ᠰᠤᠷᠤᠭᠴᠢᠳ ᠤᠨ ᠤᠩᠰᠢᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠮᠦᠴᠢᠳ ᠦᠭᠦᠯᠡᠬᠦ ᠨᠢ
ᠨᠡᠶᠢᠲᠡᠯᠡᠭᠰᠡᠨ ᠴᠠᠭ᠄
2017-07-26
       ᠤᠩᠰᠢᠯᠭ᠎ᠠ ᠶᠢᠨ ᠴᠢᠳᠠᠪᠤᠷᠢ ᠨᠢ ᠰᠤᠷᠤᠯᠴᠠᠯᠭ᠎ᠠ ᠶᠢ ᠪᠠᠲᠤᠳᠬᠠᠬᠤ᠂ ᠢᠯᠡᠳᠬᠡᠬᠦ ᠴᠢᠳᠠᠪᠤᠷᠢ ᠶᠢ ᠰᠠᠶᠢᠵᠢᠷᠠᠭᠤᠯᠬᠤ᠂ ᠶᠡᠷᠦᠩᠬᠡᠶᠢᠯᠡᠭᠰᠡᠨ ᠴᠢᠨᠠᠷᠲᠠᠢ ᠰᠤᠷᠤᠯᠴᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠢᠯᠡᠳᠲᠡ ᠶᠡᠭᠡ ᠠᠰᠢᠭᠲᠠᠢ ᠪᠠᠶᠢᠳᠠᠭ᠂ ᠨᠡᠯᠢᠶᠡᠳ ᠪᠤᠯᠪᠠᠰᠤᠷᠠᠩᠭᠤᠢ ᠤᠩᠰᠢᠬᠤ ᠴᠢᠳᠠᠪᠤᠷᠢ ᠦᠭᠡᠢ ᠪᠤᠯ ᠨᠡᠯᠢᠶᠡᠳ ᠰᠠᠶᠢᠨ ᠵᠤᠬᠢᠶᠠᠨ ᠪᠢᠴᠢᠬᠦ ᠴᠢᠳᠠᠪᠤᠷᠢ ᠲᠠᠢ ᠪᠤᠯᠵᠤ ᠴᠢᠳᠠᠬᠤ ᠦᠭᠡᠢ᠂ ᠨᠡᠯᠢᠶᠡᠳ ᠰᠠᠶᠢᠨ ᠤᠶᠢᠯᠠᠭᠠᠬᠤ ᠴᠢᠳᠠᠪᠤᠷᠢ ᠪᠠ ᠵᠠᠳᠠᠯᠤᠨ ᠰᠤᠳᠤᠯᠬᠤ ᠴᠢᠳᠠᠪᠤᠷᠢ ᠶᠢ ᠪᠦᠷᠢᠯᠳᠦᠭᠦᠯᠵᠦ ᠳᠡᠶᠢᠯᠬᠦ ᠦᠭᠡᠢ ᠶᠤᠮ᠃ ᠡᠶᠢᠮᠦ ᠠᠴᠠ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠩᠰᠢᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠨᠢ ᠲᠤᠶᠢᠯ ᠤᠨ ᠴᠢᠬᠤᠯᠠᠲᠠᠢ ᠪᠠᠶᠢᠳᠠᠭ᠃ ᠲᠡᠭᠡᠪᠡᠯ ᠴᠤᠬᠤᠮ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠩᠰᠢᠯᠭ᠎ᠠ ᠶᠢᠨ ᠴᠢᠳᠠᠪᠤᠷᠢ ᠶᠢ ᠬᠡᠷᠬᠢᠨ ᠳᠡᠭᠡᠭᠰᠢᠯᠡᠭᠦᠯᠪᠡᠯ ᠵᠤᠬᠢᠬᠤ ᠶᠤᠮ ᠪᠤᠢ︖        ᠨᠢᠭᠡ᠂ ᠰᠤᠷᠤᠭᠴᠢᠳ ᠤᠨ ᠢᠳᠡᠪᠬᠢᠲᠦ ᠴᠢᠨᠠᠷ ᠢ ᠳᠠᠶᠢᠴᠢᠯᠠᠨ ᠤᠩᠰᠢᠯᠭ᠎ᠠ ᠶᠢᠨ ᠤᠷᠮ᠎ᠠ ᠪᠠᠬ᠎ᠠ ᠶᠢ ᠬᠦᠭᠵᠢᠭᠡᠬᠦ  ᠨᠢ ᠵᠠᠩᠭᠢᠯᠠᠭ᠎ᠠ ᠪᠤᠯᠤᠨ᠎ᠠ᠃        ᠡᠶᠢᠨᠬᠦ ᠪᠠᠭᠰᠢ ᠠᠴᠠ ᠠᠷᠭ᠎ᠠ ᠪᠦᠬᠦᠨ ᠢ ᠰᠦᠪᠡᠭᠴᠢᠯᠡᠨ ᠬᠡᠦᠬᠡᠳ ᠤᠨ ᠤᠩᠰᠢᠯᠭ᠎ᠠ ᠶᠢᠨ ᠤᠷᠮ᠎ᠠ ᠪᠠᠬ᠎ᠠ ᠶᠢ ᠬᠦᠮᠦᠵᠢᠭᠦᠯᠬᠦ ᠬᠡᠷᠡᠭᠲᠡᠢ᠃ ᠡᠩ ᠲᠡᠷᠢᠭᠦᠨ ᠳᠤ ᠰᠤᠷᠤᠭᠴᠢᠳ ᠤᠨ ᠨᠠᠰᠤᠨ ᠤ ᠤᠨᠴᠠᠯᠢᠭ ᠪᠠ ᠮᠡᠳᠡᠯᠭᠡ ᠮᠡᠳᠡᠴᠡ ᠶᠢᠨ ᠬᠢᠷᠢ ᠲᠦᠪᠰᠢᠨ ᠳᠤ ᠲᠤᠯᠭᠠᠭᠤᠷᠢᠯᠠᠵᠤ᠂ ᠲᠡᠳᠡᠨ ᠳᠤ ᠬᠠᠪᠰᠤᠷᠴᠤ ᠤᠩᠰᠢᠬᠤ ᠨᠤᠮ ᠰᠤᠩᠭᠤᠨ ᠦᠭᠴᠦ᠂ ᠰᠤᠷᠤᠭᠴᠢᠳ ᠢ ᠬᠦᠲᠦᠯᠦᠨ ᠵᠢᠯᠤᠭᠤᠳᠴᠤ ᠪᠠᠶᠢᠭᠠᠳ᠂ ᠬᠢᠴᠢᠶᠡᠯ ᠤᠨ ᠭᠠᠳᠠᠨᠠᠬᠢ ᠰᠢᠯᠢᠳᠡᠭ ᠪᠦᠲᠦᠭᠡᠯ ᠢ ᠰᠠᠶᠢᠲᠤᠷ ᠰᠤᠨᠢᠷᠬᠠᠭᠤᠯᠤᠨ ᠤᠩᠰᠢᠭᠤᠯᠤᠨ᠎ᠠ᠃ ᠳᠠᠷᠠᠭ᠎ᠠ ᠳᠤᠨᠢ᠂ ᠪᠠᠭᠰᠢ ᠠᠴᠠ ᠦᠯᠢᠭᠡᠷ ᠶᠠᠷᠢᠬᠤ᠂ ᠰᠢᠯᠦᠭ ᠳᠠᠭᠤᠤ ᠶᠢᠨ ᠤᠷᠠᠨ ᠲᠤᠳᠤ ᠤᠩᠰᠢᠯᠭ᠎ᠠ ᠶᠢᠨ ᠤᠷᠤᠯᠳᠤᠭᠠᠨ ᠵᠡᠷᠭᠡ ᠠᠮᠢᠳᠤᠯᠢᠭ᠂ ᠳᠤᠷ᠎ᠠ ᠰᠤᠨᠢᠷᠬᠠᠯ ᠲᠠᠢ᠂ ᠬᠦᠭᠵᠢᠶᠡᠨ ᠨᠠᠷᠭᠢᠶᠠᠨ ᠲᠠᠢ᠂ ᠤᠯᠠᠨ ᠶᠠᠩᠵᠤ ᠬᠡᠯᠪᠡᠷᠢ ᠶᠢᠨ ᠬᠢᠴᠢᠶᠡᠯ ᠤᠨ ᠭᠠᠳᠠᠨᠠᠬᠢ ᠬᠦᠳᠡᠯᠭᠡᠭᠡᠨ ᠢ ᠵᠤᠬᠢᠶᠠᠨ ᠪᠠᠶᠢᠭᠤᠯᠵᠤ᠂ ᠤᠩᠰᠢᠯᠭ᠎ᠠ ᠶᠢᠨ ᠪᠠᠶᠢᠳᠠᠯ ᠢ ᠲᠤᠬᠠᠢ ᠶᠢᠨ ᠴᠠᠭ ᠲᠤᠨᠢ ᠪᠠᠶᠢᠴᠠᠭᠠᠨ᠂ ᠤᠩᠰᠢᠯᠭ᠎ᠠ ᠶᠢᠨ ᠦᠷ᠎ᠡ ᠪᠦᠲᠦᠭᠡᠯ ᠢ ᠪᠠᠲᠤᠳᠬᠠᠬᠤ ᠶᠢᠨ ᠳᠠᠭᠠᠤ ᠬᠦᠳᠡᠯᠭᠡᠭᠡᠨ ᠤ ᠳᠤᠮᠳᠠ ᠰᠤᠷᠤᠭᠴᠢᠳ ᠤᠨ ᠤᠩᠰᠢᠯᠭ᠎ᠠ ᠶᠢᠨ ᠤᠷᠮ᠎ᠠ ᠪᠠᠬ᠎ᠠ᠂ ᠬᠠᠯᠠᠭᠤᠨ ᠰᠡᠳᠬᠢᠯᠭᠡ ᠶᠢ ᠬᠦᠭᠵᠢᠭᠡᠨ᠂ ᠰᠤᠷᠤᠭᠴᠢᠳ ᠤᠨ ᠤᠩᠰᠢᠯᠭ᠎ᠠ ᠶᠢᠨ ᠢᠳᠡᠪᠬᠢᠲᠦ ᠴᠢᠨᠠᠷ ᠢ ᠪᠦᠷᠢᠨ ᠪᠠᠳᠠᠷᠠᠭᠤᠯᠤᠨ᠎ᠠ᠃        ᠬᠤᠶᠠᠷ᠂ ᠰᠤᠷᠤᠭᠴᠢᠳ ᠲᠤ ᠤᠩᠰᠢᠬᠤ ᠠᠷᠭ᠎ᠠ ᠶᠢ ᠵᠢᠭᠠᠵᠤ ᠦᠭᠭᠦᠨ᠎ᠡ᠃        ᠰᠤᠷᠤᠭᠴᠢᠳ ᠠᠮᠢᠳᠤᠯᠢᠭ᠂ ᠤᠯᠠᠨ ᠶᠠᠩᠵᠤ ᠶᠢᠨ᠂ ᠰᠢᠨᠵᠢᠯᠡᠬᠦ ᠤᠬᠠᠭᠠᠨᠴᠢ᠂ ᠵᠦᠢ ᠵᠤᠬᠢᠰᠲᠠᠢ ᠤᠩᠰᠢᠯᠭ᠎ᠠ ᠶᠢᠨ ᠠᠷᠭ᠎ᠠ ᠶᠢ ᠡᠵᠡᠮᠰᠢᠴᠢᠬᠡᠪᠡᠯ ᠤᠩᠰᠢᠯᠭ᠎ᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠬᠦ ᠳᠤ ᠠᠰᠢᠭᠲᠠᠢ ᠪᠠᠶᠢᠳᠠᠭ᠃ ᠪᠤᠳᠠᠲᠠᠢ ᠤᠩᠰᠢᠯᠭ᠎ᠠ ᠶᠢᠨ ᠶᠠᠪᠤᠴᠠ ᠳᠤ ᠰᠤᠷᠤᠭᠴᠢᠳ ᠲᠤ ᠲᠤᠶᠢᠮᠦᠴᠢᠯᠠᠨ ᠤᠩᠰᠢᠬᠤ᠂ ᠨᠠᠷᠢᠯᠢᠭ ᠤᠩᠰᠢᠬᠤ᠂ ᠳᠠᠭᠤ ᠦᠭᠡᠢ ᠤᠩᠰᠢᠬᠤ ᠵᠡᠷᠭᠡ ᠠᠯᠢ ᠤᠯᠠᠨ ᠠᠷᠭ᠎ᠠ ᠠᠪᠴᠠᠯ ᠢ ᠡᠵᠡᠮᠰᠢᠭᠦᠯᠵᠦ᠂ ᠰᠤᠷᠤᠭᠴᠢᠳ ᠢᠶᠠᠷ ᠨᠤᠮ ᠤᠩᠰᠢᠭᠰᠠᠨ ᠲᠡᠮᠳᠡᠭᠯᠡᠯ ᠬᠢᠯᠭᠡᠨ᠎ᠡ᠃ ᠢᠩᠭᠢᠭᠡᠳ ᠰᠠᠷ᠎ᠠ ᠪᠦᠷᠢ ᠨᠢᠭᠡ ᠤᠳᠠᠭ᠎ᠠ ᠦᠨᠡᠯᠡᠯᠲᠡ ᠴᠤᠬᠤᠯᠲᠠ ᠦᠭᠴᠦ᠂ ᠰᠢᠯᠢᠳᠡᠭ ᠰᠠᠶᠢᠨ ᠵᠤᠬᠢᠶᠠᠯ ᠢ ᠨᠢ ᠰᠠᠮᠪᠠᠷ᠎ᠠ ᠶᠢᠨ ᠰᠤᠨᠢᠨ ᠳᠤ ᠰᠤᠩᠭᠤᠨ ᠨᠡᠶᠢᠲᠡᠯᠡᠵᠦ ᠲᠡᠷᠡᠪᠡᠷ ᠵᠤᠷᠢᠭᠵᠢᠭᠤᠯᠤᠯ ᠪᠠ ᠬᠦᠲᠦᠯᠦᠮᠵᠢ ᠪᠤᠯᠭᠠᠨ᠎ᠠ᠃        ᠭᠤᠷᠪᠠ᠂ ᠰᠤᠷᠤᠭᠴᠢᠳ ᠲᠤ ᠰᠠᠶᠢᠨ ᠰᠠᠶᠢᠬᠠᠨ ᠤᠩᠰᠢᠯᠭ᠎ᠠ ᠶᠢᠨ ᠨᠦᠬᠦᠴᠡᠯ ᠢ ᠪᠦᠷᠢᠯᠳᠦᠭᠦᠯᠦᠨ ᠦᠭᠬᠦ ᠬᠡᠷᠡᠭᠲᠡᠢ        ᠰᠤᠷᠤᠭᠴᠢᠳ ᠤᠨ ᠤᠩᠰᠢᠯᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠦᠯᠦᠭᠡ ᠪᠠᠭᠰᠢ ᠠᠴᠠ ᠰᠢᠯᠢᠳᠡᠭ ᠰᠠᠶᠢᠨ ᠤᠩᠰᠢᠯᠭ᠎ᠠ ᠶᠢᠨ ᠨᠦᠬᠦᠴᠡᠯ ᠢ ᠬᠠᠩᠭᠠᠨ ᠦᠭᠴᠦ᠂ ᠡᠯ᠎ᠡ ᠵᠦᠢᠯ ᠤᠨ ᠲᠤᠬᠢᠶᠠᠯ ᠢ ᠠᠰᠢᠭᠯᠠᠨ᠂ ᠰᠤᠷᠤᠭᠴᠢᠳ ᠤᠨ ᠤᠩᠰᠢᠯᠭ᠎ᠠ ᠶᠢᠨ ᠵᠢᠯᠤᠭᠤᠳᠤᠯᠭ᠎ᠠ ᠶᠢ ᠡᠷᠴᠢᠮᠵᠢᠭᠦᠯᠦᠨ ᠴᠢᠩᠭᠠᠳᠬᠠᠵᠤ᠂ ᠰᠤᠷᠤᠭᠴᠢᠳ ᠤᠨ ᠨᠤᠮ ᠤᠩᠰᠢᠭᠰᠠᠨ ᠤᠩᠰᠢᠯᠭ᠎ᠠ ᠶᠢᠨ ᠰᠤᠯᠢᠯᠴᠠᠭ᠎ᠠ ᠬᠢᠬᠦ ᠶᠢ ᠵᠤᠬᠢᠶᠠᠨ ᠪᠠᠶᠢᠭᠤᠯᠤᠨ᠎ᠠ᠃        1. ᠰᠤᠷᠭᠠᠭᠤᠯᠢ ᠶᠢᠨ ᠨᠤᠮ ᠤᠨ ᠦᠷᠦᠭᠡ ᠶᠢ ᠪᠦᠷᠢᠨ ᠭᠦᠢᠴᠡᠳ ᠠᠰᠢᠭᠯᠠᠨ᠎ᠠ᠃ 2. ᠠᠩᠭᠢ ᠳᠠᠭᠠᠨ ᠨᠤᠮ ᠤᠨ ᠪᠤᠯᠤᠩ ᠡᠷᠬᠢᠯᠡᠨ᠎ᠡ᠃ 3. ᠭᠡᠷ ᠤᠨ ᠠᠬᠠᠮᠠᠳ ᠲᠠᠢ ᠬᠠᠷᠢᠯᠴᠠᠵᠤ᠂ ᠭᠡᠷ ᠤᠨ ᠠᠬᠠᠮᠠᠳ ᠠᠴᠠ ᠰᠤᠷᠤᠭᠴᠢᠳ ᠲᠤ ᠤᠩᠰᠢᠯᠭ᠎ᠠ ᠶᠢᠨ ᠨᠦᠬᠦᠴᠡᠯ ᠢ ᠪᠦᠷᠢᠯᠳᠦᠭᠦᠯᠦᠨ ᠦᠭᠬᠦ᠂ ᠴᠠᠭ ᠢ ᠪᠠᠲᠤᠯᠠᠬᠤ ᠵᠡᠷᠭᠡ ᠲᠠᠯ᠎ᠠ ᠳᠤ ᠬᠢᠨᠠᠯᠲᠠ ᠲᠠᠯᠪᠢᠭᠤᠯᠤᠨ᠎ᠠ᠃ ᠢᠩᠭᠢᠵᠦ ᠭᠡᠷ ᠪᠦᠯᠢ ᠪᠠ ᠰᠤᠷᠭᠠᠭᠤᠯᠢ ᠬᠠᠮᠵᠢᠯᠴᠠᠨ ᠬᠠᠮᠲᠤ ᠪᠠᠷ ᠢᠶᠠᠨ ᠴᠢᠷᠮᠠᠶᠢᠪᠠᠯ ᠰᠤᠷᠤᠭᠴᠢᠳ ᠤᠨ ᠤᠩᠰᠢᠯᠭ᠎ᠠ ᠶᠢᠨ ᠴᠢᠳᠠᠪᠤᠷᠢ ᠶᠢᠨ ᠳᠡᠭᠡᠭᠰᠢᠯᠡᠯᠲᠡ ᠳᠤ ᠯᠤᠲᠤ ᠶᠡᠭᠡ ᠠᠰᠢᠭᠲᠠᠢ ᠪᠤᠯᠤᠨ᠎ᠠ᠃        ᠤᠩᠰᠢᠯᠭ᠎ᠠ ᠶᠢᠨ ᠴᠢᠳᠠᠪᠤᠷᠢ ᠪᠤᠯ ᠤᠳᠤ ᠦᠶ᠎ᠡ ᠶᠢᠨ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠴᠢᠬᠤᠯᠠ ᠨᠢᠭᠡᠨ ᠬᠠᠷᠠᠯᠲᠠ ᠮᠦᠨ᠃ ᠪᠠᠭ᠎ᠠ ᠰᠤᠷᠭᠠᠭᠤᠯᠢ ᠶᠢᠨ ᠱᠠᠲᠤ ᠪᠤᠯ ᠰᠤᠷᠤᠭᠴᠢᠳ ᠤᠨ ᠰᠠᠶᠢᠨ ᠰᠠᠶᠢᠬᠠᠨ ᠳᠠᠳᠬᠠᠯ ᠢ ᠬᠦᠮᠦᠵᠢᠭᠦᠯᠬᠦ ᠶᠢᠨ ᠴᠢᠬᠤᠯᠠ ᠦᠶ᠎ᠡ ᠮᠦᠨ᠂ ᠪᠢᠳᠡ ᠤᠩᠰᠢᠯᠭ᠎ᠠ ᠶᠢ ᠭᠤᠶᠢᠪᠢᠰᠢ ᠦᠭᠡᠢ ᠡᠷᠡᠰ ᠪᠠᠷᠢᠮᠲᠠᠯᠠᠨ᠂ ᠬᠡᠦᠬᠡᠳ ᠨᠢᠭᠡᠪᠦᠷᠢ ᠶᠢ ᠪᠦᠷ ᠤᠩᠰᠢᠬᠤ ᠳᠤᠷ᠎ᠠ ᠪᠠᠬ᠎ᠠ ᠲᠠᠢ ᠪᠤᠯᠭᠠᠬᠤ ᠨᠢ ᠤᠩᠰᠢᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠠᠯᠤᠰ ᠬᠡᠲᠦ ᠶᠢᠨ ᠶᠡᠭᠡ ᠪᠤᠳᠤᠯᠭ᠎ᠠ ᠪᠤᠯᠤᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号