| ᠨᠢᠭᠡ᠂ ᠬᠡᠯᠡ ᠶᠠᠷᠢᠶᠠᠨ ᠤ ᠤᠩᠰᠢᠯᠭ᠎ᠠ ᠶᠢ ᠴᠢᠩᠭ᠎ᠠ ᠠᠳᠬᠤᠬᠤ | ᠨᠢᠭᠡ ᠵᠦᠢᠯ ᠤᠨ ᠬᠡᠯᠡ ᠶᠢ ᠰᠠᠶᠢᠲᠤᠷ ᠡᠵᠡᠮᠰᠢᠶ᠎ᠡ ᠭᠡᠪᠡᠯ ᠵᠠᠪᠠᠯ ᠤᠷᠤᠰᠤᠮ᠎ᠠ ᠲᠤᠲᠤ ᠬᠡᠯᠡᠵᠦ ᠶᠠᠷᠢᠬᠤ ᠪᠠᠷ ᠭᠤᠤᠯ | ᠰᠠᠭᠤᠷᠢ ᠪᠤᠯᠭᠠᠳᠠᠭ᠃ ᠡᠨᠡ ᠪᠤᠯ ᠳᠠᠷᠤᠢ ᠤᠩᠰᠢᠯᠭ᠎ᠠ ᠶᠢᠨ ᠴᠢᠬᠤᠯᠠ ᠴᠢᠨᠠᠷ ᠢ ᠵᠢᠭᠠᠵᠤ ᠭᠠᠷᠭᠠᠵᠠᠢ᠃ ᠬᠡᠷᠪᠡ | ᠤᠩᠰᠢᠯᠭ᠎ᠠ ᠶᠢ ᠡᠷᠬᠢᠮᠯᠡᠬᠦ ᠦᠭᠡᠢ ᠶᠤᠮ ᠪᠤᠯ ᠨᠢᠭᠡ ᠵᠦᠢᠯ ᠤᠨ ᠬᠡᠯᠡ ᠶᠢ ᠪᠤᠯᠪᠠᠰᠤᠷᠠᠩᠭᠤᠢ ᠰᠠᠶᠢᠬᠠᠨ ᠬᠡᠯᠡᠵᠦ ᠶᠠᠷᠢᠵᠤ | ᠢᠯᠡᠳᠬᠡᠨ᠎ᠡ ᠭᠡᠭᠴᠢ ᠪᠠᠶᠢᠵᠤ ᠴᠢᠳᠠᠰᠢ ᠦᠭᠡᠢ ᠤᠴᠢᠷ ᠪᠤᠯᠬᠤ ᠶᠤᠮ᠃ | ︵ᠨᠢᠭᠡ︶ ᠮᠤᠩᠭᠤᠯ ᠬᠡᠯᠡ ᠪᠤᠯ ᠮᠠᠯᠵᠢᠬᠤ ᠰᠤᠶᠤᠯ ᠤᠨ ᠬᠡᠪᠴᠢᠶᠡᠨ᠎ᠡ ᠮᠠᠰᠢ ᠪᠠᠶᠠᠯᠢᠭ ᠬᠡᠯᠡ ᠭᠡᠵᠦ ᠨᠢᠭᠡᠨᠲᠡ | ᠮᠡᠳᠡᠷᠡᠵᠡᠢ᠃ ᠪᠢᠳᠡᠨ ᠤ ᠳᠡᠭᠡᠳᠦᠰ ᠡᠶᠢᠮᠦ ᠳᠠᠯᠠᠢ ᠪᠠᠶᠠᠨ ᠬᠡᠯᠡ ᠶᠠᠷᠢᠶ᠎ᠠ ᠶᠢ ᠵᠤᠬᠢᠶᠠᠵᠤ ᠮᠠᠨ ᠳᠤ ᠦᠪᠯᠡᠨ ᠦᠯᠡᠳᠡᠭᠡᠭᠰᠡᠨ ᠨᠢ | ᠨᠢᠭᠡ ᠶᠡᠭᠡ ᠤᠮᠤᠭᠰᠢᠯ ᠭᠡᠬᠦ ᠳᠤ ᠪᠠᠰᠠ ᠨᠢᠭᠡ ᠶᠡᠭᠡ ᠳᠠᠷᠤᠯᠲᠠ ᠭᠡᠵᠦ ᠦᠵᠡᠪᠡᠯ ᠵᠤᠬᠢᠯᠲᠠᠢ᠃ ᠳᠡᠯᠡᠬᠡᠢ ᠶᠢᠨ ᠬᠦᠭᠵᠢᠯ ᠪᠠ | ᠬᠤᠪᠢᠷᠠᠯᠲᠠ ᠶᠢ ᠳᠠᠭᠠᠯᠳᠤᠨ ᠦᠪᠦᠷ ᠮᠤᠩᠭᠤᠯ ᠤᠨ ᠦᠨᠳᠦᠰᠦᠲᠡᠨ ᠤ ᠬᠡᠯᠡ ᠶᠠᠷᠢᠶ᠎ᠠ ᠶᠢᠨ ᠢᠪᠴᠤᠷᠠᠯ ᠢ ᠳᠠᠭᠠᠯᠳᠤᠨ | ᠮᠤᠩᠭᠤᠯ ᠬᠡᠦᠬᠡᠳ ᠤᠨ ᠦᠪᠡᠷ ᠤᠨ ᠦᠰᠬᠦ ᠠᠴᠠ ᠰᠤᠷᠤᠭᠰᠠᠨ ᠮᠤᠩᠭᠤᠯ ᠬᠡᠯᠡ ᠪᠠᠨ ᠤᠷᠤᠰᠤᠮ᠎ᠠ ᠰᠠᠶᠢᠬᠠᠨ ᠬᠡᠯᠡᠵᠦ | ᠶᠠᠷᠢᠵᠤ ᠢᠯᠡᠳᠬᠡᠵᠦ ᠴᠢᠳᠠᠬᠤ ᠬᠦᠮᠦᠰ ᠨᠢ ᠤᠯᠠᠮ ᠢᠶᠠᠷ ᠴᠦᠭᠡᠷᠡᠭᠰᠡᠨ ᠨᠢ ᠴᠡᠴᠡᠷᠯᠢᠭ ᠤᠨ ᠰᠤᠷᠭᠠᠨ ᠬᠦᠮᠦᠵᠢᠯ ᠳᠤ | ᠤᠩᠰᠢᠯᠭ᠎ᠠ ᠶᠢ ᠬᠦᠴᠦ ᠲᠠᠯᠪᠢᠨ ᠠᠳᠬᠤᠬᠤ ᠦᠭᠡᠢ ᠪᠠᠶᠢᠬᠤ ᠶᠢᠨ ᠠᠷᠭ᠎ᠠ ᠦᠭᠡᠢ ᠪᠤᠯᠭᠠᠵᠠᠢ᠃ ᠴᠡᠴᠡᠷᠯᠢᠭ ᠤᠨ | ᠤᠩᠰᠢᠯᠭ᠎ᠠ ᠶᠢ ᠠᠳᠬᠤᠬᠤ ᠨᠢ ᠬᠡᠯᠡᠯᠭᠡᠨ ᠦᠭᠡᠢ ᠬᠦᠴᠢᠷ ᠠᠰᠠᠭᠤᠳᠠᠯ᠃ ᠡᠶᠢᠮᠦ ᠠᠴᠠ ᠤᠩᠰᠢᠯᠭ᠎ᠠ ᠶᠢᠨ ᠠᠵᠢᠯ ᠢ | ᠴᠡᠴᠡᠷᠯᠢᠭ ᠤᠨ ᠬᠡᠦᠬᠡᠳ ᠤᠨ ᠬᠡᠯᠡ ᠪᠠᠨ ᠤᠷᠤᠰᠤᠮ᠎ᠠ ᠰᠠᠶᠢᠬᠠᠨ ᠶᠠᠷᠢᠬᠤ ᠶᠢᠨ ᠠᠩᠬᠠᠨ ᠤ ᠳᠠᠪᠠᠭ᠎ᠠ᠂ ᠬᠠᠲᠠᠭᠤ ᠳᠠᠪᠠᠭ᠎ᠠ | ᠪᠤᠯᠭᠠᠵᠤ ᠠᠳᠬᠤᠬᠤ ᠬᠡᠷᠡᠭᠲᠡᠢ ᠶᠤᠮ᠃ ᠢᠩᠭᠢᠪᠡᠯ ᠰᠠᠶ᠋ᠢ ᠡᠨᠡᠬᠦ ᠬᠡᠦᠬᠡᠳ ᠤᠨ ᠬᠤᠵᠢᠮ ᠤᠨ ᠮᠤᠩᠭᠤᠯ ᠬᠡᠯᠡ ᠪᠠᠨ ᠵᠦᠪ | ᠰᠠᠶᠢᠬᠠᠨ ᠡᠵᠡᠮᠰᠢᠬᠦ ᠳᠤ ᠮᠠᠰᠢ ᠶᠡᠬᠡᠬᠡᠨ ᠲᠤᠰᠠᠯᠠᠮᠵᠢ ᠪᠤᠯᠳᠠᠭ ᠶᠤᠮ᠃ | ︵ᠬᠤᠶᠠᠷ︶ ᠤᠳᠤᠬᠠᠨ ᠤ ᠪᠤᠳᠠᠲᠠᠢ ᠪᠠᠶᠢᠳᠠᠯ ᠢᠶᠠᠷ ᠦᠵᠡᠬᠦ ᠳᠤ᠂ ᠤᠯᠠᠩᠬᠢ ᠮᠠᠯᠵᠢᠬᠤ ᠤᠷᠤᠨ ᠤ ᠬᠡᠦᠬᠡᠳ ᠨᠢ | ᠪᠦᠷ ᠬᠤᠰᠢᠭᠤ ᠰᠤᠮᠤ ᠶᠢᠨ ᠬᠡᠦᠬᠡᠳ ᠤᠨ ᠴᠡᠴᠡᠷᠯᠢᠭ ᠲᠤ ᠲᠦᠪᠯᠡᠷᠡᠵᠦ ᠪᠠᠶᠢᠳᠠᠭ᠃ ᠡᠨᠡᠬᠦ ᠪᠤᠳᠠᠲᠤ ᠪᠠᠶᠢᠳᠠᠯ ᠠᠴᠠ | ᠠᠵᠢᠭᠯᠠᠬᠤ ᠳᠤ᠂ ᠵᠠᠷᠢᠮ ᠭᠡᠷ ᠤᠨ ᠠᠬᠠᠮᠠᠳ ᠪᠤᠶᠤ ᠵᠠᠷᠢᠮ ᠴᠡᠴᠡᠷᠯᠢᠭ ᠨᠢ ᠬᠡᠦᠬᠡᠳ ᠨᠢᠭᠡᠪᠦᠷᠢ ᠶᠢᠨ ᠪᠤᠳᠠᠲᠤ ᠪᠠᠶᠢᠳᠠᠯ ᠢ | ᠤᠶᠢᠯᠠᠭᠠᠭᠰᠠᠨ ᠦᠭᠡᠢ ᠠᠴᠠ ᠪᠤᠯᠵᠤ᠂ ᠵᠠᠷᠢᠮ ᠬᠡᠯᠡᠨ ᠤ ᠰᠠᠭᠤᠷᠢ ᠰᠠᠶᠢᠲᠠᠢ ᠬᠡᠦᠬᠡᠳ ᠤᠨ ᠪᠠᠷᠢᠮᠵᠢᠶ᠎ᠠ ᠪᠠᠷ ᠪᠠᠷᠢᠮᠵᠢᠶᠠᠯᠠᠵᠤ | ᠠᠳᠬᠤᠭᠰᠠᠨ ᠠᠴᠠ ᠪᠤᠯᠵᠤ ᠵᠠᠷᠢᠮ ᠬᠡᠯᠡᠨ ᠤ ᠰᠠᠭᠤᠷᠢ ᠮᠠᠭᠤᠲᠠᠢ ᠬᠡᠦᠬᠡᠳ ᠢ ︽ᠡᠰᠡ ᠤᠶᠢᠰᠢᠶᠠᠬᠤ︾ ᠦᠵᠡᠭᠳᠡᠯ ᠢ ᠪᠤᠢ | ᠪᠤᠯᠭᠠᠵᠠᠢ᠃ ᠡᠨᠡ ᠨᠢ ᠬᠡᠯᠡᠨ ᠤ ᠰᠠᠭᠤᠷᠢ ᠮᠠᠭᠤᠲᠠᠢ ᠬᠡᠦᠬᠡᠳ ᠤᠨ ᠤᠩᠰᠢᠯᠭ᠎ᠠ ᠶᠢ ᠨᠦᠯᠦᠭᠡᠯᠡᠵᠦ᠂ ᠲᠡᠭᠦᠨ ᠤ ᠮᠤᠩᠭᠤᠯ | ᠦᠭᠡ ᠬᠡᠯᠡ ᠪᠠᠨ ᠰᠤᠷᠴᠤ ᠡᠵᠡᠮᠰᠢᠬᠦ ᠳᠤᠷ᠎ᠠ ᠪᠠᠬ᠎ᠠ ᠶᠢ ᠨᠦᠯᠦᠭᠡᠯᠡᠵᠦ ᠪᠠᠶᠢᠨ᠎ᠠ᠃ ᠡᠶᠢᠮᠦ ᠠᠴᠠ ᠴᠡᠴᠡᠷᠯᠢᠭ ᠤᠨ ᠪᠠᠭᠰᠢᠨᠠᠷ | ᠬᠡᠦᠬᠡᠳ ᠨᠢᠭᠡᠪᠦᠷᠢ ᠶᠢ ᠬᠠᠮᠵᠢᠨ ᠬᠠᠪᠰᠤᠷᠴᠤ᠂ ᠵᠢᠭᠠᠨ ᠲᠤᠳᠤᠮᠳᠠᠵᠤ ᠪᠠᠶᠢᠭᠠᠳ ᠠᠮᠵᠢᠯᠲᠠ ᠲᠠᠢ ᠳᠠᠪᠠᠭᠤᠯᠬᠤ ᠬᠡᠷᠡᠭᠲᠡᠢ᠃ | ︵ᠭᠤᠷᠪᠠ︶ ᠬᠡᠯᠡ ᠪᠤᠯ ᠤᠩᠰᠢᠯᠭ᠎ᠠ ᠪᠠᠷ ᠳᠠᠮᠵᠢᠨ ᠪᠤᠯᠪᠠᠰᠤᠷᠠᠩᠭᠤᠢ ᠲᠡᠰᠢ ᠪᠠᠨ ᠬᠦᠭᠵᠢᠭᠡᠳᠡᠭ ᠨᠢ ᠯᠠᠪᠲᠠᠢ | ᠶᠤᠮ᠃ ᠬᠦᠯ ᠳᠤ ᠤᠷᠤᠵᠤ ᠬᠡᠯᠡ ᠳᠤ ᠤᠷᠤᠵᠤ ᠪᠠᠶᠢᠭ᠎ᠠ ᠪᠠᠯᠴᠢᠷ ᠬᠡᠦᠬᠡᠳ ᠪᠦᠬᠦᠨ ᠤ ᠦᠰᠴᠦ ᠲᠦᠷᠦᠭᠰᠡᠨ ᠤᠷᠴᠢᠨ | ᠠᠬᠤᠢ ᠪᠠ ᠪᠤᠳᠠᠲᠤ ᠪᠠᠶᠢᠳᠠᠯ ᠨᠢ ᠠᠳᠠᠯᠢ ᠦᠭᠡᠢ ᠠᠴᠠ ᠪᠤᠯᠵᠤ᠂ ᠮᠤᠩᠭᠤᠯ ᠬᠡᠯᠡᠨ ᠤ ᠤᠷᠠᠯᠢᠭ ᠤᠨ ᠬᠦᠷᠢᠶ᠎ᠡ ᠬᠡᠪᠴᠢᠶ᠎ᠡ ᠨᠢ | ᠤᠯᠠᠮ ᠢᠶᠠᠷ ᠢᠪᠴᠤᠷᠠᠵᠤ ᠪᠠᠶᠢᠭ᠎ᠠ ᠬᠠᠨᠳᠤᠰᠢ ᠪᠤᠯ ᠰᠡᠵᠢᠭᠯᠡᠰᠢ ᠦᠭᠡᠢ ᠶᠤᠮ᠃ ᠡᠶᠢᠮᠦ ᠪᠠᠶᠢᠳᠠᠯ ᠤᠨ ᠳᠤᠤᠷ᠎ᠠ᠂ ᠪᠢᠳᠡ | ᠴᠡᠴᠡᠷᠯᠢᠭ ᠤᠨ ᠬᠡᠦᠬᠡᠳ ᠤᠨ ᠤᠩᠰᠢᠯᠭ᠎ᠠ ᠶᠢ ᠬᠡᠯᠡᠨ ᠤ ᠤᠷᠠᠯᠢᠭ ᠭᠡᠵᠦ ᠲᠠᠨᠢᠬᠤ ᠦᠭᠡᠢ ᠶᠤᠮ ᠪᠤᠯ ᠡᠨᠡᠬᠦ ᠲᠠᠯ᠎ᠠ ᠶᠢᠨ | ᠠᠵᠢᠯ ᠢ ᠬᠢᠵᠦ ᠭᠦᠢᠴᠡᠳᠬᠡᠬᠦ ᠶᠢᠨ ᠠᠷᠭ᠎ᠠ ᠦᠭᠡᠢ ᠶᠤᠮ᠃ | ᠬᠤᠶᠠᠷ᠂ ᠮᠤᠩᠭᠤᠯ ᠬᠡᠯᠡᠨ ᠤ ᠤᠩᠰᠢᠯᠭ᠎ᠠ ᠶᠢᠨ ᠪᠦᠲᠦᠭᠡᠯᠴᠢ ᠴᠢᠨᠠᠷ | ᠴᠡᠴᠡᠷᠯᠢᠭ ᠤᠨ ᠬᠡᠦᠬᠡᠳ ᠤᠨ ᠤᠩᠰᠢᠯᠭ᠎ᠠ ᠶᠢ ᠴᠢᠩᠭ᠎ᠠ ᠠᠳᠬᠤᠬᠤ ᠨᠢ ᠮᠤᠩᠭᠤᠯ ᠬᠡᠯᠡ ᠰᠤᠶᠤᠯ ᠢᠶᠠᠨ ᠬᠤᠶᠢᠴᠢ | ᠦᠶ᠎ᠡ ᠳᠡᠭᠡᠨ ᠪᠦᠷᠢᠨ ᠪᠦᠲᠦᠨ ᠢᠶᠠᠷ ᠤᠯᠠᠮᠵᠢᠯᠠᠭᠤᠯᠬᠤ ᠡᠷᠳᠡᠨᠢ ᠶᠢᠨ ᠲᠦᠯᠬᠢᠭᠦᠷ ᠢ ᠤᠯᠭᠤᠭᠰᠠᠨ ᠲᠠᠢ ᠠᠳᠠᠯᠢ ᠶᠤᠮ᠃ | ︵ᠨᠢᠭᠡ︶ ᠤᠩᠰᠢᠯᠭ᠎ᠠ ᠶᠢ ᠰᠠᠶᠢᠲᠤᠷ ᠠᠳᠬᠤᠪᠠᠯ ᠬᠡᠦᠬᠡᠳ ᠤᠨ ᠬᠡᠯᠡ ᠵᠦᠭᠰᠢᠷᠡᠨᠡ | ᠮᠤᠩᠭᠤᠯᠴᠤᠳ ᠬᠡᠦᠬᠡᠳ ᠢᠶᠠᠨ ᠵᠢᠭᠠᠨ ᠰᠤᠷᠭᠠᠬᠤ ᠳᠠᠭᠠᠨ ᠤᠤᠯ ᠠᠴᠠ ᠪᠠᠨ ᠬᠡᠯᠡ ᠵᠦᠭᠰᠢᠷᠡᠭᠦᠯᠬᠦ ᠦᠭᠡ ᠶᠢ | ᠴᠡᠭᠡᠵᠢᠯᠡᠭᠦᠯᠵᠦ ᠤᠩᠰᠢᠭᠤᠯᠳᠠᠭ ᠵᠤᠷᠰᠢᠯ ᠲᠠᠢ᠃ ᠡᠨᠡ ᠨᠢ ᠤᠩᠰᠢᠯᠭ᠎ᠠ ᠶᠢᠨ ᠴᠢᠬᠤᠯᠠ ᠴᠢᠨᠠᠷ ᠢ ᠬᠠᠷᠠᠭᠤᠯᠵᠤ ᠪᠠᠶᠢᠨ᠎ᠠ᠃ | ᠬᠡᠷᠪᠡ ᠴᠡᠴᠡᠷᠯᠢᠭ ᠤᠨ ᠬᠡᠦᠬᠡᠳ ᠤᠨ ᠤᠩᠰᠢᠯᠭ᠎ᠠ ᠶᠢ ᠨᠢ ᠰᠠᠶᠢᠲᠤᠷ ᠠᠳᠬᠤᠬᠤ ᠦᠭᠡᠢ ᠶᠤᠮ ᠪᠤᠯ ᠬᠤᠵᠢᠮ ᠬᠡᠦᠬᠡᠳ | ᠰᠤᠷᠭᠠᠭᠤᠯᠢ ᠳᠡᠪᠰᠢᠵᠦ ᠪᠦᠬᠦᠯᠢ ᠦᠰᠦᠭ ᠨᠢᠳᠦᠯᠡᠬᠦ ᠠᠴᠠ ᠤᠩᠰᠢᠬᠤ ᠳᠤ ᠬᠦᠷᠲᠡᠯ᠎ᠡ ᠮᠠᠰᠢ ᠶᠡᠭᠡ ᠬᠦᠴᠢᠷ | ᠰᠠᠨᠠᠭᠳᠠᠭᠤᠯᠳᠠᠭ ᠶᠤᠮ᠃ | ︵ᠬᠤᠶᠠᠷ︶ ᠤᠩᠰᠢᠯᠭ᠎ᠠ ᠶᠢ ᠰᠠᠶᠢᠲᠤᠷ ᠠᠳᠬᠤᠪᠠᠯ ᠬᠡᠦᠬᠡᠳ ᠤᠨ ᠰᠡᠳᠬᠢᠬᠦᠢ ᠵᠦᠭᠰᠢᠷᠡᠨᠡ | ᠮᠤᠩᠭᠤᠯ ᠬᠡᠦᠬᠡᠳ ᠤᠨ ᠴᠡᠴᠡᠷᠯᠢᠭ ᠤᠨ ᠰᠤᠷᠭᠠᠨ ᠬᠦᠮᠦᠵᠢᠯ ᠳᠤ ᠴᠦ ᠤᠳᠤᠬᠠᠨ ᠬᠡᠦᠬᠡᠳ ᠤᠨ ᠰᠡᠳᠬᠢᠬᠦᠢ ᠶᠢᠨ | ᠴᠢᠳᠠᠪᠤᠷᠢ ᠶᠢ ᠳᠡᠭᠡᠭᠰᠢᠯᠡᠭᠦᠯᠬᠦ ᠪᠠᠷ ᠠᠯᠢ ᠤᠯᠠᠨ ᠠᠷᠭ᠎ᠠ ᠬᠡᠮᠵᠢᠶ᠎ᠡ ᠠᠪᠴᠤ ᠪᠠᠶᠢᠳᠠᠭ᠃ ᠡᠭᠦᠨ ᠤ ᠳᠤᠤᠷ᠎ᠠ᠂ ᠤᠩᠰᠢᠯᠭ᠎ᠠ | ᠨᠢ ᠮᠦᠨ ᠴᠦ ᠬᠡᠦᠬᠡᠳ ᠤᠨ ᠰᠡᠳᠬᠢᠬᠦᠢ ᠶᠢᠨ ᠤᠷᠤᠨ ᠵᠠᠢ ᠶᠢ ᠰᠢᠯᠤᠭᠤᠳᠬᠠᠵᠤ᠂ ᠬᠡᠦᠬᠡᠳ ᠤᠨ ᠬᠠᠷᠠᠭ᠎ᠠ ᠶᠢ ᠲᠡᠯᠡᠵᠦ᠂ | ᠬᠡᠦᠬᠡᠳ ᠤᠨ ᠴᠡᠭᠡᠵᠢᠯᠡᠬᠦ ᠴᠢᠳᠠᠪᠤᠷᠢ ᠶᠢ ᠬᠦᠭᠵᠢᠭᠡᠨ ᠪᠠᠳᠠᠷᠠᠭᠠᠳᠠᠭ ᠶᠤᠮ᠃ ᠡᠶᠢᠮᠦ ᠠᠴᠠ ᠤᠩᠰᠢᠯᠭ᠎ᠠ ᠨᠢ ᠴᠡᠴᠡᠷᠯᠢᠭ ᠤᠨ | ᠬᠡᠦᠬᠡᠳ ᠤᠨ ᠬᠡᠯᠡ ᠶᠢ ᠵᠦᠭᠰᠢᠷᠡᠭᠦᠯᠬᠦ ᠪᠠᠷ ᠦᠯᠦ ᠪᠠᠷᠠᠨ ᠲᠠᠳᠡᠨ ᠤ ᠤᠬᠠᠭ᠎ᠠ ᠶᠢ ᠴᠦ ᠵᠦᠭᠰᠢᠷᠡᠭᠦᠯᠳᠡᠭ ᠶᠤᠮ᠃ | ︵ᠭᠤᠷᠪᠠ︶ ᠤᠩᠰᠢᠯᠭ᠎ᠠ ᠶᠢ ᠰᠠᠶᠢᠲᠤᠷ ᠠᠳᠬᠤᠪᠠᠯ ᠬᠡᠦᠬᠡᠳ ᠤᠨ ᠤᠶᠤᠨ ᠰᠠᠨᠠᠭ᠎ᠠ ᠵᠦᠭᠰᠢᠷᠡᠨᠡ | ᠬᠡᠦᠬᠡᠳ ᠪᠠᠭᠠᠴᠤᠳ ᠪᠤᠯ ᠡᠳᠦᠷ ᠢᠷᠡᠬᠦᠶ᠎ᠡ ᠤᠶᠤᠨ ᠰᠠᠨᠠᠭ᠎ᠠ ᠨᠢ ᠤᠳᠤᠮᠯᠠᠵᠤ᠂ ᠲᠠᠷᠢᠬᠢ ᠲᠤᠯᠤᠭᠠᠢ ᠨᠢ ᠰᠡᠴᠡᠨ | ᠰᠡᠷᠭᠦᠯᠡᠩ ᠬᠡᠪ ᠢᠶᠠᠷ ᠪᠠᠶᠢᠳᠠᠭ ᠲᠤᠯᠠ ᠬᠦᠭᠵᠢᠭᠡᠨ ᠪᠠᠳᠠᠷᠠᠭᠠᠬᠤ ᠨᠢ ᠬᠠᠮᠤᠭ ᠰᠠᠭᠤᠷᠢ ᠪᠤᠯᠬᠤᠶᠢᠴᠠ ᠴᠢᠬᠤᠯᠠ ᠠᠵᠢᠯ | ᠪᠤᠯᠬᠤ ᠶᠤᠮ᠃ ᠡᠶᠢᠮᠦ ᠠᠯᠤᠰ ᠬᠡᠲᠦ ᠳᠤ ᠬᠤᠯᠪᠤᠭᠳᠠᠬᠤ ᠮᠦᠷᠲᠡᠭᠡᠨ ᠬᠡᠦᠬᠡᠳ ᠨᠢᠭᠡᠪᠦᠷᠢ ᠶᠢᠨ ᠲᠤᠰ ᠪᠡᠶ᠎ᠡ ᠶᠢᠨ | ᠳᠠᠪᠠᠯᠲᠠ ᠳᠤ ᠬᠤᠯᠪᠤᠭᠳᠠᠭᠰᠠᠨ ᠠᠵᠢᠯ ᠢ ᠰᠠᠶᠢᠲᠤᠷ ᠬᠢᠬᠦ ᠳᠤ ᠴᠡᠴᠡᠷᠯᠢᠭ ᠤᠨ ᠬᠡᠦᠬᠡᠳ ᠤᠨ ᠤᠩᠰᠢᠯᠭ᠎ᠠ ᠶᠢᠨ | ᠪᠤᠯᠪᠠᠰᠤᠷᠠᠯ ᠢ ᠴᠢᠩᠭ᠎ᠠ ᠠᠳᠬᠤᠬᠤ ᠲᠠᠢ ᠰᠠᠯᠤᠰᠢ ᠦᠭᠡᠢ ᠬᠠᠷᠢᠴᠠᠭ᠎ᠠ ᠬᠤᠯᠪᠤᠭ᠎ᠠ ᠲᠠᠢ ᠶᠤᠮ᠃ | ᠭᠤᠷᠪᠠ᠂ ᠪᠤᠳᠠᠲᠠᠢ ᠠᠷᠭ᠎ᠠ ᠬᠢᠳᠡᠯ | ᠴᠡᠴᠡᠷᠯᠢᠭ ᠤᠨ ᠬᠡᠦᠬᠡᠳ ᠤᠨ ᠤᠤᠯ ᠴᠢᠨᠠᠷ ᠨᠢ ᠳᠡᠭᠵᠢᠨ ᠴᠤᠪᠤᠭᠤᠯᠢᠭ ᠪᠠᠶᠢᠳᠠᠭ ᠠᠴᠠ ᠭᠠᠳᠠᠭᠠᠳᠤ ᠤᠷᠴᠢᠨ ᠤ | ᠨᠦᠯᠦᠭᠡᠯᠡᠯ ᠢ ᠪᠦᠷ ᠮᠠᠰᠢ ᠠᠮᠠᠷᠬᠠᠨ ᠬᠦᠯᠢᠶᠡᠳᠡᠭ᠃ ᠴᠡᠴᠡᠷᠯᠢᠭ ᠤᠨ ᠬᠡᠦᠬᠡᠳ ᠤᠨ ᠤᠩᠰᠢᠯᠭ᠎ᠠ ᠨᠢ ᠡᠩ ᠤᠨ ᠬᠦᠮᠦᠰ ᠠᠴᠠ | ᠨᠡᠩ ᠢᠯᠡᠭᠦᠦ ᠠᠮᠤᠷ ᠵᠢᠮᠦᠷ ᠨᠠᠮ ᠰᠡᠯᠡᠭᠦᠦ ᠤᠷᠴᠢᠨ ᠲᠤᠭᠤᠷᠢᠨ ᠪᠠᠶᠢᠬᠤ ᠶᠢ ᠱᠠᠭᠠᠷᠳᠠᠨ᠎ᠠ᠃ ᠨᠠᠮ ᠲᠠᠶᠢᠪᠤᠩ ᠤᠷᠴᠢᠨ | ᠲᠤᠭᠤᠷᠢᠨ ᠨᠢ ᠴᠡᠴᠡᠷᠯᠢᠭ ᠤᠨ ᠬᠡᠦᠬᠡᠳ ᠢ ᠬᠠᠪᠰᠤᠷᠤᠨ ᠲᠤᠭᠲᠠᠭᠤᠨ ᠲᠠᠭᠠᠯᠠᠮᠵᠢᠲᠠᠢ ᠪᠤᠯᠭᠠᠵᠤ ᠬᠦᠮᠦᠵᠢᠭᠦᠯᠬᠦ ᠳᠤ | ᠠᠰᠢᠭᠲᠠᠢ ᠪᠠᠶᠢᠳᠠᠭ ᠶᠤᠮ᠃ ᠴᠡᠪᠡᠷ ᠲᠡᠭᠰᠢ᠂ ᠪᠤᠷᠤᠭᠵᠢᠭᠤᠨ ᠮᠦᠷᠲᠡᠭᠡᠨ ᠭᠡᠭᠡᠨᠴᠢᠷ ᠰᠠᠷᠠᠭᠤᠯ ᠤᠷᠴᠢᠨ ᠲᠤᠭᠤᠷᠢᠨ ᠨᠢ | ᠬᠡᠦᠬᠡᠳ ᠤᠨ ᠦᠪᠡᠷᠮᠢᠴᠡ ᠰᠡᠳᠬᠢᠬᠦᠢ ᠠᠴᠠ ᠪᠤᠯᠤᠭᠰᠠᠨ ᠲᠠᠭᠠᠯᠠᠮᠵᠢᠲᠠᠢ ᠲᠠᠯᠪᠢᠭᠤ ᠰᠡᠳᠬᠢᠭᠳᠡᠯ ᠢ ᠰᠢᠭᠤᠳ ᠨᠦᠯᠦᠭᠡᠯᠡᠵᠦ᠂ | ᠤᠩᠰᠢᠯᠭ᠎ᠠ ᠶᠢ ᠠᠩᠬᠠᠷᠤᠯ ᠢᠶᠠᠨ ᠲᠦᠪᠯᠡᠷᠡᠭᠦᠯᠦᠨ ᠭᠦᠢᠴᠡᠳᠬᠡᠬᠦ ᠳᠤ ᠲᠤᠰᠠ ᠳᠡᠮᠵᠢᠯᠭᠡ ᠪᠤᠯᠳᠠᠭ ᠪᠠᠶᠢᠨ᠎ᠠ᠃ ᠬᠡᠦᠬᠡᠳ | ᠡᠶᠢᠮᠦᠷᠬᠦ ᠲᠠᠭᠠᠯᠠᠮᠵᠢᠲᠠᠢ ᠨᠠᠮ ᠰᠡᠯᠡᠭᠦᠬᠡᠨ ᠤᠩᠰᠢᠯᠭ᠎ᠠ ᠶᠢᠨ ᠤᠷᠴᠢᠨ ᠳᠤ ᠤᠷᠤᠵᠤ ᠤᠴᠢᠪᠠᠯ ᠬᠠᠷᠢᠯᠴᠠᠨ ᠨᠢᠭᠡ | ᠨᠢᠭᠡᠨ ᠢᠶᠠᠨ ᠨᠦᠯᠦᠭᠡᠯᠡᠵᠦ᠂ ᠵᠠᠷᠢᠮ ᠨᠢᠭᠡᠨ ᠬᠡᠦᠬᠡᠳ ᠤᠨ ᠪᠡᠶ᠎ᠡ ᠪᠠᠨ ᠪᠠᠷᠢᠬᠤ ᠴᠢᠳᠠᠪᠤᠷᠢ ᠠᠨᠠᠢ ᠪᠠᠶᠢᠯ᠎ᠠ ᠴᠦ ᠭᠡᠰᠡᠨ | ᠦᠭᠡᠷ᠎ᠡ ᠪᠢᠴᠢᠬᠠᠨ ᠨᠠᠶᠢᠵᠠ ᠨᠠᠷ ᠨᠢ ᠨᠠᠮ ᠵᠢᠮ ᠨᠤᠮ ᠦᠵᠡᠵᠦ ᠪᠠᠶᠢᠬᠤ ᠶᠢ ᠬᠠᠷᠠᠪᠠᠯ ᠪᠡᠶ᠎ᠡ ᠪᠠᠨ ᠪᠠᠷᠢᠬᠤ ᠶᠢ ᠬᠢᠴᠢᠶᠡᠵᠦ᠂ | ᠡᠳᠦᠷ ᠤᠨ ᠤᠳᠠᠭᠠᠨ ᠳᠠᠭᠠᠨ ᠲᠡᠭᠦᠨ ᠢ ᠨᠦᠯᠦᠭᠡᠯᠡᠵᠦ᠂ ᠤᠩᠰᠢᠯᠭ᠎ᠠ ᠶᠢᠨ ᠴᠢᠳᠠᠪᠤᠷᠢ ᠶᠢᠨ ᠳᠡᠭᠡᠭᠰᠢᠯᠡᠯᠲᠡ ᠳᠤᠨᠢ ᠠᠰᠢᠭᠲᠠᠢ | ᠪᠠᠶᠢᠳᠠᠭ᠃ ᠢᠩᠭᠢᠪᠡᠯ ᠬᠡᠦᠬᠡᠳ ᠤᠨ ᠰᠢᠨ᠎ᠡ ᠰᠡᠪᠡᠭᠦᠨ ᠪᠤᠳᠠᠰ ᠢ ᠬᠦᠭᠡᠭᠡᠴᠡᠯᠳᠦᠬᠦ ᠤᠨᠴᠠᠭᠠᠢ ᠴᠢᠨᠠᠷ ᠢ ᠴᠦ ᠲᠤᠶᠢᠯᠪᠤᠷᠢᠲᠠᠢ | ᠰᠠᠶᠢᠬᠠᠨ ᠪᠠᠳᠠᠷᠠᠭᠤᠯᠵᠤ᠂ ᠬᠡᠦᠬᠡᠳ ᠢ ᠨᠡᠩ ᠰᠠᠶᠢᠨ ᠢᠶᠠᠷ ᠡᠶᠢᠮᠦᠷᠬᠦ ᠤᠷᠴᠢᠨ ᠳᠤ ᠤᠩᠰᠢᠯᠭ᠎ᠠ ᠬᠢᠯᠭᠡᠵᠦ ᠴᠢᠳᠠᠨ᠎ᠠ᠃ | ᠲᠤᠷᠰᠢᠯᠭ᠎ᠠ ᠭᠡᠷᠡᠴᠢᠯᠡᠭᠰᠡᠨ ᠨᠢ᠂ ᠨᠠᠮ ᠲᠠᠯᠪᠢᠭᠤ ᠤᠩᠰᠢᠯᠭ᠎ᠠ ᠶᠢᠨ ᠤᠷᠴᠢᠨ ᠨᠢ ᠬᠡᠦᠬᠡᠳ ᠤᠨ ᠤᠩᠰᠢᠯᠭ᠎ᠠ ᠶᠢᠨ ᠤᠷᠮ᠎ᠠ ᠶᠢ | ᠳᠠᠭᠤᠳᠠᠨ ᠰᠡᠷᠢᠭᠡᠵᠦ᠂ ᠬᠡᠦᠬᠡᠳ ᠤᠨ ᠦᠭᠡ ᠶᠠᠷᠢᠶᠠᠨ ᠤ ᠴᠢᠳᠠᠪᠤᠷᠢ ᠶᠢ ᠬᠠᠮᠤᠭ ᠶᠡᠭᠡ ᠬᠡᠮᠵᠢᠶ᠎ᠡ ᠪᠠᠷ ᠪᠠᠳᠠᠷᠠᠭᠤᠯᠵᠤ | ᠬᠦᠭᠵᠢᠭᠡᠵᠦ ᠤᠷᠮᠠᠰᠢᠭᠤᠯᠵᠤ ᠴᠢᠳᠠᠳᠠᠭ ᠪᠠᠶᠢᠨ᠎ᠠ᠃ | ᠮᠤᠩᠭᠤᠯ ᠬᠡᠯᠡ ᠪᠤᠯ ᠮᠠᠰᠢ ᠤᠶᠠᠩᠭᠠᠯᠢᠭ ᠮᠦᠷᠲᠡᠭᠡᠨ ᠪᠠᠶᠠᠯᠢᠭ ᠶᠡᠭᠡ ᠦᠭᠡᠰ ᠤᠨ ᠰᠠᠩ ᠲᠠᠢ ᠬᠡᠯᠡ ᠪᠤᠯᠬᠤ ᠶᠤᠮ | ᠃ ᠶᠠᠭ ᠡᠶᠢᠮᠦ ᠠᠴᠠ ᠮᠤᠩᠭᠤᠯ ᠬᠡᠯᠡ ᠶᠢ ᠰᠤᠷᠬᠤ ᠳᠤ ᠮᠠᠰᠢ ᠤᠯᠠᠨ ᠬᠦᠴᠢᠷ ᠲᠠᠯ᠎ᠠ ᠶᠢ ᠪᠦᠷᠢᠯᠳᠦᠭᠦᠯᠦᠭᠰᠡᠨ ᠪᠠᠶᠢᠳᠠᠭ᠃ | ᠵᠢᠱᠢᠶᠡᠯᠡᠪᠡᠯ ᠬᠢᠲᠠᠳ ᠬᠡᠯᠡ ᠶᠢ ᠰᠤᠷᠬᠤ ᠳᠤ 2-3 ᠵᠢᠯ ᠬᠡᠷᠡᠭᠰᠡᠬᠦ ᠳᠤ᠂ ᠮᠤᠩᠭᠤᠯ ᠬᠡᠯᠡ ᠶᠢ ᠰᠤᠷᠬᠤ ᠳᠤ ᠬᠠᠷᠢᠨ 3-6 | ᠵᠢᠯ ᠤᠨ ᠴᠠᠭ ᠬᠤᠭᠤᠴᠠᠭ᠎ᠠ ᠤᠷᠤᠳᠠᠭ ᠨᠢ ᠡᠭᠦᠨ ᠢ ᠭᠡᠷᠡᠴᠢᠯᠡᠵᠦ ᠪᠠᠶᠢᠨ᠎ᠠ᠃ | ᠮᠤᠩᠭᠤᠯ ᠰᠤᠶᠤᠯ ᠤᠨ ᠤᠤᠭᠠᠯ ᠬᠦᠷᠦᠰᠦ ᠰᠢᠷᠤᠢ ᠠᠴᠠ ᠪᠠᠨ ᠳᠡᠩᠳᠡᠭᠦᠦ ᠵᠠᠶᠢᠳᠠᠭᠰᠠᠨ ᠦᠨᠦᠳᠦᠷ ᠪᠢᠳᠡ | ᠬᠡᠦᠬᠡᠳ ᠲᠡᠭᠡᠨ ᠮᠤᠩᠭᠤᠯ ᠰᠤᠶᠤᠯ ᠢᠶᠠᠨ ᠲᠠᠨᠢᠭᠤᠯᠬᠤ ᠶᠢᠨ ᠲᠤᠰᠠᠲᠠ ᠮᠤᠩᠭᠤᠯ ᠰᠤᠶᠤᠯ ᠤᠨ ᠬᠦᠮᠦᠷᠭᠡ ᠭᠡᠲᠡᠯ᠎ᠡ ᠮᠦᠽᠸᠢ | ᠪᠠᠶᠢᠭᠤᠯᠵᠤ ᠪᠠᠶᠢᠨ᠎ᠠ᠃ ᠰᠢᠯᠢ ᠶᠢᠨ ᠭᠤᠤᠯ ᠠᠶᠢᠮᠠᠭ ᠤᠨ ᠵᠡᠭᠦᠨ ᠪᠠᠷᠠᠭᠤᠨ ᠦᠵᠦᠮᠦᠴᠢᠨ ᠬᠤᠰᠢᠭᠤᠨ ᠤ ᠮᠤᠩᠭᠤᠯ | ᠰᠤᠷᠭᠠᠭᠤᠯᠢ ᠨᠢ ᠲᠦᠯ ᠲᠤᠰᠬᠤ ᠬᠤᠭᠤᠴᠠᠭᠠᠨ ᠳᠤ ᠲᠤᠰᠬᠠᠶᠢᠯᠠᠨ ᠲᠠᠷᠬᠠᠯᠲᠠ ᠲᠠᠯᠪᠢᠵᠤ᠂ ᠬᠡᠦᠬᠡᠳ ᠢ ᠬᠦᠳᠡᠭᠡ ᠨᠤᠲᠤᠭ | ᠲᠤᠨᠢ ᠪᠤᠴᠠᠭᠠᠵᠤ᠂ ᠮᠠᠯ ᠠᠵᠤ ᠠᠬᠤᠢ ᠶᠢᠨ ᠮᠠᠯᠵᠢᠯ ᠰᠤᠶᠤᠯ ᠢ ᠪᠡᠶᠡᠴᠢᠯᠡᠨ ᠤᠶᠢᠯᠠᠭᠠᠬᠤ ᠶᠢ ᠠᠩᠬᠠᠷᠴᠤ ᠪᠠᠶᠢᠨ᠎ᠠ᠃ ᠠᠷᠤ | ᠬᠤᠷᠴᠢᠨ ᠬᠤᠰᠢᠭᠤᠨ ᠤ ᠮᠤᠩᠭᠤᠯ ᠳᠤᠮᠳᠠᠳᠤ ᠰᠤᠷᠭᠠᠭᠤᠯᠢ ᠨᠢ ︽ᠮᠤᠩᠭᠤᠯ ᠰᠤᠶᠤᠯ ᠬᠦᠮᠦᠷᠭᠡ︾ ᠪᠠᠶᠢᠭᠤᠯᠵᠤ | ᠬᠡᠦᠬᠡᠳ ᠤᠨ ᠮᠤᠩᠭᠤᠯ ᠰᠤᠶᠤᠯ ᠢᠶᠠᠨ ᠤᠶᠢᠯᠠᠭᠠᠬᠤ ᠶᠢ ᠠᠩᠬᠠᠷᠴᠤ ᠪᠠᠶᠢᠨ᠎ᠠ᠃ ᠳᠦᠷᠪᠡᠳ ᠬᠤᠰᠢᠭᠤᠨ ᠤ ᠮᠤᠩᠭᠤᠯ | ᠰᠤᠷᠭᠠᠭᠤᠯᠢ ᠨᠢ ᠬᠦᠳᠡᠭᠡ ᠨᠤᠲᠤᠭ ᠤᠨ ᠮᠠᠯᠴᠢᠨ ᠠᠶᠢᠯ ᠳᠤ ᠬᠡᠦᠬᠡᠳ ᠢᠶᠠᠨ ᠳᠠᠭᠠᠭᠤᠯᠤᠨ ᠬᠦᠷᠴᠦ ᠮᠠᠯᠴᠢᠨ ᠠᠶᠢᠯ ᠤᠨ | ᠪᠦᠬᠦᠶᠢᠯᠡ ᠮᠠᠯᠵᠢᠬᠤ ᠰᠤᠶᠤᠯ ᠢ ᠵᠢᠭᠠᠨ ᠦᠵᠡᠭᠦᠯᠵᠦ ᠪᠠᠶᠢᠭ᠎ᠠ ᠵᠢᠱᠢᠶ᠎ᠡ ᠴᠦ ᠪᠤᠢ᠃ ᠴᠡᠴᠡᠷᠯᠢᠭ ᠨᠢ ᠴᠦ ᠡᠨᠡ ᠲᠠᠯ᠎ᠠ ᠪᠠᠷ | ᠠᠩᠬᠠᠷᠴᠤ ᠦᠵᠡᠬᠦ ᠦᠭᠡᠢ ᠶᠤᠮ ᠪᠤᠯ ᠠᠳᠠᠭ ᠨᠠᠭᠠᠲᠤ ᠵᠠᠬ᠎ᠠ ᠳᠠᠭᠠᠨ ᠮᠤᠩᠭᠤᠯ ᠰᠤᠶᠤᠯ ᠤᠨ ᠬᠡᠪ ᠵᠠᠭᠪᠤᠷᠴᠢᠯᠠᠯ ᠢᠶᠠᠷ | ᠤᠴᠢᠵᠤ ᠬᠡᠦᠬᠡᠳ ᠲᠤ ᠮᠤᠩᠭᠤᠯ ᠰᠤᠶᠤᠯ ᠢᠶᠠᠨ ᠲᠠᠨᠢᠭᠤᠯᠬᠤ ᠦᠭᠡᠢ ᠶᠤᠮ ᠪᠤᠯ ᠲᠡᠷᠡ ᠨᠢ ᠨᠢᠭᠡ ᠶᠡᠭᠡ ᠬᠠᠷᠠᠮᠰᠠᠯ ᠪᠠᠶᠢᠵᠤ | ᠲᠠᠭᠠᠷᠠᠨ᠎ᠠ᠃ | ᠶᠡᠷᠦᠩᠬᠡᠶᠢᠯᠡᠭᠡᠳ ᠬᠡᠯᠡᠪᠡᠯ ᠳᠤᠤᠷᠠᠬᠢ ᠭᠤᠷᠪᠠᠨ ᠲᠠᠯ᠎ᠠ ᠶᠢᠨ ᠪᠤᠳᠠᠲᠠᠢ ᠪᠠᠶᠢᠳᠠᠯ ᠢ ᠬᠦᠨᠳᠦᠳᠬᠡᠨ ᠦᠵᠡᠬᠦ ᠦᠭᠡᠢ | ᠶᠤᠮ ᠪᠤᠯ ᠴᠡᠴᠡᠷᠯᠢᠭ ᠤᠨ ᠬᠡᠦᠬᠡᠳ ᠤᠨ ᠤᠷᠠᠨ ᠲᠤᠳᠤ ᠤᠩᠰᠢᠯᠭ᠎ᠠ᠂ ᠤᠩᠰᠢᠯᠭ᠎ᠠ ᠶᠢᠨ ᠴᠢᠬᠤᠯᠠ ᠴᠢᠨᠠᠷ᠂ | ᠤᠩᠰᠢᠯᠭ᠎ᠠ ᠶᠢᠨ ᠰᠠᠭᠤᠷᠢ ᠰᠢᠨᠵᠢ ᠶᠢ ᠪᠠᠲᠤᠯᠠᠬᠤ ᠭᠡᠭᠴᠢ ᠪᠠᠶᠢᠵᠤ ᠴᠢᠳᠠᠰᠢ ᠦᠭᠡᠢ ᠶᠠᠪᠤᠳᠠᠯ ᠪᠤᠯᠤᠨ᠎ᠠ᠃ ᠵᠢᠱᠢᠶᠡᠯᠡᠵᠦ | ᠶᠠᠷᠢᠬᠤ ᠳᠤ᠂ ᠦᠬᠡᠷ ᠮᠠᠯ ᠢᠶᠠᠨ ᠮᠡᠳᠡᠬᠦ ᠦᠭᠡᠢ᠂ ᠤᠷᠭ᠎ᠠ ᠲᠠᠰᠢᠭᠤᠷ᠂ ᠡᠮᠡᠭᠡᠯ ᠬᠠᠵᠠᠭᠠᠷ ᠢᠶᠠᠨ ᠦᠵᠡᠭᠰᠡᠨ ᠦᠭᠡᠢ | ᠬᠡᠦᠬᠡᠳ ᠲᠤ ᠮᠤᠩᠭᠤᠯ ᠰᠤᠶᠤᠯ ᠤᠨ ᠦᠭᠡᠰ ᠬᠤᠯᠪᠤᠭᠳᠠᠭᠰᠠᠨ ᠵᠤᠬᠢᠶᠠᠯ ᠪᠦᠲᠦᠭᠡᠯ ᠢ ᠤᠩᠰᠢᠭᠤᠯᠬᠤ ᠳᠤ ᠬᠡᠯᠡ | ᠤᠷᠢᠶᠠᠯᠳᠤᠵᠤ ᠴᠡᠭᠡᠵᠢ ᠪᠢᠲᠡᠭᠦᠷᠡᠬᠦ ᠨᠢ ᠡᠩ ᠤᠨ ᠦᠵᠡᠭᠳᠡᠯ ᠪᠢᠰᠢᠦ︕ ᠬᠠᠷᠢᠨ ᠲᠡᠭᠦᠨ ᠢᠶᠠᠨ ᠪᠡᠶᠡᠴᠢᠯᠡᠨ ᠦᠵᠡᠭᠰᠡᠨ | ᠬᠡᠦᠬᠡᠳ ᠪᠤᠯ ᠲᠡᠭᠦᠨ ᠢ ᠤᠩᠰᠢᠬᠤ ᠠᠴᠠ ᠴᠡᠭᠡᠵᠢᠯᠡᠬᠦ ᠳᠤ ᠬᠦᠷᠲᠡᠯ᠎ᠡ ᠶᠠᠮᠠᠷᠴᠤ ᠠᠰᠠᠭᠤᠳᠠᠯ ᠦᠭᠡᠢ ᠶᠤᠮᠰᠠᠨ᠃ ᠮᠤᠩᠭᠤᠯ | ᠴᠡᠴᠡᠷᠯᠢᠭ ᠤᠨ ᠪᠠᠭᠰᠢ᠂ ᠬᠡᠦᠬᠡᠳ ᠠᠴᠠ᠄ ︽ᠦᠨᠢᠶᠡᠨ ᠤ ᠲᠦᠯ ᠢ ᠶᠠᠭᠤ ᠭᠡᠳᠡᠭ ᠪᠤᠢ︖ ᠬᠤᠴᠠ ᠭᠡᠵᠦ ᠶᠠᠭᠤ ᠪᠤᠢ ᠁ | ︾ ᠭᠡᠵᠦ ᠠᠰᠠᠭᠤᠬᠤ ᠳᠤ ᠬᠡᠦᠬᠡᠳ᠄ ︽ᠬᠤᠴᠠ ᠪᠤᠯ ᠬᠤᠷᠠᠭ᠎ᠠ ᠶᠢᠨ ︿ᠪᠠ ᠪᠠ﹀ ︵ᠬᠢᠲᠠᠳ ᠦᠭᠡ᠂ ᠠᠪᠤ ᠭᠡᠬᠦ | ᠤᠳᠬ᠎ᠠ ᠲᠠᠢ︶ ᠁︾ ᠭᠡᠵᠦ ᠬᠠᠷᠢᠭᠤᠯᠤᠭᠰᠠᠨ ᠦᠨᠡᠨ ᠦᠯᠢᠭᠡᠷ ᠡᠭᠦᠨ ᠢ ᠭᠡᠷᠡᠴᠢᠯᠡᠵᠦ ᠪᠠᠶᠢᠭ᠎ᠠ ᠶᠤᠮ᠃ ᠪᠠᠰᠠ ᠨᠢᠭᠡ | ᠵᠢᠱᠢᠶ᠎ᠡ ᠨᠢ ︽ᠠᠭᠤᠷ ᠪᠡᠶ᠎ᠡ ᠶᠢ ᠵᠤᠪᠠᠭᠠᠨ᠎ᠠ ︵︶︾ ᠭᠡᠬᠦ ᠳᠤ᠂ ︽ᠤᠰᠤ ᠵᠢᠭᠠᠰᠤ ᠶᠢ ᠵᠤᠪᠠᠭᠠᠨ᠎ᠠ︾᠂ ︽ᠨᠢᠭᠡ | ᠦᠬᠡᠷ ᠤᠨ ᠡᠪᠡᠷ ᠢ ᠴᠤᠬᠢᠬᠤ ᠳᠤ ︵︶︾ ᠭᠡᠬᠦ ᠳᠤ᠂ ︽ᠭᠤᠳ ᠭᠠᠷᠤᠭᠠᠳ ᠲᠤᠲᠠᠭᠠᠯᠠ︾ ᠭᠡᠬᠦ ᠮᠡᠲᠦ ᠶᠢᠨ ᠪᠤᠳᠠᠲᠤ | ᠶᠠᠪᠤᠳᠠᠯ ᠬᠡᠦᠬᠡᠳ ᠤᠨ ᠤᠩᠰᠢᠯᠭ᠎ᠠ ᠪᠤᠶᠤ ᠬᠡᠯᠡᠨ ᠤ ᠤᠷᠴᠢᠨ ᠤ ᠪᠠᠶᠢᠳᠠᠯ ᠢ ᠮᠠᠨ ᠳᠤ ᠳᠡᠯᠭᠡᠵᠦ ᠦᠵᠡᠭᠦᠯᠵᠦ ᠪᠠᠶᠢᠨ᠎ᠠ᠃ | ᠡᠶᠢᠮᠦ ᠠᠴᠠ ᠪᠢᠳᠡ ᠴᠡᠴᠡᠷᠯᠢᠭ ᠤᠨ ᠬᠡᠦᠬᠡᠳ ᠤᠨ ᠤᠩᠰᠢᠯᠭ᠎ᠠ ᠶᠢ ᠴᠢᠩᠭ᠎ᠠ ᠠᠳᠬᠤᠬᠤ ᠶᠠᠪᠤᠳᠠᠯ ᠢ ᠴᠢᠬᠤᠯᠠᠴᠢᠯᠠᠨ ᠦᠵᠡᠬᠦ | ᠬᠡᠷᠡᠭᠲᠡᠢ ᠶᠤᠮ᠃ |