ᠳᠤᠮᠳᠠᠳᠤ ᠤᠯᠤᠰ ᠤᠨ ᠲᠡᠦᠬᠡᠨ ᠳᠡᠭᠡᠷᠡᠬᠢ ᠬᠠᠮᠤᠭ ᠤᠨ ᠲᠤᠮᠤ ᠲᠠᠯ᠎ᠠ ᠨᠤᠲᠤᠭ ᠤᠨ ᠨᠠᠶᠢᠰᠯᠡᠯ ᠬᠤᠲᠠ
ᠨᠡᠶᠢᠲᠡᠯᠡᠭᠰᠡᠨ ᠴᠠᠭ᠄
2017-06-27
       ᠶᠤᠸᠠᠨ ᠤ ᠳᠡᠭᠡᠳᠦ ᠨᠡᠶᠢᠰᠯᠡᠯ ᠨᠢ ᠦᠪᠦᠷ ᠮᠤᠩᠭᠤᠯ ᠤᠨ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠬᠡ ᠬᠤᠰᠢᠭᠤᠨ ᠳᠤ ᠪᠠᠶᠢᠷᠢᠯᠠᠵᠤ᠂ 700 ᠭᠠᠷᠤᠢ ᠵᠢᠯ ᠤᠨ ᠲᠡᠦᠬᠡ ᠲᠠᠢ ᠪᠤᠯᠵᠠᠢ᠃ ᠴᠢᠩᠭᠢᠰ ᠬᠠᠭᠠᠨ ᠤ ᠤᠮᠪᠤᠯᠤ ᠬᠤᠪᠢᠯᠠᠢ 1256 ᠤᠨ ᠳᠤ ᠠᠩᠬ᠎ᠠ ᠪᠠᠶᠢᠭᠤᠯᠵᠤ᠂ 1260 ᠤᠨ ᠳᠤ ᠶᠤᠸᠠᠨ ᠤ ᠳᠡᠭᠡᠳᠦ ᠨᠡᠶᠢᠰᠯᠡᠯ ᠳᠤ ᠮᠤᠩᠭᠤᠯ ᠬᠠᠭᠠᠨᠲᠤ ᠤᠯᠤᠰ ᠤᠨ ᠬᠠᠭᠠᠨ ᠰᠠᠭᠤᠷᠢᠨ᠎ᠠ ᠰᠠᠭᠠᠲᠠᠵᠠᠢ᠃ ᠶᠤᠸᠠᠨ ᠤ ᠳᠡᠭᠡᠳᠦ ᠨᠡᠶᠢᠰᠯᠡᠯ ᠪᠤᠯ ᠶᠤᠸᠠᠨ ᠤᠯᠤᠰ ᠤᠨ ᠵᠤᠰᠠᠭᠠᠯ ᠤᠨ ᠨᠡᠶᠢᠰᠯᠡᠯ ᠪᠤᠯᠬᠤ ᠪᠦᠭᠡᠳ ᠳᠠᠶᠢᠳᠦ ᠬᠤᠲᠠ ᠲᠠᠢ ᠬᠠᠮᠲᠤ ᠳᠤᠨᠢ ᠶᠤᠸᠠᠨ ᠤᠯᠤᠰ ᠤᠨ ᠬᠤᠶᠠᠷ ᠲᠤᠮᠤ ᠨᠡᠶᠢᠰᠯᠡᠯ ᠭᠡᠳᠡᠭ᠃        ᠦᠪᠦᠷ ᠮᠤᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠭᠠᠵᠠᠷ ᠬᠢᠭᠡᠳ ᠦᠪᠦᠷ ᠮᠤᠩᠭᠤᠯ ᠤᠨ ᠬᠡᠮᠵᠢᠨ ᠵᠢᠷᠤᠭᠯᠠᠬᠤ ᠲᠤᠪᠴᠢᠶ᠎ᠠ ᠶᠢᠨ ᠬᠠᠶᠢᠨ ᠮᠠᠯᠲᠠᠵᠤ ᠬᠡᠮᠵᠢᠨ ᠵᠢᠷᠤᠭᠯᠠᠭᠰᠠᠨ ᠳ᠋ᠦᠩ ᠠᠴᠠ ᠦᠵᠡᠪᠡᠯ᠂ ᠶᠤᠸᠠᠨ ᠤ ᠳᠡᠭᠡᠳᠦ ᠨᠡᠶᠢᠰᠯᠡᠯ ᠢ ᠭᠠᠳᠠᠷ ᠬᠤᠲᠠ᠂ ᠬᠠᠭᠠᠨ ᠤ ᠬᠤᠲᠠ ᠪᠠ ᠤᠷᠳᠤᠨ ᠤ ᠬᠤᠲᠠ ᠭᠡᠵᠦ ᠭᠤᠷᠪᠠᠨ ᠳᠠᠪᠬᠤᠷ ᠲᠤ ᠬᠤᠪᠢᠶᠠᠵᠤ᠂ ︽ᠭᠤᠷᠪᠠᠨ ᠬᠤᠲᠠ︾ ᠶᠢᠨ ᠲᠡᠭᠦᠰ ᠪᠠᠶᠢᠷᠢᠰᠢᠯ᠂ ᠠᠤᠭ᠎ᠠ ᠰᠦᠷᠯᠢᠭ ᠪᠠᠷᠢᠯᠭ᠎ᠠ ᠶᠢᠨ ᠦᠯᠡᠳᠡᠭᠳᠡᠯ ᠨᠢ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠳᠤᠮᠳᠠᠳᠤ ᠤᠯᠤᠰ ᠤᠨ ᠤᠳᠤ ᠪᠤᠯᠲᠠᠯ᠎ᠠ ᠪᠦᠷᠢᠨ ᠪᠦᠲᠦᠨ ᠢᠶᠠᠷ ᠢᠶᠠᠨ ᠬᠠᠳᠠᠭᠠᠯᠠᠭᠳᠠᠵᠤ ᠪᠠᠶᠢᠭ᠎ᠠ ᠬᠠᠮᠤᠭ ᠤᠨ ᠲᠤᠮᠤ ᠲᠠᠯ᠎ᠠ ᠨᠤᠲᠤᠭ ᠤᠨ ᠨᠡᠶᠢᠰᠯᠡᠯ ᠬᠤᠲᠠ ᠶᠢᠨ ᠪᠠᠭᠤᠷᠢ ᠪᠤᠯᠵᠠᠢ᠃        ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠪᠤᠯ ᠤᠯᠤᠰ ᠤᠨ ᠭᠤᠤᠯᠳᠠᠯᠭ᠎ᠠ ᠲᠠᠢ ᠰᠤᠶᠤᠯ ᠤᠨ ᠬᠠᠮᠠᠭᠠᠯᠠᠯᠲᠠ ᠶᠢᠨ ᠨᠢᠭᠡᠴᠡ ᠮᠦᠨ᠂ ᠳᠤᠮᠳᠠᠳᠤ ᠤᠯᠤᠰ ᠤᠨ ᠲᠡᠦᠬᠡᠨ ᠳᠡᠭᠡᠷᠡᠬᠢ ᠤᠳᠤ ᠪᠤᠯᠲᠠᠯ᠎ᠠ ᠪᠦᠷᠢᠨ ᠪᠦᠲᠦᠨ ᠢᠶᠠᠷ ᠢᠶᠠᠨ ᠬᠠᠳᠠᠭᠠᠯᠠᠭᠳᠠᠵᠤ ᠢᠷᠡᠭᠰᠡᠨ ᠴᠤᠷ ᠤᠨ ᠭᠠᠭᠴᠠ ᠲᠦᠪ ᠬᠠᠭᠠᠨᠲᠤ ᠲᠦᠷᠦ ᠶᠢᠨ ᠨᠡᠶᠢᠰᠯᠡᠯ ᠬᠤᠲᠠ ᠶᠢᠨ ᠪᠠᠭᠤᠷᠢ ᠮᠦᠨ᠃ ᠲᠤᠬᠠᠢ ᠶᠢᠨ ᠦᠶ᠎ᠡ ᠳᠤ ᠶᠤᠸᠠᠨ ᠤ ᠳᠡᠭᠡᠳᠦ ᠨᠡᠶᠢᠰᠯᠡᠯ ᠨᠢ ᠳᠤᠮᠳᠠᠳᠤ ᠤᠯᠤᠰ ᠴᠢᠨᠠᠭᠰᠢᠯᠠᠪᠠᠯ ᠳᠡᠯᠡᠬᠡᠢ ᠶᠢᠨ ᠤᠯᠤᠰ ᠲᠦᠷᠦ᠂ ᠠᠵᠤ ᠠᠬᠤᠢ᠂ ᠴᠡᠷᠢᠭ ᠤᠨ ᠶᠠᠪᠤᠳᠠᠯ᠂ ᠰᠤᠶᠤᠯ ᠤᠨ ᠲᠦᠪ ᠤᠨ ᠨᠢᠭᠡ ᠪᠤᠯᠵᠤ ᠪᠠᠶᠢᠭᠰᠠᠨ ᠶᠤᠮ᠃ ᠵᠢᠯ ᠪᠤᠯᠭᠠᠨ ᠤ ᠵᠤᠨ ᠤ ᠡᠬᠢᠨ ᠠᠴᠠ ᠨᠠᠮᠤᠷ ᠤᠨ ᠰᠡᠭᠦᠯᠴᠢ ᠪᠤᠯᠲᠠᠯ᠎ᠠ᠂ ᠬᠠᠭᠠᠨ ᠡᠵᠡᠨ ᠴᠦᠮ ᠠᠳᠡ ᠵᠤᠰᠠᠵᠤ᠂ ᠠᠩ ᠠᠩᠨᠠᠨ᠂ ᠲᠦᠷᠦ ᠶᠢᠨ ᠬᠡᠷᠡᠭ ᠢ ᠰᠢᠳᠬᠡᠵᠦ ᠪᠠᠶᠢᠭᠰᠠᠨ ᠪᠦᠭᠡᠳ ᠪᠠᠷᠠᠯᠠᠬᠤ ᠪᠠᠷ ᠢᠷᠡᠭᠰᠡᠨ ᠡᠯ᠎ᠡ ᠤᠯᠤᠰ ᠤᠨ ᠡᠯᠴᠢ᠂ ᠨᠤᠶᠠᠳ ᠢᠵᠠᠭᠤᠷᠲᠠᠳ ᠪᠠ ᠪᠢᠴᠢᠭ ᠴᠡᠷᠢᠭ ᠤᠨ ᠰᠢᠲᠠᠷ ᠳᠠᠭᠠᠭᠰᠠᠳ ᠴᠦᠮ ᠳᠡᠭᠡᠳᠦ ᠨᠡᠶᠢᠰᠯᠡᠯ ᠳᠤ ᠬᠤᠷᠠᠨ ᠴᠤᠭᠯᠠᠷᠠᠳᠠᠭ ᠪᠠᠶᠢᠵᠠᠢ᠃ ᠮᠠᠷᠺᠦ᠂ ᠫᠤᠯᠤ ᠡᠴᠢᠭᠡ ᠬᠦᠪᠡᠭᠦᠨ ᠬᠤᠶᠠᠭᠤᠯᠠ ᠪᠠᠨ ᠶᠤᠸᠠᠨ ᠤ ᠳᠡᠭᠡᠳᠦ ᠨᠡᠶᠢᠰᠯᠡᠯ ᠤᠨ ᠳᠡᠭᠡᠳᠦ ᠠᠮᠤᠭᠤᠯᠠᠩ ᠬᠠᠷᠰᠢ ᠳᠤ ᠬᠤᠪᠢᠯᠠᠢ ᠬᠠᠭᠠᠨ ᠲᠠᠢ ᠵᠤᠯᠭᠠᠵᠤ ᠪᠠᠶᠢᠭᠰᠠᠨ ᠪᠠ ︽ᠮᠠᠷᠺᠦ᠂ ᠫᠤᠯᠤ ᠶᠢᠨ ᠵᠢᠭᠤᠯᠴᠢᠯᠠᠯ ᠤᠨ ᠲᠡᠮᠳᠡᠭᠯᠡᠯ︾ ᠳᠤ ᠶᠤᠸᠠᠨ ᠤ ᠳᠡᠭᠡᠳᠦ ᠨᠡᠶᠢᠰᠯᠡᠯ ᠤᠨ ᠲᠠᠩᠰᠤᠭ ᠪᠠᠶᠢᠳᠠᠯ ᠢ ᠦᠨᠳᠦᠷ ᠦᠨᠡᠯᠡᠵᠦ᠂ ᠡᠸᠦ᠋ᠷᠦᠫᠡᠴᠦᠳ ᠶᠤᠸᠠᠨ ᠤ ᠳᠡᠭᠡᠳᠦ ᠨᠡᠶᠢᠰᠯᠡᠯ ᠢ ᠳᠤᠷᠤᠨᠠᠳᠠᠬᠢᠨ ᠤ ᠰᠢᠳᠢᠳᠦ ᠬᠤᠲᠠ ᠬᠡᠮᠡᠵᠦ ᠪᠠᠶᠢᠵᠠᠢ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号