| ᠰᠤᠷᠪᠤᠯᠵᠢᠯᠠᠭᠴᠢ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠲᠦᠪ ᠠᠴᠠ ᠤᠶᠢᠯᠠᠭᠠᠭᠰᠠᠨ ᠢᠶᠠᠷ᠂ ᠡᠨᠡ ᠵᠢᠯ ᠤᠯᠤᠰ ᠤᠨ ᠪᠠᠭᠰᠢ ᠶᠢᠨ ᠰᠤᠷᠭᠠᠭᠤᠯᠢ ᠶᠢᠨ | ᠰᠦᠢᠳᠬᠡᠯ ᠬᠤᠷᠢᠶᠠᠬᠤ ᠦᠭᠡᠢ ᠪᠠᠷ ᠰᠤᠷᠤᠭᠴᠢ ᠡᠯᠰᠡᠬᠦ ᠲᠦᠯᠦᠪᠯᠡᠭᠡ ᠪᠠᠷ ᠮᠠᠨ ᠤ ᠤᠷᠤᠨ ᠠᠴᠠ 280 ᠰᠤᠷᠤᠭᠴᠢ | ᠡᠯᠰᠡᠨ᠎ᠡ᠃ | ᠰᠤᠷᠤᠭᠴᠢ ᠡᠯᠰᠡᠬᠦ ᠠᠵᠢᠯ ᠢ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠲᠤ | ᠲᠤᠬᠢᠷᠠᠭᠤᠯᠵᠤ᠂ ᠪᠠᠷᠠᠭᠤᠨ ᠡᠮᠦᠨᠡᠲᠦ ᠶᠢᠨ ᠶᠡᠭᠡ ᠰᠤᠷᠭᠠᠭᠤᠯᠢ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ | ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ᠂ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ᠂ ᠬᠤᠸᠠ | ᠳ᠋ᠦᠩ ᠪᠠᠭᠰᠢ ᠶᠢᠨ ᠶᠡᠭᠡ ᠰᠤᠷᠭᠠᠭᠤᠯᠢ ᠵᠡᠷᠭᠡ 6 ᠰᠤᠷᠭᠠᠭᠤᠯᠢ ᠮᠠᠨ ᠤ ᠤᠷᠤᠨ ᠠᠴᠠ ᠨᠡᠶᠢᠲᠡ 280 ᠰᠤᠷᠤᠭᠴᠢ | ᠡᠯᠰᠡᠨ᠎ᠡ᠃ | ᠰᠦᠢᠳᠬᠡᠯ ᠬᠤᠷᠢᠶᠠᠬᠤ ᠦᠭᠡᠢ ᠪᠠᠭᠰᠢ ᠶᠢᠨ ᠲᠤᠰᠬᠠᠢ ᠮᠡᠷᠭᠡᠵᠢᠯ ᠤᠨ ᠰᠤᠷᠤᠭᠴᠢ ᠰᠤᠷᠭᠠᠭᠤᠯᠢ ᠳᠤ | ᠤᠷᠤᠬᠤ ᠠᠴᠠ ᠡᠮᠦᠨ᠎ᠡ᠂ ᠰᠤᠷᠭᠠᠭᠤᠯᠢ ᠪᠠ ᠤᠶᠤᠲᠠᠳ ᠤᠨ ᠢᠷᠡᠯᠲᠡ ᠶᠢᠨ ᠪᠠᠶᠢᠭ᠎ᠠ ᠭᠠᠵᠠᠷ ᠤᠨ ᠮᠤᠵᠢ ᠶᠢᠨ | ᠳᠡᠰ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠵᠦᠪᠳᠡᠯᠴᠡᠭᠡᠷ ᠲᠤᠭᠲᠠᠵᠤ᠂ | ᠲᠡᠭᠦᠰᠦᠭᠰᠡᠨ ᠤ ᠰᠡᠭᠦᠯᠡᠷ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠠᠵᠢᠯ ᠢ ᠠᠷᠪᠠᠨ ᠵᠢᠯ | ᠪᠤᠶᠤ ᠠᠷᠪᠠᠨ ᠵᠢᠯ ᠠᠴᠠ ᠳᠡᠭᠡᠭᠰᠢ ᠬᠢᠬᠦ ᠬᠡᠷᠡᠭᠲᠡᠢ ᠭᠡᠵᠦ ᠠᠮᠠᠯᠠᠬᠤ ᠬᠡᠷᠡᠭᠲᠡᠢ᠃ ᠬᠤᠲᠠ ᠪᠠᠯᠭᠠᠰᠤ ᠶᠢᠨ | ᠰᠤᠷᠭᠠᠭᠤᠯᠢ ᠳᠤ ᠬᠦᠷᠴᠦ ᠪᠠᠭᠰᠢᠯᠠᠬᠤ ᠰᠦᠢᠳᠬᠡᠯ ᠬᠤᠷᠢᠶᠠᠬᠤ ᠦᠭᠡᠢ ᠬᠦᠮᠦᠵᠢᠭᠦᠯᠦᠭᠰᠡᠨ ᠪᠠᠭᠰᠢ ᠶᠢᠨ | ᠰᠤᠷᠭᠠᠭᠤᠯᠢ ᠶᠢᠨ ᠰᠤᠷᠤᠭᠴᠢ ᠤᠷᠢᠳᠠᠪᠡᠷ ᠦᠨᠳᠦᠰᠦᠨ ᠱᠠᠲᠤᠨ ᠳᠤ ᠤᠴᠢᠵᠤ 2 ᠵᠢᠯ ᠠᠵᠢᠯᠯᠠᠭᠰᠠᠨ ᠪᠠᠶᠢᠬᠤ | ᠬᠡᠷᠡᠭᠲᠡᠢ᠃ ᠵᠦᠪᠳᠡᠯᠴᠡᠭᠡᠷ ᠶᠤᠰᠤᠭᠠᠷ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠠᠵᠢᠯ ᠢ | ᠬᠢᠭᠰᠡᠨ ᠦᠭᠡᠢ ᠬᠦᠮᠦᠰ ᠠᠴᠠ ᠰᠦᠢᠳᠬᠡᠯ ᠬᠤᠷᠢᠶᠠᠭᠰᠠᠨ ᠦᠭᠡᠢ ᠰᠤᠷᠭᠠᠨ ᠬᠦᠮᠦᠵᠢᠯ ᠬᠦᠷᠲᠡᠭᠰᠡᠨ | ᠬᠤᠭᠤᠴᠠᠭᠠᠨ ᠳᠠᠬᠢ ᠵᠠᠷᠤᠳᠠᠯ ᠪᠠ ᠵᠦᠪᠳᠡᠯᠴᠡᠭᠡᠷ ᠠᠴᠠ ᠵᠦᠷᠢᠴᠡᠭᠰᠡᠨ ᠵᠠᠷᠤᠳᠠᠯ ᠮᠦᠩᠭᠦ ᠠᠪᠤᠨ᠎ᠠ᠃ |