| 1. ᠵᠢᠷᠭᠤᠭᠠᠨ ᠰᠠᠭᠤᠷᠢᠨ᠃ ᠦᠪᠦᠷ ᠮᠤᠩᠭᠤᠯ ᠤᠨ ᠡᠭᠦᠯᠡᠨ ᠪᠤᠳᠤᠯᠲᠠ ᠶᠢᠨ ᠠᠵᠤ ᠦᠢᠯᠡᠰ ᠤᠨ | ᠬᠡᠷᠡᠭᠯᠡᠭᠡᠨ ᠤ ᠵᠢᠱᠢᠶ᠎ᠡ ᠦᠵᠡᠭᠦᠯᠬᠦ ᠰᠠᠭᠤᠷᠢᠨ᠂ ᠦᠪᠦᠷ ᠮᠤᠩᠭᠤᠯ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ | ᠪᠤᠯᠤᠨ ᠡᠯᠧᠺᠲᠷᠤᠨ ᠪᠦᠲᠦᠭᠡᠭᠳᠡᠭᠦᠨ ᠦᠢᠯᠡᠳᠬᠦ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠰᠠᠭᠤᠷᠢᠨ᠂ ᠦᠪᠦᠷ | ᠮᠤᠩᠭᠤᠯ ᠤᠨ ᠡᠮ ᠡᠮᠨᠡᠯᠭᠡ ᠶᠢᠨ ᠠᠵᠤ ᠦᠢᠯᠡᠰ ᠤᠨ ᠰᠠᠭᠤᠷᠢᠨ᠂ ᠦᠪᠦᠷ ᠮᠤᠩᠭᠤᠯ ᠤᠨ ᠨᠡᠬᠡᠮᠡᠯ ᠤᠨ ᠠᠵᠤ | ᠦᠢᠯᠡᠰ ᠤᠨ ᠰᠠᠭᠤᠷᠢᠨ᠂ ᠦᠪᠦᠷ ᠮᠤᠩᠭᠤᠯ ᠤᠨ ᠪᠤᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠢ | ᠪᠤᠯᠪᠠᠰᠤᠷᠠᠭᠤᠯᠬᠤ ᠰᠠᠭᠤᠷᠢᠨ᠂ ᠦᠪᠦᠷ ᠮᠤᠩᠭᠤᠯ ᠤᠨ ᠦᠩᠭᠡᠲᠦ ᠲᠡᠮᠦᠷᠯᠢᠭ ᠪᠤᠯᠪᠠᠰᠤᠷᠠᠭᠤᠯᠬᠤ ᠰᠠᠭᠤᠷᠢᠨ᠃ | 2. ᠬᠤᠲᠠ ᠬᠦᠳᠡᠭᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ︽ᠲᠠᠪᠤᠨ ᠶᠡᠭᠡ ᠠᠵᠢᠯᠯᠠᠭᠠᠨ︾᠃ | ᠴᠡᠪᠡᠷᠵᠢᠭᠦᠯᠬᠦ ᠠᠵᠢᠯᠯᠠᠭᠠᠨ᠂ ᠬᠤᠲᠠ ᠬᠦᠳᠡᠭᠡ ᠶᠢᠨ ᠳᠦᠷᠢ ᠳᠦᠷᠬᠦ ᠶᠢ ᠴᠡᠭᠴᠡᠯᠡᠬᠦ ᠠᠵᠢᠯᠯᠠᠭᠠᠨ᠂ ᠬᠤᠲᠠ ᠶᠢᠨ | ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠵᠡᠭᠡᠯᠢ ᠵᠠᠮ ᠤᠨ ᠪᠠᠶᠢᠭᠤᠯᠤᠯᠲᠠ ᠶᠢᠨ ᠠᠵᠢᠯᠯᠠᠭᠠᠨ᠂ ᠪᠤᠯᠪᠠᠰᠤᠨ | ᠬᠤᠲᠠ ᠶᠢᠨ ᠪᠠᠶᠢᠭᠤᠯᠤᠯᠲᠠ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢᠨ ᠠᠵᠢᠯᠯᠠᠭᠠᠨ᠂ ᠰᠠᠭᠤᠭᠠᠯᠢ | ᠠᠷᠠᠳ ᠤᠨ ᠲᠤᠭᠤᠷᠢᠭ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠠᠵᠢᠯᠯᠠᠭᠠᠨ᠃ | 3. ︽3661︾ ᠢᠨᠵᠧᠨᠧᠷᠢᠩ᠃ 2020 ᠤᠨ ᠪᠤᠯᠬᠤ ᠳᠤ ᠤᠯᠠᠭᠠᠨᠬᠠᠳᠠ ᠬᠤᠲᠠ ᠶᠢᠨ ᠬᠦᠳᠡᠭᠡ | ᠲᠤᠰᠬᠤᠨ ᠮᠠᠯᠵᠢᠬᠤ ᠤᠷᠤᠨ ᠤ ᠭᠠᠵᠠᠷ ᠰᠢᠷᠤᠢ ᠶᠢᠨ ᠡᠷᠭᠢᠯᠲᠡ ᠶᠢᠨ ᠨᠤᠷᠮ᠎ᠠ᠂ ᠬᠠᠮᠵᠢᠯᠴᠠᠭᠰᠠᠨ ᠠᠵᠤ ᠠᠬᠤᠢ ᠶᠢᠨ | ᠵᠤᠬᠢᠶᠠᠨ ᠪᠠᠶᠢᠭᠤᠯᠤᠯᠲᠠ ᠶᠢᠨ ᠪᠦᠷᠬᠦᠯᠲᠡ ᠶᠢᠨ ᠨᠤᠷᠮ᠎ᠠ᠂ ᠰᠢᠯᠢᠳᠡᠭ ᠲᠠᠷᠢᠶᠠᠯᠠᠩ ᠮᠠᠯ ᠠᠵᠤ ᠠᠬᠤᠢ ᠶᠢᠨ | ᠪᠦᠲᠦᠭᠡᠭᠳᠡᠭᠦᠨ ᠢ ᠲᠤᠬᠠᠢ ᠶᠢᠨ ᠭᠠᠵᠠᠷ ᠲᠤᠨᠢ ᠪᠤᠯᠪᠠᠰᠤᠷᠠᠭᠤᠯᠬᠤ ᠨᠤᠷᠮ᠎ᠠ ᠪᠦᠷ 60%᠂ ᠰᠢᠨ᠎ᠡ ᠪᠠᠷ ᠨᠡᠮᠡᠭᠳᠡᠭᠰᠡᠨ | ᠲᠦᠬᠦᠭᠡᠷᠦᠮᠵᠢᠲᠦ ᠲᠠᠷᠢᠶᠠᠯᠠᠩ 100 ᠲᠦᠮᠡᠨ ᠮᠦ᠂ ᠰᠢᠯᠢᠳᠡᠭ ᠴᠢᠨᠠᠷ ᠤᠨ ᠬᠦᠷᠡᠩ ᠴᠠᠷᠭᠠᠰᠤ 100 ᠲᠦᠮᠡᠨ ᠮᠦ | ᠂ ᠦᠨᠳᠦᠷ ᠭᠠᠷᠤᠯᠲᠠᠲᠤ ᠠᠵᠤ ᠠᠬᠤᠢ ᠶᠢᠨ ᠤᠢ 100 ᠲᠦᠮᠡᠨ ᠮᠦ᠂ ᠠᠮᠤ ᠢᠳᠡᠭᠡᠨ ᠤ ᠶᠡᠷᠦᠩᠬᠡᠢ ᠭᠠᠷᠤᠯᠲᠠ | ᠲᠤᠭᠲᠠᠮᠠᠯ 100 ᠳ᠋ᠦᠩᠰᠢᠭᠤᠷ ᠵᠢᠩ ᠠᠴᠠ ᠳᠡᠭᠡᠭᠰᠢ᠂ ᠰᠢᠯᠢᠳᠡᠭ ᠴᠢᠨᠠᠷ ᠤᠨ ᠮᠢᠬᠠᠨ ᠦᠬᠡᠷ ᠮᠢᠬᠠᠨ ᠬᠤᠨᠢᠨ ᠤ | ᠵᠤᠭᠰᠤᠭ᠎ᠠ ᠲᠤᠭ᠎ᠠ ᠲᠤᠯᠤᠭᠠᠢ 1000 ᠲᠦᠮᠡ᠂ ᠰᠢᠯᠢᠳᠡᠭ ᠴᠢᠨᠠᠷ ᠤᠨ ᠭᠠᠭ᠋ᠠᠢ ᠶᠢᠨ ᠵᠤᠭᠰᠤᠭ᠎ᠠ ᠲᠤᠭ᠎ᠠ ᠲᠤᠯᠤᠭᠠᠢ | 1000 ᠲᠦᠮᠡ ᠤᠷᠴᠢᠮ᠃ ᠡᠭᠦᠨ ᠤ ᠬᠠᠮᠲᠤ᠂ ᠡᠯ᠎ᠡ ᠭᠠᠵᠠᠷ ᠤᠨ ᠰᠡᠯᠡᠭᠦᠴᠡᠯ ᠲᠠᠷᠢᠶᠠᠯᠠᠩ ᠪᠤᠯᠤᠨ ᠲᠦᠮᠦᠰᠦ᠂ | ᠬᠢᠲᠠᠳ ᠡᠮ ᠤᠨ ᠮᠠᠲ᠋ᠧᠷᠢᠶᠠᠯ᠂ ᠢᠳᠡᠰᠢᠨ ᠤ ᠮᠦᠭᠦ᠂ ᠮᠢᠬᠠᠨ ᠡᠯᠵᠢᠭᠡ ᠵᠡᠷᠭᠡ ᠤᠨᠴᠠᠯᠢᠭᠲᠤ ᠠᠵᠤ ᠦᠢᠯᠡᠰ ᠢ | ᠲᠦᠷᠭᠡᠪᠴᠢᠯᠡᠨ ᠬᠦᠭᠵᠢᠭᠦᠯᠬᠦ ᠶᠢ ᠵᠤᠷᠢᠭᠵᠢᠭᠤᠯᠤᠨ ᠳᠡᠮᠵᠢᠨ᠎ᠡ᠃ | 4. ᠠᠵᠤ ᠠᠬᠤᠶᠢᠯᠠᠯ ᠤᠨ ︽ᠲᠠᠪᠤᠨ ᠦᠨᠡᠮᠯᠡᠯ ᠢ ᠨᠢᠭᠡᠳᠬᠡᠵᠦ᠂ ᠨᠢᠭᠡ ᠦᠨᠡᠮᠯᠡᠯ ᠳᠤ ᠨᠢᠭᠡ ᠳ᠋ᠤᠭᠠᠷ︾ | ᠳᠠᠩᠰᠠᠯᠠᠨ᠎ᠠ᠃ ︽ᠨᠢᠭᠡ ᠴᠤᠩᠬᠤ ᠪᠠᠷ ᠭᠦᠯᠢᠶᠡᠨ ᠠᠪᠴᠦ᠂ ᠬᠠᠷᠢᠯᠴᠠᠨ ᠬᠤᠯᠪᠤᠯᠳᠤᠵᠤ ᠨᠡᠪᠲᠡᠷᠡᠯᠴᠡᠭᠰᠡᠨ᠂ ᠰᠤᠷᠠᠭ | ᠵᠠᠩᠭᠢ ᠶᠢ ᠬᠠᠮᠲᠤᠪᠡᠷ ᠡᠳ᠋ᠯᠡᠬᠦ︾ ᠪᠠᠷ ᠳᠠᠮᠵᠢᠭᠤᠯᠤᠨ᠂ ᠤᠤᠯ ᠤᠨ ᠦᠢᠯᠡᠳᠪᠦᠷᠢ ᠬᠤᠳᠠᠯᠳᠤᠭ᠎ᠠ᠂ ᠶᠠᠰᠤ ᠴᠢᠨᠠᠷ ᠤᠨ | ᠬᠢᠨᠠᠨ ᠪᠠᠶᠢᠴᠠᠭᠠᠯᠲᠠ᠂ ᠭᠠᠶᠢᠯᠢ ᠶᠢᠨ ᠶᠠᠪᠤᠳᠠᠯ᠂ ᠬᠦᠳᠡᠯᠮᠦᠷᠢ ᠬᠦᠴᠦᠨ ᠨᠡᠶᠢᠭᠡᠮ ᠤᠨ ᠪᠠᠲᠤᠯᠠᠭ᠎ᠠ᠂ ᠪᠦᠷᠢᠳᠬᠡᠯ | ᠲᠠᠪᠤᠨ ᠰᠠᠯᠠᠭ᠎ᠠ ᠮᠦᠴᠢᠷ ᠲᠤᠰᠪᠤᠷᠢ ᠠᠳᠠᠯᠢ ᠪᠤᠰᠤ ᠦᠨᠡᠮᠯᠡᠯ ᠢ ᠬᠢᠨᠠᠨ ᠲᠠᠷᠬᠠᠭᠠᠵᠤ ᠪᠠᠶᠢᠭᠰᠠᠨ ᠢ ᠦᠢᠯᠡᠳᠪᠦᠷᠢ | ᠬᠤᠳᠠᠯᠳᠤᠭᠠᠨ ᠤ ᠰᠠᠯᠠᠭ᠎ᠠ ᠮᠦᠴᠢᠷ ᠨᠢᠭᠡᠲᠦᠮᠡᠯ ᠨᠡᠶᠢᠭᠡᠮ ᠤᠨ ᠢᠳᠡᠭᠡᠮᠵᠢ ᠶᠢᠨ ᠨᠤᠮᠧᠷ ᠲᠠᠢ ᠡᠵᠡᠩᠨᠡᠯᠲᠡ ᠶᠢᠨ | ᠦᠨᠡᠮᠯᠡᠯ ᠢ ᠬᠢᠨᠠᠨ ᠲᠠᠷᠬᠠᠭᠠᠬᠤ ᠪᠤᠯᠭᠠᠨ ᠦᠭᠡᠷᠡᠴᠢᠯᠡᠵᠦ᠂ ᠵᠤᠬᠢᠶᠠᠨ ᠪᠠᠶᠢᠭᠤᠯᠤᠯᠲᠠ ᠪᠠᠶᠢᠭᠤᠯᠤᠮᠵᠢ ᠶᠢᠨ ᠨᠤᠮᠧᠷ ᠤᠨ | ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠯᠲᠠ᠂ ᠨᠡᠶᠢᠭᠡᠮ ᠤᠨ ᠳᠠᠭᠠᠳᠬᠠᠯ ᠤᠨ ᠳᠠᠩᠰᠠᠯᠠᠯᠲᠠ ᠶᠢᠨ ᠦᠨᠡᠮᠯᠡᠯ᠂ | ᠪᠦᠷᠢᠳᠬᠡᠯ ᠤᠨ ᠦᠨᠡᠮᠯᠡᠯ ᠢ ᠲᠠᠬᠢᠵᠦ ᠲᠠᠷᠬᠠᠭᠠᠬᠤ ᠦᠭᠡᠢ᠃ | 5. ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠬᠤᠶᠠᠷ ᠦᠨᠡᠮᠯᠡᠯ ᠢ ᠨᠢᠭᠡᠳᠬᠡᠨ︾ | ᠳᠠᠩᠰᠠᠯᠠᠨ᠎ᠠ᠃ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠳᠠᠩᠰᠠᠯᠠᠬᠤ ᠦᠶ᠎ᠡ ᠳᠤ ᠳᠠᠷᠠᠭᠠᠯᠠᠯ | ᠶᠤᠰᠤᠭᠠᠷ ᠡᠷᠡᠮᠡᠯᠵᠡᠨ᠂ ᠤᠤᠯ ᠤᠨ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠠᠴᠠ ᠡᠵᠡᠩᠨᠡᠯᠲᠡ ᠶᠢᠨ | ᠦᠨᠡᠮᠯᠡᠯ ᠢ ᠬᠢᠨᠠᠨ ᠲᠠᠷᠬᠠᠭᠠᠵᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠠᠴᠠ ᠭᠠᠶᠢᠯᠢ ᠶᠢᠨ ᠶᠠᠪᠤᠳᠠᠯ ᠤᠨ | ᠳᠠᠩᠰᠠᠯᠠᠯᠲᠠ ᠶᠢᠨ ᠦᠨᠡᠮᠯᠡᠯ ᠢ ᠬᠢᠨᠠᠨ ᠲᠠᠷᠬᠠᠭᠠᠵᠤ ᠪᠠᠶᠢᠭᠰᠠᠨ ᠢ ᠨᠢᠭᠡ ᠤᠳᠠᠭ᠎ᠠ ᠡᠷᠡᠮᠡᠯᠵᠡᠨ᠂ ᠦᠢᠯᠡᠳᠪᠦᠷᠢ | ᠬᠤᠳᠠᠯᠳᠤᠭᠠᠨ ᠤ ᠰᠠᠯᠠᠭ᠎ᠠ ᠮᠦᠴᠢᠷ ᠠᠴᠠ ᠨᠢᠭᠡ ᠡᠵᠡᠩᠨᠡᠯᠲᠡ ᠶᠢᠨ ᠦᠨᠡᠮᠯᠡᠯ ᠬᠢᠨᠠᠨ ᠲᠠᠷᠬᠠᠭᠠᠬᠤ ᠪᠤᠯᠭᠠᠵᠤ | ᠦᠭᠡᠷᠡᠴᠢᠯᠡᠨ᠎ᠡ᠃ | 6. ᠨᠢᠭᠡ ᠨᠠᠷᠢᠨ ᠳᠠᠩᠰᠠ᠂ ᠬᠤᠶᠠᠷ ᠬᠦᠮᠦᠷᠭᠡ᠂ ᠨᠢᠭᠡ ᠨᠠᠷᠢᠨ ᠲᠦᠷᠢᠮ᠃ ᠨᠢᠭᠡ ᠨᠠᠷᠢᠨ ᠳᠠᠩᠰᠠ | ᠳᠠᠷᠤᠢ ᠳᠠᠰᠢᠷᠠᠮ ᠢᠶᠠᠷ ᠰᠤᠭᠤᠴᠢᠨ ᠪᠠᠶᠢᠴᠠᠭᠠᠬᠤ ᠤᠴᠢᠷ ᠶᠠᠪᠤᠳᠠᠯ ᠤᠨ ᠨᠠᠷᠢᠨ ᠳᠠᠩᠰᠠ᠂ ᠬᠤᠶᠠᠷ ᠬᠦᠮᠦᠷᠭᠡ ᠳᠠᠷᠤᠢ | ᠬᠠᠤᠯᠢ ᠬᠡᠷᠡᠭᠵᠢᠭᠦᠯᠦᠨ ᠪᠠᠶᠢᠴᠠᠭᠠᠬᠤ ᠬᠦᠮᠦᠰ ᠤᠨ ᠨᠡᠷᠡᠰ ᠤᠨ ᠬᠦᠮᠦᠷᠭᠡ ᠪᠠ ᠳᠠᠰᠢᠷᠠᠮ ᠢᠶᠠᠷ ᠰᠤᠭᠤᠴᠢᠨ | ᠪᠠᠶᠢᠴᠠᠭᠠᠬᠤ ᠡᠲᠡᠭᠡᠳ ᠤᠨ ᠬᠦᠮᠦᠷᠭᠡ᠂ ᠨᠢᠭᠡ ᠨᠠᠷᠢᠨ ᠳᠠᠩᠰᠠ ᠳᠠᠷᠤᠢ ᠳᠠᠰᠢᠷᠠᠮ ᠢᠶᠠᠷ ᠰᠤᠭᠤᠴᠢᠨ ᠪᠠᠶᠢᠴᠠᠭᠠᠬᠤ | ᠤᠴᠢᠷ ᠶᠠᠪᠤᠳᠠᠯ ᠤᠨ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠨᠠᠷᠢᠨ ᠳᠦᠷᠢᠮ᠃ | 7. ᠬᠤᠶᠠᠷ ᠲᠠᠰᠢᠷᠠᠮ ᠢᠶᠠᠷ᠂ ᠨᠢᠭᠡ ᠢᠯᠡ ᠪᠤᠯᠭᠠᠬᠤ᠃ ᠳᠠᠰᠢᠷᠠᠮ ᠢᠶᠠᠷ ᠰᠤᠭᠤᠴᠢᠨ ᠪᠠᠶᠢᠴᠠᠭᠠᠬᠤ | ᠡᠲᠡᠭᠡᠳ᠂ ᠳᠠᠰᠢᠷᠠᠮ ᠢᠶᠠᠷ ᠰᠤᠩᠭᠤᠨ ᠲᠤᠮᠢᠯᠠᠵᠤ ᠬᠠᠤᠯᠢ ᠬᠡᠷᠡᠭᠵᠢᠭᠦᠯᠦᠨ ᠪᠠᠶᠢᠴᠠᠭᠠᠬᠤ ᠬᠦᠮᠦᠰ᠂ ᠰᠤᠭᠤᠴᠢᠨ | ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠯᠲᠠ ᠶᠢᠨ ᠦᠷ᠎ᠡ ᠳ᠋ᠦᠩ ᠢ ᠢᠯᠡ ᠪᠤᠯᠭᠠᠬᠤ᠃ | 8. ᠳᠦᠷᠪᠡᠨ ᠲᠦᠪ᠃ ᠦᠪᠦᠷ ᠮᠤᠩᠭᠤᠯ ᠤᠨ ᠵᠡᠭᠦᠨ ᠬᠡᠰᠡᠭ᠂ ᠡᠾᠧᠪᠸᠢ ᠶᠢᠨ ᠬᠤᠶᠢᠲᠤ ᠬᠡᠰᠡᠭ᠂ | ᠯᠢᠶᠤᠤᠨᠢᠩ ᠤᠨ ᠪᠠᠷᠠᠭᠤᠨ ᠬᠡᠰᠡᠭ ᠤᠨ ᠬᠤᠳᠠᠯᠳᠤᠭ᠎ᠠ ᠠᠷᠠᠯᠵᠢᠶᠠᠨ ᠤ ᠪᠠᠷᠠᠭᠠᠨ ᠭᠦᠢᠯᠭᠡᠭᠡᠨ ᠤ ᠲᠦᠪ᠂ | ᠤᠯᠠᠭᠠᠨᠬᠠᠳᠠ ᠶᠢᠨ ᠮᠦᠩᠭᠦᠨ ᠭᠦᠢᠯᠭᠡᠭᠡᠨ ᠤ ᠲᠦᠪ᠂ ᠤᠯᠠᠭᠠᠨᠬᠠᠳᠠ ᠶᠢᠨ ᠵᠤᠭᠠᠴᠠᠯ ᠤᠨ ᠲᠦᠪᠯᠡᠷᠡᠭᠦᠯᠦᠨ | ᠲᠠᠷᠬᠠᠭᠠᠬᠤ ᠲᠦᠪ᠂ ᠤᠯᠠᠭᠠᠨᠬᠠᠳᠠ ᠶᠢᠨ ᠡᠷᠡᠭᠦᠯ ᠴᠢᠬᠢᠷᠠᠭ ᠨᠠᠰᠤᠵᠢᠯ ᠤᠨ ᠦᠢᠯᠡᠴᠢᠯᠡᠭᠡᠨ ᠤ ᠲᠦᠪ᠃ | 9. ᠪᠦᠬᠦ ᠤᠷᠤᠨ ᠬᠡᠪᠴᠢᠶᠡᠨ ᠤ ᠵᠤᠭᠠᠴᠠᠯ᠃ ᠲᠣᠭᠲᠠᠮᠠᠯ ᠤᠷᠤᠨ ᠬᠡᠪᠴᠢᠶ᠎ᠡ ᠭᠠᠷᠭᠠᠵᠤ᠂ ᠪᠦᠬᠦᠯᠢ | ᠴᠤᠭᠴᠠ ᠶᠢᠨ ᠵᠤᠭᠠᠴᠠᠯ ᠤᠨ ᠭᠠᠵᠠᠷ ᠪᠣᠯᠭᠠᠨ᠂ ᠶᠡᠷᠦᠩᠬᠡᠢ ᠴᠤᠭᠴᠠ ᠳᠤᠨᠢ ᠲᠦᠯᠦᠪᠵᠢᠭᠦᠯᠦᠨ ᠪᠠᠶᠢᠷᠢᠰᠢᠭᠤᠯᠵᠤ᠂ | ᠶᠡᠷᠦᠩᠬᠡᠶᠢᠯᠡᠭᠰᠡᠨ ᠨᠢᠭᠡᠲᠦᠯᠲᠡᠢ ᠲᠦᠯᠦᠪᠵᠢᠭᠦᠯᠦᠨ ᠬᠠᠮᠢᠶᠠᠷᠴᠤ᠂ ᠨᠢᠭᠡ ᠴᠤᠭᠴᠠᠵᠢᠭᠰᠠᠨ ᠡᠵᠡᠩᠨᠡᠨ | ᠪᠤᠷᠤᠯᠠᠭᠤᠯᠤᠯᠲᠠ ᠶᠢ ᠲᠦᠭᠡᠮᠡᠯᠵᠢᠭᠦᠯᠦᠨ᠂ ᠵᠤᠭᠠᠴᠠᠯ ᠤᠨ ᠦᠢᠯᠡᠰ ᠤᠨ ᠪᠦᠬᠦ ᠤᠷᠤᠨ ᠬᠡᠪᠴᠢᠶᠡᠴᠢᠯᠡᠭᠰᠡᠨ᠂ ᠪᠦᠬᠦ | ᠡᠯᠧᠮᠧᠨ᠋ᠲ᠂ ᠪᠦᠬᠦ ᠠᠵᠤ ᠦᠢᠯᠡᠰ ᠤᠨ ᠬᠡᠯᠬᠢᠶᠡᠨ ᠤ ᠬᠦᠭᠵᠢᠯᠲᠡ ᠶᠢ ᠠᠬᠢᠭᠤᠯᠵᠤ᠂ ᠵᠤᠭᠠᠴᠠᠯ ᠤᠨ ᠦᠢᠯᠡᠰ ᠤᠨ | ᠪᠦᠬᠦ ᠤᠷᠤᠨ ᠬᠡᠪᠴᠢᠶᠡᠨ ᠤ ᠬᠠᠮᠲᠤᠪᠠᠷ ᠪᠠᠶᠢᠭᠤᠯᠬᠤ᠂ ᠪᠦᠬᠦ ᠤᠷᠤᠨ ᠬᠡᠪᠴᠢᠶ᠎ᠡ ᠠᠭᠤᠰᠤᠯᠴᠠᠭᠰᠠᠨ᠂ ᠪᠦᠬᠦ ᠤᠷᠤᠨ | ᠬᠡᠪᠴᠢᠶ᠎ᠡ ᠬᠠᠮᠲᠤᠪᠡᠷ ᠡᠳ᠋ᠯᠡᠬᠦ ᠬᠦᠭᠵᠢᠯᠲᠡ ᠶᠢᠨ ᠬᠡᠯᠪᠡᠷᠢ ᠶᠢ ᠪᠡᠶᠡᠯᠡᠭᠦᠯᠦᠨ᠎ᠡ᠃ | 10. ᠬᠤᠶᠠᠷ ᠠᠭᠤᠯᠠ ᠬᠤᠶᠠᠷ ᠬᠦᠷᠢᠶᠡᠯᠡᠩ᠃ ᠬᠤᠩ ᠱᠠᠨ ᠦᠵᠡᠮᠵᠢ ᠶᠢᠨ ᠤᠷᠤᠨ᠂ ᠡᠮᠦᠨ᠎ᠡ | ᠠᠭᠤᠯᠠᠨ ᠤ ᠦᠵᠡᠮᠵᠢ ᠶᠢᠨ ᠤᠷᠤᠨ᠂ ᠨᠠᠷᠠᠰᠤᠨ ᠮᠤᠳᠤᠨ ᠤ ᠴᠡᠴᠡᠷᠯᠢᠭ᠂ ᠬᠠᠶᠢᠯᠠᠷ ᠨᠠᠷᠠᠰᠤᠨ ᠴᠡᠴᠡᠷᠯᠢᠭ᠃ | 11. ᠶᠢᠰᠦᠨ ᠵᠡᠭᠡᠯᠢ ᠭᠤᠷᠪᠠᠨ ᠵᠠᠬ᠎ᠠ᠃ ᠨᠢᠭᠡᠳᠦᠭᠡᠷ ᠵᠡᠭᠡᠯᠢ᠂ ᠬᠤᠶᠠᠳᠤᠭᠠᠷ ᠵᠡᠭᠡᠯᠢ᠂ ᠭᠤᠷᠪᠠᠳᠤᠭᠠᠷ | ᠵᠡᠭᠡᠯᠢ᠂ ᠳᠦᠷᠪᠡᠳᠦᠭᠡᠷ ᠵᠡᠭᠡᠯᠢ᠂ ᠲᠠᠪᠤᠳᠤᠭᠠᠷ ᠵᠡᠭᠡᠯᠢ᠂ ᠵᠢᠷᠭᠤᠳᠤᠭᠠᠷ ᠵᠡᠭᠡᠯᠢ᠂ ᠪᠠᠷᠠᠭᠤᠨ ᠬᠦᠨᠳᠡᠯᠡᠨ ᠵᠡᠭᠡᠯᠢ᠂ | ᠵᠡᠭᠦᠨ ᠬᠦᠨᠳᠡᠯᠡᠨ ᠵᠡᠭᠡᠯᠢ᠂ ᠰᠢᠩ ᠯᠦᠩ ᠵᠡᠭᠡᠯᠢ᠂ ᠮᠤᠷᠢᠨ ᠵᠠᠬ᠎ᠠ᠂ ᠠᠮᠤ ᠶᠢᠨ ᠵᠠᠬ᠎ᠠ᠂ ᠢᠳᠡᠰᠢᠨ ᠨᠤᠭᠤᠭᠠᠨ ᠵᠠᠬ᠎ᠠ | ᠃ | 12. ᠪᠦᠬᠦ ᠤᠯᠤᠰ ᠤᠨ ᠨᠡᠶᠢᠭᠡᠮ ᠲᠤᠭᠤᠷᠢᠭ ᠤᠨ ᠴᠡᠭᠴᠡᠯᠡᠨ ᠵᠠᠰᠠᠯᠲᠠ ᠪᠤᠯᠤᠨ ᠦᠢᠯᠡᠴᠢᠯᠡᠭᠡᠨ ᠤ | ᠰᠢᠨ᠎ᠡ ᠶᠢ ᠡᠭᠦᠳᠬᠦ ᠲᠤᠷᠰᠢᠯᠲᠠ ᠶᠢᠨ ᠤᠷᠤᠨ ᠤ ᠪᠠᠶᠢᠭᠤᠯᠤᠯᠲᠠ ᠶᠢᠨ ᠵᠢᠷᠭᠤᠭᠠᠨ ᠶᠡᠭᠡ ᠠᠵᠢᠯᠯᠠᠭᠠᠨ᠃ ᠨᠠᠮ ᠤᠨ | ᠪᠠᠶᠢᠭᠤᠯᠤᠯᠲᠠ ᠪᠠᠷ ᠤᠳᠤᠷᠢᠳᠤᠭᠤᠯᠬᠤ ᠠᠵᠢᠯᠯᠠᠭᠠᠨ᠂ ᠨᠡᠶᠢᠭᠡᠮ ᠲᠤᠭᠤᠷᠢᠭ ᠤᠨ ᠦᠢᠯᠡᠴᠢᠯᠡᠭᠡᠨ ᠤ | ᠠᠴᠢᠶᠠᠯᠠᠭᠴᠢ ᠶᠢᠨ ᠪᠠᠶᠢᠭᠤᠯᠤᠯᠲᠠ ᠶᠢᠨ ᠠᠵᠢᠯᠯᠠᠭᠠᠨ᠂ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠬᠦᠴᠦᠨ | ᠴᠢᠳᠠᠯ ᠢ ᠲᠦᠪᠯᠡᠷᠡᠭᠦᠯᠬᠦ ᠠᠵᠢᠯᠯᠠᠭᠠᠨ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠢ ᠪᠤᠶᠢᠵᠢᠭᠤᠯᠬᠤ ᠠᠵᠢᠯᠯᠠᠭᠠᠨ᠂ | ᠤᠯᠠᠨ ᠡᠰᠢᠴᠢᠯᠡᠭᠰᠡᠨ ᠬᠠᠮᠲᠤᠪᠡᠷ ᠴᠡᠭᠴᠡᠯᠡᠬᠦ ᠬᠡᠯᠪᠡᠷᠢ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢᠨ | ᠠᠵᠢᠯᠯᠠᠭᠠᠨ᠂ ᠨᠡᠶᠢᠭᠡᠮ ᠲᠤᠭᠤᠷᠢᠭ ᠤᠨ ᠳᠠᠷᠤᠯᠲᠠ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭᠠᠨ᠃ | 13. ᠠᠶᠤᠯᠭᠦᠢ ᠦᠢᠯᠡᠳᠪᠦᠷᠢᠯᠡᠯ ᠤᠨ ︽ᠭᠤᠷᠪᠠᠨ ᠡᠷᠬᠡᠪᠰᠢ︾ ᠵᠠᠷᠴᠢᠮ᠃ ᠠᠵᠢᠯ ᠦᠢᠯᠡᠰ ᠤᠨ | ᠬᠠᠮᠢᠶᠠᠷᠤᠯᠲᠠ ᠡᠷᠬᠡᠪᠰᠢ ᠠᠮᠤᠷ ᠲᠦᠪᠰᠢᠨ ᠢ ᠬᠠᠮᠢᠶᠠᠷᠴᠤ᠂ ᠲᠤᠬᠠᠶᠢᠯᠠᠭᠰᠡᠨ ᠠᠵᠢᠯ ᠤᠨ ᠬᠠᠮᠢᠶᠠᠷᠤᠯᠲᠠ ᠡᠷᠬᠡᠪᠰᠢ | ᠠᠮᠤᠷ ᠲᠦᠪᠰᠢᠨ ᠢ ᠬᠠᠮᠢᠶᠠᠷᠴᠤ᠂ ᠦᠢᠯᠡᠳᠪᠦᠷᠢᠯᠡᠯ ᠡᠵᠡᠩᠨᠡᠯᠲᠡ ᠡᠷᠬᠡᠪᠰᠢ ᠠᠮᠤᠷ ᠲᠦᠪᠰᠢᠨ ᠢ ᠬᠠᠮᠢᠶᠠᠷᠤᠨ᠎ᠠ᠃ | 14. ᠳᠦᠷᠪᠡᠨ ᠤᠬᠠᠮᠰᠠᠷ᠃ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯ | ᠴᠦᠮ᠎ᠡ ᠶᠢᠨ ᠤᠬᠠᠮᠰᠠᠷ᠂ ᠲᠠᠭᠠᠨ ᠰᠤᠷᠤᠯᠴᠠᠬᠤ ᠤᠬᠠᠮᠰᠠᠷ᠃ | |