| ᠰᠤᠷᠪᠤᠯᠵᠢᠯᠠᠭᠰᠠᠨ ᠴᠠᠭ᠄ | 2017 ᠤᠨ ᠤ 3 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠵᠠᠶ ᠶᠧᠦ | ᠵᠢᠶᠦ᠋ᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠤᠯᠡᠠ ᠤ ᠮᠡᠳᠡᠭᠡᠵᠢ ᠪᠠᠷ ᠪᠤᠳᠠᠭ᠎ᠠ᠂ ᠲᠣᠰᠣ᠂ ᠮᠢᠬ᠎ᠠ᠂ ᠨᠤᠭᠤᠭ᠎ᠠ᠂ ᠥᠨᠳᠡᠭᠡ᠂ ᠰᠦ ᠵᠡᠷᠭᠡ | ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠨᠢ ᠠᠷᠠᠳ ᠣᠯᠠᠨ ᠤ ᠡᠳᠦᠷ | ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠵᠠᠬ᠎ᠠ ᠳᠡᠯᠭᠡᠭᠦᠷ ᠳᠡᠭᠡᠷ᠎ᠡ ᠠᠮᠢᠳᠤᠷᠠᠯ ᠤᠨ | ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠳᠤᠲᠠᠭᠳᠠᠬᠤ ᠲᠠᠰᠤᠯᠳᠠᠬᠤ᠂ ᠦᠨ᠎ᠡ ᠬᠠᠩᠰᠢ ᠲᠡᠩᠴᠡᠭᠦᠷᠢ ᠪᠠᠨ | ᠠᠯᠳᠠᠬᠤ ᠬᠡᠷᠡᠭ ᠭᠠᠷᠤᠭᠰᠠᠭᠠᠷ ᠯᠡ ᠵᠠᠬ᠎ᠠ ᠳᠡᠯᠭᠡᠭᠦᠷ ᠤᠨ ᠡᠮᠬᠢ ᠵᠢᠷᠤᠮ ᠴᠢᠨᠠᠭᠰᠢᠯᠠᠪᠠᠯ ᠨᠡᠶᠢᠭᠡᠮ ᠤᠨ ᠲᠣᠭᠲᠠᠭᠤᠨ | ᠪᠠᠶᠢᠳᠠᠯ ᠳᠤ ᠨᠡᠯᠢᠶᠡᠳ ᠶᠡᠭᠡ ᠨᠥᠯᠥᠭᠡ ᠦᠵᠡᠭᠦᠯᠳᠡᠭ᠃ ᠡᠶᠢᠮᠦ ᠠᠴᠠ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ | ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠪᠦᠲᠦᠮᠵᠢᠲᠡᠢ ᠰᠡᠷᠭᠡᠶᠢᠯᠡᠵᠦ᠂ ᠠᠮᠢᠳᠤᠷᠠᠯ ᠤᠨ | ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠤᠷᠢᠳᠴᠢᠯᠠᠨ | ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠬ᠎ᠠ | ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠮᠢᠳᠤᠷᠠᠯ ᠤᠨ ᠴᠢᠬᠤᠯᠠ | ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ︾ ᠢ ᠲᠤᠭᠲᠠᠭᠠᠨ ᠲᠠᠷᠤᠮᠠᠯᠯᠠᠵᠤ ᠲᠠᠷᠬᠠᠭᠠᠪᠠ᠃ ᠣᠶᠢᠷ᠎ᠠ ᠳᠤ ᠪᠢᠳᠡ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠵᠠᠶ ᠶᠧᠦ ᠵᠢᠶᠦ᠋ᠨ ᠢ ᠤᠷᠢᠨ ︽ᠠᠮᠢᠳᠤᠷᠠᠯ ᠤᠨ | ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ︾ ᠳᠤ ᠲᠠᠶᠢᠯᠤᠮᠵᠢ ᠬᠢᠯᠭᠡᠬᠦ ᠪᠠᠷ ᠪᠤᠯᠤᠯ᠎ᠠ᠂ ᠥᠷᠭᠡᠨ ᠣᠯᠠᠨ ᠰᠦᠯᠵᠢᠶᠡᠨ ᠤ ᠠᠨᠳᠠ ᠨᠠᠷ ᠤᠨ | ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ︕ ᠲᠠ ᠪᠦᠬᠦᠨ ᠤ ᠲᠣᠰ | ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ | ᠪᠤᠯᠤᠩ ᠢ ᠬᠦᠯᠢᠶᠡᠨ ᠠᠪᠴᠦ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ | ᠵᠣᠴᠢᠨ ᠪᠣᠯ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠵᠠᠶ | ᠶᠧᠦ ᠵᠢᠶᠦ᠋ᠨ ᠪᠤᠯᠤᠨ᠎ᠠ᠂ ᠵᠠᠶ ᠲᠢᠩᠬᠢᠮ ᠤᠨ ᠳᠠᠷᠤᠭ᠎ᠠ᠂ ᠲᠠ ᠰᠠᠶᠢᠨ ᠤᠤ︕ | ᠵᠠᠶ ᠶᠧᠦ ᠵᠢᠶᠦ᠋ᠨ᠄ | ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ︕ | ᠬᠥᠲᠥᠯᠥᠭᠴᠢ᠄ | ᠵᠠᠶ ᠲᠢᠩᠬᠢᠮ ᠤᠨ ᠳᠠᠷᠤᠭ᠎ᠠ ᠡ᠂ ᠶᠠᠭᠤᠨ ᠤ ᠡᠮᠦᠨ᠎ᠡ ᠲᠠ ᠶᠠᠭᠤᠨ ᠳᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠲᠤᠭᠲᠠᠭᠠᠭᠰᠠᠨ ᠲᠤᠬᠠᠢ ᠶᠠᠷᠢᠭᠠᠳ ᠥᠭᠭᠦᠨ᠎ᠡ ᠤᠤ︖ | ᠵᠠᠶ ᠶᠧᠦ ᠵᠢᠶᠦ᠋ᠨ᠄ | ᠤᠯᠡᠠ ᠤ ᠮᠡᠳᠡᠭᠡᠵᠢ ᠪᠠᠷ ᠠᠮᠤ ᠪᠤᠳᠠᠭ᠎ᠠ᠂ ᠲᠣᠰᠣ᠂ ᠮᠢᠬ᠎ᠠ᠂ ᠨᠤᠭᠤᠭ᠎ᠠ᠂ ᠥᠨᠳᠡᠭᠡ᠂ ᠰᠦ ᠵᠡᠷᠭᠡ | ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠨᠢ ᠠᠷᠠᠳ ᠣᠯᠠᠨ ᠤ ᠡᠳᠦᠷ | ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠵᠠᠬ᠎ᠠ ᠳᠡᠯᠭᠡᠭᠦᠷ ᠳᠡᠭᠡᠷ᠎ᠡ ᠠᠮᠢᠳᠤᠷᠠᠯ ᠤᠨ | ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠳᠤᠲᠠᠭᠳᠠᠬᠤ ᠲᠠᠰᠤᠯᠳᠠᠬᠤ᠂ ᠦᠨ᠎ᠡ ᠬᠠᠩᠰᠢ ᠲᠡᠩᠴᠡᠭᠦᠷᠢ ᠪᠠᠨ | ᠠᠯᠳᠠᠬᠤ ᠬᠡᠷᠡᠭ ᠭᠠᠷᠤᠭᠰᠠᠭᠠᠷ ᠯᠡ ᠵᠠᠬ᠎ᠠ ᠳᠡᠯᠭᠡᠭᠦᠷ ᠤᠨ ᠡᠮᠬᠢ ᠵᠢᠷᠤᠮ ᠴᠢᠨᠠᠭᠰᠢᠯᠠᠪᠠᠯ ᠨᠡᠶᠢᠭᠡᠮ ᠤᠨ ᠲᠣᠭᠲᠠᠭᠤᠨ | ᠪᠠᠶᠢᠳᠠᠯ ᠳᠤ ᠨᠡᠯᠢᠶᠡᠳ ᠶᠡᠭᠡ ᠨᠥᠯᠥᠭᠡ ᠦᠵᠡᠭᠦᠯᠳᠡᠭ᠃ ᠡᠶᠢᠮᠦ ᠠᠴᠠ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ | ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠪᠦᠲᠦᠮᠵᠢᠲᠡᠢ ᠰᠡᠷᠭᠡᠶᠢᠯᠡᠵᠦ᠂ ᠠᠮᠢᠳᠤᠷᠠᠯ ᠤᠨ | ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠤᠷᠢᠳᠴᠢᠯᠠᠨ | ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠬ᠎ᠠ | ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠶᠢᠨ ᠲᠦᠯᠦᠭᠡ᠂ ᠮᠠᠨ ᠤ ᠲᠢᠩᠬᠢᠮ ᠠᠴᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︽ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ | ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠲᠤᠭᠲᠠᠭᠠᠨ ᠳᠠᠷᠤᠮᠠᠯᠯᠠᠨ ᠲᠠᠷᠬᠠᠭᠠᠪᠠ᠃ | | ᠬᠥᠲᠥᠯᠥᠭᠴᠢ᠄ | ᠮᠠᠨ ᠤ ᠣᠶᠢᠯᠠᠭᠠᠭᠰᠠᠨ ᠢᠶᠠᠷ᠂ ᠣᠳᠣᠬᠠᠨ ᠳᠤ ᠳᠠᠷᠤᠮᠠᠯᠯᠠᠨ ᠲᠠᠷᠬᠠᠭᠠᠨ ᠬᠡᠷᠡᠭᠵᠢᠭᠦᠯᠵᠦ ᠪᠠᠶᠢᠭ᠎ᠠ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ | ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠨᠢ 2005 ᠣᠨ ᠳᠤ ᠲᠣᠭᠲᠠᠭᠠᠭᠰᠠᠨ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ | ᠳᠡᠯᠭᠡᠭᠦᠷ ᠤᠨ ᠬᠠᠩᠭᠠᠯᠭ᠎ᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ︾ | ᠤᠨ ᠰᠠᠭᠤᠷᠢᠨ ᠳᠡᠭᠡᠷ᠎ᠡ ᠳᠠᠬᠢᠨ ᠵᠠᠰᠠᠪᠤᠷᠢ ᠤᠷᠤᠭᠤᠯᠤᠨ ᠲᠤᠭᠲᠠᠭᠠᠵᠠᠢ᠂ ᠶᠠᠭᠤᠨ ᠤ ᠤᠴᠢᠷ ᠠᠴᠠ ᠳᠠᠬᠢᠨ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠤᠬᠠᠢ ᠲᠠ ᠶᠠᠷᠢᠭᠠᠳ ᠥᠭᠭᠦᠨ᠎ᠡ ᠤᠤ︖ | ᠵᠠᠶ ᠶᠸᠥ ᠵᠢᠶᠦ᠋ᠨ᠄ | 2005 ᠣᠨ ᠳᠤ ᠮᠠᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ︾ ︵ᠥᠪᠥᠷ ᠵᠠᠰᠠᠭ ᠠᠷᠠᠯᠵᠢᠶ᠎ᠠ ᠲᠡᠭᠡᠭᠡᠪᠦᠷᠢ ᠦᠰᠦᠭ ︹2005︺︶ ᠢ | ᠲᠣᠭᠲᠠᠭᠠᠵᠤ᠂ ᠤᠷᠲᠤ ᠬᠤᠭᠤᠴᠠᠭᠠᠨ ᠤ ᠲᠤᠷᠰᠢ ᠵᠣᠬᠢᠬᠤ ᠬᠡᠮᠵᠢᠶᠡᠨ ᠤ ᠵᠢᠯᠣᠭᠤᠳᠬᠤ ᠴᠢᠨᠠᠷ ᠪᠣᠯᠤᠨ | ᠬᠠᠨᠳᠤᠯᠭᠠᠲᠤ ᠴᠢᠨᠠᠷ ᠲᠠᠢ ᠪᠠᠶᠢᠭᠰᠠᠨ ᠶᠤᠮ᠃ ᠭᠡᠪᠡᠴᠦ ᠮᠠᠨ ᠤ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ | ᠤᠯᠠᠰᠢᠷᠠᠬᠤ᠂ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠪᠠᠶᠢᠳᠠᠯ ᠤᠨ ᠬᠦᠭᠵᠢᠨ ᠪᠠᠳᠠᠷᠠᠬᠤ᠂ ᠭᠦᠢᠯᠭᠡᠭᠡᠨ ᠤ | ᠬᠡᠪᠴᠢᠶ᠎ᠡ ᠶᠢᠨ ᠪᠤᠵᠠᠭᠠᠶᠢᠷᠠᠬᠤ᠂ ᠭᠦᠢᠯᠭᠡᠭᠡᠨ ᠤ ᠠᠷᠭ᠎ᠠ ᠬᠡᠯᠪᠡᠷᠢ ᠶᠢᠨ ᠬᠤᠪᠢᠷᠠᠭᠤᠯᠬᠤ᠂ ᠬᠤᠳᠡ | ᠪᠡᠯᠭᠠᠰᠤᠴᠢᠯᠠᠯᠳᠡ ᠶᠢᠨ ᠠᠬᠢᠴᠠ ᠲᠦᠷᠭᠡᠳᠬᠦ᠂ ᠪᠦᠬᠦ ᠤᠯᠤᠰ ᠤᠨ ᠵᠠᠬ᠎ᠠ ᠳᠡᠯᠭᠡᠭᠦᠷ ᠯᠦᠭᠡ ᠲᠦᠷᠭᠡᠪᠴᠢᠯᠡᠨ | ᠠᠭᠤᠰᠤᠯᠳᠤᠬᠤ ᠵᠢᠴᠢ ᠵᠠᠰᠠᠭ ᠤᠨ ᠣᠷᠳᠣᠨ ᠤ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢ | ᠨᠡᠶᠢᠯᠡᠭᠦᠯᠬᠦ᠂ ᠥᠭᠡᠷᠡᠴᠢᠯᠡᠬᠦ ᠶᠢ ᠳᠠᠭᠠᠯᠳᠤᠨ᠂ ᠤᠤᠯ ︽ᠲᠥᠰᠦᠯ︾ ᠨᠢ ᠵᠠᠬ᠎ᠠ ᠳᠡᠯᠭᠡᠭᠦᠷ ᠤᠨ ᠬᠡᠪ ᠤᠨ ᠪᠤᠰᠤ | ᠬᠡᠯᠪᠡᠯᠵᠡᠯᠲᠡ ᠶᠢᠨ ᠳᠡᠰ ᠬᠤᠪᠢᠶᠠᠬᠤ ᠪᠠᠷᠢᠮᠵᠢᠶ᠎ᠠ᠂ ᠪᠠᠴᠢᠮ ᠠᠷᠭᠠᠴᠠᠬᠤ ᠲᠥᠰᠦᠯ ᠵᠢᠴᠢ ᠰᠠᠯᠠᠭ᠎ᠠ ᠮᠥᠴᠢᠷ ᠤᠨ | ᠡᠭᠦᠷᠭᠡ ᠬᠠᠷᠢᠭᠤᠴᠠᠯᠭ᠎ᠠ ᠵᠡᠷᠭᠡ ᠲᠠᠯ᠎ᠠ ᠪᠠᠷ ᠪᠦᠷ ᠥᠨᠥᠳᠦᠷ ᠤᠨ ᠵᠠᠬ᠎ᠠ ᠳᠡᠯᠭᠡᠭᠦᠷ ᠤᠨ ᠬᠤᠪᠢᠷᠠᠯᠲᠠ ᠲᠠᠢ ᠵᠤᠬᠢᠴᠠᠬᠤ | ᠦᠭᠡᠢ ᠪᠤᠯᠤᠭᠰᠠᠨ ᠪᠠᠶᠢᠨ᠎ᠠ᠂ ᠡᠶᠢᠮᠦ ᠠᠴᠠ᠂ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠰᠢᠨ᠎ᠡ ᠪᠠᠶᠢᠳᠠᠯ | ᠂ ᠰᠢᠨ᠎ᠡ ᠠᠰᠠᠭᠤᠳᠠᠯ ᠳᠤ ᠴᠢᠭᠯᠡᠭᠦᠯᠦᠨ᠂ ᠪᠢᠳᠡ ᠤᠤᠯ ︽ᠲᠥᠰᠦᠯ︾ ᠤᠨ ᠰᠠᠭᠤᠷᠢᠨ ᠳᠡᠭᠡᠷ᠎ᠡ ᠲᠠᠬᠢᠨ ᠵᠠᠰᠠᠪᠤᠷᠢ | ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠢᠨ᠎ᠡ ᠪᠡᠯᠡᠳᠬᠡᠯ ᠲᠦᠰᠦᠯ ᠢ ᠪᠤᠢ ᠪᠤᠯᠭᠠᠪᠠ᠃ | ᠬᠥᠲᠥᠯᠥᠭᠴᠢ᠄ | ᠵᠠᠶ ᠲᠢᠩᠬᠢᠮ ᠤᠨ ᠳᠠᠷᠤᠭ᠎ᠠ ᠡ᠂ ᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠦᠰᠦᠯ︾ ᠢ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ ᠪᠠ ᠲᠣᠬᠢᠷᠠᠬᠤ ᠬᠡᠪᠴᠢᠶ᠎ᠡ ᠶᠢ | ᠶᠠᠷᠢᠭᠠᠳ ᠥᠭᠭᠦᠨ᠎ᠡ ᠤᠤ︖ | ᠵᠠᠢ ᠶᠸᠥ ᠵᠢᠶᠦ᠋ᠨ᠄ | ︽ᠲᠥᠰᠦᠯ︾ ᠢ ᠨᠠᠶᠢᠷᠠᠭᠤᠯᠤᠨ ᠵᠣᠬᠢᠶᠠᠬᠤ ᠳᠤ ᠭᠤᠣᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ᠬᠤᠳᠠᠯᠳᠤᠭᠠᠨ ᠤ ᠶᠠᠪᠤᠳᠠᠯ ᠤᠨ ᠶᠠᠮᠤᠨ ᠤ | ︽ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠡᠨᠡᠳᠲᠡ ᠶᠢᠨ ᠬᠡᠷᠡᠭ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ ᠲᠥᠰᠦᠯ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠶᠡᠭᠡ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ᠦᠨᠳᠦᠰᠦᠯᠡᠯ ᠪᠣᠯᠭᠠᠪᠠ᠃ | | ᠲᠤᠰ ︽ᠲᠥᠰᠦᠯ︾ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠤᠷᠠᠬᠢ | ᠪᠠᠶᠢᠭᠠᠯᠢ ᠶᠢᠨ ᠭᠠᠶ ᠭᠠᠮᠰᠢᠭ᠂ ᠠᠳᠡᠯ ᠤᠨ ᠭᠠᠢ ᠵᠣᠪᠠᠯᠠᠩ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠪᠣᠯᠤᠨ ᠨᠡᠶᠢᠭᠡᠮ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠵᠢᠴᠢ ᠪᠤᠰᠤᠳ | ᠭᠡᠨᠡᠳᠲᠡ ᠶᠢᠨ ᠰᠢᠯᠲᠠᠭᠠᠨ ᠵᠡᠷᠭᠡ ᠠᠴᠠ ᠪᠤᠯᠵᠤ ᠠᠮᠤ ᠪᠤᠳᠠᠭ᠎ᠠ᠂ ᠢᠳᠡᠰᠢᠨ ᠲᠤᠰᠦ᠂ ᠮᠢᠬᠠᠨ ᠤ ᠵᠦᠢᠯ᠂ ᠨᠣᠭᠤᠭ᠎ᠠ | ᠴᠠᠭ᠎ᠠ᠂ ᠥᠨᠳᠡᠭᠡ᠂ ᠴᠠᠭᠠᠨ ᠢᠳᠡᠭᠡᠨ᠂ ᠢᠳᠡᠰᠢᠨ ᠳᠠᠪᠤᠰᠤ᠂ ᠬᠢᠯᠢ ᠬᠢᠵᠠᠭᠠᠷ ᠣᠷᠣᠨ ᠳᠤ ᠪᠣᠷᠣᠯᠠᠭᠤᠯᠬᠤ ᠴᠠᠢ | ᠪᠣᠯᠣᠨ ᠡᠷᠡᠭᠦᠯ ᠬᠠᠮᠠᠭᠠᠯᠠᠯ ᠠᠷᠢᠭᠤᠨ ᠴᠡᠪᠡᠷ ᠤᠨ ᠬᠡᠷᠡᠭᠰᠡᠯ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ | ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠬᠦᠨᠳᠦ ᠨᠣᠴᠢᠲᠠᠶ ᠠᠯᠳᠠᠭᠤᠯᠬᠤ᠂ | ᠨᠡᠯᠢᠶᠡᠳ ᠶᠡᠭᠡ ᠬᠡᠪᠴᠢᠶᠡᠨ ᠳᠣᠲᠣᠷ᠎ᠠ ᠪᠤᠯᠢᠶᠠᠯᠳᠤᠨ ᠬᠤᠳᠠᠯᠳᠤᠨ ᠠᠪᠬᠤ᠂ ᠦᠨ᠎ᠡ ᠬᠠᠩᠰᠢ ᠶᠡᠬᠡᠪᠡᠷ ᠥᠰᠬᠦ ᠪᠤᠶᠤ | ᠲᠠᠸᠠᠷ ᠤᠨ ᠪᠣᠷᠣᠯᠠᠭᠤᠯᠭ᠎ᠠ ᠲᠠᠰᠤᠷᠠᠬᠤ ᠶᠠᠪᠤᠳᠠᠯ ᠭᠠᠷᠴᠤ ᠮᠡᠳᠡᠬᠦ ᠪᠣᠶᠣ ᠭᠠᠷᠤᠭᠠᠳ ᠨᠡᠶᠢᠭᠡᠮ ᠤᠨ ᠲᠣᠭᠲᠠᠭᠤᠨ | ᠪᠠᠶᠢᠳᠠᠯ ᠢ ᠨᠦᠯᠦᠭᠡᠯᠡᠨ᠂ ᠳᠠᠷᠤᠶ ᠲᠦᠷᠭᠡᠨ ᠰᠢᠶ᠋ᠳᠪᠦᠷᠢᠯᠡᠬᠦ ᠴᠢᠬᠤᠯᠠᠲᠠᠶ ᠭᠡᠨᠡᠳᠲᠡ ᠡᠭᠦᠰᠬᠦ ᠤᠯᠠᠨ ᠨᠡᠶᠢᠲᠡ ᠶᠢᠨ | ᠬᠡᠷᠡᠭ ᠢ ᠠᠷᠭᠠᠴᠠᠬᠤ ᠠᠵᠢᠯ ᠳᠤ ᠲᠣᠬᠢᠷᠠᠨ᠎ᠠ᠃ ᠠᠩᠬᠠᠷᠤᠭᠤᠰᠢᠲᠠᠶ ᠨᠢ᠂ ᠠᠮᠤ ᠲᠤᠰᠤ ᠪᠣᠯᠣᠨ ᠢᠳᠡᠰᠢᠨ | ᠳᠠᠪᠤᠰᠦ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠳᠤ ᠰᠠᠯᠠᠭ᠎ᠠ ᠮᠥᠴᠢᠷ ᠤᠨ ᠲᠣᠭᠲᠠᠭᠠᠭᠰᠠᠨ ᠲᠤᠰᠬᠠᠶ ᠪᠡᠯᠡᠳᠬᠡᠯ | ᠲᠥᠰᠦᠯ ᠪᠠᠶᠢᠳᠠᠭ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠨᠢ ᠲᠤᠰ ᠲᠤᠰ ︽ᠥᠪᠡᠷᠲᠡᠭᠡᠨ | ᠵᠠᠰᠠᠬᠤ ᠣᠷᠣᠨ ᠤ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ︵ᠥᠪᠥᠷ ᠵᠠᠰᠠᠭ | ᠦᠰᠦᠭ ︹2006︺ 395 ᠳ᠋ᠤᠭᠠᠷ ᠲᠣᠭᠠᠲᠤ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠢᠳᠡᠰᠢᠨ ᠳᠠᠪᠤᠰᠤᠨ ᠤ ᠬᠠᠩᠭᠠᠯᠭ᠎ᠠ ᠵᠢᠴᠢ ᠶᠠᠰᠤ ᠴᠢᠨᠠᠷ ᠤᠨ ᠠᠮᠤᠷ ᠲᠦᠪᠰᠢᠨ ᠤ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ︾ ︵ᠦᠪᠦᠷ ᠳᠠᠪᠤᠰᠤ ᠲᠣᠪᠴᠢᠶ᠎ᠠ ᠲᠠᠷᠬᠠᠭᠠᠭᠰᠠᠨ ︹2016︺ 5 ᠳ᠋ᠤᠭᠠᠷ | ᠲᠣᠭᠠᠲᠤ︶ ᠢᠶᠠᠷ ᠬᠡᠷᠡᠭᠵᠢᠭᠦᠯᠬᠦ ᠬᠡᠷᠡᠭᠲᠡᠢ᠃ | ᠬᠥᠲᠥᠯᠥᠭᠴᠢ᠄ | ᠵᠠᠶ ᠲᠢᠩᠬᠢᠮ ᠤᠨ ᠳᠠᠷᠤᠭ᠎ᠠ ᠡ᠂ ︽ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ | ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠤᠨ ᠭᠤᠣᠯ ᠠᠭᠤᠯᠭ᠎ᠠ ᠶᠢ | ᠲᠠᠨᠢᠯᠴᠠᠭᠤᠯᠤᠭᠠᠳ ᠥᠭᠭᠦᠨ᠎ᠡ ᠤᠤ︖ | ᠵᠠᠢ ᠶᠸᠥ ᠵᠢᠶᠦ᠋ᠨ᠄ | ᠪᠢ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠲᠠᠨᠢᠯᠴᠠᠭᠤᠯᠤᠶ᠎ᠠ᠄ | ᠨᠢᠭᠡᠳᠦᠭᠡᠷ ᠲᠤ᠂ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ | ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢᠨ ᠲᠤᠬᠠᠢ᠂ ᠥᠪᠡᠷᠲᠡᠭᠡᠨ | ᠵᠠᠰᠠᠬᠤ ᠣᠷᠣᠨ ᠤ ᠲᠤᠰ ᠱᠠᠲᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠪᠠᠶᠢᠭᠤᠯᠵᠤ᠂ ᠥᠪᠡᠷᠲᠡᠭᠡᠨ | ᠵᠠᠰᠠᠭ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠠᠷᠤᠭ᠎ᠠ ᠶᠡᠷᠦᠩᠬᠡᠶ ᠵᠢᠯᠣᠭᠤᠳᠤᠭᠴᠢ ᠶᠢᠨ | ᠲᠤᠰᠢᠶᠠᠯ ᠢ ᠬᠠᠷᠢᠭᠤᠴᠠᠨ᠂ ᠪᠦᠷᠢᠯᠳᠦᠭᠦᠨ ᠨᠢ ᠬᠤᠳᠠᠯᠳᠤᠭᠠᠨ ᠤ ᠶᠠᠪᠤᠳᠠᠯ᠂ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠬᠡᠷ᠂ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠠᠯᠪᠠᠨ ᠭᠡᠷ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ᠂ ᠠᠵᠤ ᠠᠬᠤᠶ ᠮᠡᠳᠡᠭᠡ ᠵᠠᠩᠭᠢᠵᠢᠯᠲᠠ ᠶᠢᠨ ᠵᠦᠪᠯᠡᠯ᠂ ᠡᠳ᠋ ᠤᠨ ᠵᠠᠰᠠᠭ ᠵᠡᠷᠭᠡ 18 | ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠪᠦᠷᠢᠯᠳᠦᠪᠡ᠂ ᠡᠯ᠎ᠡ ᠰᠠᠯᠠᠭ᠎ᠠ ᠮᠦᠴᠢᠷ ᠨᠢ ︽ | ᠲᠥᠰᠦᠯ︾ ᠳᠤ ᠲᠣᠳᠣᠷᠬᠠᠶᠢᠯᠠᠭᠰᠠᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠤᠭᠠᠷ ᠪᠠᠴᠢᠮ | ᠪᠠᠶᠢᠳᠠᠯ ᠢ ᠠᠷᠭᠠᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠠᠶᠢᠮᠠᠭ ᠬᠤᠳᠠ᠂ ᠬᠤᠰᠢᠭᠤ ᠰᠢᠶᠠᠨ ᠲᠣᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠦᠴᠢᠷ ᠤᠳ ᠴᠦ ᠲᠤᠰ ᠭᠠᠵᠠᠷ ᠣᠷᠣᠨ ᠤ ᠪᠠᠨ ᠠᠮᠢᠳᠤᠷᠠᠯ ᠤᠨ | ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠢ ᠲᠣᠭᠲᠠᠭᠠᠬᠤ ᠪᠥᠭᠡᠳ ᠬᠠᠷᠢᠴᠠᠩᠭᠤᠢ ᠪᠦᠬᠦᠢ ᠪᠠᠴᠢᠮ ᠪᠠᠶᠢᠳᠠᠯ ᠢ ᠠᠷᠭᠠᠴᠠᠬᠤ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ᠃ | ᠬᠤᠶᠠᠳᠤᠭᠠᠷ ᠲᠤ᠂ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠤᠨ ᠲᠡᠰ ᠬᠤᠪᠢᠶᠠᠬᠤ | ᠪᠠᠷᠢᠮᠵᠢᠶ᠎ᠠ ᠶᠢᠨ ᠲᠤᠬᠠᠢ᠂ ᠪᠢᠳᠡ ᠥᠪᠡᠷᠲᠡᠭᠡᠨ ᠵᠠᠰᠠᠭ ᠣᠷᠣᠨ ᠤ ᠪᠣᠳᠠᠲᠠᠶ ᠲᠠᠢ ᠤᠶᠠᠯᠳᠤᠭᠤᠯᠤᠨ Ⅰ ᠳᠡᠰ ︵ | ᠣᠨᠴᠠ ᠶᠡᠭᠡ︶᠂ Ⅱ ᠳᠡᠰ ︵ᠬᠦᠨᠳᠦ ᠶᠡᠭᠡ︶᠂ Ⅲ ᠳᠡᠰ ︵ᠨᠡᠯᠢᠶᠡᠳ ᠶᠡᠭᠡ︶᠂ Ⅳ ᠳᠡᠰ ︵ᠡᠩ ᠤᠨ︶ | ᠵᠡᠷᠭᠡ ᠳᠦᠷᠪᠡᠨ ᠳᠡᠰ ᠬᠤᠪᠢᠶᠠᠭᠰᠠᠨ ᠪᠠᠶᠢᠨ᠎ᠠ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ | ᠳᠡᠯᠭᠡᠭᠦᠷ ᠤᠨ ᠬᠠᠩᠭᠠᠯᠭ᠎ᠠ ᠶᠢᠨ Ⅰ ᠳᠡᠰ ᠤᠨ ᠬᠡᠪ ᠤᠨ ᠪᠤᠰᠤ ᠬᠡᠯᠪᠡᠯᠵᠡᠯᠲᠡ ᠶᠢᠨ ᠬᠡᠪᠴᠢᠶ᠎ᠡ ᠨᠢ ᠭᠤᠣᠯᠳᠠᠭᠤ | ᠲᠤᠰ ᠥᠪᠡᠷᠲᠡᠭᠡᠨ ᠵᠠᠰᠠᠬᠤ ᠣᠷᠣᠨ ᠪᠣᠯᠤᠨ 1 ᠠᠴᠠ ᠳᠡᠭᠡᠭᠰᠢᠬᠢ ᠬᠥᠷᠰᠢ ᠵᠡᠷᠭᠡᠯᠡᠳᠡᠭᠡ ᠮᠤᠵᠢ ᠤᠷᠤᠨ ᠤ | ᠮᠤᠵᠢ ᠶᠢᠨ ᠲᠥᠪ ᠪᠠᠶᠢᠭ᠎ᠠ ᠬᠤᠳᠠ ᠳᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠡᠭᠦᠰᠬᠦ᠂ ᠡᠰᠡᠬᠦᠯ᠎ᠡ ᠳᠤᠰ | ᠥᠪᠡᠷᠲᠡᠭᠡᠨ ᠵᠠᠰᠠᠬᠤ ᠣᠷᠣᠨ ᠬᠢᠭᠡᠳ ᠬᠥᠷᠰᠢ ᠵᠡᠷᠭᠡᠯᠡᠳᠡᠭᠡ ᠮᠤᠵᠢ ᠣᠷᠣᠨ ᠤ ᠬᠦᠷᠰᠢᠯᠡᠵᠦ ᠪᠠᠶᠢᠭ᠎ᠠ ᠣᠷᠣᠨ | ᠪᠦᠰᠡ ᠳᠤ ᠲᠤᠰᠬᠠᠢ ᠣᠷᠣᠨ ᠤ ᠳᠡᠰ ᠠᠴᠠ ᠳᠡᠭᠡᠭᠰᠢᠬᠢ 2 ᠬᠤᠲᠠ ᠳᠤ ᠵᠠᠬ᠎ᠠ ᠳᠡᠯᠭᠡᠭᠦᠷ ᠤᠨ ᠬᠡᠪ ᠤᠨ ᠪᠤᠰᠤ | ᠬᠡᠯᠪᠡᠯᠵᠡᠯ ᠡᠭᠦᠰᠬᠦ᠂ ᠡᠰᠡᠬᠦᠯ᠎ᠡ ᠪᠦᠬᠦ ᠤᠯᠤᠰ ᠤᠨ ᠬᠡᠳᠦᠨ ᠮᠤᠵᠢ ︵ᠥᠪᠡᠷᠲᠡᠭᠡᠨ ᠵᠠᠰᠠᠬᠤ ᠣᠷᠣᠨ︶ ᠳᠤ ᠬᠡᠪ ᠤᠨ | ᠪᠤᠰᠤ ᠬᠡᠯᠪᠡᠯᠵᠡᠯ ᠤᠯᠠᠨ ᠡᠭᠦᠰᠬᠦ ᠬᠠᠨᠳᠤᠰᠢ ᠲᠠᠢ ᠪᠦᠭᠡᠳ ᠳᠤᠰ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢ ᠨᠦᠯᠦᠭᠡᠯᠡᠬᠦ ᠶᠢ ᠵᠢᠭᠠᠨ᠎ᠠ︔ ᠠᠮᠢᠳᠤᠷᠠᠯ ᠤᠨ ᠴᠢᠬᠤᠯᠠ | ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ Ⅱ ᠳᠡᠰ ᠤᠨ ᠬᠡᠪ ᠤᠨ ᠪᠤᠰᠤ ᠬᠡᠯᠪᠡᠯᠵᠡᠯᠲᠡ ᠶᠢᠨ | ᠬᠡᠪᠴᠢᠶ᠎ᠡ ᠳᠤ ᠤᠷᠤᠨ ᠤ ᠲᠥᠪ ᠬᠥᠬᠡᠬᠤᠲᠠ ᠳᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠡᠭᠦᠰᠬᠦ | ᠡᠰᠡᠬᠦᠯ᠎ᠡ ᠲᠤᠰᠬᠠᠶ ᠣᠷᠣᠨ ᠤ ᠳᠡᠰ ᠠᠴᠠ ᠳᠡᠭᠡᠭᠰᠢᠬᠢ 2 ᠬᠤᠲᠠ ᠳᠤ ᠵᠠᠬ᠎ᠠ ᠳᠡᠯᠭᠡᠭᠦᠷ ᠤᠨ ᠬᠡᠪ ᠤᠨ ᠪᠤᠰᠤ | ᠬᠡᠯᠪᠡᠯᠵᠡᠯᠲᠡ ᠡᠭᠦᠰᠬᠦ ᠪᠠᠭᠲᠠᠨ᠎ᠠ︔ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ | ᠬᠠᠩᠭᠠᠯᠭ᠎ᠠ ᠶᠢᠨ Ⅲ ᠳᠡᠰ ᠤᠨ ᠬᠡᠪ ᠤᠨ ᠪᠤᠰᠤ ᠬᠡᠯᠪᠡᠯᠵᠡᠯᠲᠡ ᠶᠢᠨ ᠬᠡᠪᠴᠢᠶ᠎ᠡ ᠨᠢ ᠲᠤᠰᠬᠠᠶ ᠣᠷᠣᠨ ᠤ ᠳᠡᠰ ᠤᠨ 1 | ᠬᠤᠲᠠ ᠳᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠡᠭᠦᠰᠬᠦ ᠡᠰᠡᠬᠦᠯ᠎ᠡ ᠲᠤᠰᠬᠠᠶ ᠣᠷᠣᠨ ᠤ ᠲᠠᠰ ᠤᠨ 1 | ᠬᠤᠲᠠ ᠶᠢᠨ ᠬᠠᠷᠢᠶᠠᠨ ᠳᠤ 2 ᠠᠴᠠ ᠳᠡᠭᠡᠭᠰᠢ ᠬᠤᠰᠢᠭᠤ ᠰᠢᠶᠠᠨ ︵ᠲᠣᠭᠤᠷᠢᠭ︶ ᠳᠤ ᠵᠠᠬ᠎ᠠ ᠳᠡᠯᠭᠡᠭᠦᠷ ᠤᠨ | ᠬᠡᠪ ᠤᠨ ᠪᠤᠰᠤ ᠬᠡᠯᠪᠡᠯᠵᠡᠯᠲᠡ ᠡᠭᠦᠰᠬᠦ ᠶᠢ ᠵᠢᠭᠠᠨ᠎ᠠ︔ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ | ᠳᠡᠯᠭᠡᠭᠦᠷ ᠤᠨ ᠬᠠᠩᠭᠠᠯᠭ᠎ᠠ ᠶᠢᠨ Ⅳ ᠳᠡᠰ ᠤᠨ ᠬᠡᠪ ᠤᠨ ᠪᠤᠰᠤ ᠬᠡᠯᠪᠡᠯᠵᠡᠯᠲᠡ ᠶᠢᠨ ᠬᠡᠪᠴᠢᠶ᠎ᠡ ᠨᠢ 1 ᠬᠤᠰᠢᠭᠤ | ᠰᠢᠶᠠᠨ ︵ᠲᠣᠭᠤᠷᠢᠭ︶ ᠳᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ | ᠪᠤᠰᠤ ᠬᠡᠯᠪᠡᠯᠵᠡᠯᠲᠡ ᠡᠭᠦᠰᠬᠦ ᠶᠢ ᠵᠢᠭᠠᠨ᠎ᠠ᠃ | ᠭᠤᠷᠪᠠᠳᠤᠭᠠᠷ ᠲᠤ᠂ ᠤᠷᠢᠳᠴᠢᠯᠠᠨ ᠵᠢᠱᠢᠬᠦ ᠰᠡᠷᠡᠮᠵᠢᠯᠡᠭᠦᠯᠬᠦ ᠲᠣᠭᠲᠠᠴᠠ ᠶᠢᠨ ᠲᠤᠬᠠᠢ᠂ ᠬᠤᠳᠠᠯᠳᠤᠭᠠᠨ ᠤ | ᠶᠠᠪᠤᠳᠠᠯ ᠤᠨ ᠲᠢᠩᠬᠢᠮ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠠᠮᠢᠳᠤᠷᠠᠯ ᠤᠨ | ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠰᠢᠨᠵᠢᠯᠡᠬᠦ | ᠤᠬᠠᠭᠠᠨᠴᠢ ᠪᠠᠷ ᠵᠠᠳᠠᠯᠤᠨ᠂ ᠶᠡᠷᠦᠩᠬᠡᠶᠢᠯᠡᠨ ᠦᠨᠡᠯᠡᠵᠦ᠂ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠢ | ᠡᠵᠡᠮᠰᠢᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ ᠬᠡᠪ ᠤᠨ | ᠪᠤᠰᠤ ᠬᠡᠯᠪᠡᠯᠵᠡᠯᠲᠡ ᠶᠢ ᠬᠢᠨᠠᠨ ᠬᠡᠮᠵᠢᠵᠦ ᠣᠯᠣᠭᠰᠠᠨ ᠪᠤᠶᠤ ᠵᠠᠬ᠎ᠠ ᠳᠡᠯᠭᠡᠭᠦᠷ ᠤᠨ ᠬᠡᠪ ᠤᠨ ᠪᠤᠰᠤ | ᠬᠡᠯᠪᠡᠯᠵᠡᠯᠲᠡ ᠶᠢᠨ ᠮᠡᠳᠡᠭᠦᠯᠦᠯᠲᠡ ᠶᠢ ᠭᠠᠷᠲᠠᠵᠤ ᠣᠯᠤᠭᠰᠠᠨ ᠪᠣᠯ᠂ 2 ᠴᠠᠭ ᠤᠨ ᠳᠣᠲᠣᠷ᠎ᠠ ᠲᠤᠬᠠᠶ ᠶᠢᠨ | ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠮᠥᠷᠲᠡᠭᠡᠨ ᠳᠡᠭᠡᠷ᠎ᠡ ᠨᠢᠭᠡᠨ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠴᠤᠭ ᠲᠤᠨᠢ ᠮᠡᠳᠡᠭᠦᠯᠬᠦ ᠬᠡᠷᠡᠭᠲᠡᠶ᠃ ᠲᠤᠮᠤ ᠬᠡᠯᠪᠡᠷᠢ ᠶᠢᠨ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ | ᠠᠵᠤ ᠠᠬᠤᠶᠢᠯᠠᠯ ᠵᠡᠷᠭᠡ ᠬᠠᠮᠢᠶ᠎ᠠ ᠪᠦᠬᠦᠢ ᠨᠢᠭᠡᠴᠡ ᠨᠦᠭᠦᠳ ᠭᠠᠵᠠᠷ ᠬᠥᠳᠡᠯᠦᠯᠲᠡ ᠵᠡᠷᠭᠡ ᠬᠦᠨᠳᠦ ᠨᠣᠴᠢᠲᠠᠶ | ᠪᠠᠶᠢᠭᠠᠯᠢ ᠶᠢᠨ ᠭᠠᠮᠰᠢᠭ᠂ ᠪᠦᠯᠦᠭᠯᠡᠯ ᠤᠨ ᠴᠢᠨᠠᠷᠲᠠᠶ ᠡᠪᠡᠳᠴᠢᠨ ᠬᠢᠵᠢᠭ ᠵᠡᠷᠭᠡ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ᠂ ᠳᠠᠶᠢᠨ ᠳᠠᠵᠢᠨ ᠵᠡᠷᠭᠡ ᠠᠶᠤᠮᠰᠢᠭᠲᠤ ᠬᠡᠷᠡᠭ ᠶᠠᠪᠤᠳᠠᠯ ᠡᠭᠦᠰᠦᠭᠰᠡᠨ ᠢ ᠮᠡᠳᠡᠪᠠᠯ 1 ᠴᠠᠭ ᠤᠨ | ᠳᠣᠲᠣᠷ᠎ᠠ ᠬᠡᠷᠡᠭ ᠶᠠᠪᠤᠳᠠᠯ ᠡᠭᠦᠰᠦᠭᠰᠡᠨ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠂ | ᠡᠯ᠎ᠡ ᠠᠶᠢᠮᠠᠭ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠮᠡᠳᠡᠭᠦᠯᠦᠯᠲᠡ ᠶᠢ ᠣᠯᠤᠭᠰᠠᠨ 1 ᠴᠠᠭ ᠤᠨ ᠳᠣᠲᠣᠷ᠎ᠠ᠂ ᠬᠤᠳᠠᠯᠳᠤᠭᠠᠨ ᠤ | ᠶᠠᠪᠤᠳᠠᠯ ᠤᠨ ᠲᠢᠩᠬᠢᠮ ᠳᠤ ᠮᠡᠳᠡᠭᠦᠯᠬᠦ ᠬᠡᠷᠡᠭᠲᠡᠶ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ | ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢ ᠠᠷᠢᠯᠭᠠᠠᠬᠤ ᠠᠴᠠ ᠡᠮᠦᠨ᠎ᠡ᠂ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠴᠥᠮ 24 | ᠴᠠᠭ ᠢᠶᠠᠷ ᠮᠡᠳᠡᠭᠦᠯᠬᠦ ᠲᠦᠷᠢᠮ ᠢ ᠬᠡᠷᠡᠭᠵᠢᠭᠦᠯᠬᠦ ᠬᠡᠷᠡᠭᠲᠡᠶ᠃ | ᠳᠥᠷᠪᠡᠳᠦᠭᠡᠷ ᠲᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠲᠤᠬᠠᠶ᠂ ᠠᠮᠢᠳᠤᠷᠠᠯ ᠤᠨ ᠴᠢᠬᠤᠯᠠ | ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠡᠭᠦᠰᠴᠦ ᠮᠡᠳᠡᠬᠦ ᠪᠣᠯᠣᠯᠴᠠᠭᠠᠲᠤ | ᠴᠢᠨᠠᠷ ᠪᠣᠯᠤᠨ ᠨᠥᠯᠥᠭᠡᠯᠡᠬᠦ ᠬᠡᠮᠵᠢᠶ᠎ᠡ ᠪᠠᠷ ᠤᠷᠢᠳᠴᠢᠯᠠᠨ ᠰᠡᠷᠡᠮᠵᠢᠯᠡᠭᠦᠯᠬᠦ ᠲᠡᠰ ᠢ ᠲᠣᠭᠲᠠᠭᠠᠵᠤ᠂ Ⅰ ᠳᠡᠰ᠂ Ⅱ | ᠳᠡᠰ᠂ Ⅲ ᠳᠡᠰ᠂ Ⅳ ᠳᠡᠰ ᠬᠤᠪᠢᠶᠠᠵᠤ᠂ ᠳᠡᠰ ᠳᠠᠷᠠᠭᠠᠯᠠᠯ ᠢᠶᠠᠷ ᠨᠢ ᠤᠯᠠᠭᠠᠨ᠂ ᠤᠯᠠᠪᠤᠷ᠂ ᠰᠢᠷ᠎ᠠ ᠪᠣᠯᠤᠨ | ᠬᠥᠭᠡ ᠦᠡᠭᠭᠡ ᠪᠠᠷ ᠢᠯᠡᠷᠬᠡᠶᠢᠯᠡᠨ᠎ᠡ᠂ Ⅰ ᠳᠡᠰ ᠪᠣᠯ ᠬᠠᠮᠤᠭ ᠤᠨ ᠥᠨᠳᠥᠷ ᠲᠡᠰ ᠪᠣᠯᠤᠨ᠎ᠠ᠃ Ⅰ ᠳᠡᠰ᠂ Ⅱ | ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠴᠥᠮ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ | ᠭᠠᠵᠠᠷ ᠢᠶᠠᠷ ᠵᠥᠪᠰᠢᠶᠡᠷᠡᠭᠦᠯᠦᠭᠰᠡᠨ ᠤ ᠲᠡᠷᠠᠭ᠎ᠠ ᠡᠬᠢᠯᠡᠭᠦᠯᠦᠨ ᠬᠡᠷᠡᠭᠵᠢᠭᠦᠯᠵᠦ᠂ ᠬᠠᠮᠢᠶ᠎ᠠ ᠪᠦᠬᠦᠢ ᠨᠢᠭᠡᠴᠡ ᠨᠦᠭᠦᠳ 1 | ᠴᠠᠭ ᠤᠨ ᠳᠣᠲᠣᠷ᠎ᠠ ᠪᠠᠴᠢᠮ ᠪᠠᠶᠢᠳᠠᠯ ᠢ ᠠᠷᠭᠠᠴᠠᠬᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ | ᠦᠢᠯᠡᠳᠪᠦᠷᠢᠯᠡᠬᠦ᠂ ᠲᠡᠭᠡᠭᠡᠪᠦᠷᠢᠯᠡᠬᠦ ᠶᠢ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠬᠠᠮᠠᠭᠠᠯᠠᠬᠤ | ᠪᠠ ᠢᠳᠡᠭᠡᠨ ᠤ ᠠᠮᠤᠷ ᠲᠥᠪᠰᠢᠨ ᠵᠢᠴᠢ ᠬᠠᠮᠢᠶ᠎ᠠ ᠪᠥᠬᠦᠢ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠡᠷᠡᠭ | ᠶᠠᠪᠤᠳᠠᠯ ᠭᠠᠷᠤᠭᠰᠠᠨ ᠭᠠᠵᠠᠷ ᠤᠨ ᠵᠢᠯᠣᠭᠤᠳᠬᠤ ᠭᠠᠵᠠᠷ ᠨᠢ 1 ᠴᠠᠭ ᠤᠨ ᠳᠣᠲᠣᠷ᠎ᠠ ᠪᠦᠷᠢᠯᠳᠦᠬᠦᠨ ᠨᠢᠭᠡᠴᠡ ᠪᠣᠯᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ | ᠰᠢᠶ᠋ᠳᠪᠦᠷᠢᠯᠡᠬᠦ ᠳᠤ ᠬᠡᠷᠡᠭᠴᠡᠭᠡ ᠪᠦᠬᠦᠢ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠦᠢᠯᠡᠳᠪᠦᠷᠢᠯᠡᠬᠦ᠂ | ᠲᠡᠭᠡᠭᠡᠪᠦᠷᠢᠯᠡᠬᠦ ᠶᠢ ᠪᠠᠲᠤᠯᠠᠨ᠎ᠠ︔ Ⅲ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠬᠡᠷᠡᠭ ᠶᠠᠪᠤᠳᠠᠯ | ᠭᠠᠷᠤᠭᠰᠠᠨ ᠭᠠᠵᠠᠷ ᠤᠨ ᠠᠶᠢᠮᠠᠭ ᠬᠤᠳᠠ ᠪᠤᠶᠤ ᠬᠤᠰᠢᠭᠤ ᠰᠢᠶᠠᠨ ︵ᠲᠣᠭᠤᠷᠢᠭ︶ ᠤ ᠵᠢᠯᠣᠭᠤᠳᠬᠤ ᠭᠠᠵᠠᠷ ᠠᠴᠠ | ᠡᠬᠢᠯᠡᠭᠦᠯᠦᠨ ᠬᠡᠷᠡᠭᠵᠢᠭᠦᠯᠦᠨ᠎ᠡ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠢ ᠥᠷᠨᠢᠭᠦᠯᠬᠦ ᠳᠤ᠂ | ᠲᠣᠭᠲᠠᠭᠠᠯ ᠶᠣᠰᠣᠭᠠᠷ ᠳᠡᠭᠡᠷ᠎ᠡ ᠨᠢᠭᠡᠨ ᠱᠠᠲᠤᠨ ᠤ ᠵᠢᠯᠣᠭᠤᠳᠬᠤ ᠭᠠᠵᠠᠷ ᠵᠢᠴᠢ ᠲᠤᠰ ᠱᠠᠲᠤᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠵᠦ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤ ᠴᠠᠭ | ᠲᠤᠬᠠᠶ ᠳᠤᠨᠢ ᠮᠡᠳᠡᠭᠳᠡᠨ᠎ᠡ︔ Ⅳ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠬᠡᠷᠡᠭ ᠶᠠᠪᠤᠳᠠᠯ | ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠵᠢᠯᠣᠭᠤᠳᠬᠤ ᠭᠠᠵᠠᠷ ᠠᠴᠠ ᠡᠬᠢᠯᠡᠭᠦᠯᠦᠨ᠎ᠡ᠂ | ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠢ ᠥᠷᠨᠢᠭᠦᠯᠬᠦ ᠳᠤ᠂ ᠲᠣᠭᠲᠠᠭᠠᠯ ᠶᠣᠰᠣᠭᠠᠷ ᠳᠡᠭᠡᠷ᠎ᠡ ᠨᠢᠭᠡᠨ | ᠱᠠᠲᠤᠨ ᠤ ᠵᠢᠯᠣᠭᠤᠳᠬᠤ ᠭᠠᠵᠠᠷ ᠵᠢᠴᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ | ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤ ᠴᠠᠭ ᠲᠤᠬᠠᠶ ᠳᠤᠨᠢ ᠮᠡᠳᠡᠭᠳᠡᠨ᠎ᠡ᠃ | ᠲᠠᠪᠤᠳᠤᠭᠠᠷ ᠲᠤ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠪᠠᠷᠠᠭ᠎ᠠ ᠲᠠᠰᠤᠯᠳᠠᠬᠤ ᠪᠤᠶᠤ | ᠦᠨ᠎ᠡ ᠨᠢ ᠶᠡᠭᠡ ᠪᠠᠷ ᠥᠰᠬᠦ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢᠨ ᠪᠠᠴᠢᠮ ᠪᠠᠶᠢᠳᠠᠯ ᠢ | ᠠᠷᠭᠠᠴᠠᠨ ᠰᠢᠶ᠋ᠳᠪᠦᠷᠢᠯᠡᠬᠦ ᠲᠤᠬᠠᠢ᠂ ᠳᠣᠣᠷᠠᠬᠢ ᠬᠡᠳᠦᠨ ᠲᠠᠯ᠎ᠠ ᠪᠠᠷ ᠰᠢᠶ᠋ᠳᠪᠦᠷᠢᠯᠡᠵᠦ ᠪᠣᠯᠤᠨ᠎ᠠ᠄ ᠨᠢᠭᠡ ᠳᠤ ᠮᠡᠳᠡᠭᠡ | ᠵᠠᠩᠭᠢ ᠨᠡᠶᠢᠲᠡᠯᠡᠨ᠎ᠠ᠃ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠠᠶᠢᠭᠠᠳ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ | ᠴᠠᠭ ᠲᠤᠬᠠᠶ ᠳᠤᠨᠢ ᠨᠡᠶᠢᠲᠡᠯᠡᠵᠦ᠂ ᠵᠠᠬ᠎ᠠ ᠳᠡᠯᠭᠡᠭᠦᠷ ᠤᠨ ᠲᠥᠰᠦᠪᠯᠡᠯ ᠢ ᠵᠥᠪ ᠢᠶᠠᠷ ᠵᠢᠯᠣᠭᠤᠳᠣᠨ᠎ᠠ᠃ ᠬᠤᠶᠠᠷ ᠲᠤ | ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢ ᠬᠤᠳᠠᠯᠳᠤᠨ ᠠᠪᠤᠨ᠎ᠠ᠃ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠠᠶᠢᠭᠠᠳ ᠭᠤᠣᠯᠯᠠᠭᠴᠢ ᠭᠦᠢᠯᠭᠡᠭᠡᠨ ᠤ | ᠠᠵᠤ ᠠᠬᠤᠶᠢᠯᠠᠯ ᠠᠴᠠ ᠦᠢᠯᠡᠳᠪᠦᠷᠢᠯᠡᠭᠴᠢ᠂ ᠬᠠᠩᠭᠠᠭᠴᠢ ᠬᠤᠳᠠᠯᠳᠤᠭᠠᠴᠢᠨ ᠲᠠᠢ ᠪᠠᠷᠠᠭᠠᠨ ᠤ ᠢᠷᠡᠯᠳᠡ ᠶᠢ | ᠢᠳᠡᠪᠬᠢᠲᠡᠶ ᠪᠠᠷ ᠵᠣᠬᠢᠶᠠᠨ ᠪᠠᠶᠢᠭᠤᠯᠬᠤ ᠶᠢ ᠨᠢ ᠰᠢᠮᠳᠠᠭᠤᠯᠵᠤ᠂ ᠬᠤᠳᠠᠯᠳᠤᠭᠠᠨ ᠤ ᠬᠥᠮᠥᠷᠭᠡ ᠶᠢᠨ ᠬᠠᠳᠠᠭᠠᠯᠠᠮᠵᠢ ᠶᠢ | ᠬᠥᠳᠡᠯᠭᠡᠨ ᠬᠡᠷᠡᠭᠯᠡᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠭᠤᠷᠪᠠ ᠳᠤ ᠣᠷᠣᠨ ᠪᠦᠰᠡ ᠶᠢᠨ | ᠬᠤᠭᠤᠷᠣᠨᠳᠣ ᠨᠢ ᠲᠣᠬᠢᠷᠠᠭᠤᠯᠤᠨ᠎ᠠ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ | ᠬᠦᠨᠳᠦ ᠶᠡᠭᠡ ᠬᠡᠪ ᠤᠨ ᠪᠤᠰᠤ ᠬᠡᠯᠪᠡᠯᠵᠡᠯ ᠡᠭᠦᠰᠦᠭᠰᠡᠨ ᠦᠶ᠎ᠡ ᠳᠤ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠠᠶᠢᠭᠠᠳ ᠵᠠᠬ᠎ᠠ ᠳᠡᠯᠭᠡᠭᠦᠷ ᠤᠨ | ᠬᠡᠯᠪᠡᠯᠵᠡᠯ ᠡᠭᠦᠰᠦᠭᠰᠡᠨ ᠦᠭᠡᠢ ᠬᠥᠷᠰᠢ ᠵᠡᠷᠭᠡᠯᠡᠳᠡᠭᠡ ᠭᠠᠵᠠᠷ ᠣᠷᠣᠨ ᠠᠴᠠ ᠲᠠᠸᠠᠷ ᠪᠠᠴᠢᠮ ᠰᠢᠯᠵᠢᠭᠦᠯᠦᠨ | ᠵᠥᠭᠡᠭᠡᠪᠦᠷᠢᠯᠡᠵᠦ᠂ ᠪᠤᠰᠤᠳ ᠭᠠᠵᠠᠷ ᠤᠨ ᠲᠠᠸᠠᠷ ᠢᠶᠠᠷ ᠦᠯᠡᠭᠦᠦ ᠳᠤᠲᠠᠭᠤ ᠪᠠᠨ ᠲᠣᠬᠢᠷᠠᠭᠤᠯᠵᠤ ᠪᠣᠯᠣᠨ᠎ᠠ᠃ | ᠲᠦᠷᠪᠡ ᠳᠤ ᠨᠥᠭᠡᠴᠡ ᠪᠠᠨ ᠬᠥᠳᠡᠯᠭᠡᠵᠦ ᠬᠡᠷᠡᠭᠯᠡᠨ᠎ᠡ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ | ᠳᠡᠯᠭᠡᠭᠦᠷ ᠤᠨ ᠨᠡᠯᠢᠶᠡᠳ ᠶᠡᠭᠡ ᠪᠤᠶᠤ ᠬᠦᠨᠳᠦ ᠶᠡᠭᠡ ᠬᠡᠪ ᠤᠨ ᠪᠤᠰᠤ ᠬᠡᠯᠪᠡᠯᠵᠡᠯ ᠡᠭᠦᠰᠦᠭᠰᠡᠨ ᠦᠶ᠎ᠡ ᠳᠤ᠂ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ | ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ | ᠬᠠᠮᠲᠤᠷᠠᠵᠤ ᠪᠠᠶᠢᠭᠠᠳ ᠲᠣᠭᠲᠠᠭᠰᠠᠨ ᠳᠡᠰ ᠳᠠᠷᠠᠭᠠᠯᠠᠯ ᠪᠠ ᠡᠷᠬᠡ ᠮᠡᠳᠡᠯ ᠢᠶᠠᠷ ᠢᠶᠠᠨ᠂ ᠲᠤᠬᠠᠶ ᠶᠢᠨ ᠭᠠᠵᠠᠷ ᠤᠨ | ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠨᠥᠭᠡᠴᠡ ᠶᠢ ᠴᠠᠭ ᠲᠤᠨᠢ ᠲᠣᠬᠢᠷᠠᠭᠤᠯᠤᠨ ᠬᠡᠷᠡᠭᠯᠡᠵᠦ ᠵᠠᠬ᠎ᠠ | ᠳᠡᠯᠭᠡᠭᠦᠷ ᠲᠤ ᠣᠷᠣᠭᠤᠯᠤᠨ᠎ᠠ᠂ ᠲᠤᠬᠠᠶ ᠶᠢᠨ ᠭᠠᠵᠠᠷ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ | ᠨᠥᠭᠡᠴᠡ ᠨᠢ ᠬᠦᠷᠦᠯᠴᠡᠬᠦ ᠦᠭᠡᠢ ᠪᠣᠯ ᠳᠡᠭᠡᠳᠦ ᠱᠠᠲᠤᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ | ᠨᠥᠭᠡᠴᠡ ᠶᠢ ᠬᠡᠷᠡᠭᠯᠡᠬᠦ ᠪᠠᠷ ᠳᠠᠬᠢᠨ ᠭᠤᠶᠤᠴᠢᠯᠠᠨ᠎ᠠ᠃ ᠲᠠᠪᠤ ᠳᠤ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠶᠢ ᠵᠣᠬᠢᠶᠠᠨ ᠪᠠᠶᠢᠭᠤᠯᠤᠨ᠎ᠠ᠃ ᠤᠯᠤᠰ ᠤᠨ ᠳᠣᠲᠣᠭᠠᠳᠤ ᠶᠢᠨ ᠠᠮᠢᠳᠤᠷᠠᠯ ᠤᠨ ᠴᠢᠬᠤᠯᠠ | ᠬᠡᠷᠡᠭᠴᠡᠭᠡᠨ ᠤ ᠵᠦᠢᠯ ᠤᠨ ᠡᠬᠢ ᠪᠠᠶᠠᠯᠢᠭ ᠬᠦᠷᠦᠯᠴᠡᠬᠦ ᠦᠭᠡᠢ ᠦᠶ᠎ᠡ ᠳᠤ᠂ ᠲᠠᠸᠠᠷ ᠢ ᠭᠠᠳᠠᠭᠠᠳᠤ ᠠᠴᠠ | ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠂ | ᠬᠠᠮᠢᠶᠠᠷᠤᠯᠲᠠ ᠶᠢᠨ ᠠᠷᠭ᠎ᠠ ᠶᠢ ᠵᠢᠷᠤᠮᠯᠠᠨ ᠰᠠᠬᠢᠭᠰᠠᠨ ᠤᠷᠢᠲᠠᠯ ᠳᠣᠣᠷ᠎ᠠ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠠᠶᠢᠭᠠᠳ ᠭᠠᠳᠠᠭᠠᠳᠤ ᠠᠴᠠ ᠣᠷᠣᠭᠤᠯᠬᠤ ᠪᠤᠶᠤ ᠭᠠᠳᠠᠭᠠᠳᠤ ᠳᠤ | ᠭᠠᠷᠭᠠᠬᠤ ᠶᠢ ᠬᠢᠵᠠᠭᠠᠷᠯᠠᠬᠤ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ᠎ᠠ᠃ ᠵᠢᠷᠭᠤᠭ᠎ᠠ ᠳᠤ ᠬᠡᠮᠵᠢᠶ᠎ᠡ ᠲᠠᠢ | ᠪᠣᠷᠣᠯᠠᠭᠤᠯᠬᠤ ᠪᠤᠶᠤ ᠬᠡᠮᠵᠢᠶ᠎ᠡ ᠬᠢᠵᠠᠭᠠᠷᠯᠠᠵᠤ ᠪᠣᠷᠣᠯᠠᠭᠤᠯᠤᠨ᠎ᠠ᠃ ᠪᠠᠶᠢᠳᠠᠯ ᠬᠦᠨᠳᠦ ᠨᠣᠴᠢᠲᠠᠶ ᠦᠶ᠎ᠡ ᠳᠤ᠂ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ | ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ | ᠬᠠᠮᠲᠤᠷᠠᠵᠤ ᠪᠠᠶᠢᠭᠠᠳ ᠭᠤᠣᠯᠳᠠᠯᠭ᠎ᠠ ᠲᠠᠢ ᠭᠠᠵᠠᠷ ᠣᠷᠣᠨ ᠳᠤ ᠦᠨᠳᠦᠰᠦᠨ ᠠᠮᠢᠳᠤᠷᠠᠯ ᠤᠨ ᠴᠢᠬᠤᠯᠠ | ᠬᠡᠷᠡᠭᠴᠡᠭᠡᠨ ᠤ ᠵᠦᠢᠯ ᠢ ᠬᠡᠮᠵᠢᠶ᠎ᠡ ᠲᠠᠢ ᠪᠣᠷᠣᠯᠠᠭᠤᠯᠬᠤ ᠪᠤᠶᠤ ᠬᠡᠮᠵᠢᠶ᠎ᠡ ᠬᠢᠵᠠᠭᠠᠷᠯᠠᠵᠤ ᠪᠣᠷᠣᠯᠠᠭᠤᠯᠬᠤ ᠡᠰᠡᠬᠦᠯ᠎ᠡ | ᠨᠢᠭᠡᠳᠦᠯᠲᠡᠶ ᠲᠠᠷᠬᠠᠭᠠᠬᠤ ᠪᠠ ᠨᠢᠭᠡᠳᠦᠯᠲᠡᠶ ᠬᠤᠪᠢᠶᠠᠷᠢᠯᠠᠵᠤ ᠪᠣᠯᠣᠨ᠎ᠠ᠃ ᠲᠤᠯᠤᠭ᠎ᠠ ᠳᠤ ᠬᠠᠤᠯᠢ ᠶᠣᠰᠣᠭᠠᠷ | ᠲᠠᠲᠠᠪᠤᠷᠢᠯᠠᠵᠤ ᠬᠡᠷᠡᠭᠯᠡᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠠᠢ ᠬᠠᠮᠲᠤᠷᠠᠨ ᠲᠤᠰ ᠱᠠᠲᠤᠨ ᠤ ᠪᠠᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠲᠠᠷᠠᠭ᠎ᠠ ᠨᠢᠭᠡᠴᠡ ᠪᠣᠯᠣᠨ ᠬᠤᠪᠢ ᠬᠥᠮᠦᠨ ᠠᠴᠠ ᠠᠮᠢᠳᠤᠷᠠᠯ ᠤᠨ ᠴᠢᠬᠤᠯᠠ ᠬᠡᠷᠡᠭᠴᠡᠭᠡᠨ ᠤ | ᠵᠦᠢᠯ᠂ ᠵᠠᠮ ᠬᠠᠷᠢᠯᠴᠠᠭᠠᠨ ᠤ ᠪᠠᠭᠠᠵᠢ ᠵᠢᠴᠢ ᠬᠤᠯᠪᠣᠭᠳᠠᠯ ᠪᠦᠬᠦᠢ ᠪᠡᠯᠡᠳᠬᠡᠮᠵᠢ᠂ ᠲᠥᠬᠦᠭᠡᠷᠦᠮᠵᠢ ᠶᠢ ᠪᠠᠴᠢᠮ | ᠲᠠᠲᠠᠪᠤᠷᠢᠯᠠᠨ ᠬᠡᠷᠡᠭᠯᠡᠵᠦ ᠪᠣᠯᠣᠨ᠎ᠠ᠃ | ᠵᠢᠷᠭᠤᠳᠤᠭᠠᠷ ᠲᠤ᠂ ᠪᠠᠴᠢᠮ ᠪᠠᠶᠢᠳᠠᠯ ᠢ ᠠᠷᠭᠠᠴᠠᠵᠤ ᠳᠠᠭᠤᠰᠤᠭᠰᠠᠨ ᠤ ᠳᠠᠷᠠᠭᠠᠬᠢ ᠶᠢ ᠰᠢᠶ᠋ᠳᠪᠦᠷᠢᠯᠡᠬᠦ | ᠲᠤᠬᠠᠶ᠂ ᠭᠤᠣᠯᠳᠠᠭᠤ ᠪᠠᠶᠢᠴᠠᠭᠠᠨ ᠦᠨᠡᠯᠡᠬᠦ᠂ ᠵᠦᠢ ᠶᠣᠰᠣᠨ ᠤ ᠲᠥᠯᠥᠪᠦᠷᠢ ᠥᠭᠬᠦ᠂ ᠰᠡᠷᠭᠦᠭᠡᠨ ᠲᠠᠬᠢᠨ | ᠪᠠᠶᠢᠭᠤᠯᠬᠤ ᠵᠡᠷᠭᠡ ᠦᠯᠡᠳᠡᠭᠰᠡᠨ ᠠᠵᠢᠯ ᠢ ᠰᠠᠶᠢᠲᠤᠷ ᠬᠢᠬᠦ ᠶᠠᠪᠤᠳᠠᠯ ᠪᠠᠭᠲᠠᠨ᠎ᠠ᠃ | ᠬᠥᠲᠥᠯᠥᠭᠴᠢ᠄ | ᠲᠠᠨ ᠤ ᠲᠠᠨᠢᠯᠴᠠᠭᠤᠯᠤᠯᠭ᠎ᠠ ᠶᠢ ᠰᠣᠨᠣᠰᠤᠭᠠᠳ ᠤ ᠳᠠᠷᠠᠭ᠎ᠠ᠂ ︽ᠲᠥᠰᠦᠯ︾ ᠨᠢ ᠦᠨᠡᠬᠡᠷ ᠠᠭᠤᠯᠭ᠎ᠠ ᠨᠢ | ᠪᠦᠷᠢᠨ᠂ ᠵᠣᠬᠢᠶᠠᠮᠵᠢ ᠨᠢ ᠴᠢᠩᠭ᠎ᠠ᠂ ᠬᠠᠷᠢᠭᠤᠴᠠᠯᠭ᠎ᠠ ᠨᠢ ᠲᠣᠳᠣᠷᠬᠠᠶ᠂ ᠰᠢᠰᠲ᠋ᠧᠮᠵᠢ ᠨᠢ ᠲᠡᠭᠦᠯᠳᠡᠷ ᠪᠣᠯᠬᠤ ᠶᠢ | ᠣᠶᠢᠯᠠᠭᠠᠯ᠎ᠠ᠂ ︽ᠲᠥᠰᠦᠯ︾ ᠢ ᠲᠤᠭᠤᠷᠪᠢᠨ ᠪᠢᠴᠢᠬᠦ ᠦᠶᠡᠰ ᠤᠨ ᠶᠡᠷᠦᠩᠬᠡᠶ ᠪᠣᠳᠣᠯᠬᠢᠯᠠᠯ ᠢᠶᠠᠨ ᠶᠠᠷᠢᠭᠠᠳ | ᠥᠭᠭᠦᠨ᠎ᠡ ᠤᠤ᠃ | ᠵᠠᠶ ᠶᠸᠥ ᠵᠢᠶᠦ᠋ᠨ᠄ | ︽ᠲᠥᠰᠦᠯ︾ ᠢ ᠲᠤᠭᠤᠷᠪᠢᠨ ᠪᠢᠴᠢᠬᠦ ᠦᠶ᠎ᠡ ᠳᠤ ᠭᠤᠣᠯᠳᠠᠭᠤ ᠬᠤᠶᠠᠷ ᠵᠠᠷᠴᠢᠮ ᠢ ᠪᠠᠷᠢᠮᠲᠠᠯᠠᠵᠠᠢ᠃ | ᠨᠢᠭᠡ ᠳᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠠᠶᠢᠬᠤ ᠵᠠᠷᠴᠢᠮ ᠢ ᠪᠠᠷᠢᠮᠲᠠᠯᠠᠪᠠ᠃ ᠲᠤᠰ ︽ | ᠲᠥᠰᠦᠯ︾ ᠨᠢ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠬᠡᠷᠡᠭ ᠢ | ᠤᠷᠢᠳᠴᠢᠯᠠᠨ ᠵᠢᠱᠢᠬᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠨ | ᠰᠢᠶ᠋ᠳᠪᠦᠷᠢᠯᠡᠬᠦ᠂ ᠰᠡᠷᠭᠦᠭᠡᠨ ᠳᠠᠬᠢᠨ ᠪᠠᠶᠢᠭᠤᠯᠬᠤ᠂ ᠪᠠᠶᠢᠴᠠᠭᠠᠨ ᠦᠨᠡᠯᠡᠬᠦ᠂ ᠱᠠᠩᠨᠠᠬᠤ ᠲᠣᠷᠭᠠᠬᠤ ᠵᠡᠷᠭᠡ ᠨᠢᠭᠡ ᠢᠵᠢ | ᠲᠣᠭᠲᠠᠴᠠ ᠶᠢ ᠪᠠᠶᠢᠭᠤᠯᠵᠤ᠂ ᠬᠡᠷᠡᠭ ᠤᠨ ᠡᠮᠦᠨ᠎ᠡ᠂ ᠬᠡᠷᠡᠭ ᠡᠭᠦᠰᠬᠦ᠂ ᠬᠡᠷᠡᠭ ᠤᠨ ᠳᠤᠮᠳᠠ᠂ ᠬᠡᠷᠡᠭ ᠤᠨ ᠳᠠᠷᠠᠭ᠎ᠠ | ᠵᠡᠷᠭᠡ ᠵᠠᠩᠭᠢᠯᠠᠭ᠎ᠠ ᠨᠤᠭᠤᠳ ᠢ ᠪᠠᠭᠲᠠᠭᠠᠭᠰᠠᠨ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠠᠶᠢᠬᠤ ᠠᠵᠢᠯᠯᠠᠭᠠᠨ ᠤ | ᠲᠣᠭᠲᠠᠴᠠ ᠶᠢ ᠪᠤᠢ ᠪᠣᠯᠭᠠᠬᠤ ᠪᠠᠷ ᠵᠣᠷᠢᠯᠭ᠎ᠠ ᠪᠠᠨ ᠪᠣᠯᠭᠠᠪᠠ᠃ ᠵᠢᠱᠢᠶᠡᠯᠡᠪᠡᠯ ᠵᠠᠬ᠎ᠠ ᠳᠡᠯᠭᠡᠭᠦᠷ ᠤᠨ ᠬᠡᠪ ᠤᠨ ᠪᠤᠰᠤ | ᠬᠡᠯᠪᠡᠯᠵᠡᠯᠲᠡ ᠶᠢᠨ ᠳᠡᠰ ᠬᠤᠪᠢᠶᠠᠬᠤ ᠪᠠᠷᠢᠮᠵᠢᠶ᠎ᠠ ᠶᠢᠨ ᠲᠠᠯ᠎ᠠ ᠪᠠᠷ᠂ ᠮᠠᠨ ᠤ ᠣᠷᠣᠨ ᠤ ᠨᠤᠲᠤᠭ ᠤᠰᠤ ᠥᠷᠭᠡᠨ | ᠠᠭᠤᠳᠠᠮ᠂ ᠬᠥᠮᠦᠨ ᠠᠮᠠ ᠦᠯᠡᠮᠵᠢ ᠤᠯᠠᠨ ᠪᠠᠶᠢᠬᠤ ᠪᠤᠳᠠᠲᠠᠢ ᠲᠠᠢ ᠤᠶᠠᠯᠳᠤᠭᠤᠯᠤᠨ᠂ ᠬᠡᠯᠪᠡᠯᠵᠡᠯ ᠤᠨ | ᠨᠥᠯᠥᠭᠡ ᠶᠢᠨ ᠬᠡᠪᠴᠢᠶᠡᠨ ᠤ ᠶᠡᠭᠡ ᠪᠠᠭ᠎ᠠ ᠪᠠᠷ ᠨᠢ ᠳᠥᠷᠪᠡᠨ ᠳᠡᠰ ᠬᠤᠪᠢᠶᠠᠵᠤ᠂ ᠵᠠᠰᠠᠭ ᠵᠠᠬᠢᠷᠭᠠᠨ ᠤ ᠣᠷᠣᠨ | ᠪᠦᠰᠡ ᠳᠠᠬᠢ ᠪᠤᠢ ᠪᠦᠬᠦᠢ ᠠᠶᠢᠮᠠᠭ ᠬᠤᠳᠠ ᠵᠢᠴᠢ ᠬᠤᠰᠢᠭᠤ ᠰᠢᠶᠠᠨ ︵ᠲᠣᠭᠤᠷᠢᠭ︶ ᠢ ᠪᠠᠭᠲᠠᠭᠠᠭᠰᠠᠨ ᠤ ᠬᠠᠮᠲᠤ | ᠬᠥᠷᠰᠢ ᠵᠡᠷᠭᠡᠯᠡᠳᠡᠭᠡ ᠮᠤᠵᠢ ᠣᠷᠣᠨ ᠤ ᠬᠠᠷᠢᠴᠠᠭ᠎ᠠ ᠶᠢ ᠨᠢᠭᠡᠳᠦᠯᠲᠡᠶ ᠲᠥᠯᠥᠪᠯᠡᠵᠦ ᠪᠣᠳᠣᠯᠬᠢᠯᠠᠨ᠂ ᠵᠡᠷᠭᠡᠯᠡᠳᠡᠭᠡ | ᠮᠤᠵᠢ ᠣᠷᠣᠨ ᠵᠢᠴᠢ ᠵᠡᠷᠭᠡᠯᠡᠳᠡᠭᠡ ᠮᠤᠵᠢ ᠣᠷᠣᠨ ᠤ ᠵᠡᠷᠭᠡᠯᠡᠳᠡᠭᠡ ᠣᠷᠣᠨ ᠪᠦᠰᠡ ᠶᠢ ᠵᠠᠬ᠎ᠠ ᠳᠡᠯᠭᠡᠭᠦᠷ ᠤᠨ ᠬᠡᠪ ᠤᠨ | ᠪᠤᠰᠤ ᠬᠡᠯᠪᠡᠯᠵᠡᠯ ᠤᠨ ᠬᠡᠪᠴᠢᠶᠡᠨ ᠳᠤ ᠣᠷᠣᠭᠤᠯᠪᠠ᠂ ᠤᠷᠢᠳᠴᠢᠯᠠᠨ ᠰᠡᠷᠡᠮᠵᠢᠯᠡᠭᠦᠯᠬᠦ ᠲᠡᠰ ᠵᠢᠴᠢ ᠪᠠᠴᠢᠮ | ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠬᠤ ᠲᠠᠯ᠎ᠠ ᠪᠠᠷ᠂ ᠲᠡᠭᠦᠨ ᠤ ᠰᠢᠨᠵᠢᠯᠡᠬᠦ ᠤᠬᠠᠭᠠᠨᠴᠢ ᠴᠢᠨᠠᠷ ᠪᠣᠯᠤᠨ | ᠵᠦᠶ ᠵᠣᠬᠢᠰᠲᠤ ᠴᠢᠨᠠᠷ ᠢ ᠭᠦᠢᠴᠡᠳ ᠪᠣᠳᠣᠯᠬᠢᠯᠠᠵᠤ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠳᠤ ᠵᠢᠷᠤᠮᠯᠠᠬᠤ | ᠳᠦᠷᠢᠮ ᠲᠠᠢ᠂ ᠠᠩᠭᠢ ᠢᠯᠭᠠᠪᠤᠷᠢ ᠲᠠᠢ ᠪᠠᠶᠢᠬᠤ ᠶᠢ ᠦᠨᠡᠨᠬᠦ ᠪᠠᠲᠤᠯᠠᠪᠠ᠃ | ᠬᠤᠶᠠᠷ ᠲᠤ ᠥᠨᠳᠥᠷ ᠪᠦᠲᠦᠮᠵᠢᠲᠡᠶ ᠬᠡᠷᠡᠭᠵᠢᠭᠦᠯᠦᠭᠦᠰᠢᠲᠡᠢ ᠪᠠᠶᠢᠬᠤ ᠵᠠᠷᠴᠢᠮ ᠢ ᠪᠠᠷᠢᠮᠲᠠᠯᠠᠪᠠ᠃ ︽ | ᠲᠥᠰᠦᠯ︾ ᠳᠤ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠠᠴᠢᠮ | ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠢ ᠨᠢᠭᠡᠳᠦᠯᠲᠡᠶ ᠤᠳᠤᠷᠢᠳᠤᠨ᠂ ᠱᠠᠳᠤ ᠬᠤᠪᠢᠶᠠᠨ ᠬᠠᠷᠢᠭᠤᠴᠠᠬᠤ ᠶᠢ | ᠰᠠᠶᠢᠲᠤᠷ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ | ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠶᠢ ᠵᠢᠯᠣᠭᠤᠳᠬᠤ ᠭᠠᠵᠠᠷ ᠪᠠᠶᠢᠭᠤᠯᠤᠨ᠂ | ᠶᠡᠷᠦᠩᠬᠡᠶ ᠵᠢᠯᠤᠭᠤᠳᠤᠭᠴᠢ ᠶᠢᠨ ᠲᠤᠰᠢᠶᠠᠯ ᠢ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠠᠷᠤᠭ᠎ᠠ ᠪᠠᠷ | ᠡᠭᠦᠷᠭᠡᠯᠡᠭᠦᠯᠵᠦ᠂ ᠪᠦᠷᠢᠯᠳᠦᠭᠦᠨ ᠢ ᠬᠤᠳᠠᠯᠳᠤᠭᠠᠨ ᠤ ᠶᠠᠪᠤᠳᠠᠯ᠂ ᠥᠭᠡᠷᠡᠴᠢᠯᠡᠯᠲᠡ ᠬᠥᠭᠵᠢᠭᠦᠯᠦᠯᠲᠡ᠂ ᠠᠵᠤ ᠠᠬᠤᠶ | ᠮᠡᠳᠡᠭᠡ ᠵᠠᠩᠭᠢᠵᠢᠯᠲᠠ᠂ ᠲᠠᠷᠢᠶᠠᠯᠠᠩ ᠮᠠᠯ ᠠᠵᠤ ᠠᠬᠤᠶ᠂ ᠡᠷᠡᠭᠦᠯ ᠬᠠᠮᠠᠭᠠᠯᠠᠯ᠂ ᠠᠵᠤ ᠦᠢᠯᠡᠳᠪᠦᠷᠢ ᠬᠤᠳᠠᠯᠳᠤᠭ᠎ᠠ᠂ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ | ᠬᠡᠷ ᠵᠡᠷᠭᠡ 18 ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠭᠦᠯᠵᠦ᠂ ᠠᠶᠢᠮᠠᠭ ᠬᠤᠲᠠ᠂ ᠬᠤᠰᠢᠭᠤ | ᠰᠢᠶᠠᠨ ︵ᠲᠣᠭᠤᠷᠢᠭ︶ ᠨᠢ ᠥᠪᠡᠷᠲᠡᠭᠡᠨ ᠵᠠᠰᠠᠬᠤ ᠣᠷᠣᠨ ᠤ ᠬᠢ ᠪᠠᠷ ᠯᠠᠪᠯᠠᠯᠲᠠ ᠪᠣᠯᠭᠠᠵᠤ ᠲᠤᠰ ᠲᠤᠰ ᠲᠠᠭᠠᠨ | ᠲᠤᠰ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠶᠢ ᠵᠢᠯᠣᠭᠤᠳᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ | ᠭᠡᠨᠡᠳᠲᠡ ᠶᠢᠨ ᠬᠡᠷᠡᠭ ᠡᠭᠦᠰᠦᠭᠰᠡᠨ ᠦᠶ᠎ᠡ ᠳᠤ᠂ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ | ᠮᠥᠴᠢᠷ ᠤᠳ ᠡᠷᠬᠡᠪᠰᠢ ︽ᠲᠥᠰᠦᠯ︾ ᠳᠠᠬᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠢᠶᠠᠨ | ᠡᠷᠬᠢᠯᠡᠭᠰᠡᠨ ᠠᠵᠢᠯ ᠢᠶᠠᠨ ᠰᠠᠶᠢᠲᠤᠷ ᠬᠢᠬᠦ ᠶᠢᠨ ᠬᠠᠮᠲᠤ ᠵᠣᠬᠢᠴᠠᠭᠤᠯᠤᠨ ᠬᠠᠮᠵᠢᠯᠴᠠᠵᠤ᠂ ᠪᠦᠲᠦᠮᠵᠢ ᠰᠠᠶᠢᠲᠠᠶ | ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠲᠣᠭᠲᠠᠭᠠᠵᠠᠢ᠃ ︽ᠲᠥᠰᠦᠯ︾ ᠳᠤ ᠪᠠᠰᠠ ᠡᠳ᠋ ᠪᠣᠳᠠᠰ᠂ | ᠵᠠᠷᠤᠳᠠᠯ᠂ ᠵᠠᠮ ᠬᠠᠷᠢᠯᠴᠠᠭ᠎ᠠ ᠵᠡᠷᠭᠡ ᠪᠠᠲᠤᠯᠠᠭ᠎ᠠ ᠶᠢᠨ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠴᠤ᠂ ᠵᠠᠬ᠎ᠠ | ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠠᠷᠭᠠᠴᠠᠬᠤ ᠳᠤ ᠠᠯᠢ ᠴᠢᠳᠠᠬᠤ ᠪᠠᠷ ᠬᠠᠮᠤᠭ ᠤᠨ ᠶᠡᠭᠡ ᠦᠢᠯᠡᠳᠦᠯ | ᠦᠵᠡᠭᠦᠯᠬᠦ ᠪᠠᠷ ᠴᠢᠷᠮᠠᠶᠢᠵᠠᠢ᠃ | ᠬᠥᠲᠥᠯᠥᠭᠴᠢ᠄ | ᠵᠠᠶ ᠳᠠᠷᠤᠭ᠎ᠠ ᠶᠢᠨ ᠲᠠᠶᠢᠯᠪᠤᠷᠢ ᠬᠢᠭᠰᠡᠨ ᠳᠤ ᠲᠣᠩ ᠪᠠᠶᠠᠷᠯᠠᠯ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ | ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠢ ᠵᠣᠯᠭᠠᠶ᠎ᠠ︕ |