ᠳᠡᠯᠡᠬᠡᠢ ᠳᠡᠭᠡᠷᠡᠬᠢ ᠴᠤᠷ ᠤᠨ ᠭᠠᠭᠴᠠ ᠲᠠᠯ᠎ᠠ ᠨᠤᠲᠤᠭ ᠤᠨ ᠴᠢᠯᠠᠭᠤᠨ ᠠᠭᠤᠢ
ᠨᠡᠶᠢᠲᠡᠯᠡᠭᠰᠡᠨ ᠴᠠᠭ᠄
2017-06-27
       ᠤᠷᠳᠤᠰ ᠤᠨ ᠪᠠᠷᠠᠭᠤᠨ ᠬᠡᠰᠡᠭ ᠤᠨ ᠲᠠᠯ᠎ᠠ ᠨᠤᠲᠤᠭ ᠲᠤ ᠪᠠᠶᠢᠳᠠᠭ ᠠᠷᠵᠠᠢ ᠠᠭᠤᠢ ᠪᠤᠯ ᠳᠡᠯᠡᠬᠡᠢ ᠳᠤ ᠬᠤᠤᠰ ᠦᠭᠡᠢ ᠲᠠᠯ᠎ᠠ ᠨᠤᠲᠤᠭ ᠤᠨ ᠴᠢᠯᠠᠭᠤᠨ ᠠᠭᠤᠢ ᠮᠦᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠢᠯᠢ ᠲᠤᠲᠤᠷ᠎ᠠ ᠠᠴᠠ ᠢᠯᠡᠷᠡᠭᠦᠯᠦᠭᠰᠡᠨ ᠬᠡᠪᠴᠢᠶ᠎ᠡ ᠪᠠᠷ ᠬᠠᠮᠤᠭ ᠤᠨ ᠶᠡᠭᠡ ᠴᠢᠯᠠᠭᠤᠨ ᠠᠭᠤᠢ ᠶᠢᠨ ᠪᠠᠷᠢᠯᠭ᠎ᠠ ᠶᠢᠨ ᠰᠦᠷᠦᠭ ᠮᠦᠨ᠃        ᠠᠷᠵᠠᠢ ᠠᠭᠤᠢ ᠪᠤᠯ ᠳᠤᠮᠳᠠᠳᠤ ᠤᠯᠤᠰ ᠤᠨ ᠴᠠᠭᠠᠨ ᠬᠡᠷᠡᠮ ᠠᠴᠠ ᠤᠮᠠᠷᠠᠰᠢᠬᠢ ᠲᠠᠯ᠎ᠠ ᠨᠤᠲᠤᠭ ᠲᠤ ︽ᠦᠯᠡᠳᠡᠭᠳᠡᠵᠦ ᠢᠷᠡᠭᠰᠡᠨ ᠴᠤᠷ ᠤᠨ ᠭᠠᠭᠴᠠ ᠰᠡᠭᠦᠯᠴᠢ ᠶᠢᠨ ᠦᠶ᠎ᠡ ᠶᠢᠨ ᠪᠤᠷᠬᠠᠨ ᠱᠠᠰᠢᠨ ᠤ ᠴᠢᠯᠠᠭᠤᠨ ᠠᠭᠤᠢ︾ ᠮᠦᠨ ᠪᠠᠶᠢᠵᠤ᠂ ︽ᠮᠢᠩᠭᠠᠨ ᠨᠢᠳᠤᠲᠤ ᠠᠭᠤᠢ︾ ᠭᠡᠮᠡᠭᠳᠡᠳᠡᠭ᠂ ᠠᠷᠵᠠᠢ ᠠᠭᠤᠢ ᠨᠢ ᠤᠷᠳᠤᠰ ᠬᠤᠲᠠ ᠶᠢᠨ ᠤᠲᠤᠭ ᠬᠤᠰᠢᠭᠤᠨ ᠤ ᠭᠦᠨ ᠴᠢᠷᠭ᠎ᠠ ᠰᠤᠮᠤᠨ ᠤ ᠪᠠᠷᠠᠭᠤᠨ ᠡᠮᠦᠨ᠎ᠡ 30 ᠺᠢᠯᠦᠮᠧᠲᠷ ᠵᠠᠶᠢᠲᠠᠢ ᠪᠠᠶᠢᠳᠠᠭ᠃ ᠨᠡᠯᠦᠭᠡᠷ ᠶᠡᠭᠡ ᠭᠤᠪᠢ ᠨᠤᠲᠤᠭ ᠲᠤ ᠦᠨᠦᠴᠢᠨ ᠤᠯᠠᠭᠠᠨ ᠬᠠᠳᠠ ᠰᠦᠭᠯᠡᠶᠢᠵᠦ ᠬᠠᠷᠠᠭᠳᠠᠨ᠎ᠠ᠃ ᠡᠨᠡ ᠬᠠᠳᠠ ᠵᠡᠭᠦᠨᠰᠢ ᠪᠠᠷᠠᠭᠤᠨᠰᠢ ᠪᠠᠨ ᠪᠠᠷᠤᠭ 400 ᠮᠧᠲᠷ᠂ ᠡᠮᠦᠨᠡᠰᠢ ᠤᠮᠠᠷᠠᠰᠢ ᠪᠠᠨ ᠪᠠᠷᠤᠭ 200 ᠮᠧᠲᠷ ᠦᠷᠭᠦᠯᠵᠢᠯᠡᠨ᠂ ᠭᠠᠵᠠᠷ ᠤᠨ ᠭᠠᠳᠠᠷᠭᠤ ᠠᠴᠠ 40 ᠭᠠᠷᠤᠢ ᠮᠧᠲᠷ ᠦᠨᠳᠦᠷ ᠪᠠᠶᠢᠵᠤ᠂ ᠡᠭ᠍ᠴᠡ ᠠᠰᠬ᠎ᠠ ᠬᠠᠳᠠᠨ ᠳᠡᠭᠡᠷ᠎ᠡ ᠨᠢ ᠶᠡᠭᠡ ᠪᠠᠭ᠎ᠠ 49 ᠠᠭᠤᠢ ᠲᠠᠢ ᠪᠠᠶᠢᠳᠠᠭ᠃        ᠠᠩᠬ᠎ᠠ ᠠᠯᠬᠤᠮ ᠰᠤᠳᠤᠯᠤᠭᠰᠠᠨ ᠢᠶᠠᠷ᠂ ᠲᠤᠰ ᠴᠢᠯᠠᠭᠤᠨ ᠠᠭᠤᠢ ᠶᠢ ᠪᠠᠷᠠᠭᠤᠨ ᠰᠢᠶᠠ ᠤᠯᠤᠰ ᠤᠨ ᠦᠶ᠎ᠡ ᠳᠤ ᠡᠬᠢᠯᠡᠵᠦ ᠤᠬᠤᠭᠰᠠᠨ ᠪᠦᠬᠡᠳ ᠶᠤᠸᠠᠨ ᠤᠯᠤᠰ ᠤᠨ ᠦᠶ᠎ᠡ ᠳᠤ ᠤᠷᠬᠢᠯ ᠳᠠᠭᠠᠨ ᠲᠤᠯᠵᠤ᠂ ᠮᠢᠩ ᠤᠯᠤᠰ ᠤᠨ ᠦᠶ᠎ᠡ ᠬᠦᠷᠲᠡᠯ᠎ᠡ ᠬᠡᠷᠡᠭᠯᠡᠵᠦ ᠪᠠᠶᠢᠵᠠᠢ᠃ ᠠᠭᠤᠢ ᠳᠤᠲᠤᠷ᠎ᠠ ᠮᠢᠩᠭ᠎ᠠ ᠰᠢᠬᠠᠮ ᠲᠡᠭᠰᠢ ᠳᠦᠷᠪᠡᠯᠵᠢᠨ ᠮᠧᠲᠷ ᠤᠨ ᠦᠩᠭᠡᠲᠦ ᠬᠠᠳᠠᠨ ᠵᠢᠷᠤᠭ ᠲᠠᠢ ᠪᠦᠭᠡᠳ ᠤᠯᠠᠩᠬᠢ ᠬᠠᠳᠠᠨ ᠵᠢᠷᠤᠭ ᠨᠢ ᠲᠦᠪᠡᠳ ᠤᠨ ᠪᠤᠷᠬᠠᠨ ᠱᠠᠰᠢᠨ ᠤ ᠰᠢᠰᠲ᠋ᠧᠮ ᠳᠤ ᠲᠤᠭᠠᠴᠠᠭᠳᠠᠨ᠎ᠠ᠂ ᠲᠤᠶᠢᠯ ᠤᠨ ᠶᠡᠭᠡ ᠲᠡᠦᠬᠡᠨ ᠦᠷᠲᠡᠭ ᠪᠠ ᠭᠤᠸ᠎ᠠ ᠲᠠᠭᠠᠰᠢᠶᠠᠯ ᠤᠨ ᠦᠷᠲᠡᠭ ᠲᠠᠢ ᠪᠠᠶᠢᠳᠠᠭ᠃ ᠠᠭᠤᠢ ᠲᠤᠲᠤᠷ᠎ᠠ ᠬᠠᠳᠠᠭᠠᠯᠠᠭᠳᠠᠵᠤ ᠢᠷᠡᠭᠰᠡᠨ ᠲᠦᠪᠡᠳ ᠦᠰᠦᠭ᠂ ᠤᠶᠢᠭᠤᠷᠵᠢᠨ ᠮᠤᠩᠭᠤᠯ ᠦᠰᠦᠭ ᠤᠨ ᠬᠠᠵᠠᠭᠤ ᠶᠢᠨ ᠪᠢᠴᠢᠭᠡᠰᠦ ᠨᠢ ᠡᠷᠲᠡᠨ ᠤ ᠦᠨᠳᠦᠰᠦᠲᠡᠨ ᠨᠦᠭᠦᠳ ᠤᠨ ᠬᠤᠭᠤᠷᠤᠨᠳᠤᠬᠢ ᠰᠤᠶᠤᠯ ᠤᠨ ᠰᠤᠯᠢᠯᠴᠠᠭ᠎ᠠ ᠶᠢ ᠲᠤᠰᠬᠠᠵᠤ ᠪᠠᠶᠢᠳᠠᠭ᠃ ᠠᠷᠵᠠᠢ ᠠᠭᠤᠢ ᠨᠢ ︽ᠲᠠᠯ᠎ᠠ ᠨᠤᠲᠤᠭ ᠤᠨ ᠳ᠋ᠦᠨᠬᠤᠸᠠᠩ︾ ᠭᠡᠮᠡᠨ ᠠᠯᠳᠠᠷᠰᠢᠵᠤ᠂ ᠳᠤᠮᠳᠠᠳᠤ ᠤᠯᠤᠰ ᠤᠨ ᠠᠭᠤᠢ ᠶᠢᠨ ᠰᠤᠶᠤᠯ ᠳᠤᠮᠳᠠ ᠴᠢᠬᠤᠯᠠ ᠪᠠᠶᠢᠷᠢ ᠰᠠᠭᠤᠷᠢ ᠶᠢ ᠡᠵᠡᠯᠡᠵᠦ ᠪᠠᠶᠢᠳᠠᠭ ᠪᠦᠭᠡᠳ ᠤᠳᠤ ᠨᠢᠭᠡᠨᠲᠡ ᠪᠦᠬᠦ ᠤᠯᠤᠰ ᠤᠨ ᠭᠤᠤᠯᠳᠠᠯᠭ᠎ᠠ ᠲᠠᠢ ᠲᠡᠦᠬᠡᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠳᠤ ᠵᠢᠭᠰᠠᠭᠠᠭᠳᠠᠵᠠᠢ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号