ᠵᠦᠪ ᠡᠨᠧᠷᠭᠢ ᠨᠢ ᠬᠦᠮᠦᠰ ᠢ ᠡᠷᠡᠭᠦᠯ ᠴᠢᠬᠢᠷᠠᠭ ᠪᠤᠯᠭᠠᠳᠠᠭ
ᠨᠡᠶᠢᠲᠡᠯᠡᠭᠰᠡᠨ ᠴᠠᠭ᠄
2017-08-25
       ᠶᠠᠭᠤ ᠶᠢ ᠵᠦᠪ ᠡᠨᠧᠷᠭᠢ ᠭᠡᠬᠦ ᠪᠤᠢ︖ ᠡᠷᠡᠭᠦᠯ ᠪᠠᠶᠠᠰᠤᠩᠭᠤᠢ᠂ ᠢᠳᠡᠪᠬᠢᠯᠡᠨ ᠦᠭᠡᠳᠡᠯᠡᠬᠦ ᠶᠢᠨ ᠬᠦᠳᠡᠯᠭᠡᠬᠦ ᠬᠦᠴᠦᠨ ᠪᠠ ᠰᠡᠳᠬᠢᠯᠭᠡ ᠨᠢ ᠳᠠᠷᠤᠢ ᠵᠦᠪ ᠡᠨᠧᠷᠭᠢ ᠶᠤᠮ᠃ ᠵᠦᠪ ᠡᠨᠧᠷᠭᠢ ᠨᠢ ᠬᠦᠮᠦᠰ ᠢ ᠢᠳᠡᠪᠬᠢᠯᠡᠨ ᠦᠭᠡᠳᠡᠯᠡᠬᠦ ᠰᠠᠶᠢᠨ ᠰᠠᠭᠤᠭᠳᠠᠯ ᠲᠠᠢ ᠪᠤᠯᠭᠠᠬᠤ ᠪᠠᠷ ᠪᠠᠷᠠᠬᠤ ᠦᠭᠡᠢ᠂ ᠪᠠᠰᠠ ᠬᠦᠮᠦᠨ ᠢ ᠨᠡᠩ ᠡᠷᠡᠭᠦᠯ ᠴᠢᠬᠢᠷᠠᠭ ᠪᠤᠯᠭᠠᠨ᠎ᠠ ᠭᠡᠵᠦ ᠶᠡᠭᠡ ᠬᠡᠮᠵᠢᠶᠡᠨ ᠤ ᠰᠤᠳᠤᠯᠭᠠᠨ ᠬᠠᠷᠠᠭᠤᠯᠵᠤ ᠪᠠᠶᠢᠨ᠎ᠠ᠃        ᠰᠠᠶᠢᠨ ᠰᠠᠨᠠᠭ᠎ᠠ ᠲᠠᠢ ᠬᠦᠮᠦᠨ ᠤ ᠡᠪᠡᠳᠴᠢᠨ ᠢ ᠡᠰᠡᠷᠭᠦᠴᠡᠬᠦ ᠴᠢᠳᠠᠯ ᠨᠢ ᠰᠦᠷᠡᠬᠡᠢ ᠪᠠᠶᠢᠳᠠᠭ        ᠰᠠᠶᠢᠨ ᠰᠠᠨᠠᠭ᠎ᠠ ᠨᠢ ᠪᠡᠶ᠎ᠡ ᠮᠠᠬᠠᠪᠤᠳ ᠤᠨ ᠡᠪᠡᠳᠴᠢᠨ ᠢ ᠡᠰᠡᠷᠭᠦᠴᠡᠬᠦ ᠴᠢᠳᠠᠯ ᠢ ᠴᠢᠩᠭᠠᠷᠠᠭᠤᠯᠬᠤ᠂ ᠢᠯᠠᠩᠭᠤᠶ᠎ᠠ ᠵᠢᠷᠦᠬᠡᠨ ᠡᠪᠡᠳᠴᠢᠨ ᠬᠦᠳᠡᠯᠬᠦ ᠠᠶᠤᠯ ᠲᠦᠭᠰᠢᠭᠦᠷᠢ ᠶᠢ ᠪᠠᠭᠠᠰᠬᠠᠳᠠᠭ᠃ ᠠᠮᠧᠷᠢᠭᠡ ᠶᠢᠨ ᠰᠲ᠋ᠠᠮᠹ ᠶᠡᠭᠡ ᠰᠤᠷᠭᠠᠭᠤᠯᠢ ᠶᠢᠨ ᠰᠤᠳᠤᠯᠭᠠᠨ ᠤ ︽ᠪᠡᠶ᠎ᠡ ᠰᠡᠳᠬᠢᠯ ᠤᠨ ᠠᠨᠠᠭᠠᠬᠤ ᠤᠬᠠᠭᠠᠨ︾ ᠰᠡᠳᠬᠦᠯ ᠳᠤ ᠨᠡᠶᠢᠲᠡᠯᠡᠭᠰᠡᠨ ᠰᠤᠳᠤᠯᠭᠠᠨ ᠬᠠᠷᠠᠭᠤᠯᠤᠭᠰᠠᠨ ᠢᠶᠠᠷ᠂ ᠰᠠᠶᠢᠨ ᠰᠠᠨᠠᠭ᠎ᠠ ᠨᠢ ᠡᠪᠡᠳᠦᠨ ᠡᠪᠡᠷᠰᠢᠶᠡᠬᠦ ᠮᠡᠳᠡᠷᠡᠮᠵᠢ ᠶᠢ ᠬᠦᠩᠭᠡᠷᠡᠭᠦᠯᠵᠦ᠂ ᠰᠢᠷᠬ᠎ᠠ ᠶᠢᠨ ᠡᠳᠡᠭᠡᠷᠡᠯᠲᠡ ᠶᠢ ᠲᠦᠷᠭᠡᠳᠬᠡᠨ᠂ ᠴᠢᠰᠤᠨ ᠳᠠᠷᠤᠯᠲᠠ ᠶᠢ ᠪᠠᠭᠤᠷᠠᠭᠤᠯᠵᠤ᠂ ᠪᠠᠴᠢᠮᠳᠠᠬᠤ ᠰᠡᠳᠬᠢᠯᠭᠡ ᠶᠢ ᠨᠠᠮᠳᠠᠭᠤᠯᠤᠨ᠎ᠠ ᠭᠡᠵᠡᠢ᠃ ᠪᠠᠰᠠ ᠲᠠᠭᠰᠢᠭᠤᠷ ᠤᠨ ᠤᠯᠠᠷᠢᠯ ᠳᠤ ᠲᠠᠭᠰᠢᠭᠤᠷ ᠲᠤ ᠨᠡᠷᠪᠡᠭᠳᠡᠬᠦ ᠲᠦᠭᠰᠢᠭᠦᠷᠢ ᠶᠢ 16% ᠳᠤᠷᠤᠭᠰᠢᠯᠠᠭᠤᠯᠤᠨ᠎ᠠ᠃        ᠪᠡᠭᠡᠵᠢᠩ ᠤᠨ ᠠᠨ ᠵᠧᠨ ᠡᠮᠨᠡᠯᠭᠡ ᠶᠢᠨ ᠬᠤᠷᠢᠶᠠᠨ ᠤ ᠵᠢᠷᠦᠬᠡᠨ ᠤ ᠲᠤᠲᠤᠷ ᠰᠠᠯᠠᠭᠠᠨ ᠤ ᠡᠷᠬᠢᠯᠡᠭᠴᠢ ᠡᠮᠴᠢ ᠯᠢᠦ ᠮᠸᠢ ᠶᠠᠨ ᠤ ᠲᠠᠨᠢᠯᠴᠠᠭᠤᠯᠤᠭᠰᠠᠨ ᠢᠶᠠᠷ᠂ ᠡᠩ ᠤᠨ ᠴᠠᠭ ᠲᠤ ᠰᠡᠳᠬᠢᠯ ᠰᠠᠨᠠᠭᠠᠨ ᠤ ᠳᠠᠷᠤᠭᠠᠰᠤ ᠶᠡᠭᠡ ᠪᠤᠶᠤ ᠰᠡᠳᠬᠢᠯ ᠵᠤᠪᠠᠨᠢᠬᠤ ᠭᠠᠩᠰᠠᠷᠠᠬᠤ ᠮᠡᠲᠦ ᠶᠢᠨ ᠮᠠᠭᠤ ᠰᠡᠳᠬᠢᠴᠡ ᠲᠠᠢ ᠬᠦᠮᠦᠨ ᠵᠢᠷᠦᠬᠡᠨ ᠡᠪᠡᠳᠴᠢᠨ ᠳᠤ ᠬᠢᠯᠪᠠᠷᠬᠠᠨ ᠨᠡᠷᠪᠡᠭᠳᠡᠳᠡᠭ ᠢ ᠰᠤᠳᠤᠯᠭᠠᠨ ᠢᠯᠡᠷᠡᠭᠦᠯᠪᠡ ᠭᠡᠵᠡᠢ᠃ ᠡᠶᠢᠮᠦᠷᠬᠦ ᠪᠠᠶᠢᠳᠠᠯ ᠨᠢ ᠰᠡᠳᠬᠢᠯ ᠰᠠᠨᠠᠭᠠᠨ ᠤ ᠳᠠᠷᠤᠭᠠᠰᠤ ᠨᠡᠮᠡᠭᠳᠡᠪᠡᠯ ᠵᠢᠷᠦᠬᠡᠨ ᠤ ᠬᠡᠮᠨᠡᠯ ᠰᠠᠮᠠᠭᠤᠷᠠᠬᠤ᠂ ᠴᠢᠰᠤᠨ ᠢᠯᠳᠠᠰᠤᠨ ᠤ ᠴᠤᠭᠯᠠᠷᠠᠯ ᠢ ᠨᠡᠮᠡᠭᠳᠡᠭᠦᠯᠬᠦ᠂ ᠯᠤᠭᠰᠢᠭᠤᠨ ᠰᠤᠳᠠᠯ ᠦᠭᠡᠬᠦᠵᠢᠨ ᠬᠠᠲᠠᠭᠤᠷᠠᠬᠤ ᠶᠢ ᠡᠭᠦᠰᠬᠡᠨ ᠬᠦᠭᠵᠢᠭᠦᠯᠬᠦ ᠲᠠᠢ ᠬᠤᠯᠪᠤᠭ᠎ᠠ ᠲᠠᠢ ᠪᠠᠶᠢᠵᠤ ᠮᠡᠳᠡᠨ᠎ᠡ᠃ ᠴᠢᠰᠤᠨ ᠳᠠᠷᠤᠯᠲᠠ ᠦᠨᠳᠦᠷ ᠵᠠᠷᠢᠮ ᠡᠪᠡᠳᠴᠢᠲᠡᠨ ᠠᠭᠤᠷᠯᠠᠪᠠᠯ ᠴᠢᠰᠤᠨ ᠳᠠᠷᠤᠯᠲᠠ ᠨᠢ ᠭᠡᠨᠡᠳᠲᠡ ᠶᠡᠬᠡᠪᠡᠷ ᠳᠡᠭᠡᠭᠰᠢᠯᠡᠨ᠂ ᠪᠠᠶᠠᠷ ᠬᠦᠷ ᠲᠠᠢ ᠦᠶᠡᠰ ᠴᠢᠰᠤᠨ ᠳᠠᠷᠤᠯᠲᠠ ᠨᠢ ᠬᠠᠷᠢᠴᠠᠩᠭᠤᠢ ᠲᠤᠭᠲᠠᠭᠤᠨ ᠪᠠᠶᠢᠳᠠᠭ᠂ ᠡᠶᠢᠮᠦ ᠠᠴᠠ ᠬᠡᠵᠢᠶᠡᠳᠡ ᠰᠠᠶᠢᠨ ᠰᠠᠨᠠᠭ᠎ᠠ ᠲᠠᠢ ᠪᠠᠶᠢᠪᠠᠯ ᠡᠷᠡᠭᠦᠯ ᠴᠢᠬᠢᠷᠠᠭ ᠪᠠᠶᠢᠵᠤ ᠴᠢᠳᠠᠨ᠎ᠠ᠃        ᠪᠡᠶ᠎ᠡ ᠪᠠᠨ ᠪᠠᠷᠢᠵᠤ ᠴᠢᠳᠠᠳᠠᠭ ᠬᠦᠮᠦᠨ ᠤ ᠰᠤᠯᠢᠯᠴᠠᠭ᠎ᠠ ᠶᠢᠨ ᠰᠢᠨᠵᠢ ᠲᠠᠢ ᠡᠪᠡᠳᠴᠢᠨ ᠡᠭᠦᠰᠬᠦ ᠨᠤᠷᠮ᠎ᠠ  ᠨᠢ ᠳᠤᠤᠷ᠎ᠠ ᠪᠠᠶᠢᠳᠠᠭ        ᠠᠮᠵᠢᠯᠲᠠ ᠤᠯᠳᠠᠭ ᠬᠦᠮᠦᠨ ᠤ ᠤᠯᠠᠩᠬᠢ ᠨᠢ ᠪᠡᠶ᠎ᠡ ᠪᠠᠨ ᠪᠠᠷᠢᠬᠤ ᠶᠢ ᠮᠠᠰᠢ ᠴᠢᠬᠤᠯᠠᠴᠢᠯᠠᠳᠠᠭ᠃ ᠯᠢᠶᠠᠨ ᠰᠢᠶᠠᠩ ᠪᠦᠯᠦᠭᠯᠡᠯ ᠤᠨ ᠶᠡᠷᠦᠩᠬᠡᠶᠢᠯᠡᠭᠴᠢ ᠪᠠᠶᠢᠭᠰᠠᠨ ᠯᠢᠦ ᠴᠤᠸᠠᠨ ᠶᠢᠨ ︽ᠪᠡᠶ᠎ᠡ ᠪᠠᠨ ᠪᠠᠷᠢᠬᠤ︾ ᠪᠠᠷ ᠢᠶᠠᠨ ᠠᠵᠤ ᠠᠬᠤᠶᠢᠯᠠᠯ ᠤᠨ ᠬᠢᠨ ᠳᠤ ᠠᠯᠳᠠᠷ ᠮᠠᠨᠳᠤᠭᠰᠠᠨ ᠶᠤᠮ᠂ ᠲᠡᠷᠡ ᠠᠵᠢᠯ ᠮᠡᠷᠭᠡᠵᠢᠯ ᠤᠨ ᠬᠢᠨ ᠤ ᠶᠡᠭᠡ ᠪᠠᠭ᠎ᠠ ᠬᠤᠷᠠᠯᠳᠤᠭᠠᠨ ᠳᠤ ᠬᠤᠵᠢᠭᠳᠠᠵᠤ ᠤᠴᠢᠭᠰᠠᠨ ᠤᠳᠠᠭ᠎ᠠ ᠲᠠᠪᠤ ᠤᠳᠠᠭ᠎ᠠ ᠠᠴᠠ ᠬᠡᠲᠦᠷᠡᠬᠦ ᠦᠭᠡᠢ ᠶᠤᠮ᠃        ᠪᠡᠶ᠎ᠡ ᠪᠠᠨ ᠪᠠᠷᠢᠬᠤ ᠨᠢ ᠬᠦᠮᠦᠨ ᠤ ᠠᠮᠢᠳᠤᠷᠠᠯ ᠳᠤ ᠨᠡᠩ ᠰᠠᠶᠢᠨ ᠠᠮᠵᠢᠯᠲᠠ ᠤᠯᠭᠤᠬᠤ ᠪᠠᠷ ᠪᠠᠷᠠᠬᠤ ᠦᠭᠡᠢ᠂ ᠪᠠᠰᠠ ᠨᠡᠩ ᠡᠷᠡᠭᠦᠯ ᠴᠢᠬᠢᠷᠠᠭ ᠪᠡᠶ᠎ᠡ ᠮᠠᠬᠠᠪᠤᠳ ᠲᠠᠢ ᠪᠤᠯᠭᠠᠳᠠᠭ᠃ ︽ᠠᠮᠧᠷᠢᠺᠡ ᠶᠢᠨ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠡᠳᠬᠦᠯ︾ ᠤᠨ ᠰᠤᠳᠤᠯᠭᠠᠨ ᠵᠢᠭᠠᠵᠤ ᠭᠠᠷᠭᠠᠭᠰᠠᠨ ᠨᠢ᠂ ᠪᠡᠶ᠎ᠡ ᠪᠠᠨ ᠪᠠᠷᠢᠵᠤ ᠴᠢᠳᠠᠳᠠᠭ ᠨᠠᠰᠤᠲᠠᠨ ᠤ ᠴᠢᠰᠤᠨ ᠤ ᠰᠦᠰᠦᠨ ᠤ ᠠᠯᠺᠤᠤᠯ ᠪᠠ C ᠤᠷᠪᠠᠯ ᠤᠨ ᠤᠭᠤᠷᠠᠭ ︵ᠦᠷᠪᠢᠰᠦᠯ  ᠲᠠᠢ ᠬᠤᠯᠪᠤᠭ᠎ᠠ ᠲᠠᠢ︶ ᠤᠨ ᠲᠦᠪᠰᠢᠨ ᠳᠤᠤᠷ᠎ᠠ᠂ ᠪᠡᠯᠭᠡᠨᠴᠡᠭ ᠨᠠᠷᠢᠨ᠂ ᠰᠤᠯᠢᠯᠴᠠᠭ᠎ᠠ ᠶᠢᠨ ᠰᠢᠨᠵᠢ ᠲᠠᠢ ᠡᠪᠡᠳᠴᠢᠨ ᠪᠠ ᠵᠢᠷᠦᠬᠡᠨ ᠴᠢᠰᠤᠨ ᠰᠤᠳᠠᠯ ᠤᠨ ᠡᠪᠡᠳᠴᠢᠨ ᠡᠭᠦᠰᠬᠦ ᠨᠤᠷᠮ᠎ᠠ ᠳᠤᠤᠷ᠎ᠠ ᠪᠠᠶᠢᠳᠠᠭ ᠭᠡᠵᠡᠢ᠃        ᠳᠤᠮᠳᠠᠳᠤ ᠤᠯᠤᠰ ᠤᠨ ᠤᠯᠠᠨ ᠤᠯᠤᠰ ᠤᠨ ᠰᠠᠲ᠋ᠢᠶᠠ ᠳᠡᠭᠡᠳᠦ ᠰᠤᠷᠭᠠᠭᠤᠯᠢ ᠶᠢᠨ ᠯᠧᠺᠲ᠋ᠤᠷ ᠱᠧᠩ ᠳ᠋ᠠᠨ ᠤ ᠲᠠᠨᠢᠯᠴᠠᠭᠤᠯᠤᠭᠰᠠᠨ ᠢᠶᠠᠷ᠂ ᠪᠡᠶ᠎ᠡ ᠪᠠᠨ ᠪᠠᠷᠢᠬᠤ ᠭᠡᠳᠡᠭ ᠨᠢ ᠪᠡᠶ᠎ᠡ ᠳᠡᠭᠡᠨ ᠬᠠᠷᠠᠲᠠᠢ ᠬᠠᠨᠳᠤᠬᠤ ᠪᠠ ᠪᠡᠶ᠎ᠡ ᠪᠠᠨ ᠠᠯᠪᠠᠳᠠᠬᠤ ᠭᠡᠰᠡᠨ ᠪᠢᠰᠢ᠂ ᠬᠠᠷᠢᠨ ᠠᠮᠢ ᠨᠠᠰᠤᠨ ᠤ ᠬᠠᠮᠤᠭ ᠤᠨ ᠭᠤᠶᠤ ᠪᠠᠶᠢᠭᠠᠯᠢ ᠶᠢᠨ ᠬᠦᠳᠡᠯᠭᠡᠬᠦ ᠬᠦᠴᠦᠨ ᠢ ᠤᠯᠬᠤ ᠭᠡᠰᠡᠨ ᠶᠠᠪᠤᠳᠠᠯ ᠮᠦᠨ᠂ ᠡᠳᠦᠷ ᠪᠦᠷᠢ ᠦᠪᠡᠷ ᠤᠨ ᠪᠡᠶ᠎ᠡ ᠠᠴᠠ ᠪᠠᠨ ᠦᠪᠡᠷ ᠢ ᠪᠠᠨ ᠪᠠᠭ᠋ᠠᠷᠬᠠᠵᠤ ᠨᠤᠲᠠᠯᠠᠭᠰᠠᠨ ᠡᠰᠡᠭᠦ ᠶᠢ ᠠᠰᠠᠭᠤᠨ᠎ᠠ᠂ ᠪᠠᠰᠠ ᠦᠨᠦᠳᠦᠷ ᠦᠪᠡᠷ ᠢ ᠪᠠᠨ ᠬᠠᠷᠠᠭᠠᠯᠵᠠᠬᠤ ᠤᠷᠮ᠎ᠠ ᠰᠡᠳᠬᠢᠯᠭᠡ ᠪᠠᠶᠢᠬᠤ ᠡᠰᠡᠬᠦ ᠶᠢ ᠠᠰᠠᠭᠤᠨ᠎ᠠ᠂ ᠰᠡᠳᠬᠢᠯ ᠳᠤ ᠴᠢᠨᠢ ᠡᠶᠢᠮᠦᠷᠬᠦ ᠪᠡᠶ᠎ᠡ ᠪᠠᠨ ᠨᠤᠲᠠᠯᠠᠬᠤ᠂ ᠪᠡᠶ᠎ᠡ ᠪᠠᠨ ᠬᠠᠯᠠᠮᠵᠢᠯᠠᠨ ᠬᠠᠶᠢᠷᠠᠯᠠᠬᠤ ᠰᠡᠳᠬᠢᠯᠭᠡ ᠲᠠᠢ ᠪᠤᠯ ᠤᠴᠢᠷ ᠶᠠᠪᠤᠳᠠᠯ ᠢ ᠰᠠᠶᠢᠬᠠᠨ ᠪᠦᠲᠦᠭᠡᠬᠦ ᠬᠦᠳᠡᠯᠭᠡᠬᠦ ᠬᠦᠴᠦᠨ ᠠᠶᠠᠨᠳᠠᠭᠠᠨ ᠪᠤᠢ ᠪᠤᠯᠴᠢᠬᠠᠨ᠎ᠠ        ᠪᠠᠶᠠᠰᠤᠩᠭᠤᠢ ᠬᠦᠮᠦᠨ ᠡᠪᠡᠳᠴᠢᠯᠡᠵᠦ ᠦᠬᠦᠬᠦ ᠠᠶᠤᠯ ᠲᠦᠭᠰᠢᠭᠦᠷᠢ ᠪᠠᠭ᠎ᠠ ᠪᠠᠶᠢᠳᠠᠭ        ᠢᠨᠢᠶᠡᠬᠦ ᠳᠤᠷᠠᠲᠠᠢ ᠪᠠᠶᠠᠰᠤᠩᠭᠤᠢ ᠬᠦᠮᠦᠨ ᠤ ᠦᠷᠪᠢᠰᠦᠯ ᠬᠠᠯᠳᠠᠪᠤᠷᠢᠯᠠᠬᠤ ᠠᠶᠤᠯ ᠲᠦᠭᠰᠢᠭᠦᠷᠢ ᠪᠠᠭ᠎ᠠ ᠲᠤᠯᠠ ᠨᠡᠩ ᠤᠷᠲᠤ ᠨᠠᠰᠤᠯᠠᠳᠠᠭ᠃ ︽ᠠᠮᠧᠷᠢᠺᠡ ᠶᠢᠨ ᠲᠠᠬᠤᠯ ᠡᠪᠡᠳᠴᠢᠨ ᠤ ᠤᠬᠠᠭᠠᠨ ᠰᠡᠳᠬᠦᠯ︾ ᠳᠤ ᠨᠡᠶᠢᠲᠡᠯᠡᠭᠰᠡᠨ ᠨᠢᠭᠡᠨ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠭᠤᠲᠤᠷᠠᠩᠭᠤᠢ ᠡᠮᠡᠭᠲᠡᠢ ᠲᠠᠢ ᠬᠠᠷᠢᠴᠠᠭᠤᠯᠪᠠᠯ ᠪᠠᠶᠠᠰᠤᠩᠭᠤᠢ ᠢᠨᠢᠶᠡᠬᠦ ᠳᠤᠷᠠᠲᠠᠢ ᠡᠮᠡᠭᠲᠡᠢ ᠶᠢᠨ ᠦᠷᠪᠢᠰᠦᠯ ᠬᠠᠯᠳᠠᠪᠤᠷᠢᠯᠠᠭᠰᠠᠨ ᠠᠴᠠ ᠪᠤᠯᠵᠤ ᠡᠪᠡᠳᠴᠢᠯᠡᠬᠦ ᠠᠶᠤᠯ ᠲᠦᠭᠰᠢᠭᠦᠷᠢ 52% ᠢᠶᠠᠷ ᠪᠠᠭᠤᠷᠠᠨ᠎ᠠ᠂ ᠰᠠ ᠳᠠᠭᠠᠷᠢᠬᠤ᠂ ᠵᠢᠷᠦᠬᠡᠨ ᠡᠪᠡᠳᠴᠢᠨ ᠪᠠ ᠠᠮᠢᠰᠬᠤᠯ ᠤᠨ ᠵᠠᠮ ᠤᠨ ᠡᠪᠡᠳᠴᠢᠨ ᠢᠶᠠᠷ ᠦᠬᠦᠬᠦ ᠠᠶᠤᠯ ᠲᠦᠭᠰᠢᠭᠦᠷᠢ ᠲᠤᠰ ᠲᠤᠰ 39%᠂ 38% ᠪᠠ 38% ᠪᠠᠷ ᠪᠠᠭᠤᠷᠠᠳᠠᠭ᠃        ᠦᠮᠡᠨ ᠳᠤ ᠨᠡᠷᠪᠡᠭᠳᠡᠭᠰᠡᠨ ᠪᠠᠶᠠᠰᠤᠩᠭᠤᠢ ᠬᠦᠮᠦᠨ ᠤ ᠦᠬᠦᠯ ᠤᠨ ᠠᠶᠤᠯ ᠲᠦᠭᠰᠢᠭᠦᠷᠢ 16% ᠪᠠᠷ ᠪᠠᠭᠤᠷᠠᠵᠤ᠂ ᠴᠢᠰᠤᠨ ᠤ ᠦᠭᠡᠬᠦ ᠶᠢᠨ ᠲᠦᠪᠰᠢᠨ ᠨᠡᠩ ᠡᠷᠡᠭᠦᠯ ᠪᠠᠶᠢᠳᠠᠭ ᠭᠡᠵᠡᠢ᠃        ᠮᠠᠨ ᠤ ᠤᠯᠤᠰ ᠤᠨ ᠬᠦᠮᠦᠨ ᠠᠮᠠ ᠶᠢᠨ ᠰᠤᠳᠤᠯᠤᠯ ᠤᠨ ᠠᠯᠳᠠᠷᠲᠤ ᠤᠬᠠᠭᠠᠨᠲᠠᠨ ᠮᠠ ᠶᠢᠨ ᠴᠦ᠋ ᠪᠤᠯ ᠦᠮᠡᠨ ᠡᠪᠡᠳᠴᠢᠨ ᠲᠠᠢ ᠲᠡᠮᠡᠴᠡᠭᠰᠡᠨ ᠦᠯᠢᠭᠡᠷ ᠳᠠᠭᠤᠷᠢᠶᠠᠯ ᠪᠤᠯᠬᠤ ᠶᠤᠮ᠃ ᠲᠡᠷᠡ 90 ᠨᠠᠰᠤᠲᠠᠢ ᠳᠠᠭᠠᠨ ᠬᠤᠰᠬᠢᠨᠠᠭ ᠤᠨ ᠦᠮᠡᠨ ᠡᠪᠡᠳᠴᠢᠨ ᠤᠯᠤᠭᠰᠠᠨ ᠤᠨᠤᠰᠢᠯᠠᠯᠲᠠ ᠠᠪᠤᠭᠰᠠᠨ ᠴᠦ ᠰᠡᠳᠬᠢᠯ ᠰᠠᠨᠠᠭ᠎ᠠ ᠵᠤᠪᠠᠭᠰᠠᠨ ᠦᠭᠡᠢ 100 ᠨᠠᠰᠤᠯᠠᠲᠠᠯ᠎ᠠ ᠠᠵᠢᠯᠯᠠᠪᠠ᠃        ᠱᠧᠩ ᠳ᠋ᠠᠨ ᠤ ᠲᠠᠨᠢᠯᠴᠠᠭᠤᠯᠤᠭᠰᠠᠨ ᠢᠶᠠᠷ᠂ ᠪᠢᠳᠡ ᠰᠤᠷᠤᠯᠴᠠᠯᠭ᠎ᠠ ᠪᠠᠷ ᠳᠠᠮᠵᠢᠨ ᠨᠡᠩ ᠪᠠᠶᠠᠰᠤᠩᠭᠤᠢ ᠪᠤᠯᠵᠤ ᠪᠤᠯᠤᠨ᠎ᠠ᠃ ᠵᠢᠱᠢᠶᠡᠯᠡᠪᠡᠯ ᠠᠰᠠᠭᠤᠳᠠᠯ ᠲᠤᠬᠢᠶᠠᠯᠳᠤᠪᠠᠯ ᠰᠠᠶᠢᠨ ᠲᠠᠯ᠎ᠠ ᠠᠴᠠ ᠪᠤᠳᠤᠯᠬᠢᠯᠠᠨ ᠰᠢᠢᠳᠪᠦᠷᠢᠯᠡᠬᠦ ᠠᠴᠠ ᠪᠢᠰᠢ᠂ ᠭᠤᠮᠤᠳᠠᠵᠤ ᠪᠤᠯᠬᠤ ᠦᠭᠡᠢ᠃ ᠬᠤᠪᠢᠷᠠᠭᠤᠯᠵᠤ ᠯᠠᠪᠲᠠᠢ ᠴᠢᠳᠠᠨ᠎ᠠ ᠭᠡᠳᠡᠭ ᠢ ᠢᠲᠡᠭᠡᠵᠦ᠂ ᠦᠪᠡᠷ ᠢ ᠪᠠᠨ ᠨᠡᠩ ᠰᠠᠶᠢᠨ ᠠᠮᠢᠳᠤᠷᠠᠵᠤ ᠴᠢᠳᠠᠨ᠎ᠠ ᠭᠡᠵᠦ ᠢᠲᠡᠭᠡᠬᠦ ᠬᠡᠷᠡᠭᠲᠡᠢ ᠭᠡᠵᠡᠢ᠃        ᠢᠳᠡᠪᠬᠢᠯᠡᠨ ᠦᠭᠡᠳᠡᠯᠡᠳᠡᠭ ᠬᠦᠮᠦᠨ ᠤ ᠪᠡᠶ᠎ᠡ ᠰᠡᠳᠬᠢᠯ ᠨᠡᠯᠢᠶᠡᠳ ᠡᠷᠡᠭᠦᠯ ᠪᠠᠶᠢᠳᠠᠭ        ᠵᠠᠯᠠᠭᠤ ᠪᠠᠭ᠎ᠠ ᠨᠠᠰᠤᠨ ᠳᠠᠭᠠᠨ ᠢᠳᠡᠪᠬᠢᠯᠡᠨ ᠦᠭᠡᠳᠡᠯᠡᠬᠦ ᠠᠮᠢᠳᠤᠷᠠᠯ ᠤᠨ ᠤᠪᠤᠷ ᠲᠠᠢ ᠪᠠᠶᠢᠳᠠᠭ ᠬᠦᠮᠦᠨ ᠲᠤᠮᠤ ᠪᠤᠯᠬᠤ ᠳᠤ ᠪᠡᠶ᠎ᠡ ᠰᠡᠳᠬᠢᠯ ᠨᠢ ᠨᠡᠩ ᠡᠷᠡᠭᠦᠯ ᠴᠢᠬᠢᠷᠠᠭ ᠪᠠᠶᠢᠳᠠᠭ᠃        ᠠᠮᠧᠷᠢᠺᠡ ᠶᠢᠨ ᠪᠠᠷᠠᠭᠤᠨ ᠬᠤᠶᠢᠲᠤ ᠶᠢᠨ ᠶᠡᠭᠡ ᠰᠤᠷᠭᠠᠭᠤᠯᠢ ᠶᠢᠨ ᠰᠤᠳᠤᠯᠭᠠᠨ ᠤ ᠠᠵᠢᠯᠲᠠᠨ ᠲᠦᠮᠡ ᠭᠠᠷᠤᠢ ᠬᠦᠮᠦᠨ ᠳᠤ ᠤᠷᠲᠤ ᠬᠤᠭᠤᠴᠠᠭᠠᠨ ᠤ ᠪᠠᠶᠢᠴᠠᠭᠠᠯᠲᠠ ᠬᠢᠭᠡᠳ ᠢᠳᠡᠪᠬᠢᠯᠡᠨ ᠦᠭᠡᠳᠡᠯᠡᠬᠦ ᠶᠢᠨ ᠡᠷᠡᠭᠦᠯ ᠮᠡᠨᠳᠦ ᠳᠤ ᠦᠵᠡᠭᠦᠯᠬᠦ ᠰᠠᠶᠢᠨᠲᠠᠢ ᠲᠠᠯ᠎ᠠ ᠶᠢ ᠬᠦᠴᠦᠲᠡᠢ ᠭᠡᠷᠡᠴᠢᠯᠡᠪᠡ᠃        ᠢᠳᠡᠪᠬᠢᠯᠡᠨ ᠦᠭᠡᠳᠡᠯᠡᠳᠡᠭ ᠬᠦᠮᠦᠨ ᠦᠰᠦᠨ ᠪᠤᠶᠢᠵᠢᠬᠤ ᠶᠠᠪᠤᠴᠠ ᠳᠠᠭᠠᠨ ᠶᠡᠷᠦ ᠨᠢ ᠰᠤᠷᠤᠯᠭ᠎ᠠ ᠶᠢᠨ ᠪᠦᠲᠦᠮᠵᠢ ᠨᠢ ᠨᠡᠯᠢᠶᠡᠳ ᠰᠠᠶᠢᠨ ᠪᠦᠭᠡᠳ ᠠᠷᠢᠬᠢᠨ ᠳᠤ ᠰᠢᠨᠤᠬᠤ᠂ ᠬᠤᠤᠷ᠎ᠠ ᠲᠠᠲᠠᠬᠤ ᠮᠡᠲᠦ ᠶᠢᠨ ᠮᠠᠭᠤ ᠭᠡᠮ ᠳᠤ ᠬᠢᠯᠪᠠᠷᠬᠠᠨ ᠨᠡᠷᠪᠡᠭᠳᠡᠳᠡᠭ ᠦᠭᠡᠢ᠃ ᠢᠳᠡᠪᠬᠢᠯᠡᠨ ᠦᠭᠡᠳᠡᠯᠡᠬᠦ ᠠᠮᠢᠳᠤᠷᠠᠯ ᠤᠨ ᠤᠪᠤᠷ ᠢ ᠪᠠᠷᠢᠮᠲᠠᠯᠠᠵᠤ ᠴᠢᠳᠠᠵᠤ ᠪᠠᠶᠢᠨ᠎ᠠ ᠭᠡᠳᠡᠭ ᠨᠢ ᠭᠠᠩᠰᠠᠷᠠᠬᠤ ᠭᠡᠮ ᠳᠤ ᠨᠡᠷᠪᠡᠭᠳᠡᠭᠰᠡᠨ ᠦᠭᠡᠢ ᠶᠢ ᠯᠡ ᠵᠢᠭᠠᠵᠤ ᠪᠠᠶᠢᠬᠤ ᠲᠡᠳᠦᠢ ᠪᠢᠰᠢ᠂ ᠬᠠᠷᠢᠨ ᠨᠤᠭᠤᠷᠠᠯ ᠪᠦᠳᠦᠷᠢᠯ ᠳᠤ ᠵᠤᠷᠢᠭᠲᠠᠢ ᠬᠠᠨᠳᠤᠵᠤ᠂ ᠪᠤᠰᠤᠳ ᠯᠤᠭ᠎ᠠ ᠶᠢᠨ ᠰᠠᠶᠢᠨ ᠬᠠᠷᠢᠴᠠᠭ᠎ᠠ ᠲᠠᠢ ᠪᠠᠶᠢᠬᠤ ᠶᠢ ᠪᠠᠷᠢᠮᠲᠠᠯᠠᠵᠤ ᠴᠢᠳᠠᠬᠤ ᠶᠢ ᠵᠢᠭᠠᠵᠤ ᠪᠤᠢ᠃ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠶᠢᠨ ᠵᠦᠪᠯᠡᠭᠴᠢ ᠪᠤᠤ ᠳ᠋ᠠ ᠶᠢᠩ ᠠᠴᠠ ᠢᠳᠡᠪᠬᠢᠯᠡᠨ ᠦᠭᠡᠳᠡᠯᠡᠬᠦ ᠠᠮᠢᠳᠤᠷᠠᠯ ᠤᠨ ᠤᠪᠤᠷ ᠤᠨ ᠰᠤᠩᠭᠤᠯᠲᠠ ᠠᠴᠠ ᠢᠯᠡᠭᠦᠦ ᠬᠦᠮᠦᠨ ᠤ ᠲᠤᠲᠤᠭᠠᠳᠤ ᠰᠡᠳᠬᠢᠯ ᠢ ᠲᠠᠭᠠᠯᠠᠮᠵᠢᠲᠠᠢ ᠪᠤᠯᠭᠠᠳᠠᠭ ᠭᠡᠵᠦ ᠲᠠᠶᠢᠯᠪᠤᠷᠢᠯᠠᠪᠠ᠃        ᠨᠢᠭᠦᠯᠡᠰᠦᠩᠭᠦᠢ ᠰᠡᠳᠬᠢᠯ ᠲᠠᠢ ᠪᠤᠯᠭᠠᠨ ᠬᠦᠮᠦᠵᠢᠭᠦᠯᠪᠡᠯ ᠲᠡᠳᠡᠨ ᠤ ᠡᠷᠡᠭᠦᠯ ᠮᠡᠨᠳᠦ ᠪᠤᠯᠤᠨ ᠵᠤᠯ ᠵᠢᠷᠭᠠᠯᠲᠤ ᠰᠡᠳᠬᠢᠯᠭᠡ ᠶᠢ ᠨᠡᠮᠡᠭᠳᠡᠭᠦᠯᠬᠦ ᠪᠠᠷ ᠪᠠᠷᠠᠬᠤ ᠦᠭᠡᠢ᠂ ᠴᠢᠨᠠᠭᠰᠢᠯᠠᠪᠠᠯ ᠲᠡᠳᠡᠨ ᠢ ᠨᠡᠩ ᠤᠷᠲᠤ ᠨᠠᠰᠤᠯᠠᠭᠤᠯᠳᠠᠭ᠃ ᠠᠮᠧᠷᠢᠺᠡ ᠶᠢᠨ ᠺᠠᠯᠢᠫᠤᠷᠨᠢᠶ᠎ᠠ ᠵᠸᠦ ᠶᠡᠭᠡ ᠰᠤᠷᠭᠠᠭᠤᠯᠢ ᠶᠢᠨ ᠰᠧᠲᠶ᠋ᠩᠧ ᠬᠤᠪᠢᠶᠠᠷᠢ ᠰᠤᠷᠭᠠᠭᠤᠯᠢ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ︽ᠨᠠᠰᠤᠲᠠᠢ ᠬᠦᠮᠦᠨ ᠤ ᠮᠡᠳᠡᠷᠡᠯ ᠤᠨ ᠡᠪᠡᠳᠴᠢᠨ ᠤ ᠰᠤᠳᠤᠯᠤᠯ ᠤᠨ ᠤᠯᠠᠨ ᠤ ᠬᠤᠭᠤᠴᠠᠭᠠᠲᠤ ᠰᠡᠳᠬᠦᠯ︾ ᠳᠤ ᠨᠡᠶᠢᠲᠡᠯᠡᠭᠰᠡᠨ ᠨᠢᠭᠡᠨ ᠰᠤᠳᠤᠯᠭᠠᠨ ᠬᠠᠷᠠᠭᠤᠯᠤᠭᠰᠠᠨ ᠢᠶᠠᠷ᠂ ᠦᠷᠦᠪᠳᠡᠬᠦ ᠰᠡᠳᠬᠢᠯ ᠢᠶᠠᠷ ᠳᠦᠭᠦᠷᠡᠩ ᠬᠦᠮᠦᠨ ᠦᠲᠡᠯᠬᠦ ᠶᠢᠨ ᠦᠵᠦᠭᠦᠷ ᠲᠡᠭᠡᠨ ᠡᠷᠡᠭᠦᠯ ᠴᠢᠬᠢᠷᠠᠭ ᠵᠤᠯ ᠵᠢᠷᠭᠠᠯ ᠲᠠᠢ ᠪᠠᠶᠢᠳᠠᠭ ᠭᠡᠵᠡᠢ᠃        ᠪᠤᠤ ᠳ᠋ᠠ ᠶᠢᠩ ᠲᠠᠨᠢᠯᠴᠠᠭᠤᠯᠬᠤ ᠳᠠᠭᠠᠨ᠂ ᠦᠷᠦ ᠡᠪᠡᠳᠬᠦ ᠰᠡᠳᠬᠢᠯ ᠭᠡᠳᠡᠭ ᠨᠢ ᠦᠨᠡᠨ ᠳᠡᠭᠡᠨ ᠢᠵᠢᠯᠰᠢᠬᠦ ᠰᠡᠳᠬᠢᠯ ᠶᠤᠮ᠂ ᠡᠨᠡ ᠨᠢ ᠪᠤᠰᠤᠳ ᠢ ᠭᠦᠨ ᠤᠶᠢᠯᠠᠭᠠᠭᠰᠠᠨ ᠰᠠᠭᠤᠷᠢᠨ ᠳᠡᠭᠡᠷ᠎ᠡ ᠪᠤᠢ ᠪᠤᠯᠳᠠᠭ᠃ ᠨᠢᠭᠦᠯᠡᠰᠦᠩᠭᠦᠢ ᠰᠡᠳᠬᠢᠯ ᠲᠠᠢ ᠬᠦᠮᠦᠨ ᠨᠦᠭᠦᠭᠡ ᠡᠲᠡᠭᠡᠳ ᠤᠨ ᠢᠶᠠᠨ ᠵᠤᠪᠠᠭᠤᠷᠢ ᠶᠢ ᠠᠶᠠᠨᠳᠠᠭᠠᠨ ᠤᠶᠢᠯᠠᠭᠠᠳᠠᠭ ᠪᠦᠭᠡᠳ ᠲᠡᠳᠡᠨ ᠤ ᠲᠦᠯᠦᠭᠡ ᠪᠤᠳᠤᠯᠬᠢᠯᠠᠬᠤ ᠨᠡᠩ ᠳᠤᠷᠠᠲᠠᠢ ᠪᠠᠶᠢᠳᠠᠭ᠃ ᠨᠢᠭᠦᠯᠡᠰᠦᠩᠭᠦᠢ ᠰᠡᠳᠬᠢᠯ ᠲᠠᠢ ᠬᠦᠮᠦᠨ ᠲᠦᠷᠦᠯ ᠰᠠᠳᠤᠨ ᠰᠠᠶᠢᠨ ᠨᠠᠶᠢᠵᠠ ᠪᠤᠯᠤᠨ ᠳᠡᠷᠭᠡᠳᠡᠬᠢ ᠬᠦᠮᠦᠨ ᠲᠠᠢ ᠪᠠᠨ ᠨᠡᠩ ᠰᠠᠶᠢᠨ ᠬᠠᠷᠢᠴᠠᠵᠤ ᠴᠢᠳᠠᠳᠠᠭ ᠠᠴᠠ ᠰᠤᠳᠤᠯᠭᠠᠨ ᠬᠠᠷᠠᠭᠤᠯᠤᠭᠰᠠᠨ ᠢᠶᠠᠷ᠂ ᠭᠡᠷ ᠪᠦᠯᠢ ᠶᠢᠨ ᠡᠷ᠎ᠡ ᠡᠮ᠎ᠡ ᠬᠤᠶᠠᠭᠤᠯᠠ ᠶᠢᠨ ᠬᠠᠷᠢᠴᠠᠭ᠎ᠠ ᠮᠠᠭᠤ ᠪᠤᠯ ᠨᠢᠭᠡ ᠨᠢᠭᠡᠨ ᠤ ᠪᠠᠨ ᠮᠠᠭᠤ ᠶᠢ ᠠᠵᠢᠭᠯᠠᠬᠤ ᠠᠴᠠ ᠪᠢᠰᠢ᠂ ᠬᠠᠷᠢᠯᠴᠠᠨ ᠬᠠᠮᠵᠢᠯᠴᠠᠬᠤ ᠶᠢ ᠪᠤᠳᠤᠳᠠᠭ ᠦᠭᠡᠢ᠃ ᠬᠠᠷᠢᠨ ᠡᠷ᠎ᠡ ᠡᠮ᠎ᠡ ᠬᠤᠶᠠᠭᠤᠯᠠ ᠡᠶ᠎ᠡ ᠨᠠᠶᠢᠷᠲᠠᠢ ᠡᠯᠢᠭᠡᠨᠰᠡᠭ ᠬᠠᠶᠢᠷᠠᠲᠠᠢ ᠪᠤᠯ ᠨᠢᠭᠡ ᠨᠢᠭᠡᠨ ᠢᠶᠠᠨ ᠨᠡᠩ ᠢᠯᠡᠭᠦᠦ ᠬᠠᠯᠠᠮᠵᠢᠯᠠᠨ ᠬᠠᠶᠢᠷᠠᠯᠠᠵᠤ᠂ ᠨᠡᠩ ᠵᠤᠯ ᠵᠢᠷᠭᠠᠯ ᠲᠠᠢ ᠠᠮᠢᠳᠤᠷᠠᠳᠠᠭ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号