| ᠰᠤᠷᠪᠤᠯᠵᠢᠯᠠᠭᠴᠢ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠠᠴᠠ | ᠤᠶᠢᠯᠠᠭᠠᠭᠰᠠᠨ ᠢᠶᠠᠷ᠂ ᠦᠪᠦᠷ ᠮᠤᠩᠭᠤᠯ ᠤᠨ ᠡᠳ᠋ ᠤᠨ ᠵᠠᠰᠠᠭ ᠨᠡᠶᠢᠭᠡᠮ ᠤᠨ ᠬᠦᠭᠵᠢᠯᠲᠡ ᠶᠢᠨ ᠰᠢᠨ᠎ᠡ ᠱᠠᠭᠠᠷᠳᠠᠯᠭ᠎ᠠ ᠳᠤ | ᠤᠯᠠᠮ ᠰᠠᠶᠢᠨ ᠵᠤᠬᠢᠴᠠᠭᠤᠯᠬᠤ ᠶᠢᠨ ᠲᠤᠯᠠᠳᠠ᠂ ᠦᠪᠦᠷ ᠮᠤᠩᠭᠤᠯ ᠤᠨ ᠵᠠᠰᠠᠭ ᠤᠨ ᠤᠷᠳᠤᠨ ᠲᠤᠰᠬᠠᠢ ᠬᠤᠷᠠᠯ | ᠬᠤᠷᠠᠯᠳᠤᠭᠤᠯᠵᠤ᠂ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠰᠠᠭᠤᠷᠢᠯᠠᠨ ᠦᠪᠦᠷ | ᠮᠤᠩᠭᠤᠯ ᠤᠨ ᠠᠭᠠᠷ ᠠᠶᠠᠯᠠᠯ ᠤᠨ ᠳᠡᠭᠡᠳᠦ ᠰᠤᠷᠭᠠᠭᠤᠯᠢ ᠶᠢ ᠪᠠᠶᠢᠭᠤᠯᠬᠤ ᠪᠠᠷ ᠲᠤᠭᠲᠠᠭᠠᠭᠰᠠᠨ ᠪᠠᠶᠢᠨ᠎ᠠ᠃ | ᠤᠶᠢᠯᠠᠭᠠᠭᠰᠠᠨ ᠢᠶᠠᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ | ᠲᠢᠩᠬᠢᠮ ᠠᠴᠠ ᠪᠠᠭᠤᠯᠭᠠᠭᠰᠠᠨ ︽ᠦᠪᠦᠷ ᠮᠤᠩᠭᠤᠯ ᠤᠨ ᠠᠭᠠᠷ ᠠᠶᠠᠯᠠᠯ ᠤᠨ ᠳᠡᠭᠡᠳᠦ ᠰᠤᠷᠭᠠᠭᠤᠯᠢ ᠶᠢ ᠲᠦᠰᠦᠪᠯᠡᠵᠦ | ᠪᠠᠶᠢᠭᠤᠯᠬᠤ ᠲᠤᠬᠠᠢ ᠰᠤᠳᠤᠯᠭ᠎ᠠ︾ ᠳᠤ᠂ ᠦᠪᠦᠷ ᠮᠤᠩᠭᠤᠯ ᠤᠨ ᠠᠭᠠᠷ ᠠᠶᠠᠯᠠᠯ ᠤᠨ ᠳᠡᠭᠡᠳᠦ ᠰᠤᠷᠭᠠᠭᠤᠯᠢ ᠶᠢ ᠱᠠᠲᠤ | ᠬᠤᠪᠢᠶᠠᠨ ᠪᠠᠶᠢᠭᠤᠯᠬᠤ ᠪᠠᠷ ᠲᠦᠯᠦᠪᠯᠡᠵᠡᠢ᠃ ᠠᠩᠬᠠᠨ ᠤ ᠱᠠᠲᠤᠨ ᠳᠤ᠂ ᠦᠪᠦᠷ ᠮᠤᠩᠭᠤᠯ ᠤᠨ ᠠᠵᠤ ᠦᠢᠯᠡᠳᠪᠦᠷᠢ ᠶᠢᠨ | ᠶᠡᠭᠡ ᠰᠤᠷᠭᠠᠭᠤᠯᠢ ᠳᠤ ᠰᠠᠭᠤᠷᠢᠯᠠᠨ ᠬᠤᠶᠠᠳᠤᠭᠠᠷ ᠵᠡᠷᠭᠡᠯᠡᠯ ᠤᠨ ᠳᠡᠭᠡᠳᠦ ᠰᠤᠷᠭᠠᠭᠤᠯᠢ ᠶᠢᠨ ᠬᠠᠮᠢᠶᠠᠷᠤᠯᠲᠠ ᠶᠢᠨ | ᠵᠠᠭᠪᠤᠷ ᠢᠶᠠᠷ ᠪᠠᠶᠢᠭᠤᠯᠤᠨ ᠬᠠᠮᠢᠶᠠᠷᠴᠤ᠂ ᠠᠭᠠᠷ ᠠᠶᠠᠯᠠᠯ ᠤᠨ ᠬᠦᠷᠢᠶ᠎ᠡ ᠴᠠᠷᠠᠭ᠎ᠠ ᠳᠠᠬᠢ ᠳᠡᠭᠡᠳᠦ ᠵᠡᠷᠭᠡ ᠶᠢᠨ ᠴᠢᠳᠠᠪᠤᠷᠢᠲᠠᠨ ᠢ | ᠬᠦᠮᠦᠵᠢᠭᠦᠯᠵᠦ᠂ ᠰᠤᠷᠭᠠᠭᠤᠯᠢ ᠡᠷᠬᠢᠯᠡᠬᠦ ᠲᠤᠷᠰᠢᠯᠭ᠎ᠠ ᠰᠤᠷᠭᠠᠮᠵᠢ ᠬᠤᠷᠠᠮᠳᠤᠭᠤᠯᠤᠨ᠎ᠠ ᠭᠡᠪᠡ᠃ | ᠤᠳᠤᠬᠠᠨ ᠳᠤ᠂ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠵᠠᠬᠢᠷᠤᠯ ᠢᠶᠠᠷ | ᠤᠳᠤᠷᠢᠳᠬᠤ ᠪᠠᠭ ᠤᠨ ᠳᠠᠷᠤᠭ᠎ᠠ ᠪᠤᠯᠭᠠᠭᠰᠠᠨ ᠪᠦᠲᠦᠭᠡᠨ ᠪᠠᠶᠢᠭᠤᠯᠬᠤ ᠠᠵᠢᠯ ᠤᠨ ᠪᠠᠭ ᠢ ᠨᠢᠭᠡᠨᠲᠡ ᠪᠠᠶᠢᠭᠤᠯᠵᠤ᠂ | ᠬᠤᠯᠪᠤᠭᠳᠠᠯ ᠪᠦᠬᠦᠢ ᠳᠡᠭᠡᠳᠦ ᠰᠤᠷᠭᠠᠭᠤᠯᠢ᠂ ᠰᠠᠯᠠᠭ᠎ᠠ ᠮᠦᠴᠢᠷ ᠤᠨ ᠲᠤᠯᠭᠠᠭᠤᠷᠢ ᠬᠦᠴᠦᠨ ᠢ ᠳᠠᠶᠢᠴᠢᠯᠠᠵᠤ ᠪᠦᠲᠦᠭᠡᠨ | ᠪᠠᠶᠢᠭᠤᠯᠬᠤ ᠠᠵᠢᠯ ᠢ ᠪᠦᠬᠦ ᠲᠠᠯ᠎ᠠ ᠪᠠᠷ ᠶᠠᠪᠤᠭᠳᠠᠭᠤᠯᠵᠤ ᠪᠤᠢ᠃ |