠦ ᠳᠤ | ᠲᠤᠰᠠᠲᠠᠢ᠃ ᠰᠤᠳᠤᠯᠭᠠᠲᠠᠳ ᠪᠢᠨᠰᠢᠹᠠᠨᠢᠶᠠ ᠵᠸᠦ ᠶᠢᠨ ᠡᠮᠴᠢᠯᠡᠭᠡᠨ ᠤ ᠲᠦᠪ ᠠᠴᠠ 21-90 ᠨᠠᠰᠤᠨ ᠤ 305 | ᠲᠦᠮᠡᠨ ᠲᠡᠮᠦᠷ ᠲᠤᠲᠠᠭᠳᠠᠭᠰᠠᠨ ᠠᠴᠠ ᠪᠤᠯᠤᠭᠰᠠᠨ ᠴᠢᠰᠤ ᠲᠤᠲᠠᠭᠰᠠᠨ ᠡᠪᠡᠳᠴᠢᠲᠡᠨ ᠤ ᠲᠤᠭ᠎ᠠ ᠪᠠᠷᠢᠮᠲᠠ ᠶᠢ | ᠤᠯᠵᠤ᠂ ᠰᠤᠨᠤᠷ ᠲᠠᠢ ᠬᠤᠯᠪᠤᠭ᠎ᠠ ᠲᠠᠢ ᠡᠰᠡᠭᠦ ᠶᠢᠨ ᠦᠨᠡᠯᠡᠯᠲᠡ ᠬᠢᠵᠡᠢ᠃ ᠡᠭᠦᠨ ᠳᠤ᠂ ᠮᠡᠳᠡᠷᠡᠯ ᠤᠨ ᠴᠢᠨᠠᠷᠲᠠᠢ | ᠳᠦᠯᠡᠢ ᠪᠠ ᠶᠡᠷᠦᠩᠬᠡᠶᠢᠯᠡᠭᠰᠡᠨ ᠴᠢᠨᠠᠷᠲᠠᠢ ᠰᠤᠨᠤᠷ ᠤᠨ ᠬᠤᠬᠢᠷᠠᠯ ᠭᠡᠰᠡᠨ ᠦᠭᠡᠢ ᠴᠦᠮ ᠲᠡᠮᠦᠷ | ᠲᠤᠲᠠᠭᠳᠠᠭᠰᠠᠨ ᠠᠴᠠ ᠪᠤᠯᠤᠭᠰᠠᠨ ᠴᠢᠰᠤ ᠲᠤᠲᠠᠭᠳᠠᠭᠰᠠᠨ ᠲᠠᠢ ᠢᠯᠡᠳᠲᠡ ᠬᠤᠯᠪᠤᠭ᠎ᠠ ᠲᠠᠢ ᠪᠠᠶᠢᠪᠠ᠃ |