| | | | ᠰᠤᠷᠪᠤᠯᠵᠢᠠᠯᠭᠴᠢ ᠦᠪᠡᠷᠲᠡᠭᠡᠨ ᠵᠠᠰᠠᠬᠤ ᠤᠷᠤᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ | ᠡᠯᠰᠡᠬᠦ ᠰᠢᠯᠭᠠᠯᠲᠠ ᠶᠢᠨ ᠲᠦᠪ ᠠᠴᠠ ᠤᠶᠢᠯᠠᠭᠠᠭᠰᠠᠨ ᠢᠶᠠᠷ᠂ ᠮᠠᠨ ᠤ ᠤᠷᠤᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ | ᠵᠢᠩᠬᠢᠨᠢ ᠠᠩᠭᠢ ᠶᠢᠨ ᠰᠤᠷᠤᠭᠴᠢ ᠡᠯᠰᠡᠬᠦ ᠠᠵᠢᠯ 7 ᠰᠠᠷ᠎ᠠ ᠶᠢᠨ 16 ᠤ ᠡᠳᠦᠷ ᠳᠠᠭᠤᠰᠴᠤ᠂ ᠤᠷᠤᠨ ᠤ ᠲᠤᠲᠤᠨ᠎ᠠ | ᠭᠠᠳᠠᠨᠠᠬᠢ 295 ᠶᠡᠭᠡ ᠳᠡᠭᠡᠳᠦ ᠰᠤᠷᠭᠠᠭᠤᠯᠢ ᠮᠠᠨ ᠤ ᠤᠷᠤᠨ ᠠᠴᠠ ᠨᠡᠶᠢᠲᠡ 26036 ᠰᠤᠷᠤᠭᠴᠢ ᠡᠯᠰᠡᠵᠡᠢ᠃ | ᠮᠠᠨ ᠤ ᠤᠷᠤᠨ ᠤ ᠰᠤᠷᠤᠭᠴᠢ ᠡᠯᠰᠡᠬᠦ ᠰᠢᠯᠭᠠᠯᠲᠠ ᠶᠢᠨ ᠲᠦᠪ ᠤᠨ ᠢᠳᠡᠪᠬᠢᠲᠡᠢ ᠵᠤᠬᠢᠴᠠᠭᠤᠯᠭ᠎ᠠ ᠳᠤᠤᠷ᠎ᠠ᠂ ᠡᠨᠡ | ᠵᠢᠯ ᠤᠷᠤᠨ ᠤ ᠭᠠᠳᠠᠨᠠᠬᠢ 75 ᠶᠡᠭᠡ ᠳᠡᠭᠡᠳᠦ ᠰᠤᠷᠭᠠᠭᠤᠯᠢ ᠮᠠᠨ ᠤ ᠤᠷᠤᠨ ᠠᠴᠠ ᠨᠡᠮᠡᠵᠦ ᠡᠯᠰᠡᠬᠦ ᠲᠦᠯᠦᠪᠵᠢᠭᠦᠯᠭᠡ ᠶᠢ | ᠬᠡᠷᠡᠭᠵᠢᠭᠦᠯᠵᠦ᠂ ᠨᠡᠶᠢᠲᠡ 175 ᠬᠦᠮᠦᠨ ᠨᠡᠮᠡᠵᠦ ᠡᠯᠰᠡᠵᠦ᠂ ᠨᠢᠭᠡᠳᠦᠭᠡᠷ ᠪᠦᠯᠦᠭ ᠵᠢᠩᠬᠢᠨᠢ ᠠᠩᠭᠢ ᠶᠢᠨ ᠶᠡᠭᠡ ᠳᠡᠭᠡᠳᠦ | ᠰᠤᠷᠭᠠᠭᠤᠯᠢ ᠶᠢᠨ ᠡᠯᠰᠡᠯᠲᠡ ᠶᠢᠨ ᠨᠤᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠷ ᠬᠤᠪᠢ ᠤᠯᠤᠭᠰᠠᠨ | ᠰᠤᠷᠤᠭᠴᠢ ᠶᠢᠨ ᠭᠤᠭᠤᠵᠢᠯᠲᠠ ᠶᠢᠨ ᠨᠤᠷᠮ᠎ᠠ ᠶᠢ ᠪᠠᠭᠠᠰᠬᠠᠵᠤ ᠴᠢᠳᠠᠭᠰᠠᠨ ᠪᠠᠶᠢᠨ᠎ᠠ᠃ | ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠰᠤᠷᠤᠭᠴᠢ ᠡᠯᠰᠡᠯᠲᠡ ᠨᠢ ᠬᠤᠶᠠᠷ ᠤᠳᠠᠭ᠎ᠠ ᠬᠤᠪᠢᠶᠠᠨ | ᠶᠠᠪᠤᠭᠳᠠᠵᠤ᠂ 7 ᠰᠠᠷ᠎ᠠ ᠶᠢᠨ 13 ᠤ ᠡᠳᠦᠷ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠨᠢᠭᠡᠳᠦᠭᠡᠷ ᠤᠳᠠᠭᠠᠨ ᠤ | ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠠᠵᠢᠯ ᠶᠠᠪᠤᠭᠳᠠᠵᠤ᠂ ᠨᠡᠶᠢᠲᠡ 23814 ᠰᠤᠷᠤᠭᠴᠢ ᠡᠯᠰᠡᠭᠳᠡᠵᠦ᠂ 7 | ᠰᠠᠷ᠎ᠠ ᠶᠢᠨ 16 ᠤ ᠡᠳᠦᠷ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠬᠤᠶᠠᠳᠤᠭᠠᠷ ᠤᠳᠠᠭᠠᠨ ᠤ ᠰᠤᠷᠤᠭᠴᠢ ᠡᠯᠰᠡᠬᠦ | ᠠᠵᠢᠯ ᠶᠠᠪᠤᠭᠳᠠᠵᠤ᠂ ᠨᠡᠶᠢᠲᠡ 2222 ᠰᠤᠷᠤᠭᠴᠢ ᠡᠯᠰᠡᠭᠳᠡᠵᠡᠢ᠃ |