︽ᠮᠤᠩᠭᠤᠯ ᠠᠨᠠᠭᠠᠬᠤ ᠤᠬᠠᠭᠠᠨ ᠤ ᠮᠤᠩᠭᠤᠯ ᠬᠢᠲᠠᠳ ᠨᠡᠷ᠎ᠡ ᠲᠤᠮᠢᠶ᠎ᠠ ᠶᠢᠨ ᠲᠤᠯᠢ︾ ᠬᠡᠪᠯᠡᠭᠳᠡᠯ᠎ᠡ
ᠨᠡᠶᠢᠲᠡᠯᠡᠭᠰᠡᠨ ᠴᠠᠭ᠄
2017-08-07
        ᠤᠶᠢᠷ᠎ᠠ ᠳᠤ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠫᠷᠦᠹᠧᠰᠰᠤᠷ ᠦᠷᠦᠨᠲᠤᠶᠠᠭ᠎ᠠ ᠶᠢᠨ ᠡᠷᠬᠢᠯᠡᠨ ᠨᠠᠶᠢᠷᠠᠭᠤᠯᠤᠭᠰᠠᠨ ︽ᠮᠤᠩᠭᠤᠯ ᠠᠨᠠᠭᠠᠬᠤ ᠤᠬᠠᠭᠠᠨ ᠤ ᠮᠤᠩᠭᠤᠯ ᠬᠢᠲᠠᠳ ᠨᠡᠷ᠎ᠡ ᠲᠤᠮᠢᠶ᠎ᠠ ᠶᠢᠨ ᠲᠤᠯᠢ︾ ᠬᠡᠪᠯᠡᠭᠳᠡᠭᠰᠡᠨ ᠨᠢ ᠮᠤᠩᠭᠤᠯ ᠠᠨᠠᠭᠠᠬᠤ ᠤᠬᠠᠭᠠᠨ ᠤ ᠰᠠᠭᠤᠷᠢ ᠰᠤᠳᠤᠯᠭᠠᠨ ᠤ ᠬᠦᠷᠢᠶ᠎ᠡ ᠴᠠᠷᠠᠭ᠎ᠠ ᠳᠤ ᠮᠤᠩᠭᠤᠯ ᠬᠢᠲᠠᠳ ᠬᠤᠤᠰ ᠬᠡᠯᠡᠨ ᠤ ᠲᠤᠯᠢ ᠪᠠᠶᠢᠭᠰᠠᠨ ᠦᠭᠡᠢ ᠬᠤᠭᠤᠰᠤᠨ ᠢ ᠨᠦᠬᠦᠪᠦᠷᠢᠯᠡᠭᠰᠡᠨ ᠲᠤᠯᠠ ᠮᠤᠩᠭᠤᠯ ᠠᠨᠠᠭᠠᠬᠤ ᠤᠬᠠᠭᠠᠨ ᠤ ᠬᠦᠭᠵᠢᠯᠲᠡ ᠶᠢᠨ ᠲᠡᠦᠬᠡᠨ ᠳᠤ ᠪᠡᠯᠭᠡ ᠲᠡᠮᠳᠡᠭ ᠤᠨ ᠴᠢᠨᠠᠷᠲᠠᠢ ᠪᠦᠲᠦᠭᠡᠯ ᠪᠤᠯᠵᠠᠢ᠃        ᠲᠤᠰ ᠲᠤᠯᠢ ᠳᠤ 13000 ᠭᠠᠷᠤᠢ ᠵᠤᠷᠪᠤᠰ ᠮᠤᠩᠭᠤᠯ ᠠᠨᠠᠭᠠᠬᠤ ᠤᠬᠠᠭᠠᠨ ᠤ ᠦᠷᠭᠦᠯᠵᠢ ᠬᠡᠷᠡᠭᠯᠡᠳᠡᠭ ᠨᠡᠷ᠎ᠡ ᠲᠤᠮᠢᠶ᠎ᠠ ᠶᠢ ᠰᠤᠩᠭᠤᠵᠠᠢ᠃ ᠲᠡᠷᠡ ᠨᠢ ᠤᠳᠤ ᠪᠤᠯᠲᠠᠯ᠎ᠠ ᠨᠡᠷ᠎ᠡ ᠲᠤᠮᠢᠶ᠎ᠠ ᠶᠢᠨ ᠢᠷᠡᠯᠲᠡ ᠬᠠᠮᠤᠭ ᠠᠴᠠ ᠨᠠᠶᠢᠳᠠᠪᠤᠷᠢᠲᠠᠢ᠂ ᠠᠭᠤᠯᠭ᠎ᠠ ᠪᠠᠷ ᠬᠠᠮᠤᠭ ᠤᠨ ᠪᠦᠷᠢᠨ᠂ ᠨᠡᠷ᠎ᠡ ᠲᠤᠮᠢᠶ᠎ᠠ ᠶᠢᠨ ᠵᠤᠷᠪᠤᠰ ᠬᠠᠮᠤᠭ ᠤᠨ ᠤᠯᠠᠨ᠂ ᠤᠷᠴᠢᠭᠤᠯᠭ᠎ᠠ ᠨᠢ ᠨᠡᠯᠢᠶᠡᠳ ᠤᠨᠤᠪᠴᠢᠲᠠᠢ ᠲᠤᠯᠢ ᠪᠢᠴᠢᠭ ᠪᠤᠯᠤᠭᠰᠠᠨ ᠤ ᠬᠤᠪᠢ ᠳᠤ ᠮᠤᠩᠭᠤᠯ ᠠᠨᠠᠭᠠᠬᠤ ᠤᠬᠠᠭᠠᠨ ᠤ ᠵᠢᠭᠠᠨ ᠰᠤᠷᠭᠠᠯᠲᠠ᠂ ᠡᠮᠴᠢᠯᠡᠭᠡ ᠂ ᠰᠤᠳᠤᠯᠭ᠎ᠠ ᠳᠤ ᠲᠤᠲᠠᠭᠳᠠᠵᠤ ᠪᠤᠯᠤᠰᠢ ᠦᠭᠡᠢ ᠬᠡᠷᠡᠭᠯᠡᠭᠡᠨ ᠤ ᠪᠢᠴᠢᠭ ᠪᠤᠯᠬᠤ ᠨᠢ ᠳᠠᠮᠵᠢᠭ ᠦᠭᠡᠢ᠃ ᠲᠤᠰ ᠲᠤᠯᠢ ᠶᠢᠨ ᠤᠨᠴᠠᠯᠢᠭ ᠪᠤᠶᠤ ᠪᠦᠲᠦᠭᠡᠯᠴᠢ ᠲᠠᠯ᠎ᠠ ᠶᠢ ᠳᠤᠤᠷᠠᠬᠢ ᠬᠡᠳᠦᠨ ᠲᠠᠯ᠎ᠠ ᠪᠠᠷ ᠬᠤᠷᠢᠶᠠᠩᠭᠤᠶᠢᠯᠠᠵᠤ ᠪᠤᠯᠤᠨ᠎ᠠ᠃ ᠡᠩ ᠲᠡᠷᠢᠭᠦᠨ ᠳᠤ᠂ ᠨᠡᠷ᠎ᠡ ᠲᠤᠮᠢᠶ᠎ᠠ ᠶᠢᠨ ᠢᠷᠡᠯᠲᠡ ᠶᠢ ︽ᠮᠤᠩᠭᠤᠯ ᠤᠨ ᠨᠢᠭᠤᠴᠠ ᠲᠤᠪᠴᠢᠶᠠᠨ︾᠂ ︽ᠢᠳᠡᠭᠡᠨ ᠤᠮᠳᠠᠭᠠᠨ ᠤ ᠵᠢᠩᠬᠢᠨᠢ ᠲᠤᠪᠴᠢ︾ ᠠᠴᠠ ᠡᠬᠢᠯᠡᠭᠡᠳ ᠬᠤᠶᠠᠷ ᠬᠡᠪᠯᠡᠯ ᠤᠨ ᠮᠤᠩᠭᠤᠯ ᠠᠨᠠᠭᠠᠬᠤ ᠤᠬᠠᠭᠠᠨ ᠤ ᠨᠡᠪᠲᠡᠷᠬᠡᠢ ᠲᠤᠯᠢ ᠵᠢᠴᠢ ᠮᠤᠩᠭᠤᠯ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠶᠢᠨ ᠵᠢᠭᠠᠬᠤ ᠪᠢᠴᠢᠭ᠂ ᠡᠯ᠎ᠡ ᠲᠦᠷᠦᠯ ᠤᠨ ᠳᠦᠷᠢᠮᠵᠢᠯ᠂ ᠪᠠᠷᠢᠮᠵᠢᠶ᠎ᠠ ᠵᠡᠷᠭᠡ ᠮᠤᠩᠭᠤᠯ ᠠᠨᠠᠭᠠᠬᠤ ᠤᠬᠠᠭᠠᠨ ᠤ ᠰᠤᠳᠤᠯᠭᠠᠨ ᠤ ᠬᠦᠷᠢᠶ᠎ᠡ ᠴᠠᠷᠠᠭ᠎ᠠ ᠳᠤ ᠨᠡᠶᠢᠳᠡᠮ ᠮᠡᠳᠡᠷᠡᠭᠳᠡᠵᠦ ᠪᠠᠶᠢᠭ᠎ᠠ ᠵᠤᠬᠢᠶᠠᠯ ᠪᠦᠲᠦᠭᠡᠯ ᠤᠳ ᠠᠴᠠ ᠡᠰᠢ ᠠᠪᠤᠭᠰᠠᠨ ᠲᠤᠯᠠ ︽ᠲᠤᠯᠢ ᠪᠢᠴᠢᠭ︾ ᠤᠨ ᠢᠲᠡᠭᠡᠮᠵᠢᠲᠦ ᠴᠢᠨᠠᠷ ᠪᠠ ᠬᠡᠷᠡᠭᠯᠡᠭᠡᠨ ᠤ ᠦᠨ᠎ᠡ ᠦᠷᠲᠡᠭ ᠢ ᠪᠠᠲᠤᠯᠠᠵᠤ ᠴᠢᠳᠠᠵᠠᠢ᠃ ᠳᠠᠷᠠᠭᠠᠯᠠᠪᠠᠯ᠂ ᠮᠤᠩᠭᠤᠯ ᠠᠨᠠᠭᠠᠬᠤ ᠤᠬᠠᠭᠠᠨ ᠤ ᠨᠡᠷ᠎ᠡ ᠲᠤᠮᠢᠶ᠎ᠠ ᠶᠢᠨ ᠠᠩᠬᠠᠳᠠᠭᠴᠢ ᠮᠤᠩᠭᠤᠯ ᠬᠢᠲᠠᠳ ᠬᠡᠯᠡ ᠬᠠᠪᠰᠤᠷᠭᠠᠭᠰᠠᠨ ᠲᠤᠯᠢ ᠪᠢᠴᠢᠭ ᠤᠨ ᠬᠤᠪᠢ ᠳᠤ ᠤᠤᠯ ᠤᠨ ᠤᠷᠴᠢᠭᠤᠯᠭ᠎ᠠ ᠶᠢᠨ ᠵᠠᠷᠢᠮ ᠲᠠᠰᠢᠶ᠎ᠠ ᠪᠤᠷᠤᠭᠤ ᠵᠦᠢᠯᠡᠰ ᠢ ᠵᠠᠯᠠᠷᠠᠭᠤᠯᠬᠤ ᠪᠤᠶᠤ ᠤᠷᠴᠢᠭᠤᠯᠭ᠎ᠠ ᠶᠢ ᠳᠦᠷᠢᠮᠵᠢᠭᠦᠯᠬᠦ ᠲᠠᠯ᠎ᠠ ᠪᠠᠷ ᠨᠡᠯᠢᠶᠡᠳ ᠪᠦᠲᠦᠮᠵᠢᠲᠡᠢ ᠠᠵᠢᠯ ᠬᠢᠵᠡᠢ᠃ ᠲᠠᠬᠢᠪᠠᠯ᠂ ᠲᠤᠰ ᠲᠤᠯᠢ ᠪᠢᠴᠢᠭ ᠤᠨ ᠤᠯᠠᠩᠬᠢ ᠵᠤᠷᠪᠤᠰ ᠲᠤ ᠲᠦᠷᠦᠯᠵᠢᠭᠦᠯᠦᠯ ᠬᠠᠳᠠᠵᠤ ᠲᠤᠳᠤᠷᠬᠠᠶᠢᠯᠠᠵᠠᠢ᠃ ᠲᠤᠰ ᠠᠵᠢᠯ ᠪᠤᠯ ᠲᠤᠶᠢᠯ ᠤᠨ ᠪᠤᠳᠤᠯᠢᠶᠠᠨᠲᠠᠢ ᠪᠦᠭᠡᠳ ᠬᠦᠴᠢᠷ ᠲᠠᠢ ᠪᠠᠶᠢᠵᠤ᠂ ᠤᠤᠯ ᠤᠨ ᠬᠡᠪᠯᠡᠭᠳᠡᠭᠰᠡᠨ ᠲᠤᠯᠢ ᠪᠢᠴᠢᠭ ᠤᠳ ᠲᠤ ᠡᠶᠢᠮᠦᠷᠬᠦᠦ ᠠᠵᠢᠯ ᠢ ᠭᠦᠢᠴᠡᠳᠬᠡᠭᠰᠡᠨ ᠦᠭᠡᠢ ᠪᠠᠶᠢᠳᠠᠭ᠃ ᠡᠨᠡ ᠨᠢ ᠮᠠᠰᠢ ᠰᠢᠨ᠎ᠡ ᠰᠡᠪᠡᠭᠦᠨ ᠠᠵᠢᠯ ᠪᠦᠭᠡᠳ ᠲᠤᠯᠢ ᠠᠰᠢᠭᠯᠠᠭᠴᠢᠳ ᠲᠤ ᠵᠤᠷᠪᠤᠰ ᠤᠨ ᠤᠳᠬ᠎ᠠ ᠰᠠᠨᠠᠭ᠎ᠠ ᠶᠢ ᠰᠢᠭᠤᠳ ᠤᠶᠢᠯᠠᠭᠠᠬᠤ ᠳᠤ ᠲᠤᠶᠢᠯ ᠤᠨ ᠳᠦᠭᠦᠮ ᠦᠵᠡᠭᠦᠯᠬᠦ ᠨᠢ ᠭᠠᠷᠴᠠᠭ᠎ᠠ ᠦᠭᠡᠢ᠃ ᠳᠦᠷᠪᠡ ᠳᠤ᠂ ᠲᠤᠰ ᠲᠤᠯᠢ ᠪᠢᠴᠢᠭ ᠤᠨ ᠵᠠᠷᠢᠮ ᠵᠤᠷᠪᠤᠰ ᠤᠨ ᠤᠷᠴᠢᠭᠤᠯᠭ᠎ᠠ ᠳᠤ ᠮᠤᠩᠭᠤᠯ ᠰᠤᠶᠤᠯ ᠤᠨ ᠤᠤᠯ ᠤᠨ ᠦᠨᠦᠷ ᠠᠮᠲᠠ ᠶᠢ ᠬᠠᠳᠠᠭᠠᠯᠠᠬᠤ ᠶᠢᠨ ᠵᠡᠷᠭᠡᠪᠡᠷ ᠠᠨᠠᠭᠠᠬᠤ ᠤᠬᠠᠭᠠᠨ ᠤ ᠡᠭᠦᠳᠡᠨ ᠠᠴᠠ ᠤᠨᠤᠪᠴᠢᠲᠠᠢ ᠤᠷᠴᠢᠭᠤᠯᠬᠤ ᠵᠤᠷᠢᠯᠭ᠎ᠠ ᠪᠠᠷ ᠬᠤᠶᠠᠷ ᠵᠦᠢᠯ ᠤᠨ ᠬᠢᠲᠠᠳ ᠤᠷᠴᠢᠭᠤᠯᠭ᠎ᠠ ᠠᠪᠴᠠᠢ᠃ ᠲᠠᠪᠤ ᠳᠤ᠂ ᠮᠤᠩᠭᠤᠯ ᠠᠨᠠᠭᠠᠬᠤ ᠤᠬᠠᠭᠠᠨ ᠤ ᠬᠡᠪᠰᠢᠮᠡᠯ ᠬᠡᠯᠡᠯᠭᠡ ᠳᠤ ᠵᠠᠷᠢᠮ ᠨᠢ ᠡᠩ ᠤᠨ ᠨᠡᠷ᠎ᠡ ᠲᠤᠮᠢᠶ᠎ᠠ ᠭᠡᠵᠦ ᠬᠡᠯᠡᠬᠦ ᠳᠤ ᠬᠦᠴᠢᠷᠲᠡᠢ ᠬᠤᠯᠪᠤᠭ᠎ᠠ ᠦᠭᠡ ᠪᠠᠷ ᠢᠯᠡᠷᠡᠬᠦ ᠴᠦ ᠪᠤᠢ᠂ ᠲᠡᠶᠢᠮᠦᠷᠬᠦ ᠴᠢᠬᠤᠯᠠᠴᠢᠯᠠᠭ᠎ᠠ ᠪᠦᠬᠦᠢ ᠵᠤᠷᠪᠤᠰ ᠤᠳ ᠢ ᠲᠤᠰ ᠲᠤᠯᠢ ᠳᠤ ᠰᠢᠭᠤᠳ ᠡᠮᠬᠢᠳᠬᠡᠨ ᠤᠷᠤᠭᠤᠯᠤᠭᠰᠠᠨ ᠨᠢ ᠲᠤᠯᠢ ᠶᠢᠨ ᠪᠦᠷᠢᠨ ᠪᠦᠲᠦᠨ ᠴᠢᠨᠠᠷ ᠢ ᠬᠠᠷᠠᠭᠤᠯᠵᠤ ᠴᠢᠳᠠᠵᠠᠢ        ︽ᠮᠤᠩᠭᠤᠯ ᠠᠨᠠᠭᠠᠬᠤ ᠤᠬᠠᠭᠠᠨ ᠤ ᠮᠤᠩᠭᠤᠯ ᠬᠢᠲᠠᠳ ᠨᠡᠷ᠎ᠡ ᠲᠤᠮᠢᠶ᠎ᠠ ᠶᠢᠨ ᠲᠤᠯᠢ︾ ᠨᠢ ᠮᠤᠩᠭᠤᠯ ᠡᠮᠨᠡᠯᠭᠡ ᠶᠢᠨ ᠤᠨᠤᠯ ᠤᠨ ᠰᠠᠭᠤᠷᠢ ᠰᠤᠳᠤᠯᠭ᠎ᠠ᠂ ᠨᠡᠷ᠎ᠡ ᠲᠤᠮᠢᠶᠠᠨ ᠤ ᠳᠦᠷᠢᠮᠵᠢᠯ᠂ ᠮᠤᠩᠭᠤᠯ ᠠᠨᠠᠭᠠᠬᠤ ᠤᠬᠠᠭᠠᠨ ᠢ ᠴᠢᠨᠠᠭᠰᠢᠲᠠ ᠭᠦᠨᠵᠡᠭᠡᠶᠢᠷᠡᠭᠦᠯᠦᠨ ᠰᠤᠳᠤᠯᠬᠤ ᠳᠤ ᠪᠠᠲᠤ ᠪᠠᠬᠢ ᠰᠠᠭᠤᠷᠢ ᠲᠠᠯᠪᠢᠭᠰᠠᠨ ᠢᠶᠠᠷ ᠦᠯᠦ ᠪᠠᠷᠠᠨ᠂ ᠲᠡᠷᠡ ᠨᠢ ᠮᠤᠩᠭᠤᠯ ᠠᠨᠠᠭᠠᠬᠤ ᠤᠬᠠᠭᠠᠨ ᠤ ᠵᠢᠭᠠᠨ ᠰᠤᠷᠭᠠᠯᠲᠠ᠂ ᠡᠮᠴᠢᠯᠡᠭᠡ᠂ ᠰᠤᠳᠤᠯᠭ᠎ᠠ ᠵᠢᠴᠢ ᠦᠷᠭᠡᠨ ᠤᠯᠠᠨ ᠬᠡᠪᠯᠡᠯ ᠤᠷᠴᠢᠭᠤᠯᠭ᠎ᠠ ᠶᠢᠨ ᠠᠵᠢᠯᠲᠠᠳ᠂ ᠮᠤᠩᠭᠤᠯ ᠠᠨᠠᠭᠠᠬᠤ ᠤᠬᠠᠭᠠᠨ ᠳᠤ ᠳᠤᠷ᠎ᠠ ᠪᠠᠭ᠋ᠠᠲᠠᠢ ᠬᠦᠮᠦᠰ ᠲᠤ ᠲᠤᠲᠠᠭᠳᠠᠵᠤ ᠪᠤᠯᠤᠰᠢ ᠦᠭᠡᠢ ᠬᠡᠷᠡᠭᠯᠡᠭᠡᠨ ᠤ ᠪᠢᠴᠢᠭ ᠪᠤᠯᠤᠭᠰᠠᠨ ᠤ ᠬᠤᠪᠢ ᠳᠤ ᠮᠤᠩᠭᠤᠯ ᠠᠨᠠᠭᠠᠬᠤ ᠤᠬᠠᠭᠠᠨ ᠤ ᠪᠦᠬᠦᠶᠢᠯᠡ ᠬᠦᠭᠵᠢᠯᠲᠡ ᠳᠤ ᠦᠪᠡᠷ ᠤᠨ ᠭᠡᠬᠦ ᠲᠡᠦᠬᠡᠨ ᠤᠷᠤᠨ ᠪᠠᠶᠢᠷᠢ ᠪᠠᠨ ᠡᠵᠡᠯᠡᠵᠦ᠂ ᠬᠤᠪᠢ ᠨᠡᠮᠡᠷᠢ ᠦᠵᠡᠭᠦᠯᠬᠦ ᠨᠢ ᠯᠠᠪᠲᠠᠢ ᠶᠤᠮ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号