ᠳᠤᠷ᠎ᠠ ᠰᠤᠨᠢᠷᠬᠠᠯ ᠢᠶᠠᠨ ᠦᠨᠳᠦᠰᠦᠯᠡᠨ ᠲᠤᠰᠬᠠᠢ ᠮᠡᠷᠭᠡᠵᠢᠯ ᠰᠤᠩᠭᠤᠪᠠᠯ ᠵᠤᠬᠢᠨ᠎ᠠ
ᠨᠡᠶᠢᠲᠡᠯᠡᠭᠰᠡᠨ ᠴᠠᠭ᠄
2017-07-25
       ᠡᠷᠡᠮᠡᠯᠵᠡᠯ ᠲᠠᠭᠯᠠᠭᠰᠠᠳ ᠤᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠰᠤᠩᠭᠤᠬᠤ ᠶᠠᠪᠤᠳᠠᠯ ᠪᠤᠯ ᠰᠤᠷᠤᠭᠴᠢ ᠶᠢᠨ ᠬᠤᠵᠢᠮ ᠢᠷᠡᠭᠡᠳᠦᠢ ᠶᠢᠨ ᠠᠵᠢᠯ ᠦᠢᠯᠡᠰ ᠤᠨ ᠬᠦᠭᠵᠢᠯᠲᠡ ᠶᠢᠨ ᠴᠢᠭᠯᠡᠯ ᠲᠠᠢ ᠰᠢᠭᠤᠳ ᠬᠤᠯᠪᠤᠭᠳᠠᠵᠤ ᠪᠠᠶᠢᠳᠠᠭ ᠢᠶᠠᠷ ᠪᠠᠷᠠᠬᠤ ᠦᠭᠡᠢ᠂ ᠮᠦᠨᠴᠦ ᠨᠢᠭᠡ ᠨᠠᠰᠤ ᠶᠢ ᠨᠢ ᠦᠭᠡᠷᠡᠴᠢᠯᠡᠵᠦ ᠮᠡᠳᠡᠬᠦ ᠵᠠᠩᠭᠢᠯᠠᠭ᠎ᠠ ᠶᠢᠨ ᠰᠤᠩᠭᠤᠯᠲᠠ ᠴᠦ ᠪᠠᠶᠢᠵᠤ ᠮᠡᠳᠡᠨ᠎ᠡ᠃        ᠲᠡᠭᠡᠪᠡᠯ ᠡᠷᠡᠮᠡᠯᠵᠡᠯ ᠲᠠᠭᠯᠠᠭᠰᠠᠳ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠢᠶᠠᠨ ᠰᠤᠩᠭᠤᠬᠤ ᠳᠤ ᠶᠠᠭᠤ ᠶᠢ ᠡᠩ ᠲᠡᠷᠢᠭᠦᠨ ᠳᠤ ᠲᠠᠯᠪᠢᠪᠠᠯ ᠵᠤᠬᠢᠬᠤ ᠪᠤᠢ︖ ᠰᠤᠷᠭᠠᠭᠤᠯᠢ ᠶᠢᠨ ᠨᠡᠷ᠎ᠡ ᠲᠦᠷᠦ᠂ ᠡᠰᠡᠬᠦᠯ᠎ᠡ ᠬᠠᠯᠠᠭᠤᠷᠠᠯ ᠪᠤᠯᠵᠤ ᠪᠠᠶᠢᠭ᠎ᠠ ᠲᠤᠰᠬᠠᠢ ᠮᠡᠷᠭᠡᠵᠢᠯ᠂ ᠠᠯᠢ ᠡᠰᠡᠬᠦᠯ᠎ᠡ ᠦᠪᠡᠷ ᠤᠨ ᠳᠤᠷ᠎ᠠ ᠰᠤᠨᠢᠷᠬᠠᠯ︖ ᠶᠠᠷᠢᠶᠠᠨ ᠦᠭᠡᠢ ᠳᠤᠷ᠎ᠠ ᠰᠤᠨᠢᠷᠬᠠᠯ ᠢ ᠨᠢᠭᠡᠳᠦᠭᠡᠷ ᠪᠠᠶᠢᠷᠢᠨ ᠳᠤ ᠲᠠᠯᠪᠢᠪᠠᠯ ᠵᠤᠬᠢᠨ᠎ᠠ᠃ ᠤᠴᠢᠷ ᠨᠢ᠂ ᠳᠤᠷ᠎ᠠ ᠰᠤᠨᠢᠷᠬᠠᠯ ᠨᠢ ᠨᠢᠭᠡ ᠬᠦᠮᠦᠨ ᠢ ᠤᠷᠮᠠᠰᠢᠭᠤᠯᠵᠤ᠂ ᠤᠷᠤᠭᠰᠢᠯᠠᠭᠤᠯᠬᠤ ᠶᠢᠨ ᠤᠯᠠᠮ ᠢᠶᠠᠷ ᠠᠮᠵᠢᠯᠲᠠ ᠳᠤ ᠬᠦᠷᠭᠡᠳᠡᠭ᠃ ᠰᠤᠩᠭᠤᠭᠰᠠᠨ ᠮᠡᠷᠭᠡᠵᠢᠯ ᠳᠡᠭᠡᠨ ᠰᠤᠨᠢᠷᠬᠠᠯ ᠦᠭᠡᠢ ᠶᠤᠮ ᠪᠤᠯ ᠰᠤᠷᠭᠠᠭᠤᠯᠢ ᠶᠢᠨ ᠨᠡᠷ᠎ᠡ ᠲᠦᠷᠦ ᠬᠡᠳᠦᠢ ᠰᠠᠶᠢᠨ᠂ ᠲᠤᠰᠬᠠᠢ ᠮᠡᠷᠭᠡᠵᠢᠯ ᠤᠨ ᠬᠤᠵᠢᠮ ᠤᠨ ᠬᠠᠨᠳᠤᠰᠢ ᠬᠡᠳᠦᠶᠢᠴᠢᠨᠡᠬᠡᠨ ᠭᠡᠭᠡᠨ ᠰᠠᠷᠠᠭᠤᠯ ᠪᠠᠶᠢᠭᠰᠠᠨ ᠴᠦ ᠪᠡᠶ᠎ᠡ ᠪᠠᠨ ᠠᠯᠪᠠᠳᠠᠵᠤ ᠰᠤᠷᠤᠯᠴᠠᠵᠤ ᠪᠠᠶᠢᠳᠠᠭ ᠠᠴᠠ ᠵᠢᠩᠬᠢᠨᠢ ᠠᠮᠵᠢᠯᠲᠠ ᠳᠤ ᠬᠦᠷᠬᠦ ᠳᠤ ᠬᠦᠴᠢᠷ ᠪᠠᠶᠢᠳᠠᠭ᠃        ᠲᠡᠭᠡᠪᠡᠯ ᠳᠤᠷ᠎ᠠ ᠰᠤᠨᠢᠷᠬᠠᠯ ᠢᠶᠠᠨ ᠦᠨᠳᠦᠰᠦᠯᠡᠨ ᠶᠡᠭᠡ ᠰᠤᠷᠭᠠᠭᠤᠯᠢ ᠳᠤ ᠰᠤᠷᠬᠤ ᠲᠤᠰᠬᠠᠢ ᠮᠡᠷᠭᠡᠵᠢᠯ ᠢᠶᠠᠨ ᠬᠡᠷᠬᠢᠨ ᠰᠤᠩᠭᠤᠬᠤ ᠪᠤᠢ︖ ᠡᠩ ᠲᠡᠷᠢᠭᠦᠨ ᠳᠤ᠂ ᠦᠪᠡᠷ ᠤᠨ ᠪᠡᠶ᠎ᠡ ᠪᠠᠨ ᠵᠠᠳᠠᠯᠤᠨ᠎ᠠ᠃ ᠦᠪᠡᠷ ᠢᠶᠠᠨ ᠴᠤᠬᠤᠮ ᠶᠠᠮᠠᠷ ᠵᠠᠩ ᠴᠢᠨᠠᠷ ᠲᠠᠢ᠂ ᠠᠯᠢ ᠲᠠᠯ᠎ᠠ ᠪᠠᠷ ᠳᠠᠪᠠᠭᠤᠯᠢᠭ ᠲᠠᠢ᠂ ᠶᠠᠮᠠᠷ ᠶᠠᠭᠤᠮᠠᠨ ᠳᠤ ᠳᠤᠷ᠎ᠠ ᠰᠤᠨᠢᠷᠬᠠᠯ ᠲᠠᠢ ᠭᠡᠳᠡᠭ ᠢᠶᠠᠨ ᠨᠢᠮᠪᠠᠢ ᠵᠠᠳᠠᠯᠤᠨ᠎ᠠ᠃ ᠳᠠᠷᠠᠭ᠎ᠠ ᠨᠢ᠂ ᠰᠤᠷᠭᠠᠭᠤᠯᠢ ᠪᠠ ᠲᠤᠰᠬᠠᠢ ᠮᠡᠷᠭᠡᠵᠢᠯ ᠢᠶᠠᠨ ᠰᠠᠶᠢᠲᠤᠷ ᠤᠶᠢᠯᠠᠭᠠᠨ᠎ᠠ᠃ ᠲᠤᠰᠬᠠᠢ ᠮᠡᠷᠭᠡᠵᠢᠯ  ᠨᠢ ᠲᠠᠭᠦᠰᠦᠭᠰᠡᠨ ᠤ ᠳᠠᠷᠠᠭᠠᠬᠢ ᠠᠵᠢᠯ ᠤᠯᠭᠤᠯᠲᠠ ᠲᠠᠢ ᠨᠢᠭᠲᠠ ᠬᠤᠯᠪᠤᠭ᠎ᠠ ᠲᠠᠢ ᠪᠠᠶᠢᠳᠠᠭ ᠠᠴᠠ ᠲᠤᠰᠬᠠᠢ ᠮᠡᠷᠭᠡᠵᠢᠯ ᠢᠶᠠᠨ ᠰᠤᠩᠭᠤᠬᠤ ᠳᠤ ᠡᠷᠬᠡᠪᠰᠢ ᠬᠢᠨᠠᠮᠠᠭᠠᠢ ᠬᠠᠨᠳᠤᠬᠤ ᠬᠡᠷᠡᠭᠲᠡᠢ᠃ ᠡᠷᠡᠮᠡᠯᠵᠡᠯ ᠲᠠᠭᠯᠠᠭᠰᠠᠳ ᠡᠯ᠎ᠡ ᠭᠠᠵᠠᠷ ᠤᠨ ᠰᠤᠷᠭᠠᠭᠤᠯᠢ ᠶᠢᠨ ᠨᠡᠶᠢᠭᠡᠮ ᠤᠨ ᠨᠡᠷ᠎ᠡ ᠲᠦᠷᠦ᠂ ᠪᠠᠭᠰᠢ ᠶᠢᠨ ᠡᠩᠨᠡᠭᠡ᠂ ᠰᠤᠷᠤᠯᠭ᠎ᠠ ᠶᠢᠨ ᠱᠠᠩᠨᠠᠯ ᠤᠨ ᠮᠦᠩᠭᠦ ᠪᠤᠶᠤ ᠰᠤᠷᠤᠯᠭ᠎ᠠ ᠶᠢᠨ ᠳᠡᠳᠬᠦᠮᠵᠢ ᠶᠢᠨ ᠮᠦᠩᠭᠦᠨ ᠤ ᠲᠤᠬᠢᠷᠠᠭᠤᠯᠤᠯᠲᠠ ᠵᠡᠷᠭᠡ ᠶᠢ ᠰᠠᠶᠢᠲᠤᠷ ᠤᠶᠢᠯᠠᠭᠠᠬᠤ ᠴᠢᠬᠤᠯᠠᠲᠠᠢ ᠪᠠᠷ ᠪᠠᠷᠠᠬᠤ ᠦᠭᠡᠢ᠂ ᠪᠠᠰᠠ ᠡᠷᠡᠮᠡᠯᠵᠡᠬᠦ ᠭᠡᠵᠦ ᠪᠠᠶᠢᠭ᠎ᠠ ᠲᠤᠰᠬᠠᠢ ᠮᠡᠷᠭᠡᠵᠢᠯ ᠤᠨ ᠭᠤᠤᠯ ᠰᠤᠷᠬᠤ ᠬᠢᠴᠢᠶᠡᠯ᠂ ᠠᠵᠢᠯ ᠤᠯᠭᠤᠯᠲᠠ ᠶᠢᠨ ᠴᠢᠭᠯᠡᠯ᠂ ᠬᠦᠭᠵᠢᠯᠲᠡ ᠶᠢᠨ ᠬᠠᠨᠳᠤᠰᠢ ᠵᠢᠴᠢ ᠡᠨᠡᠬᠦ ᠲᠤᠰᠬᠠᠢ ᠮᠡᠷᠭᠡᠵᠢᠯ ᠪᠠ ᠬᠠᠷᠠᠭᠠᠯᠵᠠᠭᠰᠠᠨ ᠰᠤᠷᠭᠠᠭᠤᠯᠢ ᠶᠢᠨ ᠦᠩᠭᠡᠷᠡᠭᠰᠡᠨ ᠬᠡᠳᠦᠨ ᠵᠢᠯ ᠤᠨ ᠡᠯᠰᠡᠬᠦ ᠬᠤᠪᠢ ᠶᠢᠨ ᠪᠠᠷᠢᠮᠵᠢᠶ᠎ᠠ᠂ ᠨᠡᠷ᠎ᠡ ᠮᠡᠳᠡᠭᠦᠯᠵᠦ ᠪᠠᠶᠢᠭ᠎ᠠ ᠪᠠᠶᠢᠳᠠᠯ ᠢ  ᠨᠢ ᠰᠠᠶᠢᠨ ᠤᠶᠢᠯᠠᠭᠠᠬᠤ ᠬᠡᠷᠡᠭᠲᠡᠢ᠃ ᠡᠳᠡᠭᠡᠷ ᠰᠤᠷᠠᠭ ᠵᠠᠩᠭᠢ ᠶᠢ ᠰᠤᠷᠭᠠᠭᠤᠯᠢ ᠶᠢᠨ ᠬᠠᠮᠢᠶ᠎ᠠ ᠪᠦᠬᠦᠢ ᠰᠦᠯᠵᠢᠶ᠎ᠡ ᠠᠴᠠ ᠪᠦᠷ ᠤᠶᠢᠯᠠᠭᠠᠵᠤ ᠪᠤᠯᠤᠨ᠎ᠠ᠃ ᠬᠠᠮᠤᠭ ᠰᠡᠭᠦᠯ ᠳᠤ᠂ ᠳᠤᠷ᠎ᠠ ᠰᠤᠨᠢᠷᠬᠠᠯ ᠢᠶᠠᠨ ᠲᠡᠷᠢᠭᠦᠨ ᠪᠠᠶᠢᠷᠢᠨ ᠳᠤ ᠲᠠᠯᠪᠢᠭᠰᠠᠨ ᠤ ᠰᠠᠭᠤᠷᠢᠨ ᠳᠡᠭᠡᠷ᠎ᠡ ᠦᠪᠡᠷ ᠤᠨ ᠪᠠᠶᠢᠳᠠᠯ ᠪᠠ ᠰᠤᠷᠭᠠᠭᠤᠯᠢ᠂ ᠲᠤᠰᠬᠠᠢ ᠮᠡᠷᠭᠡᠵᠢᠯ᠂ ᠠᠵᠢᠯ ᠤᠯᠭᠤᠯᠲᠠ ᠶᠢᠨ ᠰᠤᠷᠠᠭ ᠵᠠᠩᠭᠢ ᠪᠠᠨ ᠶᠡᠷᠦᠩᠬᠡᠶᠢᠯᠡᠨ ᠵᠠᠳᠠᠯᠤᠭᠰᠠᠨ ᠤ ᠳ᠋ᠦᠩ ᠳᠤ ᠬᠠᠨᠤᠮᠵᠢᠲᠡᠢ ᠰᠤᠩᠭᠤᠯᠲᠠ ᠬᠢᠨ᠎ᠡ᠃        ᠲᠤᠰᠬᠠᠢ ᠮᠡᠷᠭᠡᠵᠢᠯ ᠢᠶᠠᠨ ᠰᠤᠩᠭᠤᠬᠤ ᠳᠤ ᠪᠤᠰᠤᠳ ᠢ ᠰᠤᠬᠤᠷ ᠪᠠᠯᠠᠢ ᠪᠠᠷ ᠳᠠᠭᠠᠵᠤ᠂ ᠦᠪᠡᠷ ᠤᠨ ᠬᠦᠰᠡᠯ ᠵᠤᠷᠢᠯᠲᠠ ᠪᠠ ᠳᠤᠷ᠎ᠠ ᠰᠤᠨᠢᠷᠬᠠᠯ ᠢᠶᠠᠨ ᠬᠦᠩᠭᠡᠪᠴᠢᠯᠡᠵᠦ ᠪᠤᠯᠬᠤ ᠦᠭᠡᠢ᠃ ︽ᠳᠤᠷ᠎ᠠ ᠰᠤᠨᠢᠷᠬᠠᠯ ᠪᠤᠯ ᠬᠠᠮᠤᠭ ᠤᠨ ᠰᠠᠶᠢᠨ ᠪᠠᠭᠰᠢ ᠮᠦᠨ︾ ᠭᠡᠳᠡᠭᠴᠢᠯᠡᠨ᠂ ᠡᠷᠡᠮᠡᠯᠵᠡᠯ ᠲᠠᠭᠯᠠᠭᠰᠠᠳ ᠦᠪᠡᠷ ᠤᠨ ᠲᠤᠬᠠᠶᠢᠯᠠᠭᠰᠠᠨ ᠠᠵᠢᠯ ᠤᠨ ᠲᠦᠯᠦᠪᠯᠡᠭᠡ ᠲᠤᠭᠲᠠᠭᠠᠵᠤ᠂ ᠦᠪᠡᠷ ᠢᠶᠠᠨ ᠬᠠᠷᠠᠯᠲᠠ ᠲᠤᠳᠤᠷᠬᠠᠢ ᠪᠠᠶᠢᠵᠤ᠂ ᠳᠤᠷ᠎ᠠ ᠰᠤᠨᠢᠷᠬᠠᠯ ᠢᠶᠠᠨ ᠦᠨᠳᠦᠰᠦᠯᠡᠨ ᠲᠤᠬᠢᠷᠠᠮᠵᠢᠲᠠᠢ ᠲᠤᠰᠬᠠᠢ ᠮᠡᠷᠭᠡᠵᠢᠯ ᠢᠶᠠᠨ ᠰᠤᠩᠭᠤᠪᠠᠯ ᠵᠤᠬᠢᠨ᠎ᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号