| ᠰᠤᠷᠭᠠᠨ ᠬᠦᠮᠦᠵᠢᠯ ᠤᠨ ᠶᠠᠮᠤᠨ ᠤ ᠵᠦᠪᠰᠢᠶᠡᠷᠡᠯ ᠢᠶᠠᠷ ᠪᠠᠶᠢᠭᠤᠯᠤᠭᠳᠠᠭᠰᠠᠨ ᠳᠤᠮᠳᠠᠳᠤ ᠤᠯᠤᠰ ᠤᠨ ᠨᠡᠶᠢᠭᠡᠮ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠨᠢ ᠡᠨᠡ ᠵᠢᠯ ᠠᠴᠠ ᠡᠬᠢᠯᠡᠨ ᠪᠦᠬᠦ ᠤᠯᠤᠰ ᠤᠨ | ᠬᠡᠪᠴᠢᠶᠡᠨ ᠳᠤ ᠵᠢᠩᠬᠢᠨᠢ ᠠᠩᠭᠢ ᠶᠢᠨ ᠰᠤᠷᠤᠭᠴᠢ ᠡᠯᠰᠡᠨ᠎ᠡ᠃ 2017 ᠤᠨ ᠳᠤ ᠲᠤᠰ ᠰᠤᠷᠭᠠᠭᠤᠯᠢ ᠨᠢ ᠠᠩᠬ᠎ᠠ | ᠤᠳᠠᠭ᠎ᠠ ᠪᠦᠬᠦ ᠤᠯᠤᠰ ᠤᠨ 18 ᠮᠤᠵᠢ ᠤᠷᠤᠨ ᠠᠴᠠ ᠨᠡᠶᠢᠲᠡ 390 ᠵᠢᠩᠬᠢᠨᠢ ᠠᠩᠭᠢ ᠶᠢᠨ ᠰᠤᠷᠤᠭᠴᠢ ᠡᠯᠰᠡᠬᠦ ᠪᠠᠷ | ᠪᠠᠶᠢᠨ᠎ᠠ᠃ ᠡᠭᠦᠨ ᠳᠤ ᠮᠠᠨ ᠤ ᠤᠷᠤᠨ ᠠᠴᠠ 19 ᠵᠢᠩᠬᠢᠨᠢ ᠠᠩᠭᠢ ᠶᠢᠨ ᠰᠤᠷᠤᠭᠴᠢ ᠡᠯᠰᠡᠬᠦ ᠪᠠᠷ ᠪᠠᠶᠢᠨ᠎ᠠ᠃ | ᠰᠤᠷᠪᠤᠯᠵᠢᠯᠠᠭᠴᠢ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ | ᠰᠤᠷᠭᠠᠭᠤᠯᠢ ᠶᠢᠨ ᠰᠤᠷᠤᠭᠴᠢ ᠡᠯᠰᠡᠬᠦ ᠠᠯᠪᠠᠨ ᠭᠡᠷ ᠠᠴᠠ ᠤᠶᠢᠯᠠᠭᠠᠭᠰᠠᠨ ᠢᠶᠠᠷ᠂ 2017 ᠤᠨ ᠳᠤ ᠲᠤᠰ ᠰᠤᠷᠭᠠᠭᠤᠯᠢ | ᠨᠢ ᠠᠩᠬᠠᠯᠠᠨ ᠵᠢᠩᠬᠢᠨᠢ ᠠᠩᠭᠢ ᠶᠢᠨ ᠰᠤᠷᠤᠭᠴᠢ ᠡᠯᠰᠡᠨ᠎ᠡ᠂ 4 ᠳᠡᠭᠡᠳᠦ ᠰᠤᠷᠭᠠᠭᠤᠯᠢ ᠳᠤ ᠪᠦᠬᠦᠯᠢ ᠡᠳᠦᠷ ᠤᠨ ᠳᠦᠷᠢᠮᠲᠦ | ᠵᠢᠩᠬᠢᠨᠢ ᠠᠩᠭᠢ ᠶᠢᠨ ᠰᠤᠷᠤᠭᠴᠢ 390 ᠡᠯᠰᠡᠬᠦ ᠪᠠᠷ ᠲᠦᠯᠦᠪᠯᠡᠵᠦ ᠪᠠᠶᠢᠨ᠎ᠠ᠃ ᠤᠯᠤᠰ ᠲᠦᠷᠦ ᠶᠢᠨ ᠤᠬᠠᠭᠠᠨ ᠪᠠ ᠵᠠᠰᠠᠭ | ᠵᠠᠬᠢᠷᠭᠠᠨ ᠤ ᠤᠬᠠᠭᠠᠨ᠂ ᠦᠵᠡᠯ ᠰᠠᠨᠠᠭ᠎ᠠ ᠤᠯᠤᠰ ᠲᠦᠷᠦ ᠶᠢᠨ ᠰᠤᠷᠭᠠᠨ ᠬᠦᠮᠦᠵᠢᠯ᠂ ᠬᠢᠲᠠᠳ ᠬᠡᠯᠡ ᠤᠳᠬ᠎ᠠ ᠵᠤᠬᠢᠶᠠᠯ᠂ | ᠠᠵᠤ ᠠᠬᠤᠢ ᠶᠢᠨ ᠤᠬᠠᠭᠠᠨ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠤᠯᠠᠨ ᠤᠯᠤᠰ ᠤᠨ ᠠᠵᠤ ᠠᠬᠤᠢ ᠪᠠ ᠠᠷᠠᠯᠵᠢᠶ᠎ᠠ᠂ | ᠠᠩᠭ᠍ᠯᠢ ᠬᠡᠯᠡ ᠵᠡᠷᠭᠡ 7 ᠲᠤᠰᠬᠠᠢ ᠮᠡᠷᠭᠡᠵᠢᠯ ᠲᠠᠢ ᠬᠤᠯᠪᠤᠭᠳᠠᠵᠤ᠂ ᠮᠠᠨ ᠤ ᠤᠷᠤᠨ ᠠᠴᠠ 19 ᠰᠤᠷᠤᠭᠴᠢ ᠡᠯᠰᠡᠬᠦ ᠪᠠᠷ | ᠲᠦᠯᠦᠪᠯᠡᠵᠦ ᠪᠠᠶᠢᠨ᠎ᠠ᠃ | ᠤᠶᠢᠯᠠᠭᠠᠭᠰᠠᠨ ᠢᠶᠠᠷ᠂ ᠲᠤᠰ ᠰᠤᠷᠭᠠᠭᠤᠯᠢ ᠨᠢ ᠰᠤᠷᠤᠭᠴᠢ ᠡᠯᠰᠡᠬᠦ ᠮᠤᠵᠢ ᠤᠷᠤᠨ ᠤ ᠲᠤᠬᠠᠢ ᠶᠢᠨ ᠭᠠᠵᠠᠷ ᠤᠨ | ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠰᠤᠷᠤᠭᠴᠢ ᠡᠯᠰᠡᠬᠦ ᠬᠠᠮᠤᠭ ᠳᠤᠤᠷ᠎ᠠ ᠬᠤᠪᠢ ᠶᠢᠨ ᠱᠤᠭᠤᠮ ᠠᠴᠠ ᠳᠡᠭᠡᠭᠰᠢ᠂ | ᠰᠤᠷᠭᠠᠭᠤᠯᠢ ᠶᠢᠨ ᠰᠤᠷᠤᠭᠴᠢ ᠡᠯᠰᠡᠬᠦ ᠪᠠᠷᠢᠮᠵᠢᠶ᠎ᠠ ᠳᠤ ᠨᠡᠶᠢᠴᠡᠬᠦ ᠰᠤᠷᠤᠭᠴᠢ ᠶᠢᠨ ᠲᠤᠲᠤᠷ᠎ᠠ ᠠᠴᠠ ᠦᠨᠳᠦᠷ ᠬᠤᠪᠢ ᠠᠴᠠ | ᠨᠢ ᠳᠠᠷᠠᠭᠠᠯᠠᠵᠤ ᠰᠢᠯᠢᠳᠡᠭ ᠢ ᠨᠢ ᠤᠷᠢᠳᠡᠪᠡᠷ ᠡᠯᠰᠡᠨ᠎ᠡ᠃ ᠪᠦᠬᠦᠶᠢᠯᠡ ᠰᠤᠷᠤᠭᠴᠢ ᠡᠯᠰᠡᠬᠦ ᠪᠠᠷᠢᠮᠵᠢᠶ᠎ᠠ ᠳᠤ ᠬᠦᠷᠦᠭᠰᠡᠨ | ᠰᠢᠯᠭᠠᠭᠤᠯᠤᠭᠴᠢ ᠶᠢᠨ ᠲᠤᠰᠬᠠᠢ ᠮᠡᠷᠭᠡᠵᠢᠯ ᠢ ᠬᠤᠪᠢ ᠶᠢᠨ ᠳᠡᠰ ᠳᠠᠷᠠᠭ᠎ᠠ ᠶᠢ ᠨᠢ ᠦᠨᠳᠦᠰᠦᠯᠡᠨ ᠬᠤᠪᠢᠶᠠᠨ᠎ᠠ᠃ | ᠵᠢᠩᠬᠢᠨᠢ ᠠᠩᠭᠢ ᠶᠢᠨ ᠰᠤᠷᠤᠭᠴᠢ ᠬᠦᠮᠦᠵᠢᠭᠦᠯᠬᠦ ᠳᠡᠭᠡᠨ᠂ ᠲᠤᠰ ᠰᠤᠷᠭᠠᠭᠤᠯᠢ ᠨᠢ ︽ᠪᠠᠭᠰᠢ ᠱᠠᠪᠢ ᠶᠢᠨ | ᠳᠦᠷᠢᠮ︾ ᠢᠶᠠᠷ ᠵᠢᠯᠤᠭᠤᠳᠬᠤ᠂ ︽ᠵᠢᠩᠬᠢᠨᠢ ᠠᠩᠭᠢ ᠠᠰᠫᠢᠷᠠᠨᠲ ᠳ᠋ᠤᠺᠲ᠋ᠤᠷ ᠢ ᠨᠢᠭᠡ ᠴᠤᠭᠴᠠᠵᠢᠭᠤᠯᠬᠤ︾ ᠵᠡᠷᠭᠡ | ᠤᠨᠴᠠᠯᠢᠭᠲᠤ ᠬᠦᠮᠦᠵᠢᠭᠦᠯᠬᠦ ᠠᠷᠭ᠎ᠠ ᠶᠢ ᠬᠡᠷᠡᠭᠵᠢᠭᠦᠯᠦᠨ᠎ᠡ᠃ ︽ᠪᠠᠭᠰᠢ ᠱᠠᠪᠢ ᠶᠢᠨ ᠳᠦᠷᠢᠮ︾ ᠤᠨ ᠵᠢᠯᠤᠭᠤᠳᠬᠤ | ᠬᠡᠯᠪᠡᠷᠢ ᠨᠢ ᠰᠤᠷᠭᠠᠭᠤᠯᠢ ᠠᠴᠠ ᠵᠢᠩᠬᠢᠨᠢ ᠠᠩᠭᠢ ᠶᠢᠨ ᠰᠤᠷᠤᠭᠴᠢ ᠳᠤ ᠰᠤᠷᠤᠯᠭ᠎ᠠ ᠶᠢᠨ ᠵᠢᠯᠤᠭᠤᠳᠤᠭᠴᠢ ᠪᠠᠭᠰᠢ | ᠲᠤᠬᠢᠷᠠᠭᠤᠯᠵᠤ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ ᠭᠠᠵᠠᠷ ᠤᠨ ᠭᠡᠰᠢᠭᠦᠨ᠂ | ᠨᠡᠷᠡᠲᠦ ᠫᠷᠦᠹᠧᠰᠰᠤᠷ᠂ ᠤᠯᠤᠰ ᠤᠨ ᠴᠠᠩ ᠵᠢᠶᠠᠩ ᠡᠷᠳᠡᠮᠲᠡᠨ᠂ ᠤᠯᠤᠰ ᠤᠨ ᠳᠡᠰ ᠤᠨ ᠵᠢᠭᠠᠨ ᠰᠤᠷᠭᠠᠯᠲᠠ ᠶᠢᠨ ᠨᠡᠷᠡᠲᠦ | ᠪᠠᠭᠰᠢ᠂ ᠤᠯᠤᠰ ᠤᠨ ︽ᠮᠢᠩᠭᠠᠨ ᠬᠦᠮᠦᠨ ᠤ ᠲᠦᠯᠦᠪᠯᠡᠭᠡ︾ ᠳᠤ ᠰᠤᠩᠭᠤᠭᠳᠠᠭᠰᠠᠨ᠂ ᠤᠯᠤᠰ ᠤᠨ ᠲᠤᠲᠤᠭᠠᠳᠤ | ᠭᠠᠳᠠᠭᠠᠳᠤ ᠶᠢᠨ ᠨᠡᠷᠡᠲᠦ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ ᠪᠠ ᠳᠤᠯᠤᠭᠠᠶᠢᠯᠠᠭᠴᠢ ᠬᠦᠮᠦᠰ ᠢᠶᠠᠷ | ᠵᠢᠯᠤᠭᠤᠳᠤᠭᠴᠢ ᠪᠠᠭᠰᠢ ᠪᠤᠯᠭᠠᠵᠤ᠂ ᠪᠠᠭᠰᠢ ᠨᠢᠭᠡᠪᠦᠷᠢ 2 ᠠᠴᠠ 5 ᠰᠤᠷᠤᠭᠴᠢ ᠵᠢᠯᠤᠭᠤᠳᠤᠨ᠎ᠠ᠃ | ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠪᠤᠯ | ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠰᠫᠢᠷᠠᠨᠲ ᠤᠨ ᠬᠦᠷᠢᠶᠡᠯᠡᠩ ᠢᠶᠠᠷ | ᠰᠠᠭᠤᠷᠢᠯᠠᠵᠤ᠂ ᠳᠤᠮᠳᠠᠳᠤ ᠤᠯᠤᠰ ᠤᠨ ᠵᠠᠯᠠᠭᠤᠴᠤᠳ ᠤᠨ ᠤᠯᠤᠰ ᠲᠦᠷᠦ ᠶᠢᠨ ᠳᠡᠭᠡᠳᠦ ᠰᠤᠷᠭᠠᠭᠤᠯᠢ ᠶᠢᠨ ᠵᠢᠩᠬᠢᠨᠢ | ᠠᠩᠭᠢ ᠶᠢᠨ ᠰᠤᠷᠭᠠᠨ ᠬᠦᠮᠦᠵᠢᠯ ᠵᠢᠴᠢ ᠬᠡᠰᠡᠭ ᠠᠰᠫᠢᠷᠠᠨᠲ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠠᠰᠢᠭᠯᠠᠵᠤ | ᠪᠠᠶᠢᠭᠤᠯᠤᠭᠰᠠᠨ ᠶᠡᠭᠡ ᠰᠤᠷᠭᠠᠭᠤᠯᠢ ᠪᠤᠯᠤᠨ᠎ᠠ᠃ ᠲᠦᠯᠦᠪᠯᠡᠭᠡ ᠶᠢ ᠦᠨᠳᠦᠰᠦᠯᠡᠪᠡᠯ᠂ ᠳᠤᠮᠳᠠᠳᠤ ᠤᠯᠤᠰ ᠤᠨ | ᠵᠠᠯᠠᠭᠤᠴᠤᠳ ᠤᠨ ᠤᠯᠤᠰ ᠲᠦᠷᠦ ᠶᠢᠨ ᠳᠡᠭᠡᠳᠦ ᠰᠤᠷᠭᠠᠭᠤᠯᠢ ᠶᠢᠨ 2014 ᠤᠨ᠂ 2015 ᠤᠨ᠂ 2016 ᠤᠨ ᠤ | ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠤᠷᠤᠭᠴᠢ ᠪᠠ 2015 ᠤᠨ᠂ 2016 ᠤᠨ᠂ 2017 ᠤᠨ ᠤ | ᠬᠡᠰᠡᠭ ᠲᠤᠰᠬᠠᠢ ᠮᠡᠷᠭᠡᠵᠢᠯ ᠤᠨ ᠠᠰᠫᠢᠷᠠᠨᠲ ᠢ ᠴᠦᠮ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠶᠡᠭᠡ ᠰᠤᠷᠭᠠᠭᠤᠯᠢ ᠳᠤ ᠰᠢᠯᠵᠢᠭᠦᠯᠦᠨ᠎ᠡ᠃ ᠳᠤᠮᠳᠠᠳᠤ ᠤᠯᠤᠰ ᠤᠨ ᠵᠠᠯᠠᠭᠤᠴᠤᠳ ᠤᠨ ᠤᠯᠤᠰ | ᠲᠦᠷᠦ ᠶᠢᠨ ᠳᠡᠭᠡᠳᠦ ᠰᠤᠷᠭᠠᠭᠤᠯᠢ ᠨᠢ ᠵᠢᠩᠬᠢᠨᠢ ᠠᠩᠭᠢ ᠶᠢᠨ ᠰᠤᠷᠤᠭᠴᠢ ᠡᠯᠰᠡᠬᠦ ᠦᠭᠡᠢ ᠪᠤᠯᠤᠨ᠎ᠠ᠃ |