ᠳᠡᠯᠡᠬᠡᠢ ᠳᠡᠭᠡᠷᠡᠬᠢ ᠴᠤᠷ ᠤᠨ ᠭᠠᠭᠴᠠ ᠴᠢᠩᠭᠢᠰ ᠬᠠᠭᠠᠨ ᠤ ᠰᠦᠮ᠎ᠡ
ᠨᠡᠶᠢᠲᠡᠯᠡᠭᠰᠡᠨ ᠴᠠᠭ᠄
2017-06-27
       ᠬᠢᠩᠭᠠᠨ ᠠᠶᠢᠮᠠᠭ ᠤᠨ ᠤᠯᠠᠭᠠᠨᠬᠤᠲᠠ ᠶᠢᠨ ᠠᠷᠤ ᠶᠢᠨ ᠠᠭᠤᠯᠠᠨ ᠳᠡᠭᠡᠷ᠎ᠡ ᠪᠠᠶᠢᠷᠢᠯᠠᠵᠤ ᠪᠠᠶᠢᠭ᠎ᠠ ᠴᠢᠩᠭᠢᠰ ᠤᠨ ᠰᠦᠮ᠎ᠡ ᠪᠤᠯ ᠳᠡᠯᠡᠬᠡᠢ ᠶᠢ ᠪᠠᠶᠢᠯᠳᠤᠨ ᠳᠠᠭᠠᠭᠤᠯᠤᠭᠰᠠᠨ ᠴᠢᠩᠭᠢᠰ ᠬᠠᠭᠠᠨ ᠢ ᠳᠤᠷᠠᠰᠬᠠᠬᠤ ᠪᠠᠷ ᠪᠠᠶᠢᠭᠤᠯᠤᠭᠰᠠᠨ ᠳᠡᠯᠡᠬᠡᠢ ᠳᠤ ᠬᠤᠤᠰ ᠦᠭᠡᠢ ᠰᠦᠮ᠎ᠡ ᠪᠤᠯᠤᠨ᠎ᠠ᠃        ᠲᠤᠰ ᠰᠦᠮ᠎ᠡ ᠶᠢ 1940 ᠤᠨ ᠤ 5 ᠰᠠᠷ᠎ᠠ ᠳᠤ ᠡᠬᠢᠯᠡᠨ ᠪᠠᠶᠢᠭᠤᠯᠵᠤ᠂ 1944 ᠤᠨ ᠤ 10 ᠰᠠᠷ᠎ᠠ ᠳᠤ ᠪᠠᠶᠢᠭᠤᠯᠵᠤ ᠳᠠᠭᠤᠰᠬᠠᠵᠠᠢ᠃ ᠪᠦᠬᠦ ᠲᠠᠯᠠᠪᠠᠢ ᠨᠢ 6.8 ᠲᠦᠮᠡᠨ ᠲᠡᠭᠰᠢ ᠳᠦᠷᠪᠡᠯᠵᠢᠨ ᠮᠧᠲᠷ ᠪᠠᠶᠢᠳᠠᠭ᠃ ᠰᠦᠮ᠎ᠡ ᠶᠢᠨ ᠪᠦᠬᠦᠶᠢᠯᠡ ᠪᠠᠷᠢᠯᠭ᠎ᠠ ᠶᠢ ᠬᠢᠲᠠᠳ ᠪᠠᠷᠢᠯᠭ᠎ᠠ ᠶᠢᠨ ᠲᠡᠩᠭᠡᠯᠢᠭ ᠱᠤᠭᠤᠮ ᠳᠠᠭᠠᠭᠤᠯᠤᠨ ᠲᠡᠩᠴᠡᠭᠦᠯᠵᠦ ᠪᠠᠶᠢᠷᠢᠰᠢᠭᠤᠯᠬᠤ ᠠᠷᠭ᠎ᠠ ᠶᠢ ᠬᠡᠷᠡᠭᠯᠡᠵᠦ᠂ ᠳᠤᠮᠳᠠᠬᠢ ᠪᠠᠷᠢᠯᠭ᠎ᠠ ᠦᠨᠳᠦᠷ᠂ ᠬᠤᠶᠠᠷ ᠲᠠᠯ᠎ᠠ ᠶᠢᠨ ᠪᠠᠷᠢᠯᠭ᠎ᠠ ᠶᠢ ᠨᠠᠮ ᠪᠠᠶᠢᠯᠭᠠᠬᠤ ᠬᠡᠪ ᠢᠶᠠᠷ ᠪᠠᠷᠢᠵᠠᠢ᠃ ᠳᠤᠮᠳᠠᠬᠢ ᠭᠤᠤᠯ ᠳᠤᠭᠠᠩ ᠦᠨᠳᠦᠷ ᠢᠶᠠᠷ ᠢᠶᠠᠨ 28 ᠮᠧᠲᠷ᠂ ᠬᠤᠶᠠᠷ ᠵᠢᠭᠦᠷ ᠤᠨ ᠳᠤᠭᠠᠩ ᠨᠢ 16.62 ᠮᠧᠲᠷ᠂ ᠪᠠᠷᠢᠯᠭ᠎ᠠ ᠶᠢᠨ ᠲᠠᠯᠠᠪᠠᠢ ᠨᠢ 822 ᠲᠡᠭᠰᠢ ᠳᠦᠷᠪᠡᠯᠵᠢᠨ ᠮᠧᠲᠷ ᠪᠠᠶᠢᠳᠠᠭ᠃ ᠪᠠᠷᠢᠯᠭ᠎ᠠ ᠶᠢᠨ ᠭᠤᠤᠯ ᠴᠤᠭᠴᠠ ᠨᠢ ᠳᠦᠷᠪᠡᠯᠵᠢᠨ ᠬᠠᠶᠠᠭᠠᠨ ᠤ ᠳᠡᠭᠡᠷ᠎ᠡ ᠪᠦᠮᠪᠦᠷᠢᠭᠡᠨ ᠤᠷᠤᠢ ᠲᠠᠢ᠂ ᠳᠡᠭᠡᠪᠤᠷ ᠢ ᠨᠤᠭᠤᠭᠠᠨ ᠸᠠᠭᠠᠷ ᠢᠶᠠᠷ ᠸᠠᠭᠠᠷᠯᠠᠵᠤ᠂ ᠬᠡᠷᠡᠮ ᠢ ᠨᠢ ᠴᠠᠭᠠᠨ ᠢᠶᠠᠷ ᠦᠩᠭᠡᠯᠡᠵᠡᠢ᠃ ᠲᠤᠰ ᠪᠠᠷᠢᠯᠭ᠎ᠠ ᠮᠤᠩᠭᠤᠯ ᠲᠦᠪᠡᠳ ᠬᠢᠲᠠᠳ ᠪᠠᠷᠢᠯᠭ᠎ᠠ ᠶᠢᠨ ᠤᠨᠴᠠᠯᠢᠭ ᠢ ᠬᠠᠮᠲᠤᠳᠬᠠᠵᠠᠢ᠃ ᠶᠡᠭᠡ ᠳᠤᠭᠠᠩ ᠤᠨ ᠲᠦᠪ ᠳᠤᠮᠳᠠ ᠪᠠᠶᠢᠭ᠎ᠠ ᠭᠠᠨᠳᠢᠭ ᠰᠠᠭᠤᠷᠢᠨ ᠳᠡᠭᠡᠷ᠎ᠡ ᠴᠢᠩᠭᠢᠰ ᠬᠠᠭᠠᠨ ᠤ ᠰᠠᠭᠤᠭ᠎ᠠ ᠬᠦᠷᠦᠭ ᠢ 2.8 ᠮᠧᠲᠷ ᠦᠨᠳᠦᠷ ᠱᠤᠭᠤᠵᠤ ᠲᠠᠯᠪᠢᠵᠠᠢ᠂ ᠲᠤᠰ ᠱᠤᠭᠤᠮᠠᠯ ᠢ ᠪᠤᠯ 2.6 ᠲᠤᠨ ᠭᠠᠤᠯᠢ ᠪᠠᠷ ᠪᠦᠲᠦᠭᠡᠭᠰᠡᠨ ᠶᠤᠮ᠃ ᠱᠤᠭᠤᠮᠠᠯ ᠤᠨ ᠬᠤᠶᠠᠷ ᠲᠠᠯ᠎ᠠ ᠳᠤ ᠶᠤᠸᠠᠨ ᠤᠯᠤᠰ ᠤᠨ ᠦᠶ᠎ᠡ ᠶᠢᠨ ᠵᠠᠷ ᠵᠡᠪᠰᠡᠭ ᠢ ᠲᠠᠯᠪᠢᠵᠤ᠂ ᠪᠠᠷᠠᠭᠤᠨ ᠵᠡᠭᠦᠨ ᠬᠤᠶᠠᠷ ᠵᠢᠭᠦᠷ ᠤᠨ ᠳᠤᠭᠠᠩ ᠳᠤ ᠶᠤᠸᠠᠨ ᠤᠯᠤᠰ ᠤᠨ ᠦᠶ᠎ᠡ ᠶᠢᠨ ᠬᠤᠪᠴᠠᠰᠤ ᠵᠠᠰᠠᠯ᠂ ᠪᠢᠴᠢᠭ ᠰᠡᠯᠳᠡ᠂ ᠡᠳ᠋ᠯᠡᠯ ᠬᠡᠷᠡᠭᠰᠡᠯ ᠵᠡᠷᠭᠡ ᠶᠢ ᠳᠡᠯᠭᠡᠨ ᠦᠵᠡᠭᠦᠯᠵᠦ ᠪᠠᠶᠢᠨ᠎ᠠ᠃ ᠳᠤᠭᠠᠩ ᠤᠳ ᠤᠨ ᠠᠳᠠᠷ ᠳᠡᠭᠡᠷ᠎ᠡ ᠮᠤᠩᠭᠤᠯ ᠬᠡ ᠤᠭᠠᠯᠵᠠ ᠵᠢᠷᠤᠵᠤ᠂ ᠭᠠᠵᠠᠷ ᠳᠡᠭᠡᠷ᠎ᠡ ᠬᠤᠸᠠᠷ ᠲᠠᠢ ᠬᠡᠪᠢᠰ ᠳᠡᠪᠢᠰᠴᠡᠢ᠃ ᠲᠤᠭᠠᠩ ᠤᠨ ᠬᠠᠨᠠᠨ ᠵᠢᠷᠤᠭ ᠲᠤ ᠴᠢᠩᠭᠢᠰ ᠬᠠᠭᠠᠨ ᠤ ᠦᠰᠴᠦ ᠪᠤᠶᠢᠵᠢᠭᠰᠠᠨ ᠶᠠᠪᠤᠴᠠ ᠪᠤᠯᠤᠨ ᠠᠪᠢᠶᠠᠰ ᠴᠢᠳᠠᠪᠤᠷᠢ ᠶᠢ ᠦᠵᠡᠭᠦᠯᠵᠦ᠂ ᠲᠡᠭᠦᠨ ᠤ ᠪᠠᠭᠠᠲᠤᠷ ᠴᠡᠷᠢᠭ ᠢᠶᠠᠨ ᠳᠠᠭᠠᠭᠤᠯᠤᠨ ᠪᠠᠶᠢᠯᠳᠤᠨ ᠶᠠᠪᠤᠵᠤ᠂ ᠶᠤᠸᠠᠨ ᠤ ᠲᠦᠷᠦ ᠶᠢ ᠴᠤᠭᠴᠠᠯᠠᠭᠰᠠᠨ ᠶᠠᠪᠤᠴᠠ ᠶᠢ ᠵᠢᠷᠤᠭᠯᠠᠭᠰᠠᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号