| | ᠳᠤᠮᠳᠠᠳᠤ ᠪᠠᠭ᠎ᠠ ᠰᠤᠷᠭᠠᠭᠤᠯᠢ ᠶᠢᠨ ᠵᠤᠬᠢᠶᠠᠨ ᠪᠢᠴᠢᠯᠭᠡ ᠶᠢᠨ ᠬᠢᠴᠢᠶᠡᠯ ᠪᠤᠯ ᠨᠠᠷᠢᠨ ᠪᠤᠳᠤᠯᠢᠶᠠᠨᠲᠠᠢ᠂ | ᠬᠦᠴᠢᠷᠳᠡᠯ ᠢᠶᠠᠷ ᠨᠡᠯᠢᠶᠡᠳ ᠶᠡᠭᠡ ᠵᠢᠭᠠᠨ ᠵᠢᠯᠤᠭᠤᠳᠬᠤ ᠳᠤ ᠶᠡᠬᠡᠬᠡᠨ ᠶᠠᠷᠰᠢᠭ ᠲᠦᠪᠡᠭ ᠲᠠᠢ ᠨᠢᠭᠡ ᠲᠦᠷᠦᠯ ᠤᠨ ᠬᠢᠴᠢᠶᠡᠯ | ᠪᠤᠯᠬᠤ ᠶᠤᠮ᠃ ᠡᠭᠦᠨ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠤᠬᠢᠶᠠᠨ ᠪᠢᠴᠢᠯᠭᠡ ᠨᠢ ᠲᠡᠳᠡᠨ ᠤ | ᠬᠤᠶᠢᠰᠢᠲᠠ ᠶᠢᠨ ᠵᠤᠬᠢᠶᠠᠨ ᠪᠦᠲᠦᠭᠡᠯᠭᠡ ᠳᠤ ᠬᠠᠮᠤᠭ ᠤᠨ ᠭᠤᠤᠯ ᠰᠠᠭᠤᠷᠢ ᠪᠤᠯᠳᠠᠭ᠃ ᠲᠡᠶᠢᠮᠦ ᠠᠴᠠ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠵᠤᠬᠢᠶᠠᠨ ᠪᠢᠴᠢᠯᠭᠡ ᠶᠢ ᠵᠤᠬᠢᠰᠲᠠᠢ ᠵᠢᠭᠠᠨ ᠵᠢᠯᠤᠭᠤᠳᠬᠤ ᠪᠤᠯ ᠬᠠᠮᠤᠭ ᠤᠨ ᠴᠢᠬᠤᠯᠠ | ᠪᠠᠶᠢᠳᠠᠭ᠃ ᠪᠢ ᠳᠤᠤᠷ᠎ᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠤᠬᠢᠶᠠᠨ ᠪᠢᠴᠢᠯᠭᠡ ᠶᠢ ᠵᠢᠭᠠᠨ | ᠵᠢᠯᠤᠭᠤᠳᠤᠭᠰᠠᠨ ᠪᠤᠳᠠᠲᠠᠢ ᠪᠦᠭᠡᠳ ᠠᠮᠢᠳᠤᠯᠢᠭ ᠠᠷᠭ᠎ᠠ ᠲᠤᠷᠰᠢᠯᠭ᠎ᠠ ᠪᠠᠨ ᠳᠦᠭᠦᠮ ᠢᠶᠠᠷ ᠶᠠᠷᠢᠵᠤ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠨᠠᠷ ᠲᠤ ᠬᠢᠨᠠᠯᠲᠠ ᠪᠤᠯᠭᠠᠶ᠎ᠠ᠃ | ᠨᠢᠭᠡ ᠳᠤ᠂ ᠨᠠᠰᠤᠨ ᠤ ᠤᠨᠴᠠᠯᠢᠭ ᠢ ᠦᠨᠳᠦᠰᠦᠯᠡᠨ ᠵᠦᠢ ᠵᠤᠬᠢᠰᠲᠠᠢ ᠵᠢᠭᠠᠨ ᠵᠢᠯᠤᠭᠤᠳᠬᠤ ᠬᠡᠷᠡᠭᠲᠡᠢ | ᠬᠡᠦᠬᠡᠳ ᠤᠨ ᠨᠠᠰᠤᠨ ᠤ ᠵᠦᠷᠢᠶ᠎ᠡ ᠠᠴᠠ ᠪᠤᠯᠵᠤ᠂ ᠲᠡᠳᠡᠨ ᠤ ᠬᠡᠷᠡᠭ ᠶᠠᠪᠤᠳᠠᠯ ᠢ ᠵᠠᠳᠠᠯᠤᠨ ᠰᠢᠨᠵᠢᠯᠡᠬᠦ᠂ | ᠬᠦᠯᠢᠶᠡᠨ ᠠᠪᠬᠤ᠂ ᠬᠠᠷᠢᠴᠠᠭᠤᠯᠤᠨ ᠤᠶᠢᠯᠠᠭᠠᠬᠤ᠂ ᠰᠡᠳᠬᠢᠨ ᠪᠤᠳᠤᠯᠬᠢᠯᠠᠬᠤ ᠵᠡᠷᠭᠡ ᠴᠢᠳᠠᠪᠤᠷᠢ ᠨᠢ ᠠᠳᠠᠯᠢ ᠦᠭᠡᠢ | ᠪᠠᠶᠢᠳᠠᠭ᠃ ᠲᠡᠶᠢᠮᠦ ᠠᠴᠠ ᠪᠠᠭ᠎ᠠ ᠰᠤᠷᠭᠠᠭᠤᠯᠢ ᠶᠢᠨ ᠳᠤᠤᠷ᠎ᠠ ᠤᠨ ᠤ ᠰᠤᠷᠤᠭᠴᠢᠳ ᠲᠤ ᠵᠢᠷᠤᠭ ᠦᠵᠡᠭᠦᠯᠦᠨ ᠵᠢᠷᠤᠭ ᠤᠨ | ᠤᠳᠬ᠎ᠠ ᠰᠠᠨᠠᠭ᠎ᠠ ᠶᠢ ᠶᠠᠷᠢᠭᠤᠯᠬᠤ᠂ ᠶᠠᠷᠢᠬᠤ ᠳᠠᠭᠠᠨ ᠳᠡᠰ ᠳᠠᠷᠠᠭ᠎ᠠ ᠲᠠᠢ ᠪᠠᠶᠢᠬᠤ ᠶᠢ ᠱᠠᠭᠠᠷᠳᠠᠬᠤ ᠶᠢᠨ ᠬᠠᠮᠲᠤ ᠶᠠᠷᠢᠭᠰᠠᠨ | ᠵᠦᠢᠯ ᠢᠶᠠᠨ ᠡᠮᠬᠢ ᠳᠠᠷᠠᠭ᠎ᠠ ᠲᠠᠢ ᠪᠠᠷ ᠲᠡᠮᠳᠡᠭᠯᠡᠨ ᠪᠢᠴᠢᠵᠦ ᠭᠠᠷᠭᠠᠬᠤ ᠳᠤ ᠵᠢᠯᠤᠭᠤᠳᠤᠨ᠎ᠠ᠃ ᠳᠡᠭᠡᠷ᠎ᠡ ᠤᠨ ᠤ | ᠰᠤᠷᠤᠭᠴᠢᠳ ᠲᠤ ᠳᠠᠭᠤᠷᠢᠶᠠᠨ ᠪᠢᠴᠢᠬᠦ ᠶᠢ ᠭᠤᠤᠯᠴᠢᠯᠠᠨ᠂ ᠲᠡᠳᠡᠨ ᠳᠤ ᠵᠤᠬᠢᠶᠠᠨ ᠪᠢᠴᠢᠯᠭᠡ ᠶᠢᠨ ᠠᠷᠭ᠎ᠠ ᠮᠠᠶ᠋ᠢᠭ᠂ ᠤᠷ᠎ᠠ | ᠳᠡᠮ ᠢ ᠡᠵᠡᠮᠰᠢᠭᠦᠯᠬᠦ ᠪᠠᠷ ᠵᠤᠷᠢᠯᠭ᠎ᠠ ᠪᠤᠯᠭᠠᠨ᠎ᠠ᠃ ᠳᠤᠮᠳᠠᠳᠤ ᠰᠤᠷᠭᠠᠭᠤᠯᠢ ᠶᠢᠨ ᠳᠤᠤᠷ᠎ᠠ ᠤᠨ ᠠᠴᠠ ᠳᠡᠭᠡᠷ᠎ᠡ ᠤᠨ | ᠬᠦᠷᠲᠡᠯ᠎ᠡ ᠠᠯᠬᠤᠮ ᠠᠯᠬᠤᠮ ᠢᠶᠠᠷ ᠳᠠᠭᠤᠷᠢᠶᠠᠨ ᠪᠢᠴᠢᠬᠦ᠂ ᠭᠤᠤᠯᠳᠠᠯᠭ᠎ᠠ ᠶᠢ ᠠᠳᠬᠤᠨ ᠪᠢᠴᠢᠬᠦ᠂ ᠳᠦᠷᠰᠦᠯᠡᠨ ᠪᠢᠴᠢᠬᠦ᠂ | ᠤᠶᠠᠩᠭᠠᠯᠠᠨ ᠪᠢᠢᠴᠬᠦ ᠵᠦᠭ ᠵᠢᠭᠠᠨ ᠵᠢᠯᠤᠭᠤᠳᠬᠤ ᠬᠡᠷᠡᠭᠲᠡᠢ᠃ | ᠬᠤᠶᠠᠷ ᠲᠤ᠂ ᠦᠯᠢᠭᠡᠷ ᠶᠠᠷᠢᠬᠤ ᠶᠢ ᠵᠢᠭᠠᠨ ᠵᠢᠯᠤᠭᠤᠳᠬᠤ ᠬᠡᠷᠡᠭᠲᠡᠢ | ᠰᠤᠷᠤᠭᠴᠢᠳ ᠢ ᠬᠠᠷᠠᠬᠠᠨ ᠪᠠᠭ᠎ᠠ ᠠᠴᠠ ᠨᠢ ᠦᠯᠢᠭᠡᠷ ᠲᠤᠭᠤᠵᠢ ᠶᠠᠷᠢᠭᠤᠯᠬᠤ ᠪᠤᠯ ᠲᠡᠳᠡᠨ ᠤ ᠶᠠᠷᠢᠬᠤ ᠴᠢᠳᠠᠪᠤᠷᠢ | ᠂ ᠢᠯᠡᠳᠬᠡᠬᠦ ᠴᠢᠳᠠᠪᠤᠷᠢ᠂ ᠯᠤᠬᠢᠭᠲᠤ ᠴᠢᠨᠠᠷ ᠢ ᠳᠡᠭᠡᠭᠰᠢᠯᠡᠭᠦᠯᠬᠦ ᠪᠠᠷ ᠪᠠᠷᠠᠬᠤ ᠦᠭᠡᠢ ᠬᠤᠶᠢᠰᠢᠲᠠ ᠶᠢᠨ ᠵᠤᠬᠢᠶᠠᠨ ᠪᠢᠴᠢᠯᠭᠡ | ᠳᠤᠨᠢ ᠪᠠᠲᠤ ᠪᠠᠬᠢ ᠰᠠᠭᠤᠷᠢ ᠪᠤᠯᠳᠠᠭ᠃ ᠲᠡᠶᠢᠮᠦ ᠠᠴᠠ ᠰᠤᠷᠤᠭᠴᠢᠳ ᠢᠶᠠᠷ ᠨᠠᠰᠤᠨ ᠤ ᠤᠨᠴᠠᠯᠢᠭ ᠲᠤᠨᠢ ᠲᠤᠬᠢᠷᠠᠭᠤᠯᠤᠨ | ᠦᠷᠭᠦᠯᠵᠢ ᠶᠢᠨ ᠴᠢᠨᠠᠷ ᠲᠠᠢ ᠵᠦᠢᠯ ᠪᠦᠷᠢ ᠶᠢᠨ ᠦᠯᠢᠭᠡᠷ ᠲᠤᠭᠤᠵᠢ ᠶᠠᠷᠢᠭᠤᠯᠬᠤ ᠶᠢ ᠶᠠᠭᠠᠬᠢᠭᠰᠠᠨ ᠴᠦ ᠤᠮᠳᠤᠭᠠᠶᠢᠯᠠᠵᠤ | ᠪᠤᠯᠬᠤ ᠦᠭᠡᠢ᠃ | ᠭᠤᠷᠪᠠ ᠳᠤ᠂ ᠨᠡᠶᠢᠭᠡᠮ ᠤᠨ ᠠᠮᠢᠳᠤᠷᠠᠯ ᠳᠤ ᠭᠦᠨᠵᠡᠭᠡᠶᠢᠷᠡᠬᠦ ᠶᠢ ᠵᠢᠭᠠᠨ ᠵᠢᠯᠤᠭᠤᠳᠬᠤ ᠬᠡᠷᠡᠭᠲᠡᠢ | ᠨᠡᠶᠢᠭᠡᠮ ᠤᠨ ᠠᠮᠢᠳᠤᠷᠠᠯ ᠪᠤᠯ ᠰᠤᠷᠤᠭᠴᠢᠳ ᠤᠨ ᠵᠤᠬᠢᠶᠠᠨ ᠪᠢᠴᠢᠯᠭᠡ ᠶᠢᠨ ᠠᠮᠢᠨ ᠰᠦᠨᠡᠰᠦ ᠪᠤᠯᠤᠨ᠎ᠠ᠃ | ᠲᠡᠶᠢᠮᠦ ᠠᠴᠠ ᠰᠤᠷᠤᠭᠴᠢᠳ ᠢ ᠬᠠᠷᠠᠬᠠᠨ ᠪᠠᠭ᠎ᠠ ᠠᠴᠠ ᠨᠢ ᠨᠡᠶᠢᠭᠡᠮ ᠤᠨ ᠠᠮᠢᠳᠤᠷᠠᠯ ᠳᠤ ᠤᠶᠢᠷᠠᠳᠤᠭᠤᠯᠤᠨ᠂ ᠤᠯᠠᠨ | ᠲᠠᠯ᠎ᠠ ᠶᠢᠨ ᠨᠡᠶᠢᠭᠡᠮ ᠤᠨ ᠠᠮᠢᠳᠤᠷᠠᠯ ᠳᠤ ᠭᠦᠨᠵᠡᠭᠡᠶᠢᠷᠡᠭᠦᠯᠵᠦ᠂ ᠨᠠᠷᠢᠨ ᠪᠤᠳᠤᠯᠢᠶᠠᠨᠲᠠᠢ ᠨᠡᠶᠢᠭᠡᠮ ᠤᠨ ᠠᠮᠢᠳᠤᠷᠠᠯ ᠤᠨ | ᠬᠠᠷᠢᠴᠠᠭ᠎ᠠ ᠬᠤᠯᠪᠤᠭ᠎ᠠ ᠶᠢ ᠤᠶᠢᠯᠠᠭᠠᠭᠤᠯᠬᠤ ᠨᠢ ᠲᠤᠩ ᠴᠢᠬᠤᠯᠠ ᠪᠠᠶᠢᠳᠠᠭ᠃ ᠰᠤᠷᠤᠭᠴᠢᠳ ᠢ ᠵᠢᠭᠠᠨ ᠵᠢᠯᠤᠭᠤᠳᠤᠨ᠂ | ᠲᠠᠷᠢᠶᠠᠯᠠᠬᠤ ᠤᠷᠤᠨ᠂ ᠮᠠᠯᠵᠢᠬᠤ ᠤᠷᠤᠨ᠂ ᠬᠤᠲᠠ ᠭᠠᠵᠠᠷ ᠤᠨ ᠨᠡᠶᠢᠭᠡᠮ ᠤᠨ ᠠᠮᠢᠳᠤᠷᠠᠯ ᠳᠤ ᠨᠠᠷᠢᠨ ᠠᠵᠢᠭᠯᠠᠯᠲᠠ | ᠬᠢᠯᠭᠡᠵᠦ᠂ ᠲᠡᠳᠡᠨ ᠤ ᠬᠤᠭᠤᠷᠤᠨᠳᠤᠬᠢ ᠵᠦᠷᠢᠶ᠎ᠡ ᠶᠢ ᠢᠯᠭᠠᠨ ᠲᠠᠨᠢᠭᠤᠯᠵᠤ᠂ ᠠᠮᠢᠳᠤᠷᠠᠯ ᠤᠨ ᠲᠤᠷᠰᠢᠯᠭ᠎ᠠ ᠪᠠᠨ | ᠪᠠᠶᠠᠯᠢᠭᠵᠢᠭᠤᠯᠬᠤ ᠳᠤ ᠬᠦᠲᠦᠯᠦᠨ ᠵᠢᠯᠤᠭᠤᠳᠤᠨ᠎ᠠ᠃ ᠵᠢᠱᠢᠶᠡᠯᠡᠪᠡᠯ ᠲᠠᠷᠢᠶᠠᠯᠠᠬᠤ ᠤᠷᠤᠨ ᠤ ᠰᠤᠷᠤᠭᠴᠢᠳ ᠦᠪᠡᠷ ᠤᠨ | ᠲᠠᠷᠢᠮᠠᠯ ᠤᠨ ᠤᠷᠴᠢᠨ ᠲᠤᠭᠤᠷᠢᠨ ᠳᠤ ᠬᠢᠵᠠᠭᠠᠷᠯᠠᠭᠳᠠᠵᠤ᠂ ᠮᠠᠯᠵᠢᠬᠤ ᠤᠷᠤᠨ ᠪᠤᠶᠤ ᠬᠤᠲᠠ ᠶᠢᠨ ᠠᠮᠢᠳᠤᠷᠠᠯ ᠳᠤ ᠶᠠᠮᠠᠷ | ᠴᠦ ᠤᠶᠢᠯᠠᠭᠠᠯᠲᠠ ᠦᠭᠡᠢ ᠪᠠᠶᠢᠳᠠᠭ᠃ ᠮᠠᠯᠵᠢᠬᠤ ᠤᠷᠤᠨ ᠤ ᠰᠤᠷᠤᠭᠴᠢᠳ ᠦᠪᠡᠷ ᠤᠨ ᠲᠠᠪᠤᠨ ᠬᠤᠰᠢᠭᠤ ᠮᠠᠯ ᠤᠨ | ᠬᠦᠷᠢᠶ᠎ᠡ ᠬᠡᠪᠴᠢᠶᠡᠨ ᠳᠤ ᠬᠢᠵᠠᠭᠠᠷᠯᠠᠭᠳᠠᠵᠤ᠂ ᠲᠠᠷᠢᠶᠠᠯᠠᠬᠤ ᠤᠷᠤᠨ ᠪᠤᠶᠤ ᠬᠤᠲᠠ ᠶᠢᠨ ᠠᠮᠢᠳᠤᠷᠠᠯ ᠢ ᠨᠠᠷᠢᠨ ᠮᠡᠳᠡᠬᠦ ᠦᠭᠡᠢ | ᠪᠠᠶᠢᠳᠠᠭ᠃ ᠬᠤᠲᠠ ᠭᠠᠵᠠᠷ ᠤᠨ ᠰᠤᠷᠤᠭᠴᠢᠳ ᠦᠪᠡᠷ ᠤᠨ ᠤᠷᠴᠢᠨ ᠲᠤᠭᠤᠷᠢᠨ ᠤ ᠦᠨᠳᠦᠷ ᠠᠰᠠᠷ᠂ ᠦᠷᠭᠡᠨ | ᠵᠡᠭᠡᠯᠢ ᠠᠴᠠ ᠪᠠᠨ ᠦᠭᠡᠷ᠎ᠡ ᠮᠠᠯᠵᠢᠬᠤ᠂ ᠲᠠᠷᠢᠶᠠᠯᠠᠬᠤ ᠤᠷᠤᠨ ᠤ ᠠᠮᠢᠳᠤᠷᠠᠯ ᠢ ᠰᠠᠶᠢᠨ ᠮᠡᠳᠡᠬᠦ ᠦᠭᠡᠢ ᠪᠠᠶᠢᠳᠠᠭ᠃ | ᠡᠶᠢᠮᠦ ᠠᠴᠠ ᠲᠡᠳᠡᠨ ᠤ ᠪᠢᠴᠢᠭᠰᠡᠨ ᠵᠤᠬᠢᠶᠠᠯ ᠪᠦᠲᠦᠭᠡᠯ ᠨᠢ ᠳᠠᠩ ᠴᠤᠯᠭᠤᠢ᠂ ᠦᠷᠦᠭᠡᠰᠦᠯ ᠲᠠᠯ᠎ᠠ ᠶᠢᠨ ᠪᠠᠶᠢᠵᠤ᠂ ᠦᠨᠦᠷ | ᠠᠮᠲᠠ ᠪᠠᠷ ᠠᠨᠠᠶᠢᠬᠠᠨ ᠪᠠᠶᠢᠳᠠᠭ᠃ ᠲᠡᠶᠢᠮᠦ ᠠᠴᠠ ᠰᠤᠷᠤᠭᠴᠢᠳ ᠢ ᠬᠠᠷᠠᠬᠠᠨ ᠪᠠᠭ᠎ᠠ ᠠᠴᠠ ᠨᠢ ᠤᠯᠠᠨ ᠲᠠᠯ᠎ᠠ ᠶᠢᠨ | ᠨᠡᠶᠢᠭᠡᠮ ᠤᠨ ᠠᠮᠢᠳᠤᠷᠠᠯ ᠳᠤ ᠬᠦᠨᠵᠡᠭᠡᠶᠢᠷᠡᠬᠦ ᠶᠢ ᠵᠤᠷᠢᠭᠵᠢᠭᠤᠯᠤᠨ᠂ ᠨᠦᠬᠦᠴᠡᠯ ᠪᠦᠷᠢᠯᠳᠦᠭᠦᠯᠵᠦ ᠵᠢᠭᠠᠨ ᠵᠢᠯᠤᠭᠤᠳᠤᠨ | ᠠᠵᠢᠭᠯᠠᠯᠲᠠ ᠬᠢᠯᠭᠡᠬᠦ ᠪᠠᠷ ᠳᠠᠮᠵᠢᠨ᠂ ᠲᠡᠳᠡᠨ ᠤ ᠡᠯ᠎ᠡ ᠲᠠᠯ᠎ᠠ ᠶᠢᠨ ᠠᠮᠢᠳᠤᠷᠠᠯ ᠤᠨ ᠲᠤᠷᠰᠢᠯᠭ᠎ᠠ ᠶᠢ ᠪᠠᠶᠠᠯᠢᠭᠵᠢᠭᠤᠯᠬᠤ ᠪᠠᠷ | ᠴᠢᠷᠮᠠᠶᠢᠬᠤ ᠬᠡᠷᠡᠭᠲᠡᠢ᠃ | ᠳᠦᠷᠪᠡ ᠳᠤ᠂ ᠵᠤᠬᠢᠶᠠᠨ ᠪᠢᠴᠢᠬᠦ ᠳᠤᠷ᠎ᠠ ᠰᠤᠨᠢᠷᠬᠠᠯ ᠲᠠᠢ ᠪᠤᠯᠭᠠᠨ ᠬᠦᠮᠦᠵᠢᠭᠦᠯᠬᠦ ᠬᠡᠷᠡᠭᠲᠡᠢ | ᠨᠢᠭᠡ ᠬᠦᠮᠦᠨ ᠳᠤ ᠠᠪᠴᠤ ᠬᠡᠯᠡᠪᠡᠯ᠂ ᠳᠤᠷ᠎ᠠ ᠰᠤᠨᠢᠷᠬᠠᠯ ᠪᠤᠯ ᠬᠠᠮᠤᠭ ᠤᠨ ᠰᠠᠶᠢᠨ ᠪᠠᠭᠰᠢ ᠪᠤᠯᠤᠨ᠎ᠠ᠃ | ᠰᠤᠷᠤᠭᠴᠢᠳ ᠢ ᠬᠠᠷᠠᠬᠠᠨ ᠪᠠᠭ᠎ᠠ ᠠᠴᠠ ᠨᠢ ᠵᠤᠬᠢᠶᠠᠨ ᠪᠢᠴᠢᠬᠦ ᠳᠤᠷ᠎ᠠ ᠰᠤᠨᠢᠷᠬᠠᠯ ᠲᠠᠢ ᠪᠤᠯᠭᠠᠴᠢᠬᠠᠪᠠᠯ᠂ ᠲᠡᠳᠡ ᠴᠠᠭ | ᠦᠷᠭᠦᠯᠵᠢ ᠵᠤᠬᠢᠶᠠᠨ ᠪᠢᠴᠢᠬᠦ ᠲᠤᠬᠠᠢ ᠦᠪᠡᠷ ᠤᠨ ᠤᠶᠤᠨ ᠤᠬᠠᠭᠠᠨ ᠢᠶᠠᠨ ᠰᠢᠪᠬᠠᠵᠤ᠂ ᠤᠯᠠᠨ ᠲᠠᠯ᠎ᠠ ᠶᠢᠨ ᠠᠷᠭ᠎ᠠ | ᠬᠡᠯᠪᠡᠷᠢ ᠶᠢ ᠬᠠᠶᠢᠨ ᠰᠦᠪᠡᠭᠴᠢᠯᠡᠳᠡᠭ᠃ ᠨᠡᠩ ᠢᠯᠠᠩᠭᠤᠶ᠎ᠠ ᠬᠢᠴᠢᠶᠡᠯ ᠤᠨ ᠭᠠᠳᠠᠨᠠᠬᠢ ᠨᠤᠮ ᠤᠩᠰᠢᠬᠤ ᠳᠤ ᠵᠢᠭᠠᠨ | ᠵᠢᠯᠤᠭᠤᠳᠬᠤ ᠬᠡᠷᠡᠭᠲᠡᠢ᠃ ᠰᠤᠷᠤᠭᠴᠢᠳ ᠤᠯᠠᠨ ᠠᠷᠪᠢᠨ ᠠᠮᠢᠳᠤᠷᠠᠯ ᠤᠨ ᠬᠡᠷᠡᠭ ᠶᠠᠪᠤᠳᠠᠯ ᠢ ᠨᠤᠮ ᠪᠢᠴᠢᠭ ᠢᠶᠠᠷ ᠳᠠᠮᠵᠢᠨ | ᠳᠠᠮ ᠢᠶᠠᠷ ᠤᠯᠵᠤ ᠤᠶᠢᠯᠠᠭᠠᠳᠠᠭ᠃ ᠲᠡᠶᠢᠮᠦ ᠠᠴᠠ ᠬᠢᠴᠢᠶᠡᠯ ᠤᠨ ᠭᠠᠳᠠᠨᠠᠬᠢ ᠨᠤᠮ ᠤᠩᠰᠢᠬᠤ ᠪᠤᠯ ᠰᠤᠷᠤᠭᠴᠢᠳ ᠤᠨ | ᠦᠪᠡᠷ ᠤᠨ ᠮᠡᠳᠡᠯᠭᠡ ᠴᠢᠳᠠᠪᠤᠷᠢ ᠪᠠᠨ ᠳᠡᠭᠡᠭᠰᠢᠯᠡᠭᠦᠯᠬᠦ ᠬᠠᠮᠤᠭ ᠤᠨ ᠰᠠᠶᠢᠨ ᠠᠷᠭ᠎ᠠ ᠬᠡᠯᠪᠡᠷᠢ ᠪᠤᠯᠬᠤ ᠮᠦᠷᠲᠡᠭᠡᠨ ᠤᠬᠢ | ᠰᠢᠯᠢᠳᠡᠭ ᠪᠠᠭᠰᠢ ᠪᠤᠯᠬᠤ ᠶᠤᠮ᠃ ᠡᠭᠦᠨ ᠳᠤ ᠪᠠᠭᠰᠢ ᠠᠴᠠ ᠵᠢᠭᠠᠨ ᠵᠢᠯᠤᠭᠤᠳᠤᠨ ᠶᠠᠮᠠᠷ ᠲᠦᠷᠦᠯ ᠤᠨ ᠨᠤᠮ ᠤᠩᠰᠢᠬᠤ | ᠲᠤᠬᠠᠢ ᠦᠷᠭᠦᠯᠵᠢ ᠶᠢᠨ ᠴᠢᠨᠠᠷᠲᠠᠢ ᠰᠠᠨᠠᠭᠤᠯᠭ᠎ᠠ ᠬᠢᠵᠦ ᠪᠠᠶᠢᠬᠤ ᠬᠡᠷᠡᠭᠲᠡᠢ᠃ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠤᠬᠢᠶᠠᠨ ᠪᠢᠴᠢᠯᠭᠡ ᠶᠢ ᠵᠢᠭᠠᠨ ᠵᠢᠯᠤᠭᠤᠳᠬᠤ ᠳᠤ | ᠳᠡᠭᠡᠷ᠎ᠡ ᠶᠠᠷᠢᠭᠰᠠᠨ ᠬᠡᠳᠦᠨ ᠲᠠᠯ᠎ᠠ ᠪᠠᠷ ᠭᠤᠤᠯᠴᠢᠯᠠᠨ ᠵᠢᠭᠠᠪᠠᠯ ᠲᠡᠳᠡᠨᠡᠷ ᠤᠨ ᠵᠤᠬᠢᠶᠠᠨ ᠪᠢᠴᠢᠯᠭᠡ ᠶᠢᠨ ᠴᠢᠳᠠᠪᠤᠷᠢ ᠶᠢ | ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠨᠢ ᠯᠠᠪᠲᠠᠢ ᠶᠤᠮ᠃ | |