| ᠲᠦᠷᠦᠭᠦᠬᠡᠨ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠡᠮ ᠡᠮᠨᠡᠯᠭᠡ ᠡᠷᠡᠭᠦᠯ | ᠬᠠᠮᠠᠭᠠᠯᠠᠯ ᠤᠨ ᠪᠦᠲᠦᠴᠡ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ 2017 ᠤᠨ ᠤ ᠭᠤᠤᠯᠳᠠᠯᠭ᠎ᠠ ᠲᠠᠢ | ᠠᠵᠢᠯ ᠤᠨ ᠡᠭᠦᠷᠭᠡ︾ ︵ᠳᠤᠷᠤᠭᠰᠢ ︽ᠠᠵᠢᠯ ᠤᠨ ᠡᠭᠦᠷᠭᠡ︾ ᠭᠡᠵᠦ ᠳᠦᠭᠦᠮᠴᠢᠯᠡᠨ᠎ᠡ︶ ᠶᠢ ᠳᠠᠷᠤᠮᠠᠯᠯᠠᠨ | ᠲᠠᠷᠬᠠᠭᠠᠵᠤ᠂ ᠱᠠᠲᠤ ᠬᠤᠪᠢᠶᠠᠨ ᠤᠨᠤᠰᠢᠯᠠᠨ ᠡᠮᠨᠡᠬᠦ᠂ ᠤᠳᠤᠬᠢᠴᠢᠯᠠᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ | ᠂ ᠪᠦᠬᠦ ᠠᠷᠠᠳ ᠤᠨ ᠡᠮ ᠡᠮᠨᠡᠯᠭᠡ ᠶᠢᠨ ᠳᠠᠭᠠᠳᠬᠠᠯ᠂ ᠡᠮ ᠤᠨ ᠵᠦᠢᠯᠡᠰ ᠤᠨ ᠬᠠᠩᠭᠠᠯᠭ᠎ᠠ ᠶᠢ ᠪᠠᠲᠤᠯᠠᠬᠤ᠂ | ᠶᠡᠷᠦᠩᠬᠡᠶᠢᠯᠡᠨ ᠬᠢᠨᠠᠨ ᠬᠠᠮᠢᠶᠠᠷᠬᠤ 5 ᠲᠦᠷᠦᠯ ᠤᠨ ᠳᠦᠷᠢᠮ ᠤᠨ ᠪᠠᠶᠢᠭᠤᠯᠤᠯᠲᠠ ᠶᠢ ᠬᠦᠴᠦᠨ ᠲᠠᠢ ᠠᠬᠢᠭᠤᠯᠤᠨ᠂ | ᠡᠮ ᠡᠮᠨᠡᠯᠭᠡ ᠶᠢᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠱᠠᠭᠠᠷᠳᠠᠪᠠ᠃ | ︽ᠠᠵᠢᠯ ᠤᠨ ᠡᠭᠦᠷᠭᠡ︾ ᠳᠤ ᠲᠤᠳᠤᠷᠬᠠᠶᠢᠯᠠᠭᠰᠠᠨ ᠢᠶᠠᠷ᠂ 2017 ᠤᠨ ᠳᠤ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢ ᠨᠡᠶᠢᠯᠡᠭᠦᠯᠵᠦ᠂ | ᠪᠦᠷᠬᠦᠯᠲᠡ ᠶᠢᠨ ᠬᠡᠪᠴᠢᠶ᠎ᠡ᠂ ᠪᠡᠯᠡ ᠴᠤᠭᠯᠠᠭᠤᠯᠬᠤ ᠲᠦᠷᠦ ᠶᠢᠨ ᠪᠤᠳᠤᠯᠭ᠎ᠠ᠂ ᠪᠠᠲᠤᠯᠠᠭᠠᠨ ᠤ ᠬᠠᠷᠠᠭᠠᠯᠵᠠᠯ᠂ ᠡᠮ | ᠡᠮᠨᠡᠯᠭᠡ ᠶᠢᠨ ᠳᠠᠭᠠᠳᠬᠠᠯ ᠤᠨ ᠭᠠᠷᠴᠠᠭ᠂ ᠲᠤᠭᠲᠠᠭᠰᠠᠨ ᠴᠡᠭ ᠤᠨ ᠬᠠᠮᠢᠶᠠᠷᠤᠯᠲᠠ᠂ ᠰᠠᠭᠤᠷᠢ ᠮᠦᠩᠭᠦᠨ ᠤ | ᠬᠠᠮᠢᠶᠠᠷᠤᠯᠲᠠ ︽ᠵᠢᠷᠭᠤᠭ᠎ᠠ ᠶᠢ ᠨᠢᠭᠡᠲᠦᠭᠦᠯᠬᠦ︾ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ | ᠬᠠᠮᠢᠶᠠᠷᠤᠯᠲᠠ ᠶᠢᠨ ᠪᠦᠲᠦᠴᠡ ᠶᠢ ᠲᠤᠬᠢᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦᠨ ᠤ | ᠬᠠᠮᠢᠶᠠᠷᠤᠯᠲᠠ ᠶᠢᠨ ᠲᠦᠪ ᠤᠨ ᠲᠤᠷᠰᠢᠯᠲᠠ ᠶᠢᠨ ᠴᠡᠭ ᠤᠨ ᠠᠵᠢᠯ ᠢ ᠦᠷᠨᠢᠭᠦᠯᠦᠨ᠂ ᠰᠠᠭᠤᠷᠢ ᠮᠦᠩᠭᠦ ᠶᠢᠨ | ᠬᠡᠷᠡᠭᠯᠡᠯᠲᠡ ᠪᠠ ᠬᠠᠮᠢᠶᠠᠷᠤᠯᠲᠠ᠂ ᠡᠮ ᠤᠨ ᠵᠦᠢᠯᠡᠰ ᠢ ᠬᠤᠳᠠᠯᠳᠤᠨ ᠤᠷᠤᠭᠤᠯᠬᠤ ᠪᠠ ᠰᠦᠢᠳᠬᠡᠯ ᠢ ᠲᠠᠰᠤᠯᠤᠨ | ᠪᠤᠳᠤᠬᠤ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠤᠨ ᠪᠠᠷᠢᠮᠵᠢᠶᠠᠨ ᠤ ᠬᠡᠯᠡᠯᠴᠡᠭᠡᠷ ᠬᠢᠬᠦ᠂ ᠲᠤᠭᠲᠠᠭᠰᠠᠨ | ᠴᠡᠭ ᠤᠨ ᠪᠠᠶᠢᠭᠤᠯᠤᠮᠵᠢ ᠶᠢᠨ ᠵᠦᠪᠳᠡᠯᠴᠡᠭᠡᠷ ᠤᠨ ᠬᠠᠮᠢᠶᠠᠷᠤᠯᠲᠠ ᠪᠠ ᠲᠠᠰᠤᠯᠤᠨ ᠪᠤᠳᠤᠬᠤ ᠵᠡᠷᠭᠡ ᠡᠭᠦᠷᠭᠡ | ᠬᠠᠷᠢᠭᠤᠴᠠᠯᠭ᠎ᠠ ᠶᠢ ᠬᠠᠷᠢᠭᠤᠴᠠᠭᠤᠯᠬᠤ ᠪᠤᠯᠤᠨ᠎ᠠ ᠭᠡᠪᠡ᠃ | ᠤᠶᠢᠯᠠᠭᠠᠭᠰᠠᠨ ᠢᠶᠠᠷ᠂ 2017 ᠤᠨ ᠳᠤ᠂ ᠠᠯᠪᠠᠨ ᠤ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠲᠡ ᠶᠢ | ᠪᠦᠬᠦ ᠤᠯᠤᠰ ᠲᠤ ᠬᠡᠷᠡᠭᠵᠢᠭᠦᠯᠵᠦ᠂ ᠡᠮ ᠤᠨ ᠵᠦᠢᠯᠡᠰ ᠤᠨ ᠦᠪᠡᠷ ᠤᠨ ᠦᠷᠲᠡᠭ ᠤᠨ ᠨᠡᠮᠡᠭᠳᠡᠯ ᠢ ᠨᠢ ᠬᠦᠴᠦᠨ | ᠦᠭᠡᠢ ᠪᠤᠯᠭᠠᠭᠰᠠᠨ ᠤ ᠳᠠᠷᠠᠭᠠᠬᠢ ᠠᠯᠪᠠᠨ ᠤ ᠡᠮᠨᠡᠯᠭᠡ ᠶᠢᠨ ᠬᠤᠷᠢᠶᠠᠨ ᠤ ᠤᠷᠤᠯᠭ᠎ᠠ ᠶᠢᠨ ᠪᠦᠲᠦᠴᠡ ᠶᠢᠨ | ᠬᠤᠪᠢᠷᠠᠯᠲᠠ ᠳᠤ ᠴᠢᠭᠯᠡᠭᠦᠯᠦᠨ᠂ ᠲᠦᠪ ᠤᠨ ᠡᠳ᠋ ᠤᠨ ᠵᠠᠰᠠᠭ ᠠᠴᠠ ᠰᠢᠶᠠᠨ ᠪᠦᠷᠢ 300 ᠲᠦᠮᠡᠨ ᠲᠦᠭᠦᠷᠢᠭ᠂ | ᠰᠢᠨ᠎ᠡ ᠪᠠᠷ ᠨᠡᠮᠡᠭᠳᠡᠭᠰᠡᠨ ᠲᠤᠷᠰᠢᠯᠲᠠ ᠶᠢᠨ ᠴᠡᠭ ᠤᠨ ᠬᠤᠲᠠ ᠪᠦᠷᠢ 2000 ᠲᠦᠮᠡᠨ ᠲᠦᠭᠦᠷᠢᠭ᠂ ᠬᠤᠲᠠ ᠶᠢᠨ | ᠬᠠᠷᠢᠶ᠎ᠠ ᠲᠤᠭᠤᠷᠢᠭ ᠪᠦᠷᠢ 100 ᠲᠦᠮᠡᠨ ᠲᠦᠭᠦᠷᠢᠭ ᠤᠨ ᠪᠠᠷᠢᠮᠵᠢᠶ᠎ᠠ ᠪᠠᠷ ᠨᠦᠬᠦᠪᠦᠷᠢ ᠤᠯᠭᠤᠬᠤ ᠪᠡᠯᠡ | ᠮᠦᠩᠭᠦ ᠶᠢ ᠦᠷᠭᠦᠯᠵᠢᠯᠡᠨ ᠲᠤᠬᠢᠷᠠᠭᠤᠯᠬᠤ ᠪᠤᠯᠤᠨ᠎ᠠ᠃ | ︽ᠠᠵᠢᠯ ᠤᠨ ᠡᠭᠦᠷᠭᠡ︾ ᠳᠤ ᠳᠤᠷᠠᠳᠤᠭᠰᠠᠨ ᠢᠶᠠᠷ᠂ ᠱᠠᠲᠤ ᠬᠤᠪᠢᠶᠠᠨ ᠡᠮᠴᠢᠯᠡᠬᠦ ᠲᠤᠷᠰᠢᠯᠲᠠ ᠶᠢᠨ ᠴᠡᠭ | ᠪᠠ ᠭᠡᠷ ᠪᠦᠯᠢ ᠶᠢᠨ ᠡᠮᠴᠢ ᠶᠢᠨ ᠭᠡᠷ᠎ᠡ ᠲᠠᠢ ᠦᠢᠯᠡᠴᠢᠯᠡᠭᠡ ᠶᠢ 85% ᠠᠴᠠ ᠳᠡᠭᠡᠭᠰᠢᠬᠢ ᠬᠤᠲᠠ ᠬᠦᠷᠲᠡᠯ᠎ᠡ | ᠦᠷᠭᠡᠳᠬᠡᠨ᠂ ᠭᠡᠷ ᠪᠦᠯᠢ ᠶᠢᠨ ᠡᠮᠴᠢ ᠶᠢᠨ ᠭᠤᠤᠯᠳᠠᠯᠭ᠎ᠠ ᠲᠠᠢ ᠬᠦᠮᠦᠰ ᠤᠨ ᠭᠡᠷ᠎ᠡ ᠲᠠᠢ ᠦᠢᠯᠡᠴᠢᠯᠡᠭᠡ ᠶᠢᠨ | ᠪᠦᠷᠬᠦᠴᠡ ᠶᠢ 60% ᠠᠴᠠ ᠳᠡᠭᠡᠭᠰᠢ ᠳᠤ ᠬᠦᠷᠭᠡᠬᠦ ᠪᠤᠯᠤᠨ᠎ᠠ᠃ ᠡᠭᠦᠨ ᠠᠴᠠ ᠭᠠᠳᠠᠨ᠎ᠠ᠂ ᠤᠯᠠᠨ ᠬᠡᠯᠪᠡᠷᠢ ᠶᠢᠨ | ᠡᠮᠴᠢᠯᠡᠭᠡᠨ ᠤ ᠬᠤᠯᠪᠤᠭᠠᠲᠤ ᠴᠤᠭᠴᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠡᠬᠢᠯᠡᠭᠦᠯᠦᠨ᠎ᠡ᠃ 2017 ᠤᠨ ᠤ 6 ᠰᠠᠷ᠎ᠠ ᠶᠢᠨ ᠡᠴᠦᠰ ᠠᠴᠠ ᠡᠮᠦᠨ᠎ᠡ ᠡᠯ᠎ᠡ ᠮᠤᠵᠢ ︵ᠦᠪᠡᠷᠲᠡᠭᠡᠨ | ᠵᠠᠰᠠᠬᠤ ᠤᠷᠤᠨ᠂ ᠬᠤᠲᠠ︶ ᠡᠮᠴᠢᠯᠡᠭᠡᠨ ᠤ ᠬᠤᠯᠪᠤᠭᠠᠲᠤ ᠴᠤᠭᠴᠠ ᠶᠢᠨ ᠪᠦᠲᠦᠭᠡᠨ ᠪᠠᠶᠢᠭᠤᠯᠤᠯᠲᠠ ᠶᠢᠨ | ᠲᠦᠰᠦᠯ ᠢ ᠲᠤᠳᠤᠷᠬᠠᠢ ᠠᠬᠢᠭᠤᠯᠬᠤ ᠬᠡᠷᠡᠭᠲᠡᠢ᠃ ᠶᠡᠷᠦᠩᠬᠡᠶᠢᠯᠡᠭᠰᠡᠨ ᠡᠮ ᠡᠮᠨᠡᠯᠭᠡ ᠶᠢᠨ ᠦᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠤᠨ ᠮᠤᠵᠢ ᠶᠢᠨ ᠭᠠᠵᠠᠷ ᠤᠨ ᠳᠡᠰ ᠤᠨ ᠬᠤᠲᠠ ᠵᠢᠴᠢ ᠱᠠᠲᠤ ᠬᠤᠪᠢᠶᠠᠨ ᠡᠮᠴᠢᠯᠡᠬᠦ | ᠲᠤᠷᠰᠢᠯᠲᠠ ᠶᠢᠨ ᠴᠡᠭ ᠤᠨ ᠬᠤᠲᠠ ᠳᠤ ᠨᠠᠭᠠᠲᠤ ᠵᠠᠬ᠎ᠠ ᠳᠠᠭᠠᠨ ᠨᠢᠭᠡ ᠢᠯᠡᠳᠲᠡ ᠦᠷ᠎ᠡ ᠠᠰᠢᠭᠲᠠᠢ ᠡᠮᠴᠢᠯᠡᠭᠡᠨ ᠤ | ᠬᠤᠯᠪᠤᠭᠠᠲᠤ ᠴᠤᠭᠴᠠ ᠶᠢ ᠪᠠᠶᠢᠭᠤᠯᠬᠤ ᠬᠡᠷᠡᠭᠲᠡᠢ᠃ ᠭᠤᠷᠪᠠᠨ ᠱᠠᠲᠤᠨ ᠤ ᠠᠯᠪᠠᠨ ᠤ ᠡᠮᠨᠡᠯᠭᠡ ᠶᠢᠨ ᠬᠤᠷᠢᠶ᠎ᠠ | ᠪᠦᠬᠦᠨ ᠢᠶᠠᠷ ᠢᠶᠠᠨ ᠤᠷᠤᠯᠴᠠᠬᠤ ᠶᠢᠨ ᠬᠠᠮᠲᠤ ᠳᠠᠭᠠᠭᠤᠯᠬᠤ ᠦᠢᠯᠡᠳᠦᠯ ᠦᠵᠡᠭᠦᠯᠵᠦ᠂ ᠰᠢᠯᠢᠳᠡᠭ ᠴᠢᠨᠠᠷ ᠤᠨ | ᠡᠮᠴᠢᠯᠡᠭᠡᠨ ᠤ ᠡᠬᠢ ᠪᠠᠶᠠᠯᠢᠭ ᠢ ᠳᠡᠭᠡᠭᠰᠢ ᠳᠤᠷᠤᠭᠰᠢ ᠨᠡᠪᠲᠡᠷᠡᠭᠦᠯᠦᠭᠰᠡᠨ ᠦᠨᠡᠯᠡᠨ ᠰᠢᠯᠭᠠᠬᠤ ᠪᠠ | ᠵᠤᠷᠢᠭᠵᠢᠭᠤᠯᠤᠯ ᠤᠨ ᠲᠤᠭᠲᠠᠴᠠ ᠶᠢ ᠪᠠᠶᠢᠭᠤᠯᠬᠤ ᠬᠡᠷᠡᠭᠲᠡᠢ᠃ ᠭᠤᠯᠳᠤ ᠴᠢᠭᠯᠡᠯ ᠤᠨ ᠬᠠᠮᠲᠤᠷᠠᠯᠴᠠᠭᠠᠨ ᠤ | ᠡᠮᠴᠢᠯᠡᠭᠡᠨ ᠤ ᠬᠤᠯᠪᠤᠭᠠᠲᠤ ᠴᠤᠭᠴᠠ ᠵᠡᠷᠭᠡ ᠬᠤᠪᠢᠶᠠᠷᠢᠯᠠᠨ ᠬᠠᠮᠵᠢᠯᠴᠠᠬᠤ ᠵᠠᠭᠪᠤᠷ ᠢ ᠬᠡᠷᠡᠭᠵᠢᠭᠦᠯᠦᠭᠰᠡᠨ ᠡᠮ | ᠡᠮᠨᠡᠯᠭᠡ ᠶᠢᠨ ᠳᠠᠭᠠᠳᠬᠠᠯ ᠤᠨ ᠶᠡᠷᠦᠩᠬᠡᠢ ᠨᠤᠷᠮ᠎ᠠ ᠪᠠᠷ ᠰᠦᠢᠳᠬᠡᠯ ᠲᠤᠰᠢᠶᠠᠬᠤ ᠵᠡᠷᠭᠡ ᠤᠯᠠᠨ ᠵᠦᠢᠯ ᠤᠨ ᠠᠷᠭ᠎ᠠ | ᠬᠡᠯᠪᠡᠷᠢ ᠶᠢ ᠰᠦᠪᠡᠭᠴᠢᠯᠡᠨ᠂ ᠡᠮᠴᠢᠯᠡᠭᠡᠨ ᠤ ᠬᠤᠯᠪᠤᠭᠠᠲᠤ ᠴᠤᠭᠴᠠ ᠶᠢ ᠦᠢᠯᠡᠴᠢᠯᠡᠭᠡᠨ ᠤ ᠬᠠᠮᠲᠤ ᠶᠢᠨ ᠴᠤᠭᠴᠠ᠂ | ᠬᠠᠷᠢᠭᠤᠴᠠᠯᠭ᠎ᠠ ᠶᠢᠨ ᠬᠠᠮᠲᠤ ᠶᠢᠨ ᠴᠤᠭᠴᠠ᠂ ᠠᠰᠢᠭ ᠲᠤᠰᠠ ᠶᠢᠨ ᠬᠠᠮᠲᠤ ᠶᠢᠨ ᠴᠤᠭᠴᠠ᠂ ᠬᠠᠮᠢᠶᠠᠷᠤᠯᠲᠠ ᠶᠢᠨ | ᠬᠠᠮᠲᠤ ᠶᠢᠨ ᠴᠤᠭᠴᠠ ᠪᠤᠯᠭᠠᠬᠤ ᠬᠡᠷᠡᠭᠲᠡᠢ ᠭᠡᠪᠡ᠃ |