ᠬᠤᠶᠠᠷ ᠰᠠᠯᠠᠭ᠎ᠠ ᠮᠦᠴᠢᠷ᠄ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠤᠯᠠ ᠶᠢᠨ ᠦᠭᠡᠷᠡᠴᠢᠯᠡᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2017-07-06
       ᠲᠦᠷᠦᠭᠦᠬᠡᠨ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠪᠤᠯᠤᠨ ᠰᠤᠷᠭᠠᠨ ᠬᠦᠮᠦᠵᠢᠯ ᠤᠨ ᠶᠠᠮᠤᠨ ᠤ ᠠᠯᠪᠠᠨ ᠲᠢᠩᠬᠢᠮ ᠬᠠᠮᠲᠤᠷᠠᠨ ᠮᠡᠳᠡᠭᠳᠡᠯ ᠪᠠᠭᠤᠯᠭᠠᠵᠤ᠂ 2017 ᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠤᠯᠠ ᠰᠢᠯᠭᠠᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃        ᠮᠡᠳᠡᠭᠳᠡᠯ ᠳᠤ ᠱᠠᠭᠠᠷᠳᠠᠭᠰᠠᠨ ᠨᠢ᠂ ᠤᠷᠲᠤ ᠬᠤᠭᠤᠴᠠᠭ᠎ᠠ ᠪᠠᠷ ᠬᠦᠳᠡᠭᠡ ᠲᠤᠰᠬᠤᠨ ᠪᠠ ᠬᠦᠴᠢᠷ ᠪᠡᠷᠬᠡᠰᠢᠶᠡᠯ  ᠲᠠᠢ ᠬᠢᠯᠢ ᠬᠢᠵᠠᠭᠠᠷ ᠭᠠᠵᠠᠷ ᠤᠷᠤᠨ ᠳᠤ ᠠᠵᠢᠯᠯᠠᠵᠤ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠳᠤ ᠪᠤᠯ᠂ ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ ᠶᠢ ᠪᠠᠭᠤᠷᠠᠭᠤᠯᠵᠤ᠂ ᠦᠭᠦᠯᠡᠯ᠂ ᠮᠡᠷᠭᠡᠵᠢᠯ ᠤᠨ ᠴᠤᠯᠠ ᠶᠢᠨ ᠭᠠᠳᠠᠭᠠᠳᠤ ᠬᠡᠯᠡ ᠪᠠ ᠺᠤᠮᠫᠢᠦ᠋ᠲ᠋ᠧᠷ ᠤᠨ ᠬᠡᠷᠡᠭᠯᠡᠭᠡᠨ ᠤ ᠴᠢᠳᠠᠪᠤᠷᠢ ᠶᠢᠨ ᠱᠠᠭᠠᠷᠳᠠᠯᠭ᠎ᠠ ᠭᠠᠷᠭᠠᠬᠤ ᠦᠭᠡᠢ ᠪᠠᠶᠢᠵᠤ᠂ ᠲᠡᠭᠦᠨ ᠤ ᠠᠵᠢᠯ ᠤᠨ ᠦᠷ᠎ᠡ ᠪᠦᠲᠦᠮᠵᠢ ᠶᠢ ᠭᠤᠤᠯᠴᠢᠯᠠᠨ ᠪᠠᠶᠢᠴᠠᠭᠠᠵᠤ᠂ ᠪᠤᠳᠠᠲᠠᠢ ᠠᠵᠢᠯᠯᠠᠭᠰᠠᠨ ᠤᠨ ᠵᠢᠯ ᠤᠨ ᠬᠢᠨᠠᠨ ᠰᠢᠯᠭᠠᠯᠲᠠ ᠳᠠᠬᠢ ᠡᠵᠡᠯᠡᠮᠵᠢ ᠶᠢ ᠳᠡᠭᠡᠭᠰᠢᠯᠡᠭᠦᠯᠵᠦ ᠪᠤᠯᠤᠨ᠎ᠠ ᠭᠡᠪᠡ᠃        ᠮᠡᠳᠡᠭᠳᠡᠯ ᠳᠤ ᠱᠠᠭᠠᠷᠳᠠᠭᠰᠠᠨ ᠨᠢ᠂ ᠪᠠᠭᠰᠢ ᠶᠢᠨ ᠮᠤᠷᠠᠯ ᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠦᠨᠡᠯᠡᠬᠦ ᠠᠵᠢᠯ ᠤᠨ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠪᠠᠭᠰᠢ ᠶᠢᠨ ᠮᠤᠷᠠᠯ ᠤᠨ ᠲᠠᠯ᠎ᠠ ᠪᠠᠷ ᠠᠰᠠᠭᠤᠳᠠᠯ  ᠲᠠᠢ ᠪᠠᠶᠢᠪᠠᠯ ︽ᠨᠢᠭᠡ ᠪᠢᠯᠧᠲ ᠢᠶᠠᠷ ᠦᠭᠡᠶᠢᠰᠬᠡᠬᠦ ᠳᠦᠷᠢᠮ︾ ᠢ ᠬᠡᠷᠡᠭᠵᠢᠭᠦᠯᠦᠨ᠎ᠡ᠃ ᠪᠠᠭᠰᠢ ᠶᠢᠨ ᠪᠢᠴᠢᠭ ᠵᠢᠭᠠᠵᠤ ᠬᠦᠮᠦᠨ ᠬᠦᠮᠦᠵᠢᠭᠦᠯᠬᠦ ᠠᠵᠢᠯ ᠤᠨ ᠦᠷ᠎ᠡ ᠪᠦᠲᠦᠮᠵᠢ ᠪᠠ ᠪᠤᠳᠠᠲᠠᠢ ᠬᠤᠪᠢ ᠨᠡᠮᠡᠷᠢ ᠶᠢ ᠭᠤᠤᠯᠳᠠᠯᠭ᠎ᠠ ᠲᠠᠢ ᠪᠠᠶᠢᠴᠠᠭᠠᠵᠤ᠂ ᠨᠢᠭᠡᠳᠦᠭᠡᠷ ᠹᠷᠤᠨᠲ ᠤᠨ ᠪᠠᠭᠰᠢ ᠶᠢᠨ ᠠᠵᠢᠯ ᠤᠨ ᠪᠤᠳᠠᠲᠤ ᠪᠠᠶᠢᠳᠠᠯ ᠲᠠᠢ ᠨᠡᠩ ᠢᠯᠡᠭᠦᠦ ᠨᠡᠶᠢᠴᠡᠭᠦᠯᠦᠨ᠂ ᠰᠤᠷᠤᠯᠭ᠎ᠠ ᠶᠢᠨ ᠨᠠᠮᠲᠠᠷ᠂ ᠦᠭᠦᠯᠡᠯ ᠢ ᠬᠡᠲᠦᠷᠬᠡᠢ ᠴᠢᠬᠤᠯᠠᠴᠢᠯᠠᠬᠤ ᠬᠠᠨᠳᠤᠰᠢ ᠶᠢ ᠦᠨᠡᠨᠬᠦ ᠬᠤᠪᠢᠷᠠᠭᠤᠯᠵᠤ᠂ ᠦᠭᠦᠯᠡᠯ ᠢ ᠬᠢᠵᠠᠭᠠᠷᠯᠠᠬᠤ ᠴᠢᠨᠠᠷᠲᠠᠢ ᠨᠦᠬᠦᠴᠡᠯ ᠪᠤᠯᠭᠠᠬᠤ ᠦᠭᠡᠢ ᠪᠠᠶᠢᠵᠤ᠂ ᠵᠢᠭᠠᠬᠤ ᠲᠦᠰᠦᠪ᠂ ᠰᠤᠳᠤᠯᠭᠠᠨ ᠤ ᠮᠡᠳᠡᠭᠦᠯᠦᠯᠲᠡ᠂ ᠠᠵᠢᠯ ᠤᠨ ᠳ᠋ᠦᠩᠨᠡᠯᠲᠡ ᠵᠡᠷᠭᠡ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢᠶᠠᠷ ᠦᠭᠦᠯᠡᠯ ᠤᠨ ᠱᠠᠭᠠᠷᠳᠠᠯᠭ᠎ᠠ ᠶᠢ ᠤᠷᠤᠯᠠᠭᠤᠯᠬᠤ ᠶᠢ ᠬᠠᠶᠢᠨ ᠰᠦᠪᠡᠭᠴᠢᠯᠡᠨ᠎ᠡ᠃ ᠵᠢᠩᠬᠢᠨᠢ ᠳᠡᠭᠡᠳᠦ ᠳᠡᠰ ᠤᠨ ᠪᠠᠭᠰᠢ ᠶᠢᠨ ᠬᠤᠲᠠ ᠬᠦᠳᠡᠭᠡ ᠶᠢᠨ ᠡᠯ᠎ᠡ ᠭᠠᠵᠠᠷ ᠤᠷᠤᠨ ᠳᠠᠬᠢ ᠬᠦᠲᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠨᠡᠩ ᠤᠯᠠᠨ ᠰᠢᠯᠢᠳᠡᠭ ᠪᠠᠭᠰᠢ ᠶᠢ ᠵᠢᠩᠬᠢᠨᠢ ᠳᠡᠭᠡᠳᠦ ᠳᠡᠰ ᠤᠨ ᠪᠠᠭᠰᠢ ᠶᠢᠨ ᠬᠢᠷᠢ ᠬᠡᠮ ᠲᠠᠢ ᠪᠤᠯᠬᠤ ᠪᠤᠯᠤᠮᠵᠢᠲᠠᠢ ᠪᠤᠯᠭᠠᠨ᠎ᠠ ᠭᠡᠪᠡ᠃        ᠮᠡᠳᠡᠭᠳᠡᠯ ᠳᠤ ᠳᠤᠷᠠᠳᠤᠭᠰᠠᠨ ᠨᠢ᠂ ᠦᠭᠡ ᠬᠡᠯᠡᠵᠦ ᠬᠢᠴᠢᠶᠡᠯ ᠵᠢᠭᠠᠬᠤ᠂ ᠨᠢᠭᠤᠷᠳᠡᠨ ᠰᠢᠯᠭᠠᠵᠤ ᠬᠠᠷᠢᠭᠤ ᠮᠠᠷᠭᠤᠬᠤ᠂ ᠲᠤᠰᠬᠠᠢ ᠮᠡᠷᠭᠡᠵᠢᠯᠲᠡᠨ ᠦᠨᠡᠯᠡᠨ ᠶᠠᠷᠢᠯᠴᠠᠬᠤ ᠵᠡᠷᠭᠡ ᠤᠯᠠᠨ ᠵᠦᠢᠯ ᠤᠨ ᠦᠨᠡᠯᠡᠬᠦ ᠠᠷᠭ᠎ᠠ ᠮᠠᠶ᠋ᠢᠭ ᠢ ᠤᠶᠠᠯᠳᠤᠭᠤᠯᠬᠤ ᠶᠢ ᠪᠠᠷᠢᠮᠲᠠᠯᠠᠨ᠂ ︽ᠭᠡᠨᠡᠳᠲᠡ ᠪᠠᠷ ᠬᠢᠴᠢᠶᠡᠯ ᠰᠤᠨᠤᠰᠬᠤ︾᠂ ︽ᠲᠣᠬᠢᠶᠠᠯᠳᠤᠯ ᠢᠶᠠᠷ ᠰᠡᠳᠦᠪ ᠰᠤᠩᠭᠤᠵᠤ ᠬᠢᠴᠢᠶᠡᠯ ᠶᠠᠷᠢᠭᠤᠯᠬᠤ︾ ᠵᠡᠷᠭᠡ ᠬᠡᠯᠪᠡᠷᠢ ᠶᠢ ᠰᠠᠨᠠᠭᠠᠴᠢᠯᠠᠨ᠂ ᠦᠨᠳᠦᠰᠦᠨ ᠴᠢᠳᠠᠪᠤᠷᠢ ᠬᠡᠪ ᠴᠢᠨᠠᠷ ᠢ ᠬᠢᠨᠠᠨ ᠰᠢᠯᠭᠠᠬᠤ ᠠᠭᠤᠯᠭ᠎ᠠ ᠨᠡᠮᠡᠨ᠎ᠡ᠃ ᠨᠦᠬᠦᠴᠡᠯ ᠲᠠᠢ ᠭᠠᠵᠠᠷ ᠤᠷᠤᠨ ᠤ ᠬᠦᠳᠡᠭᠡ ᠲᠤᠰᠬᠤᠨ ᠪᠠ ᠬᠦᠴᠢᠷ ᠪᠡᠷᠬᠡᠰᠢᠶᠡᠯ ᠲᠠᠢ ᠬᠢᠯᠢ ᠬᠢᠵᠠᠭᠠᠷ ᠭᠠᠵᠠᠷ ᠤᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠤᠯᠠ ᠰᠢᠯᠭᠠᠷᠠᠭᠤᠯᠬᠤ ᠺᠤᠮᠢᠰ ᠪᠤᠶᠤ ᠰᠢᠯᠭᠠᠷᠠᠭᠤᠯᠬᠤ ᠳᠤᠭᠤᠶᠢᠯᠠᠩ ᠢ ᠪᠠᠶᠢᠭᠤᠯᠵᠤ᠂ ᠠᠰᠳᠠᠭᠠᠨ ᠰᠢᠯᠭᠠᠷᠠᠭᠤᠯᠬᠤ ᠶᠢ ᠵᠤᠷᠢᠭᠵᠢᠭᠤᠯᠤᠨ᠎ᠠ ᠭᠡᠪᠡ᠃        ᠮᠡᠳᠡᠭᠳᠡᠯ ᠳᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ ᠰᠤᠷᠭᠠᠨ ᠬᠦᠮᠦᠵᠢᠯ ᠤᠨ ᠵᠢᠳᠬᠦᠯᠲᠡᠨ ᠬᠦᠮᠦᠵᠢᠭᠦᠯᠵᠦ ᠪᠤᠶᠢᠵᠢᠭᠤᠯᠬᠤ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠤᠰᠤᠭᠠᠷ ᠳᠤᠮᠳᠠᠳᠤ ᠪᠠᠭ᠎ᠠ ᠰᠤᠷᠭᠠᠭᠤᠯᠢ ᠶᠢᠨ ᠵᠢᠩᠬᠢᠨᠢ ᠳᠡᠭᠡᠳᠦ ᠳᠡᠰ ᠤᠨ ᠪᠠᠭᠰᠢ ᠶᠢᠨ ᠮᠡᠷᠭᠡᠵᠢᠯ ᠤᠨ ᠴᠤᠯᠠ ᠰᠢᠯᠭᠠᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ 2017 ᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠩᠬᠢᠨᠢ ᠳᠡᠭᠡᠳᠦ ᠳᠡᠰ ᠤᠨ ᠪᠠᠭᠰᠢ ᠶᠢᠨ ᠪᠦᠬᠦ ᠲᠤᠭ᠎ᠠ ᠶᠢ ᠮᠦᠨ ᠬᠦ ᠬᠢᠵᠠᠭᠠᠷᠯᠠᠨ᠎ᠠ᠃ ᠨᠢᠭᠡᠳᠦᠭᠡᠷ ᠹᠷᠤᠨᠲ ᠤᠨ ᠪᠠᠭᠰᠢ ᠢᠯᠠᠩᠭᠤᠶ᠎ᠠ ᠬᠦᠳᠡᠭᠡ ᠲᠤᠰᠬᠤᠨ ᠤ ᠪᠠᠭᠰᠢ ᠲᠡᠰᠢ ᠬᠡᠯᠪᠡᠶᠢᠯᠭᠡᠬᠦ ᠡᠷᠴᠢᠮ ᠢᠶᠠᠨ ᠴᠢᠩᠭᠠᠷᠠᠭᠤᠯᠵᠤ᠂ ᠰᠢᠯᠭᠠᠷᠠᠭᠤᠯᠤᠯᠲᠠ ᠶᠢ ᠦᠩᠭᠡᠷᠡᠭᠡᠭᠰᠡᠨ ᠵᠢᠩᠬᠢᠨᠢ ᠳᠡᠭᠡᠳᠦ ᠳᠡᠰ ᠤᠨ ᠪᠠᠭᠰᠢ ᠶᠢᠨ ᠲᠤᠲᠤᠷ᠎ᠠ᠂ ᠰᠤᠷᠭᠠᠭᠤᠯᠢ ᠪᠠ ᠵᠢᠭᠠᠨ ᠰᠤᠳᠤᠯᠬᠤ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠤᠳᠤᠷᠢᠳᠬᠤ ᠲᠤᠰᠢᠶᠠᠯ ᠡᠭᠦᠷᠭᠡᠯᠡᠬᠦ ᠪᠠᠭᠰᠢ ᠶᠢ ᠵᠠᠷᠴᠢᠮ ᠳᠡᠭᠡᠷ᠎ᠡ ᠪᠠᠨ 30% ᠠᠴᠠ ᠬᠡᠲᠦᠷᠡᠭᠦᠯᠬᠦ ᠦᠭᠡᠢ ᠭᠡᠪᠡ᠃
 
ᠢᠷᠡᠯᠲᠡ᠄ ᠠᠷᠠᠳ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号