ᠬᠡᠦᠬᠡᠨᠴᠦᠳ ᠤᠨ ᠡᠬᠡ ᠠᠴᠠ ᠪᠠᠨ ᠤᠳᠤᠮᠯᠠᠬᠤ 9 ᠵᠦᠢᠯ ᠤᠨ ᠡᠪᠡᠳᠴᠢᠨ
ᠨᠡᠶᠢᠲᠡᠯᠡᠭᠰᠡᠨ ᠴᠠᠭ᠄
2017-04-07
       ᠠᠮᠧᠷᠢᠺᠡ ᠶᠢᠨ ︽ᠡᠳᠦᠷ ᠪᠦᠷᠢ ᠶᠢᠨ ᠡᠮᠨᠡᠯᠭᠡ ᠶᠢᠨ ᠮᠡᠳᠡᠭᠡ︾ ᠰᠦᠯᠵᠢᠶᠡᠨ ᠤ ᠦᠷᠲᠡᠭᠡ ᠤᠶᠢᠷ᠎ᠠ ᠳᠤ ᠬᠡᠦᠬᠡᠨᠴᠦᠦᠯ ᠤᠨ ᠡᠬᠡ ᠠᠴᠠ ᠪᠠᠨ ᠤᠳᠤᠮᠯᠠᠵᠤ ᠮᠡᠳᠡᠬᠦ 9 ᠵᠦᠢᠯ ᠤᠨ ᠡᠪᠡᠳᠴᠢᠨ ᠢ ᠳ᠋ᠦᠩᠨᠡᠪᠡ᠄        ᠬᠦᠬᠦᠨ ᠪᠤᠯᠴᠢᠷᠬᠠᠢ ᠶᠢᠨ ᠦᠮᠡᠨ ᠪᠠ ᠦᠨᠳᠡᠭᠡᠪᠴᠢ ᠶᠢᠨ ᠦᠮᠡᠨ᠄ ᠠᠩᠭ᠍ᠯᠢ ᠶᠢᠨ ᠡᠮᠦᠨ᠎ᠡ ᠺᠠᠶᠢᠫᠦ᠋ᠳᠦ᠋ᠨ ᠶᠡᠭᠡ ᠰᠤᠷᠭᠠᠭᠤᠯᠢ ᠶᠢᠨ ᠰᠤᠳᠤᠯᠭᠠᠲᠠᠳ ᠤᠨ ᠤᠯᠵᠤ ᠮᠡᠳᠡᠭᠰᠡᠨ ᠢᠶᠠᠷ᠂ ᠡᠬᠡ ᠨᠢ ᠬᠡᠷᠪᠡ ᠰᠠᠷ᠎ᠠ ᠶᠢᠨ ᠭᠬᠢᠷ ᠨᠢ ᠵᠤᠭᠰᠤᠬᠤ ᠠᠴᠠ ᠡᠮᠦᠨ᠎ᠡ ᠬᠦᠬᠦᠨ ᠪᠤᠯᠴᠢᠷᠬᠠᠢ ᠶᠢᠨ ᠦᠮᠡᠨ ᠤᠯᠤᠭᠰᠠᠨ ᠪᠤᠯ ᠬᠡᠦᠬᠡᠨ ᠤ ᠬᠢᠨᠢ ᠬᠦᠬᠦᠨ ᠪᠤᠯᠴᠢᠷᠬᠠᠢ ᠶᠢᠨ ᠦᠮᠡᠨ ᠪᠠ ᠦᠨᠳᠡᠭᠡᠪᠴᠢ ᠶᠢᠨ ᠦᠮᠡᠨ ᠳᠤ ᠨᠡᠷᠪᠡᠭᠳᠡᠬᠦ ᠪᠤᠯᠤᠮᠵᠢ ᠨᠢ ᠨᠡᠩ ᠶᠡᠭᠡ᠃        ᠲᠠᠯ᠎ᠠ ᠲᠤᠯᠤᠭᠠᠢ ᠡᠪᠡᠳᠬᠦ᠄ ᠰᠤᠳᠤᠯᠭᠠᠲᠠᠳ ᠤᠨ ᠢᠯᠡᠷᠡᠭᠦᠯᠦᠭᠰᠡᠨ ᠢᠶᠠᠷ᠂ ᠡᠬᠡ ᠨᠢ ᠲᠠᠯ᠎ᠠ ᠲᠤᠯᠤᠭᠠᠢ ᠡᠪᠡᠳᠳᠡᠭ ᠭᠡᠮ ᠲᠠᠢ ᠪᠤᠯ ᠬᠡᠦᠬᠡᠨ ᠨᠢ ᠡᠶᠢᠮᠦᠷᠬᠦ ᠡᠪᠡᠳᠴᠢᠨ ᠲᠠᠢ ᠪᠤᠯᠬᠤ ᠨᠤᠷᠮ᠎ᠠ ᠪᠤᠰᠤᠳ ᠬᠦᠮᠦᠰ ᠠᠴᠠ 2-3 ᠲᠠᠬᠢᠨ ᠦᠨᠳᠦᠷ ᠪᠠᠶᠢᠵᠤ᠂ ᠡᠬᠡ ᠨᠢ ᠠᠩᠬ᠎ᠠ ᠡᠬᠢᠯᠡᠵᠦ ᠡᠪᠡᠳᠦᠭᠰᠡᠨ ᠨᠢ 17 ᠨᠠᠰᠤᠨ ᠠᠴᠠ ᠡᠮᠦᠨ᠎ᠡ ᠮᠦᠷᠲᠡᠭᠡᠨ ᠢᠯᠡᠷᠡᠯ ᠨᠢ ᠬᠦᠨᠳᠦ ᠪᠤᠯ ᠨᠡᠷᠪᠡᠭᠳᠡᠬᠦ ᠨᠤᠷᠮ᠎ᠠ ᠨᠡᠩ ᠦᠨᠳᠦᠷ᠃        ᠶᠠᠰᠤ ᠰᠡᠶᠢᠷᠡᠭᠵᠢᠬᠦ᠄ ᠶᠠᠫᠤᠨ ᠤ ᠰᠤᠳᠤᠯᠭᠠᠲᠠᠳ ᠤᠨ ᠦᠵᠡᠬᠦ ᠪᠠᠷ᠂ ᠡᠬᠡ ᠶᠢᠨ ᠬᠢᠨᠢ ᠶᠠᠰᠤᠨ ᠤ ᠨᠢᠭᠲᠠᠴᠠ ᠨᠡᠯᠢᠶᠡᠳ ᠳᠤᠤᠷ᠎ᠠ ᠪᠤᠯ ᠬᠡᠦᠬᠡᠨ ᠤ ᠬᠢᠨᠢ ᠶᠠᠰᠤ ᠰᠡᠶᠢᠷᠡᠭᠵᠢᠬᠦ ᠨᠤᠷᠮ᠎ᠠ ᠲᠠᠬᠢᠨ ᠢᠶᠠᠷ ᠦᠨᠳᠦᠷ ᠪᠠᠶᠢᠳᠠᠭ᠃ ᠭᠠᠷᠠᠭ ᠪᠦᠷᠢ 2-3 ᠤᠳᠠᠭ᠎ᠠ ᠬᠦᠴᠦ ᠲᠠᠮᠢᠷ ᠤᠨ ᠪᠤᠯᠪᠠᠰᠤᠷᠠᠯ ᠬᠢᠬᠦ ᠪᠠ ᠬᠦᠴᠢᠯᠲᠦ᠋ᠷᠦᠭᠴᠢᠲᠦ ᠬᠦᠳᠡᠯᠭᠡᠭᠡᠨ ᠬᠢᠪᠡᠯ ᠶᠠᠰᠤᠨ ᠤ ᠨᠢᠭᠲᠠᠴᠠ ᠶᠢ ᠨᠡᠮᠡᠭᠳᠡᠭᠦᠯᠳᠡᠭ᠃        ᠦᠶ᠎ᠡ ᠭᠡᠰᠢᠭᠦᠦ ᠶᠢᠨ ᠦᠷᠪᠢᠰᠦᠯ᠄ ᠠᠮᠧᠷᠢᠺᠡ ᠶᠢᠨ ᠸᠠᠰᠢᠩᠲ᠋ᠣᠨ ᠳᠠᠬᠢ ᠦᠶ᠎ᠡ ᠭᠡᠰᠢᠭᠦᠦ ᠶᠢᠨ ᠡᠪᠡᠳᠴᠢᠨ ᠤ ᠲᠤᠰᠬᠠᠢ ᠮᠡᠷᠭᠡᠵᠢᠯᠲᠡᠳ ᠤᠨ ᠤᠯᠵᠤ ᠮᠡᠳᠡᠭᠰᠡᠨ ᠢᠶᠠᠷ᠂ ᠬᠡᠷᠦᠬᠦ ᠴᠢᠨᠠᠷᠲᠠᠢ ᠦᠶ᠎ᠡ ᠭᠡᠰᠢᠭᠦᠦ ᠶᠢᠨ ᠦᠷᠪᠢᠰᠦᠯ᠂ ᠭᠠᠷ ᠤᠨ ᠠᠯᠠᠭ᠎ᠠ ᠶᠢᠨ ᠦᠶ᠎ᠡ ᠭᠡᠰᠢᠭᠦᠦ ᠶᠢᠨ ᠦᠷᠪᠢᠰᠦᠯ ᠤᠯᠠᠩᠬᠢ ᠳᠠᠭᠠᠨ ᠤᠳᠤᠮᠯᠠᠯ ᠠᠴᠠ ᠪᠤᠯᠳᠠᠭ ᠂ ᠭᠡᠶ᠎ᠡ ᠡᠪᠦᠳᠦᠭ ᠤᠨ ᠶᠠᠰᠤᠨ ᠤ ᠦᠶ᠎ᠡ ᠭᠡᠰᠢᠭᠦᠦ ᠶᠢᠨ ᠦᠷᠪᠢᠰᠦᠯ ᠪᠡᠶ᠎ᠡ ᠶᠢᠨ ᠬᠦᠨᠳᠦ ᠪᠠ ᠲᠠᠮᠢᠷ ᠤᠨ ᠬᠦᠳᠡᠯᠭᠡᠭᠡᠨ ᠠᠴᠠ ᠪᠤᠯᠵᠤ ᠨᠡᠷᠪᠡᠭᠳᠡᠬᠦ ᠨᠢ ᠠᠷᠪᠢᠨ᠃        ᠰᠢᠳᠦ ᠬᠤᠷᠤᠬᠠᠶᠢᠲᠤᠬᠤ ᠪᠠ ᠪᠤᠶᠢᠯᠠ ᠶᠢᠨ ᠡᠪᠡᠳᠴᠢᠨ᠄ ᠰᠤᠳᠤᠯᠭᠠᠨ ᠳᠤ ᠤᠯᠵᠤ ᠮᠡᠳᠡᠭᠰᠡᠨ ᠢᠶᠠᠷ᠂ 45% ᠶᠢᠨ ᠰᠢᠳᠤ ᠬᠤᠷᠤᠬᠠᠶᠢᠲᠤᠬᠤ ᠪᠠ 39% ᠶᠢᠨ ᠪᠤᠶᠢᠯᠠ ᠶᠢᠨ ᠠᠰᠠᠭᠤᠳᠠᠯ ᠤᠳᠤᠮᠯᠠᠯ ᠠᠴᠠ ᠪᠤᠯᠳᠠᠭ᠂ ᠠᠮᠠᠨ ᠬᠦᠨᠳᠡᠢ ᠶᠢᠨ ᠡᠪᠡᠳᠴᠢᠨ ᠤ ᠤᠳᠤᠮᠯᠠᠯ ᠲᠠᠢ ᠬᠦᠮᠦᠰ ᠨᠠᠭᠠᠲᠤ ᠵᠠᠬ᠎ᠠ ᠳᠠᠭᠠᠨ ᠬᠤᠶᠠᠷ ᠵᠢᠯ ᠳᠤ ᠨᠢᠭᠡ ᠤᠳᠠᠭ᠎ᠠ ᠰᠢᠳᠦ ᠪᠠᠨ ᠪᠠᠶᠢᠴᠠᠭᠠᠯᠭᠠᠵᠤ᠂ ᠡᠳᠦᠷ ᠪᠦᠷᠢ ᠬᠤᠶᠠᠷ ᠤᠳᠠᠭ᠎ᠠ ᠰᠢᠳᠦ ᠪᠠᠨ ᠱᠤᠸᠠᠰᠠᠲᠠᠬᠤ ᠶᠢᠨ ᠬᠠᠮᠲᠤ ᠠᠮᠠ ᠵᠠᠶᠢᠯᠬᠤ ᠤᠰᠤ ᠬᠡᠷᠡᠭᠯᠡᠵᠦ ᠪᠤᠯᠤᠨ᠎ᠠ᠃        ᠭᠠᠩᠰᠠᠷᠠᠬᠤ᠄ ︽ᠡᠩ ᠤᠨ ᠤᠶᠤᠨ ᠰᠠᠨᠠᠭᠠᠨ ᠤ ᠡᠪᠡᠳᠴᠢᠨ ᠤ ᠰᠤᠳᠤᠯᠤᠯ︾ ᠰᠡᠳᠬᠦᠯ ᠳᠤ ᠨᠡᠶᠢᠲᠡᠯᠡᠭᠰᠡᠨ ᠨᠢᠭᠡᠨ ᠰᠤᠳᠤᠯᠭᠠᠨ ᠤ ᠬᠡᠯᠡᠬᠦ ᠪᠠᠷ᠂ ᠭᠠᠩᠰᠠᠷᠠᠬᠤ ᠭᠡᠮ ᠤᠨ ᠤᠳᠤᠮᠯᠠᠬᠤ ᠨᠤᠷᠮ᠎ᠠ ᠨᠢ 40% ᠬᠦᠷᠳᠡᠭ᠃ ᠰᠤᠳᠤᠯᠭᠠᠲᠠᠳ ᠤᠨ ᠰᠠᠨᠠᠭᠤᠯᠬᠤ ᠪᠠᠷ᠂ ᠬᠦᠴᠢᠯᠲᠦ᠋ᠷᠦᠭᠴᠢᠲᠦ ᠬᠦᠳᠡᠯᠭᠡᠭᠡᠨ ᠢᠯᠡᠭᠦᠦ ᠬᠢᠵᠦ ᠡᠸᠦ᠋ᠮᠢᠭ᠎ᠠ 3 ᠦᠭᠡᠬᠦᠨ ᠬᠦᠴᠢᠯ ᠢᠯᠡᠭᠦᠦ ᠰᠢᠩᠭᠡᠭᠡᠪᠡᠯ ᠭᠠᠩᠰᠠᠷᠠᠯ ᠢ ᠠᠷᠢᠯᠭᠠᠬᠤ ᠳᠤ ᠲᠤᠰᠠᠲᠠᠢ᠃        ᠵᠢᠷᠦᠬᠡᠨ ᠡᠪᠡᠳᠴᠢᠨ᠄ ᠵᠢᠷᠦᠬᠡ ᠴᠢᠰᠤᠨ ᠰᠤᠳᠠᠯ ᠤᠨ ᠡᠪᠡᠳᠴᠢᠨ ᠤ ᠬᠠᠭᠠᠰ ᠡᠪᠡᠳᠴᠢᠯᠡᠬᠦ ᠡᠯᠧᠮᠧᠨ᠋ᠲ ᠨᠢ ᠤᠳᠤᠮᠯᠠᠯ ᠠᠴᠠ ᠪᠤᠯᠳᠠᠭ᠃ ᠡᠬᠡ ᠨᠢ ᠬᠡᠷᠪᠡ 65 ᠨᠠᠰᠤᠨ ᠠᠴᠠ ᠡᠮᠦᠨ᠎ᠡ ᠵᠢᠷᠦᠬᠡᠨ ᠡᠪᠡᠳᠴᠢᠨ ᠤᠯᠤᠭᠰᠠᠨ ᠪᠤᠯ ᠬᠡᠦᠬᠡᠨ ᠤ ᠬᠢᠨᠢ ᠵᠢᠷᠦᠬᠡᠨ ᠡᠪᠡᠳᠴᠢᠨ ᠳᠤ ᠨᠡᠷᠪᠡᠭᠳᠡᠬᠦ ᠨᠤᠷᠮ᠎ᠠ 25%-30% ᠪᠠᠷ ᠨᠡᠮᠡᠭᠳᠡᠳᠡᠭ᠃        ᠬᠦᠭᠰᠢᠷᠡᠯ ᠤᠨ ᠬᠤᠭᠤᠴᠠᠭᠠᠨ ᠤ ᠶᠡᠷᠦᠩᠬᠡᠶᠢᠯᠡᠭᠰᠡᠨ ᠭᠡᠮ᠄ 2400 ᠡᠮᠡᠭᠲᠡᠢ ᠳᠤ ᠬᠠᠨᠳᠤᠭᠤᠯᠤᠭᠰᠠᠨ ᠨᠢᠭᠡᠨ ᠪᠠᠶᠢᠴᠠᠭᠠᠯᠲᠠ ᠳᠤ ᠤᠯᠵᠤ ᠮᠡᠳᠡᠭᠰᠡᠨ ᠢᠶᠠᠷ᠂ ᠬᠦᠭᠰᠢᠷᠡᠯ ᠤᠨ ᠬᠤᠭᠤᠴᠠᠭᠠᠨ ᠤ ᠶᠡᠷᠦᠩᠬᠡᠶᠢᠡᠯᠭᠰᠡᠨ ᠭᠡᠮ ᠲᠠᠢ ᠡᠮᠡᠭᠲᠡᠶᠢᠴᠦᠦᠯ ᠤᠨ ᠲᠤᠲᠤᠷ᠎ᠠ ᠨᠠᠭᠠᠲᠤ ᠵᠠᠬ᠎ᠠ ᠳᠠᠭᠠᠨ ᠬᠠᠭᠠᠰ ᠨᠢ ᠤᠳᠤᠮᠯᠠᠯ ᠲᠠᠢ ᠬᠤᠯᠪᠤᠭ᠎ᠠ ᠲᠠᠢ᠃        ᠠᠷᠢᠬᠢᠨ ᠳᠤ ᠰᠢᠨᠤᠬᠤ᠄ ᠠᠮᠧᠷᠢᠺᠡ ᠶᠢᠨ ᠹᠦᠰᠢᠨᠢᠶ᠎ᠠ ᠵᠸᠦ ᠶᠢᠨ ᠠᠷᠢᠬᠢᠨ ᠰᠢᠨᠤᠯ ᠢ ᠡᠮᠨᠡᠬᠦ ᠭᠠᠵᠠᠷ ᠤᠨ ᠰᠤᠳᠤᠯᠭᠠᠲᠠᠳ ᠤᠨ ᠤᠯᠵᠤ ᠮᠡᠳᠡᠭᠰᠡᠨ ᠢᠶᠠᠷ᠂ ᠠᠷᠢᠬᠢ ᠶᠡᠭᠡ ᠤᠤᠭᠤᠳᠠᠭ ᠡᠮᠡᠭᠲᠡᠢ ᠶᠢᠨ ᠬᠡᠦᠬᠡᠨ ᠨᠢ ᠬᠤᠵᠢᠮ ᠠᠷᠢᠬᠢᠨ ᠰᠢᠨᠤᠯ ᠲᠠᠢ ᠪᠤᠯᠬᠤ ᠨᠤᠷᠮ᠎ᠠ ᠪᠤᠰᠤᠳ ᠠᠴᠠ 3-4 ᠲᠠᠬᠢᠨ ᠦᠨᠳᠦᠷ ᠪᠠᠶᠢᠳᠠᠭ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号