| | ︽ᠪᠤᠭᠳᠠ ᠴᠢᠩᠭᠢᠰ︾ ᠭᠡᠮᠡᠬᠦ ᠡᠷᠲᠡᠨ ᠤ ᠨᠢᠭᠡᠨ ᠳᠠᠭᠤᠨ ᠤ ᠠᠶ᠎ᠠ ᠡᠭᠡᠰᠢᠭ ᠳᠡᠭᠡᠷ᠎ᠡ ︽ᠬᠡᠰᠢᠭᠲᠡᠨ | ᠬᠤᠰᠢᠭᠤᠨ ᠤ ︿ᠷᠤᠯᠭᠠᠷᠵᠠᠪ﹀ ᠠᠷᠠᠳ ᠤᠨ ᠰᠤᠶᠤᠯ ᠤᠷᠠᠯᠢᠭ ᠤᠨ ᠨᠡᠶᠢᠭᠡᠮᠯᠢᠭ︾ ᠪᠠᠶᠢᠭᠤᠯᠤᠭᠳᠠᠭᠰᠠᠨ ᠶᠤᠮ᠃ | ᠲᠡᠶᠢᠨᠬᠦ ᠤᠷᠠᠨ ᠵᠤᠬᠢᠶᠠᠯ᠂ ᠤᠷᠠᠯᠢᠭ ᠲᠤ ᠳᠤᠷ᠎ᠠ ᠪᠠᠭ᠋ᠠᠲᠠᠢ ᠬᠡᠰᠢᠭᠲᠡᠨᠴᠦᠳ ᠨᠢᠭᠡᠨ ᠭᠡᠷ ᠲᠤ ᠴᠤᠭᠯᠠᠷᠠᠵᠤ ᠳᠤᠷ᠎ᠠ | ᠰᠤᠨᠢᠷᠬᠠᠯ ᠤᠨ ᠢᠶᠠᠨ ᠲᠤᠬᠠᠢ᠂ ᠤᠷᠠᠨ ᠪᠦᠲᠦᠭᠡᠯ ᠤᠨ ᠢᠶᠠᠨ ᠲᠤᠬᠠᠢ ᠡᠷᠡᠭᠡ ᠦᠭᠡᠢ ᠶᠠᠷᠢᠶ᠎ᠠ ᠳᠡᠯᠭᠡᠵᠦ᠂ ᠨᠤᠲᠤᠭ | ᠤᠰᠤᠨ ᠤ ᠪᠠᠨ ᠲᠡᠦᠬᠡ ᠰᠤᠶᠤᠯ ᠢ ᠡᠷᠬᠢᠮᠯᠡᠨ ᠳᠡᠭᠡᠳᠦᠯᠡᠵᠦ᠂ ︽ᠭᠦᠩᠭᠡᠷ ᠤᠨ ᠲᠠᠯ᠎ᠠ︾ ᠭᠡᠬᠦ ᠰᠡᠳᠬᠦᠯ ᠢ ᠡᠷᠬᠢᠯᠡᠨ | ᠨᠠᠶᠢᠷᠠᠭᠤᠯᠬᠤ ᠪᠠᠷ ᠵᠤᠷᠢᠭᠯᠠᠵᠤ ᠪᠠᠶᠢᠭᠰᠠᠨ ᠢ ᠡᠷᠭᠢᠨ ᠰᠠᠨᠠᠬᠤ ᠳᠤ ᠠᠷᠪᠠᠨ ᠵᠢᠯ ᠤᠨ ᠲᠡᠷᠲᠡᠭᠡ ᠪᠤᠯᠵᠤ᠂ ︽ | ᠭᠦᠩᠭᠡᠷ ᠤᠨ ᠲᠠᠯ᠎ᠠ︾ ᠰᠡᠳᠬᠦᠯ ᠮᠢᠨᠢ ᠵᠢᠷᠭᠤᠭᠠᠨ ᠬᠤᠭᠤᠴᠠᠭ᠎ᠠ ᠠᠮᠵᠢᠯᠲᠠ ᠲᠠᠢ ᠬᠡᠪᠯᠡᠭᠳᠡᠭᠰᠡᠨ ᠪᠠᠶᠢᠳᠠᠭ᠃ | ᠡᠨᠡ ᠠᠷᠪᠠᠨ ᠵᠢᠯ ᠳᠤ ᠤᠯᠠᠨ ᠰᠢᠨ᠎ᠡ ᠤᠷᠠᠨ ᠪᠦᠲᠦᠭᠡᠯᠴᠢ ᠨᠡᠮᠡᠭᠳᠡᠭᠰᠡᠨ᠂ ᠪᠠᠰᠠ ᠴᠦᠭᠡᠨ ᠦᠭᠡᠢ ᠬᠦᠮᠦᠨ | ᠪᠢᠷ ᠢᠶᠠᠨ ᠬᠠᠶᠠᠭᠰᠠᠨ᠂ ᠶᠠᠮᠠᠷ ᠴᠦ ᠪᠠᠶᠢᠭᠰᠠᠨ ︽ᠷᠤᠯᠭᠠᠷᠵᠠᠪ︾ ᠠᠷᠠᠳ ᠤᠨ ᠰᠤᠶᠤᠯ ᠤᠷᠠᠯᠢᠭ ᠤᠨ ᠨᠡᠶᠢᠭᠡᠮᠯᠢᠭ | ᠠᠷᠪᠠᠨ ᠵᠢᠯ ᠤᠨ ᠪᠤᠱᠤᠭᠠᠨ ᠳᠡᠭᠡᠷ᠎ᠡ ᠪᠠᠨ ᠨᠤᠲᠤᠭ ᠤᠨ ᠢᠶᠠᠨ ᠲᠡᠦᠬᠡ ᠰᠤᠶᠤᠯ ᠤᠨ ᠮᠦᠩᠭᠡ ᠵᠤᠯᠠ ᠳᠤ ᠲᠤᠰᠤ | ᠨᠡᠮᠡᠵᠦ᠂ ᠡᠷᠲᠡᠨ ᠤ ᠲᠡᠦᠬᠡ ᠲᠠᠢ ᠡᠨᠡ ᠤᠳᠤᠮ ᠤᠨ ᠤᠷᠠᠯᠢᠭ ᠤᠨ ᠪᠤᠷᠬᠠᠨ ᠳᠤ ᠰᠠᠴᠤᠯᠢ ᠡᠷᠭᠦᠵᠦ ᠲᠠᠬᠢᠯᠴᠢ ᠶᠢᠨ | ᠠᠵᠢᠯ ᠢᠶᠠᠨ ᠦᠷᠭᠦᠯᠵᠢᠯᠡᠭᠦᠯᠦᠭᠰᠡᠭᠡᠷ ᠁ | ︽ᠭᠦᠩᠭᠡᠷ ᠤᠨ ᠲᠠᠯ᠎ᠠ︾ ᠰᠡᠳᠬᠦᠯ ᠮᠢᠨᠢ ᠤᠳᠤ ᠳᠤᠯᠤᠲᠠᠬᠢ ᠬᠤᠭᠤᠴᠠᠭ᠎ᠠ ᠪᠠᠨ ᠪᠡᠯᠡᠳᠬᠡᠵᠦ ᠪᠠᠶᠢᠨ᠎ᠠ᠃ | ᠨᠤᠲᠤᠭ ᠤᠰᠤᠨ ᠤ ᠪᠠᠨ ᠲᠡᠦᠬᠡ ᠰᠤᠶᠤᠯ᠂ ᠮᠠᠷᠲᠠᠭᠳᠠᠨ ᠭᠡᠭᠡᠭᠳᠡᠵᠦ ᠪᠠᠶᠢᠭ᠎ᠠ ᠦᠪ ᠤᠨ ᠰᠠᠩ ᠢ ᠴᠢᠳᠠᠬᠤ | ᠶᠠᠳᠠᠬᠤ ᠪᠠᠷ ᠢᠶᠠᠨ ᠴᠤᠭᠯᠠᠭᠤᠯᠤᠨ ᠨᠠᠶᠢᠲᠡᠯᠡᠳᠡᠭ ᠡᠨᠡ ᠰᠡᠳᠬᠦᠯ ᠢ ︽ᠷᠤᠯᠭᠠᠷᠵᠠᠪ︾ ᠠᠷᠠᠳ ᠤᠨ ᠰᠤᠶᠤᠯ | ᠤᠷᠠᠯᠢᠭ ᠤᠨ ᠨᠡᠶᠢᠭᠡᠮᠯᠢᠭ ᠨᠢ ᠪᠠᠳᠢᠷ ᠤᠨ ᠮᠦᠩᠭᠦ ᠪᠠᠷ ᠬᠡᠪᠯᠡᠵᠦ ᠪᠠᠶᠢᠨ᠎ᠠ ᠭᠡᠬᠦ ᠳᠤ ᠢᠲᠡᠭᠡᠵᠦ ᠶᠠᠳᠠᠮᠠᠷ᠃ | ︽ᠦᠨᠦ ᠬᠡᠳᠦᠨ ᠶᠠᠭᠤᠮ᠎ᠠ ᠪᠢᠴᠢᠳᠡᠭ ᠤᠳ ᠪᠠᠰᠠ ᠯᠠ ᠨᠡᠶᠢᠯᠡᠴᠢᠬᠡᠵᠡᠢ ᠁︾ ᠭᠡᠵᠦ ᠬᠠᠶᠠ ᠨᠢᠳᠤ | ᠦᠵᠦᠭᠦᠷᠯᠡᠭᠳᠡᠳᠡᠭ᠃ ᠮ᠊᠂ ᠰᠡᠴᠡᠨᠪᠠᠭᠠᠲᠤᠷ᠂ ᠴᠤ᠋᠂ ᠨᠠᠰᠤᠨᠵᠠᠶᠠᠭ᠎ᠠ᠂ ᠨᠤ᠂ ᠡᠷᠳᠡᠮᠲᠦ ᠭᠡᠬᠦᠴᠢᠯᠡᠨ ᠢᠳᠡ | ᠭᠢᠯᠠᠯᠵᠠᠭᠰᠠᠨ ᠵᠠᠯᠠᠭᠤᠰ ᠠᠷᠪᠠᠨ ᠵᠢᠯ ᠤᠨ ᠡᠮᠦᠨ᠎ᠡ ︽ᠷᠤᠯᠭᠠᠷᠵᠠᠪ︾ ᠭᠡᠬᠦ ᠠᠭᠤᠤ ᠬᠦᠮᠦᠨ ᠤ ᠨᠡᠷ᠎ᠡ ᠶᠢ ᠪᠠᠷᠢᠵᠤ᠂ | ᠠᠰᠢᠭ ᠤᠨ ᠪᠤᠰᠤ ᠡᠨᠡ ᠵᠤᠬᠢᠶᠠᠨ ᠪᠠᠶᠢᠭᠤᠯᠤᠯᠲᠠ ᠶᠢ ᠠᠩᠬ᠎ᠠ ᠡᠭᠦᠰᠬᠡᠨ ᠪᠠᠶᠢᠭᠤᠯᠵᠤ᠂ ᠬᠡᠰᠢᠭᠲᠡᠨ ᠨᠤᠲᠤᠭ ᠤᠨ | ᠬᠡᠳᠦᠨ ᠦᠶ᠎ᠡ ᠶᠢᠨ ᠵᠤᠬᠢᠶᠠᠯᠴᠢ᠂ ᠤᠷᠠᠨ ᠪᠦᠲᠦᠭᠡᠯᠴᠢᠳ ᠤᠨ ᠰᠤᠳᠤᠯ ᠰᠠᠶᠢᠬᠠᠨ ᠤᠷᠠᠨ ᠪᠦᠲᠦᠭᠡᠯ ᠢ | ᠬᠠᠭᠤᠳᠠᠰᠤᠯᠠᠭᠰᠠᠨ ᠨᠢ ᠮᠠᠷᠭᠤᠰᠢ ᠦᠭᠡᠢ ᠦᠨᠡᠨ᠃ | ︽ᠷᠤᠯᠭᠠᠷᠵᠠᠪ︾ ᠠᠷᠠᠳ ᠤᠨ ᠰᠤᠶᠤᠯ ᠤᠷᠠᠯᠢᠭ ᠤᠨ ᠨᠡᠶᠢᠭᠡᠮᠯᠢᠭ ᠮᠠᠨᠢ ᠠᠯᠢ ᠤᠯᠠᠨ ᠤᠷᠠᠨ | ᠵᠤᠬᠢᠶᠠᠯ ᠤᠨ ᠦᠢᠯᠡ ᠠᠵᠢᠯᠯᠠᠭ᠎ᠠ ᠶᠢ ᠵᠤᠬᠢᠶᠠᠨ ᠪᠠᠶᠢᠭᠤᠯᠤᠭᠰᠠᠨ᠃ ᠲᠡᠭᠦᠨ ᠤ ᠳᠤᠮᠳᠠ ᠠᠴᠠ ᠤᠨᠴᠠᠯᠠᠨ | ᠳᠤᠷᠠᠳᠬᠤ ᠳᠤ ᠵᠢᠯ ᠵᠢᠯ ᠤᠨ ᠭᠤᠷᠪᠠᠨ ᠰᠠᠷ᠎ᠠ ᠶᠢᠨ 21 ᠤ ᠳᠡᠯᠡᠬᠡᠢ ᠶᠢᠨ ᠢᠷᠠᠭᠤ ᠨᠠᠶᠢᠷᠠᠭ ᠤᠨ ᠡᠳᠦᠷ ᠢ | ᠳᠤᠷᠠᠰᠬᠠᠬᠤ ᠠᠵᠢᠯᠯᠠᠭ᠎ᠠ᠂ ᠮᠤᠩᠭᠤᠯ ᠬᠡᠯᠡ ᠪᠢᠴᠢᠭ ᠤᠨ ᠶᠡᠭᠡ ᠡᠷᠳᠡᠮᠲᠡᠨ ᠡᠷᠳᠡᠨᠢᠲᠤᠭᠲᠠᠬᠤ ᠶᠢᠨ ᠮᠡᠨᠳᠦᠯᠡᠭᠰᠡᠨ | ᠵᠠᠭᠤᠨ ᠵᠢᠯ ᠤᠨ ᠤᠢ ᠶᠢ ᠳᠤᠷᠠᠰᠬᠠᠬᠤ ᠰᠢᠷᠢᠰ ᠠᠵᠢᠯᠯᠠᠭᠠᠨ ᠵᠡᠷᠭᠡ ᠠᠯᠢ ᠤᠯᠠᠨ ᠰᠤᠶᠤᠯ ᠤᠷᠠᠯᠢᠭ ᠤᠨ | ᠠᠵᠢᠯᠯᠠᠭᠠᠨ ᠢ ᠠᠮᠵᠢᠯᠲᠠ ᠲᠠᠢ ᠡᠷᠬᠢᠯᠡᠨ ᠵᠤᠬᠢᠶᠠᠨ ᠪᠠᠶᠢᠭᠤᠯᠤᠭᠰᠠᠨ ᠪᠠᠶᠢᠳᠠᠭ᠃ | ᠵᠤᠬᠢᠶᠠᠯᠴᠢ ᠰᠢᠭᠦᠮᠵᠢᠯᠡᠭᠴᠢ ᠤ᠊᠂ ᠰᠡᠴᠡᠨᠪᠠᠭᠠᠲᠤᠷ ᠭᠤᠸᠠᠢ ᠪᠤᠯ ︽ᠷᠤᠯᠭᠠᠷᠵᠠᠪ︾ ᠠᠷᠠᠳ ᠤᠨ ᠰᠤᠶᠤᠯ | ᠤᠷᠠᠯᠢᠭ ᠤᠨ ᠨᠡᠶᠢᠭᠡᠮᠯᠢᠭ ᠤᠨ ᠠᠩᠬᠠᠨ ᠤ ᠲᠡᠷᠢᠭᠦᠯᠡᠭᠴᠢ᠃ ᠲᠡᠷᠡ ᠪᠠᠷ ᠤᠯᠠᠨ ᠵᠢᠯ ᠤᠨ ᠲᠤᠷᠰᠢ ᠤᠶᠢᠭ᠎ᠠ ᠦᠭᠡᠢ | ᠬᠦᠳᠡᠯᠮᠦᠷᠢᠯᠡᠵᠦ ︽ᠭᠦᠩᠭᠡᠷ ᠤᠨ ᠲᠠᠯ᠎ᠠ︾ ᠶᠢ ᠴᠢᠨᠠᠷᠯᠢᠭ ᠡᠷᠬᠢᠯᠡᠵᠦ ᠪᠠᠶᠢᠭᠰᠠᠨ ᠪᠢᠯᠡ᠃ ᠤᠳᠤ ︽ᠷᠤᠯᠭᠠᠷᠵᠠᠪ︾ | ᠠᠷᠠᠳ ᠤᠨ ᠰᠤᠶᠤᠯ ᠤᠷᠠᠯᠢᠭ ᠤᠨ ᠨᠡᠶᠢᠭᠡᠮᠯᠢᠭ ᠨᠢ ᠢᠷᠠᠭᠤ ᠨᠠᠶᠢᠷᠠᠭᠴᠢ ᠰ᠊᠂ ᠠᠯᠲᠠᠨᠪᠠᠭᠠᠨ᠎ᠠ ᠭᠤᠸᠠᠢ ᠶᠢᠨ | ᠳᠠᠭᠠᠭᠤᠯᠭ᠎ᠠ ᠳᠤᠤᠷ᠎ᠠ 2017 ᠤᠨ ᠤ ᠵᠤᠤ ᠤᠳᠠ ᠶᠢᠨ ᠵᠤᠬᠢᠶᠠᠯᠴᠢᠳ ᠤᠨ ᠴᠤᠭᠯᠠᠭᠠᠨ ᠵᠡᠷᠭᠡ ᠠᠯᠢ ᠤᠯᠠᠨ | ᠰᠤᠶᠤᠯ ᠤᠷᠠᠯᠢᠭ ᠤᠨ ᠠᠵᠢᠯᠯᠠᠭᠠᠨ ᠢ ᠲᠦᠰᠦᠪᠯᠡᠨ ᠡᠷᠬᠢᠯᠡᠬᠦ ᠪᠠᠷ ᠪᠠᠶᠢᠨ᠎ᠠ᠃ | ᠦᠨᠳᠦᠰᠦᠨ ᠱᠠᠲᠤᠨ ᠤ ᠰᠤᠶᠤᠯ ᠤᠨ ᠠᠵᠢᠯᠯᠠᠭ᠎ᠠ ᠶᠢ ᠬᠦᠷ ᠬᠦᠭᠵᠢᠶᠡᠨ ᠲᠠᠢ ᠪᠤᠯᠭᠠᠵᠤ᠂ ᠤᠷᠤᠨ | ᠨᠤᠲᠤᠭ ᠤᠨ ᠢᠶᠠᠨ ᠰᠤᠶᠤᠯ ᠲᠡᠦᠬᠡ ᠶᠢᠨ ᠴᠤᠭᠯᠠᠭᠤᠯᠭ᠎ᠠ ᠡᠮᠬᠢᠳᠬᠡᠯ ᠢ ᠨᠡᠩ ᠴᠢᠨᠠᠭᠰᠢᠲᠠ ᠠᠬᠢᠭᠤᠯᠬᠤ ᠪᠠᠷ ︽ | ᠷᠤᠯᠭᠠᠷᠵᠠᠪ︾ ᠠᠷᠠᠳ ᠤᠨ ᠰᠤᠶᠤᠯ ᠤᠷᠠᠯᠢᠭ ᠤᠨ ᠨᠡᠶᠢᠭᠡᠮᠯᠢᠭ ᠤᠨ ᠬᠠᠮᠲᠤ ᠤᠯᠠᠨ ᠰᠡᠳᠬᠢᠯ ᠨᠢᠭᠡᠲᠡᠢ | ᠤᠷᠤᠭᠰᠢᠯᠠᠵᠤ ᠪᠠᠶᠢᠨ᠎ᠠ᠃ |