| ᠡᠷᠡᠭᠦᠯ ᠪᠤᠰᠤ ᠠᠮᠢᠳᠤᠷᠠᠯ ᠤᠨ ᠵᠠᠩᠰᠢᠯ ᠨᠢ ᠡᠷᠡᠭᠦᠯ ᠮᠡᠨᠳᠦ ᠳᠤ ᠦᠯᠦ ᠮᠡᠳᠡᠭᠳᠡᠮ᠎ᠡ ᠰᠦᠷᠳᠡᠭᠦᠯᠦᠯ | ᠠᠪᠴᠢᠷᠠᠵᠤ᠂ ᠮᠠᠰᠢ ᠤᠯᠠᠨ ᠤᠳᠠᠭᠠᠨ ᠴᠢᠨᠠᠷ ᠲᠠᠢ ᠡᠪᠡᠳᠴᠢᠨ ᠨᠢ ᠵᠠᠯᠠᠭᠤᠵᠢᠬᠤ ᠬᠠᠨᠳᠤᠰᠢ ᠲᠠᠢ ᠪᠤᠯᠵᠤ ᠪᠤᠢ᠃ | ᠤᠶᠢᠷ᠎ᠠ ᠳᠤ ᠳᠡᠯᠡᠬᠡᠢ ᠶᠢᠨ ᠡᠷᠡᠭᠦᠯ ᠠᠮᠢᠳᠤᠷᠠᠯ ᠤᠨ ᠬᠡᠯᠪᠡᠷᠢ ᠶᠢ ᠠᠬᠢᠭᠤᠯᠬᠤ ᠬᠤᠯᠪᠤᠭ᠎ᠠ ᠶᠢᠨ ᠡᠷᠡᠭᠦᠯ ᠮᠡᠨᠳᠦ ᠶᠢᠨ | ᠬᠤᠪᠢᠶᠠᠷᠢ ᠨᠡᠶᠢᠭᠡᠮᠯᠢᠭ ᠤᠨ ᠲᠤᠰᠬᠠᠢ ᠮᠡᠷᠭᠡᠵᠢᠯᠲᠡᠨ ᠠᠴᠠ ᠡᠯ᠎ᠡ ᠤᠯᠤᠰ ᠤᠨ ᠲᠤᠰᠬᠠᠢ ᠮᠡᠷᠭᠡᠵᠢᠯᠲᠡᠨ ᠤ ᠬᠠᠮᠤᠭ ᠤᠨ | ᠰᠢᠨ᠎ᠡ ᠰᠤᠳᠤᠯᠭᠠᠨ ᠤ ᠦᠷ᠎ᠡ ᠪᠦᠲᠦᠭᠡᠯ ᠢ ᠦᠨᠳᠦᠰᠦᠯᠡᠨ ᠠᠷᠪᠠᠨ ᠡᠷᠡᠭᠦᠯ ᠠᠮᠢᠳᠤᠷᠠᠯ ᠤᠨ ᠬᠡᠯᠪᠡᠷᠢ ᠶᠢ ᠳ᠋ᠦᠩᠨᠡᠵᠦ | ᠭᠠᠷᠭᠠᠪᠠ᠃ | ᠨᠢᠭᠡ᠂ ᠭᠠᠷ ᠢᠶᠠᠨ ᠦᠷᠭᠦᠯᠵᠢ ᠤᠭᠢᠶᠠᠬᠤ | ᠭᠧᠷᠮᠡᠨ ᠤ ᠭᠷᠡᠶᠢᠹᠰᠷᠡᠯᠳ᠋ ᠶᠡᠭᠡ ᠰᠤᠷᠭᠠᠭᠤᠯᠢ ᠶᠢᠨ ᠰᠤᠳᠤᠯᠭᠠᠲᠠᠳ ᠤᠨ ᠢᠯᠡᠷᠡᠭᠦᠯᠦᠭᠰᠡᠨ ᠨᠢ᠂ ᠠᠵᠢᠯᠯᠠᠵᠤ | ᠪᠠᠶᠢᠭ᠎ᠠ ᠬᠦᠮᠦᠰ ᠵᠦᠪᠬᠡᠨ ᠭᠠᠷ ᠢᠶᠠᠨ ᠦᠷᠭᠦᠯᠵᠢ ᠤᠭᠢᠶᠠᠳᠠᠭ ᠯᠠ ᠶᠤᠮ ᠪᠤᠯ ᠬᠠᠯᠳᠠᠪᠤᠷᠢᠲᠤ ᠡᠪᠡᠳᠴᠢᠨ ᠤ | ᠬᠠᠯᠳᠠᠪᠤᠷᠢᠯᠠᠯ ᠢ ᠪᠦᠲᠦᠮᠵᠢᠲᠡᠢ ᠬᠤᠷᠢᠭᠯᠠᠵᠤ᠂ ᠡᠪᠡᠳᠴᠢᠨ ᠡᠮᠬᠡᠭ ᠢ ᠬᠢᠵᠠᠭᠠᠷᠯᠠᠬᠤ ᠪᠠ ᠤᠷᠢᠳᠴᠢᠯᠠᠨ ᠰᠡᠷᠭᠡᠶᠢᠯᠡᠬᠦ | ᠲᠦᠪ ᠤᠨ ᠦᠵᠡᠬᠦ ᠪᠠᠷ᠄ ᠭᠠᠷ ᠤᠭᠢᠶᠠᠬᠤ ᠨᠢ ᠶᠠᠭ ᠬᠦᠮᠦᠨ ᠤ ᠪᠡᠶ᠎ᠡ ᠶᠢᠨ ︽ᠠᠶᠠᠨᠳᠠᠭᠠᠨ ᠡᠭᠦᠰᠦᠭᠰᠡᠨ︾ | ᠸᠠᠺᠼᠢᠨ ᠲᠠᠢ ᠠᠳᠠᠯᠢ ᠪᠠᠷ ᠭᠠᠷ ᠤᠨ ᠬᠡᠰᠡᠭ ᠤᠨ ᠡᠪᠡᠳᠴᠢᠨ ᠤ ᠪᠠᠺᠲ᠋ᠧᠷᠢ ᠶᠢ ᠬᠦᠴᠦᠨ ᠲᠠᠢ ᠠᠷᠢᠯᠭᠠᠵᠤ᠂ | ᠬᠠᠯᠳᠠᠪᠤᠷᠢᠯᠠᠯ ᠢ ᠪᠠᠭᠠᠰᠬᠠᠵᠤ᠂ ᠪᠠᠭᠠᠰᠤ ᠠᠯᠳᠠᠬᠤ ᠪᠠ ᠠᠮᠢᠰᠬᠤᠯ ᠤᠨ ᠵᠠᠮ ᠤᠨ ᠡᠪᠡᠳᠴᠢᠨ ᠳᠤ ᠨᠡᠷᠪᠡᠭᠳᠡᠬᠦ | ᠲᠦᠭᠰᠢᠭᠦᠷᠢ ᠶᠢ ᠪᠠᠭᠤᠷᠠᠭᠤᠯᠬᠤ ᠤᠴᠢᠷ ᠠᠴᠠ ᠤᠯᠠᠨ ᠢ ᠭᠠᠷ ᠢᠶᠠᠨ ᠦᠷᠭᠦᠯᠵᠢ ᠰᠠᠨᠠᠭᠠᠴᠢᠯᠠᠭ᠎ᠠ ᠠᠴᠠ ᠪᠠᠨ | ᠤᠭᠢᠶᠠᠬᠤ ᠶᠢ ᠰᠠᠨᠠᠭᠤᠯᠪᠠ᠃ | ᠬᠤᠶᠠᠷ᠂ ᠪᠤᠰᠤᠳ ᠢ ᠲᠤᠰᠠᠯᠠᠬᠤ ᠪᠠᠷ ᠴᠡᠩᠭᠡᠯ ᠢᠶᠠᠨ ᠪᠤᠯᠭᠠᠬᠤ | ᠪᠤᠰᠤᠳ ᠢ ᠬᠠᠪᠰᠤᠷᠤᠨ ᠲᠤᠰᠠᠯᠠᠬᠤ ᠨᠢ ᠬᠦᠮᠦᠨ ᠤ ᠠᠮᠢ ᠨᠠᠰᠤ ᠶᠢ 4 ᠵᠢᠯ ᠤᠷᠲᠤᠳᠬᠠᠵᠤ ᠳᠡᠶᠢᠯᠬᠦ ᠶᠢ | ᠠᠮᠧᠷᠢᠺᠡ ᠶᠢᠨ ᠮᠢᠰᠢᠭᠠᠨ ᠶᠡᠭᠡ ᠰᠤᠷᠭᠠᠭᠤᠯᠢ ᠶᠢᠨ ᠰᠡᠳᠬᠢᠴᠡ ᠵᠦᠢ ᠶᠢᠨ ᠡᠷᠳᠡᠮᠲᠡᠨ ᠰᠠᠯᠠ᠂ ᠺᠠᠩᠯᠠᠰᠧ ᠳ᠋ᠤᠺᠲ᠋ᠤᠷ | ᠢᠯᠡᠷᠡᠭᠦᠯᠵᠡᠢ᠃ ᠭᠡᠪᠡᠴᠦ ᠠᠩᠬᠠᠷᠤᠭᠤᠰᠢᠲᠠᠢ ᠨᠢ᠂ ᠬᠡᠷᠪᠡ ᠬᠤᠪᠢ ᠪᠡᠶ᠎ᠡ ᠶᠢᠨ ᠠᠰᠢᠭ ᠲᠤᠰᠠ ᠶᠢᠨ ᠲᠦᠯᠦᠭᠡ | ᠪᠤᠰᠤᠳ ᠢ ᠬᠠᠪᠰᠤᠷᠤᠭᠰᠠᠨ ᠪᠠᠶᠢᠪᠠᠯ ᠠᠮᠢ ᠨᠠᠰᠤ ᠶᠢ ᠤᠷᠲᠤᠳᠬᠠᠬᠤ ᠦᠢᠯᠡᠳᠦᠯ ᠭᠠᠷᠭᠠᠵᠤ ᠳᠡᠶᠢᠯᠬᠦ ᠦᠭᠡᠢ ᠶᠤᠮ᠃ | ᠪᠤᠰᠤᠳ ᠲᠤ ᠬᠠᠷᠠᠮᠵᠢ ᠦᠭᠡᠢ ᠪᠠᠷ ᠬᠠᠪᠰᠤᠷᠤᠯᠭ᠎ᠠ ᠲᠤᠰᠠᠯᠠᠮᠵᠢ ᠦᠵᠡᠭᠦᠯᠬᠦ ᠨᠢ ᠬᠦᠮᠦᠨ ᠤ ᠪᠡᠶ᠎ᠡ ᠲᠤᠲᠤᠷᠠᠬᠢ ︽ | ᠰᠤᠪᠢᠯᠠᠬᠤ ᠠᠵᠢᠯᠯᠠᠭᠠᠨ ᠤ ᠰᠢᠰᠲ᠋ᠧᠮ︾ ᠢ ᠬᠦᠭᠵᠢᠭᠡᠵᠦ᠂ ᠡᠭᠦᠨ ᠤ ᠤᠯᠠᠮ ᠠᠴᠠ ᠳᠠᠷᠤᠯᠲᠠ ᠶᠢᠨ ᠬᠤᠷᠮᠤᠨ ᠢ | ᠪᠠᠭᠤᠷᠠᠭᠤᠯᠵᠤ᠂ ︽ᠲᠤᠲᠤᠨᠤᠰᠤᠭ ᠬᠤᠷᠮᠤᠨ︾ ᠵᠡᠷᠭᠡ ᠪᠡᠶ᠎ᠡ ᠶᠢᠨ ᠰᠡᠷᠭᠦᠭᠡᠯᠲᠡ ᠳᠤ ᠠᠰᠢᠭᠲᠠᠢ ᠬᠤᠷᠮᠤᠨ ᠤ | ᠱᠦᠭᠦᠷᠡᠯᠲᠡ ᠶᠢ ᠠᠬᠢᠭᠤᠯᠵᠤ ᠴᠢᠳᠠᠨ᠎ᠠ ᠭᠡᠵᠦ ᠺᠠᠩᠯᠠᠰᠧ ᠳ᠋ᠤᠺᠲ᠋ᠤᠷ ᠢᠯᠡᠷᠬᠡᠶᠢᠯᠡᠪᠡ᠃ | ᠭᠤᠷᠪᠠ᠂ ᠨᠡᠶᠢᠭᠡᠮ ᠤᠨ ᠬᠠᠷᠢᠯᠴᠠᠭᠠᠨ ᠤ ᠠᠵᠢᠯᠯᠠᠭ᠎ᠠ ᠳᠤ ᠢᠯᠡᠭᠦᠦ ᠤᠷᠤᠯᠴᠠᠬᠤ | ᠨᠡᠶᠢᠭᠡᠮ ᠤᠨ ᠬᠠᠷᠢᠯᠴᠠᠭ᠎ᠠ ᠠᠷᠪᠢᠨ ᠬᠦᠮᠦᠨ ᠤ ᠴᠡᠭᠡᠵᠢᠯᠡᠬᠦ ᠴᠢᠳᠠᠪᠤᠷᠢ ᠨᠢ ᠨᠡᠩ ᠰᠠᠶᠢᠨ ᠪᠠᠶᠢᠳᠠᠭ᠂ | ᠶᠡᠷᠦ ᠳᠡᠭᠡᠨ ᠭᠡᠷ ᠤᠨ ᠬᠦᠮᠦᠰ ᠪᠠ ᠨᠠᠶᠢᠵᠠ ᠨᠦᠬᠦᠳ ᠲᠠᠢ ᠪᠠᠨ ᠨᠢᠭᠲᠠ ᠬᠠᠷᠢᠯᠴᠠᠳᠠᠭ ᠬᠦᠮᠦᠨ ᠤ ᠦᠲᠡᠯᠦᠭᠰᠡᠨ ᠤ | ᠰᠡᠭᠦᠯᠡᠷ ᠴᠡᠭᠡᠵᠢᠯᠡᠬᠦ ᠴᠢᠳᠠᠪᠤᠷᠢ ᠶᠢᠨ ᠮᠠᠭᠤᠳᠠᠬᠤ ᠪᠤᠯᠤᠮᠵᠢ ᠨᠢ ᠨᠡᠩ ᠳᠤᠤᠷ᠎ᠠ ᠪᠠᠶᠢᠬᠤ ᠶᠢ ᠠᠮᠧᠷᠢᠺᠡ ᠶᠢᠨ ᠬᠠᠹᠧ | ᠶᠡᠭᠡ ᠰᠤᠷᠭᠠᠭᠤᠯᠢ ᠶᠢᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠳᠡᠭᠡᠳᠦ ᠰᠤᠷᠭᠠᠭᠤᠯᠢ ᠶᠢᠨ ᠬᠦᠮᠦᠨ | ᠲᠦᠷᠦᠯᠬᠢᠲᠡᠨ ᠤ ᠬᠦᠭᠵᠢᠯᠲᠡ ᠬᠢᠭᠡᠳ ᠡᠷᠡᠭᠦᠯ ᠮᠡᠨᠳᠦ ᠶᠢᠨ ᠰᠠᠯᠪᠤᠷᠢ ᠶᠢᠨ ᠨᠢᠭᠡᠨ ᠰᠤᠳᠤᠯᠭ᠎ᠠ ᠢᠯᠡᠷᠡᠭᠦᠯᠵᠡᠢ᠃ | ᠡᠨᠡᠬᠦ ᠰᠤᠳᠤᠯᠭ᠎ᠠ ᠶᠢᠨ ᠦᠷ᠎ᠡ ᠪᠦᠲᠦᠭᠡᠯ ᠨᠢ ︽ᠠᠮᠧᠷᠢᠺᠡ ᠶᠢᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠰᠡᠳᠬᠦᠯ︾ | ᠳᠤ ᠨᠡᠶᠢᠲᠡᠯᠡᠭᠰᠡᠨ ᠪᠠᠶᠢᠨ᠎ᠠ᠃ | ᠺᠠᠯᠢᠹᠤᠷᠨᠢᠶ᠎ᠠ ᠵᠸᠦ ᠶᠢᠨ ᠶᠡᠭᠡ ᠰᠤᠷᠭᠠᠭᠤᠯᠢ᠂ ᠺᠠᠯᠢᠹᠤᠷᠨᠢᠶ᠎ᠠ ᠵᠸᠦ ᠶᠢᠨ ᠶᠡᠭᠡ ᠰᠤᠷᠭᠠᠭᠤᠯᠢ ᠶᠢᠨ ᠪᠧᠷᠺᠯᠢ | ᠬᠤᠪᠢᠶᠠᠷᠢ ᠰᠤᠷᠭᠠᠭᠤᠯᠢ᠂ ᠰᠠᠨ ᠹᠷᠠᠨᠰᠢᠰᠺᠤ ᠶᠢᠨ ᠬᠠᠮᠲᠤᠷᠠᠭᠰᠠᠨ ᠡᠮᠴᠢᠯᠡᠭᠡᠨ ᠤ ᠲᠦᠷᠦᠯ ᠵᠦᠢᠯ ᠤᠨ ᠨᠢᠭᠡᠨ ᠰᠢᠨ᠎ᠡ | ᠰᠤᠳᠤᠯᠭᠠᠨ ᠳᠤ ᠢᠯᠡᠷᠡᠭᠦᠯᠦᠭᠰᠡᠨ ᠨᠢ᠂ ᠨᠡᠶᠢᠭᠡᠮ ᠳᠤ ᠲᠤᠰᠠᠭᠠᠷᠯᠠᠭᠳᠠᠭᠰᠠᠨ ᠡᠮᠡᠭᠲᠡᠢ ᠶᠢᠨ ᠦᠬᠦᠬᠦ ᠠᠶᠤᠯ ᠨᠢ | ᠨᠡᠶᠢᠭᠡᠮ ᠤᠨ ᠬᠠᠷᠢᠯᠴᠠᠭ᠎ᠠ ᠰᠠᠶᠢᠲᠠᠢ ᠡᠮᠡᠭᠲᠡᠢ ᠶᠢ ᠪᠤᠳᠤᠪᠠᠯ 75% ᠦᠨᠳᠦᠷ ᠪᠠᠶᠢᠵᠤ᠂ ᠨᠡᠶᠢᠭᠡᠮ ᠳᠤ | ᠲᠤᠰᠠᠭᠠᠷᠯᠠᠭᠳᠠᠭᠰᠠᠨ ᠡᠷᠡᠭᠲᠡᠢ ᠶᠢᠨ ᠦᠬᠦᠬᠦ ᠠᠶᠤᠯ ᠨᠢ ᠨᠡᠶᠢᠭᠡᠮ ᠤᠨ ᠬᠠᠷᠢᠯᠴᠠᠭ᠎ᠠ ᠦᠷᠭᠡᠨ ᠡᠷᠡᠭᠲᠡᠢ ᠶᠢ ᠪᠤᠳᠤᠪᠠᠯ | 62% ᠰᠢᠬᠠᠮ ᠦᠨᠳᠦᠷ ᠪᠠᠶᠢᠳᠠᠭ᠃ | ᠳᠦᠷᠪᠡ᠂ ᠳᠠᠭᠤᠤ ᠬᠦᠭᠵᠢᠮ ᠰᠤᠨᠤᠰᠬᠤ | ᠶᠠᠫᠤᠨ ᠤ ᠤᠤᠰᠺᠡ ᠶᠡᠭᠡ ᠰᠤᠷᠭᠠᠭᠤᠯᠢ ᠶᠢᠨ ᠰᠤᠳᠤᠯᠭ᠎ᠠ ᠳᠤ ᠢᠯᠡᠷᠡᠭᠦᠯᠦᠭᠰᠡᠨ ᠨᠢ᠂ ᠳᠠᠭᠤᠤ ᠬᠦᠭᠵᠢᠮ | ᠰᠤᠨᠤᠰᠬᠤ ᠨᠢ ᠬᠦᠮᠦᠨ ᠤ ᠪᠡᠶ᠎ᠡ ᠶᠢᠨ ᠬᠦᠷᠦᠰᠦᠯᠢᠭ ᠡᠳ᠋ ᠤᠨ ᠬᠤᠷᠮᠤᠨ ᠤ ᠲᠦᠪᠰᠢᠨ ᠢ ᠪᠠᠭᠤᠷᠠᠭᠤᠯᠬᠤ ᠦᠢᠯᠡᠳᠦᠯ | ᠦᠵᠡᠭᠦᠯᠬᠦ ᠶᠢᠨ ᠤᠯᠠᠮ ᠠᠴᠠ ᠴᠢᠰᠤᠨ ᠳᠠᠷᠤᠯᠲᠠ ᠶᠢ ᠪᠠᠭᠤᠷᠠᠭᠤᠯᠵᠤ ᠴᠢᠳᠠᠨ᠎ᠠ᠃ ᠬᠦᠷᠦᠰᠦᠯᠢᠭ ᠡᠳ᠋ ᠤᠨ | ᠬᠤᠷᠮᠤᠨ ᠨᠢ ᠦᠨᠳᠦᠰᠦᠨ ᠰᠡᠷᠡᠯᠵᠢᠬᠦ ᠬᠤᠷᠮᠤᠨ ᠪᠠᠶᠢᠵᠤ᠂ ᠳᠠᠷᠤᠯᠲᠠ ᠲᠠᠢ ᠪᠠᠶᠢᠳᠠᠯ ᠳᠤᠤᠷ᠎ᠠ ᠬᠦᠮᠦᠨ ᠤ ᠪᠡᠶ᠎ᠡ | ᠬᠦᠷᠦᠰᠦᠯᠢᠭ ᠡᠳ᠋ ᠤᠨ ᠬᠤᠷᠮᠤᠨ ᠢᠶᠠᠷ ᠬᠡᠪ ᠤᠨ ᠹᠢᠽᠢᠦᠯᠤᠭᠢ ᠶᠢᠨ ᠠᠵᠢᠯᠯᠠᠭ᠎ᠠ ᠶᠢ ᠠᠷᠭᠠᠴᠠᠬᠤ ᠬᠡᠷᠡᠭᠴᠡᠭᠡ ᠲᠠᠢ | ᠪᠠᠶᠢᠳᠠᠭ᠂ ᠭᠡᠪᠡᠴᠦ ᠤᠷᠲᠤ ᠬᠤᠭᠤᠴᠠᠭ᠎ᠠ ᠳᠠᠷᠤᠯᠲᠠ ᠬᠡᠲᠦ ᠶᠡᠭᠡ ᠪᠠᠶᠢᠪᠠᠯ ᠬᠦᠷᠦᠰᠦᠯᠢᠭ ᠡᠳ᠋ ᠤᠨ ᠬᠤᠷᠮᠤᠨ ᠨᠢ | ᠤᠷᠲᠤ ᠬᠤᠭᠤᠴᠠᠭ᠎ᠠ ᠦᠨᠳᠦᠷᠵᠢᠬᠦ ᠶᠢᠨ ᠤᠯᠠᠮ ᠠᠴᠠ ᠴᠢᠰᠤᠨ ᠳᠠᠷᠤᠯᠲᠠ ᠶᠢ ᠦᠨᠳᠦᠷ ᠪᠤᠯᠭᠠᠨ᠎ᠠ᠃ | ᠲᠠᠪᠤ᠂ ᠡᠷᠲᠡ ᠤᠨᠲᠠᠬᠤ | ᠠᠮᠧᠷᠢᠺᠡ ᠶᠢᠨ ᠺᠠᠯᠢᠹᠤᠷᠨᠢᠶ᠎ᠠ ᠶᠡᠭᠡ ᠰᠤᠷᠭᠠᠭᠤᠯᠢ ᠶᠢᠨ ᠪᠧᠷᠺᠯᠢ ᠬᠤᠪᠢᠶᠠᠷᠢ ᠰᠤᠷᠭᠠᠭᠤᠯᠢ ᠶᠢᠨ ᠰᠤᠳᠤᠯᠭ᠎ᠠ | ᠢᠯᠡᠷᠡᠭᠦᠯᠦᠭᠰᠡᠨ ᠨᠢ᠂ ᠬᠡᠳᠦᠢ ᠤᠷᠤᠢ ᠤᠨᠲᠠᠪᠠᠯ ᠲᠡᠳᠦᠢ ᠠᠷᠪᠢᠨ ᠢᠳᠡᠨ᠎ᠡ᠃ ᠤᠷᠤᠢ ᠶᠢᠨ 8 ᠴᠠᠭ ᠠᠴᠠ ᠰᠡᠭᠦᠯᠡᠷ | ᠬᠦᠮᠦᠰ ᠳᠠᠪᠤᠰᠤ ᠠᠷᠪᠢᠨ᠂ ᠲᠤᠰᠤ ᠠᠷᠪᠢᠨ ᠪᠦᠭᠡᠳ ᠰᠢᠬᠢᠷ ᠠᠷᠪᠢᠨ ᠢᠳᠡᠭᠡᠨ ᠢ ᠢᠳᠡᠬᠦ ᠳᠤᠷᠠᠲᠠᠢ ᠪᠤᠯᠳᠠᠭ᠃ | ᠠᠮᠧᠷᠢᠺᠡ ᠶᠢᠨ ᠤᠨᠲᠠᠯᠭ᠎ᠠ ᠶᠢᠨ ᠠᠨᠠᠭᠠᠬᠤ ᠤᠬᠠᠭᠠᠨ ᠤ ᠨᠡᠶᠢᠭᠡᠮᠯᠢᠭ ᠤᠨ ᠳᠠᠷᠤᠭ᠎ᠠ ᠳ᠋ᠢᠮᠦᠱᠢ ᠮᠤᠷᠭ᠍ᠸᠠᠲ᠋ᠠᠶᠢᠯᠧᠷ | ᠢᠯᠡᠷᠬᠡᠶᠢᠯᠡᠭᠰᠡᠨ ᠨᠢ᠂ ᠡᠷᠲᠡ ᠤᠨᠲᠠᠵᠤ ᠡᠷᠲᠡ ᠪᠤᠰᠪᠠᠯ ᠦᠯᠦ ᠬᠠᠯᠳᠠᠭᠠᠬᠤ ᠴᠢᠳᠠᠪᠤᠷᠢ ᠶᠢ ᠨᠡᠮᠡᠭᠳᠡᠭᠦᠯᠵᠦ᠂ | ᠬᠢᠮᠤᠷᠠᠭ᠎ᠠ ᠵᠡᠷᠭᠡ ᠡᠪᠡᠳᠴᠢᠨ ᠤ ᠬᠠᠯᠳᠠᠪᠤᠷᠢᠯᠠᠯ ᠢ ᠡᠰᠡᠷᠭᠦᠴᠡᠵᠦ ᠴᠢᠳᠠᠨ᠎ᠠ᠃ ᠡᠭᠦᠨ ᠢᠶᠠᠷ ᠪᠠᠷᠠᠬᠤ ᠦᠭᠡᠢ᠂ | ᠭᠦᠢᠴᠡᠳ ᠤᠨᠲᠠᠪᠠᠯ ᠵᠢᠷᠦᠬᠡᠨ ᠡᠪᠡᠳᠴᠢᠨ᠂ ᠪᠦᠭᠡᠷ᠎ᠡ ᠶᠢᠨ ᠡᠪᠡᠳᠴᠢᠨ᠂ ᠴᠢᠰᠤᠨ ᠳᠠᠷᠤᠯᠲᠠ ᠦᠨᠳᠦᠷ ᠪᠠ ᠰᠢᠬᠢᠷ | ᠰᠢᠵᠢᠩ ᠡᠪᠡᠳᠴᠢᠨ᠂ ᠰᠠ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ | ᠪᠠᠭᠤᠷᠠᠭᠤᠯᠵᠤ ᠴᠢᠳᠠᠨ᠎ᠠ᠃ ᠡᠪᠡᠳᠴᠢᠯᠡᠭᠰᠡᠨ ᠴᠦ ᠡᠷᠡᠭᠦᠯᠵᠢᠬᠦ ᠨᠢ ᠡᠩ ᠤᠨ ᠬᠦᠮᠦᠰ ᠠᠴᠠ ᠬᠤᠷᠳᠤᠨ ᠪᠠᠶᠢᠳᠠᠭ᠃ | ᠵᠢᠷᠭᠤᠭ᠎ᠠ᠂ ᠲᠤᠷᠪᠢᠯᠢᠭ ᠠᠯᠬᠤᠬᠤ | ᠬᠠᠹᠧ ᠶᠡᠭᠡ ᠰᠤᠷᠭᠠᠭᠤᠯᠢ ᠶᠢᠨ ᠰᠤᠳᠤᠯᠭ᠎ᠠ ᠢᠯᠡᠷᠡᠭᠦᠯᠦᠭᠰᠡᠨ ᠨᠢ᠂ ᠢᠳᠡᠷ ᠦᠲᠡᠯᠦᠭᠡ ᠨᠠᠰᠤᠨ ᠤ | ᠡᠮᠡᠭᠲᠡᠶᠢᠴᠦᠳ ᠡᠳᠦᠷ ᠪᠦᠷᠢ 45 ᠮᠢᠨᠦ᠋ᠲ ᠠᠴᠠ 1 ᠴᠠᠭ ᠲᠤᠷᠪᠢᠯᠢᠭ ᠠᠯᠬᠤᠯᠠᠪᠠᠯ᠂ ᠰᠠ ᠡᠪᠡᠳᠴᠢᠨ ᠳᠤ | ᠨᠡᠷᠪᠡᠭᠳᠡᠬᠦ ᠲᠤᠬᠢᠶᠠᠯᠳᠤᠮᠵᠢ 40% ᠪᠠᠷ ᠪᠠᠭᠤᠷᠠᠨ᠎ᠠ᠃ ᠠᠮᠧᠷᠢᠺᠡ ᠶᠢᠨ ᠫᠢᠼᠪᠦᠷᠡᠭ ᠶᠡᠭᠡ ᠰᠤᠷᠭᠠᠭᠤᠯᠢ ᠶᠢᠨ ᠨᠢᠭᠡᠨ | ᠤᠷᠲᠤ ᠬᠤᠭᠤᠴᠠᠭᠠᠨ ᠤ ᠪᠠᠶᠢᠴᠠᠭᠠᠯᠲᠠ ᠢᠯᠡᠷᠡᠭᠦᠯᠦᠭᠰᠡᠨ ᠨᠢ᠂ ᠶᠡᠷᠦ ᠳᠡᠭᠡᠨ ᠤᠯᠠᠨ ᠠᠯᠬᠤᠯᠠᠳᠠᠭ ᠬᠦᠮᠦᠨ ᠤ | ᠡᠮᠦᠨ᠎ᠡ ᠲᠠᠷᠢᠬᠢ᠂ ᠬᠤᠶᠢᠨ᠎ᠠ ᠲᠠᠷᠢᠬᠢ ᠪᠠ ᠬᠦᠩᠬᠦᠷ ᠤᠨ ᠤᠷᠤᠨ ᠤ ᠪᠤᠷᠤ ᠴᠠᠭᠠᠨ ᠡᠳ᠋ ᠤᠨ ᠡᠵᠡᠯᠡᠭᠦᠨ ᠨᠢ ᠨᠡᠩ | ᠶᠡᠭᠡ ᠪᠠᠶᠢᠬᠤ ᠲᠤᠯᠠ ᠮᠡᠳᠡᠬᠦᠢ ᠶᠢᠨ ᠰᠠᠭᠠᠲᠠᠯ ᠳᠤ ᠨᠡᠷᠪᠡᠭᠳᠡᠬᠦ ᠬᠠᠷᠢᠴᠠᠯ ᠨᠢ ᠨᠡᠩ ᠳᠤᠤᠷ᠎ᠠ ᠪᠠᠶᠢᠳᠠᠭ᠃ | ᠳᠤᠯᠤᠭ᠎ᠠ᠂ ᠴᠠᠢ ᠤᠤᠭᠤᠬᠤ | ︽ᠴᠠᠢ ᠳᠠᠬᠢ ᠦᠮᠡᠨ ᠢ ᠰᠡᠷᠭᠡᠶᠢᠯᠡᠬᠦ ᠳᠤ ᠲᠤᠰᠠᠲᠠᠢ ᠪᠦᠷᠢᠯᠳᠦᠭᠦᠨ ᠬᠢᠭᠡᠳ ᠲᠡᠭᠦᠨ ᠤ ᠦᠢᠯᠡᠳᠦᠯ ᠤᠨ | ᠵᠢᠮ᠎ᠡ ᠬᠠᠤᠯᠢ ᠶᠢᠨ ᠰᠤᠳᠤᠯᠤᠯ ᠤᠨ ᠲᠦᠷᠦᠯ ᠵᠦᠢᠯ ᠪᠤᠯ ᠳᠤᠮᠳᠠᠳᠤ ᠤᠯᠤᠰ ᠤᠨ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠰᠠᠭᠤᠷᠢ ᠮᠦᠩᠭᠦᠨ ᠤ ᠵᠦᠪᠯᠡᠯ ᠠᠴᠠ ᠳᠡᠳᠬᠦᠵᠦ ᠪᠠᠶᠢᠭ᠎ᠠ ᠭᠤᠤᠯᠳᠠᠯᠭ᠎ᠠ ᠲᠠᠢ ᠲᠦᠷᠦᠯ ᠵᠦᠢᠯ | ᠪᠤᠯᠤᠨ᠎ᠠ᠃ ᠬᠦᠮᠦᠨ ᠤ ᠪᠡᠶ᠎ᠡ ᠳᠤ ᠲᠤᠷᠰᠢᠯᠲᠠ ᠬᠢᠬᠦ ᠠᠴᠠ ᠡᠮᠦᠨ᠎ᠡ᠂ ᠲᠦᠷᠦᠯ ᠵᠦᠢᠯ ᠢ ᠰᠤᠳᠤᠯᠬᠤ ᠳᠤᠭᠤᠶᠢᠯᠠᠩ | ᠨᠢ 13 ᠵᠢᠯ ᠤᠨ ᠴᠠᠭ ᠬᠤᠭᠤᠴᠠᠭ᠎ᠠ ᠬᠡᠷᠡᠭᠰᠡᠵᠦ ᠪᠠᠶᠢᠭᠠᠳ ᠴᠠᠢ ᠶᠢᠨ ᠲᠤᠰᠠᠲᠠᠢ ᠪᠦᠷᠢᠯᠳᠦᠭᠦᠨ ᠢ ᠭᠠᠷᠭᠠᠨ | ᠠᠪᠤᠭᠰᠠᠨ ᠪᠦᠭᠡᠳ ᠰᠤᠩᠭᠤᠭᠠᠳ ᠠᠮᠢᠲᠠᠨ ᠳᠤ ᠲᠤᠷᠰᠢᠯᠲᠠ ᠬᠢᠭᠰᠡᠨ ᠪᠠᠶᠢᠨ᠎ᠠ᠃ 17 ᠵᠢᠯ ᠤᠨ ᠲᠤᠷᠰᠢ ᠴᠠᠢ ᠶᠢᠨ | ᠦᠮᠡᠨ ᠢ ᠰᠡᠷᠭᠡᠶᠢᠯᠡᠬᠦ ᠳᠤ ᠲᠤᠰᠠᠲᠠᠢ ᠦᠢᠯᠡᠳᠦᠯ ᠤᠨ ᠵᠢᠮ᠎ᠡ ᠬᠠᠤᠯᠢ ᠶᠢ ᠰᠤᠳᠤᠯᠬᠤ ᠪᠠ ᠤᠶᠢᠷ᠎ᠠ ᠶᠢᠨ ᠵᠢᠯ ᠳᠤ | ᠬᠦᠮᠦᠨ ᠳᠤ ᠤᠷᠢᠳᠴᠢᠯᠠᠨ ᠰᠡᠷᠭᠡᠶᠢᠯᠡᠬᠦ ᠲᠤᠷᠰᠢᠯᠲᠠ ᠬᠢᠬᠦ ᠪᠠᠷ ᠳᠠᠮᠵᠢᠵᠤ ᠡᠦ ᠯᠦᠩ ᠴᠠᠢ᠂ ᠨᠤᠭᠤᠭᠠᠨ ᠴᠠᠢ᠂ | ᠬᠠᠷ᠎ᠠ ᠴᠠᠢ ᠳᠤ ᠤᠯᠠᠨ ᠲᠤᠬᠢᠶᠠᠯᠳᠤᠬᠤ ᠬᠤᠤᠷᠠᠲᠤ ᠬᠠᠪᠤᠳᠠᠷ ᠢ ᠰᠡᠷᠭᠡᠶᠢᠯᠡᠬᠦ ᠦᠢᠯᠡᠳᠦᠯ ᠲᠠᠢ᠃ ᠴᠠᠢ ᠳᠠᠬᠢ | ᠴᠠᠢ ᠶᠢᠨ ᠤᠯᠠᠨ ᠹᠧᠨᠤᠯ᠂ ᠴᠠᠢ ᠶᠢᠨ ᠦᠩᠭᠡᠨ ᠤ ᠡᠳ᠋ ᠪᠤᠯᠤᠨ ᠭᠠᠮᠪᠠᠷ ᠴᠠᠢ ᠶᠢᠨ ᠹᠧᠨᠤᠯ ᠵᠡᠷᠭᠡ ᠪᠦᠷᠢᠯᠳᠦᠭᠦᠨ ᠨᠢ | ᠢᠰᠦᠯᠳᠦᠬᠦ ᠶᠢ ᠡᠰᠡᠷᠭᠦᠴᠡᠬᠦ ᠴᠢᠳᠠᠪᠤᠷᠢ ᠲᠠᠢ ᠪᠠᠶᠢᠵᠤ᠂ ᠪᠡᠶ᠎ᠡ ᠲᠤᠲᠤᠷᠠᠬᠢ ᠦᠮᠡᠨ ᠤ ᠭᠧᠨ ᠢ ᠬᠤᠷᠢᠭᠯᠠᠵᠤ᠂ | ᠦᠮᠡᠨ ᠤ ᠡᠰ ᠤᠨ ᠦᠢᠯᠡᠳᠦᠯ ᠤᠨ ᠦᠷᠡᠵᠢᠯ ᠢ ᠰᠠᠭᠠᠲᠠᠭᠠᠬᠤ ᠦᠢᠯᠡᠳᠦᠯ ᠲᠠᠢ ᠪᠠᠶᠢᠬᠤ ᠶᠢ ᠢᠯᠡᠷᠡᠭᠦᠯᠦᠭᠰᠡᠨ | ᠪᠠᠶᠢᠨ᠎ᠠ᠃ | ᠨᠠᠢᠮᠠ᠂ ᠨᠠᠮ ᠰᠠᠭᠤᠵᠤ ᠪᠤᠳᠤᠯᠭᠠᠰᠢᠷᠠᠬᠤ | ᠠᠮᠧᠷᠢᠺᠡ ᠶᠢᠨ ᠬᠠᠹᠧ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠵᠢᠷᠦᠬᠡᠨ ᠡᠪᠡᠳᠴᠢᠨ ᠤ ᠡᠷᠳᠡᠮᠲᠡᠨ | ᠡᠾᠧᠪᠧᠷᠲ ᠵᠢᠭᠠᠵᠤ ᠭᠠᠷᠭᠠᠭᠰᠠᠨ ᠨᠢ᠂ ᠨᠠᠮ ᠰᠠᠭᠤᠵᠤ ᠭᠦᠨ ᠪᠤᠳᠤᠯᠬᠢᠯᠠᠬᠤ ᠨᠢ ᠪᠤᠯᠴᠢᠩ ᠢ ᠰᠤᠯᠠᠷᠠᠭᠤᠯᠵᠤ᠂ | ᠰᠠᠨᠠᠭ᠎ᠠ ᠶᠢ ᠲᠤᠭᠲᠠᠪᠤᠷᠢᠵᠢᠭᠤᠯᠤᠭᠠᠳ᠂ ᠪᠠᠴᠢᠮᠳᠠᠩᠭᠤᠢ ᠬᠤᠷᠮᠤᠨ ᠤ ᠢᠳᠡᠪᠬᠢᠵᠢᠯ ᠢ ᠪᠠᠭᠤᠷᠠᠭᠤᠯᠵᠤ ᠴᠢᠳᠠᠨ᠎ᠠ᠃ | ᠠᠮᠧᠷᠢᠺᠡ ᠶᠢᠨ ᠠᠶᠤᠸᠠ ᠵᠸᠦ ᠶᠢᠨ ᠶᠡᠭᠡ ᠰᠤᠷᠭᠠᠭᠤᠯᠢ ᠶᠢᠨ ᠰᠤᠳᠤᠯᠬᠤ ᠬᠦᠮᠦᠰ ᠢᠯᠡᠷᠡᠭᠦᠯᠦᠭᠰᠡᠨ ᠨᠢ᠂ ᠨᠠᠮ | ᠰᠠᠭᠤᠵᠤ ᠪᠤᠳᠤᠯᠭᠠᠰᠢᠷᠠᠬᠤ ᠨᠢ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠭᠰᠡᠳ ᠤᠨ ᠵᠢᠷᠦᠬᠡᠨ | ᠡᠪᠡᠳᠴᠢᠨ ᠤ ᠬᠦᠳᠡᠯᠬᠦ ᠨᠤᠷᠮ᠎ᠠ ᠶᠢ ᠬᠠᠭᠠᠰ ᠢᠶᠠᠷ ᠪᠠᠭᠠᠰᠬᠠᠵᠤ ᠳᠡᠶᠢᠯᠦᠨ᠎ᠡ᠃ | ᠶᠢᠰᠦ᠂ ᠮᠢᠬ᠎ᠠ ᠴᠦᠭᠡᠨ ᠢᠳᠡᠬᠦ | ︽ᠨᠡᠶᠢᠲᠡ ᠶᠢᠨ ᠡᠷᠡᠭᠦᠯ ᠮᠡᠨᠳᠦ ᠶᠢᠨ ᠰᠢᠮ᠎ᠡ ᠲᠡᠵᠢᠭᠡᠯ ᠤᠨ ᠤᠬᠠᠭᠠᠨ ᠤ ᠰᠡᠳᠬᠦᠯ︾ ᠳᠡᠭᠡᠷ᠎ᠡ | ᠨᠡᠶᠢᠲᠡᠯᠡᠭᠰᠡᠨ ᠨᠢᠭᠡᠨ ᠰᠤᠳᠤᠯᠭ᠎ᠠ ᠶᠢᠨ ᠦᠷ᠎ᠡ ᠳ᠋ᠦᠩ ᠢᠯᠡᠷᠬᠡᠶᠢᠯᠡᠭᠰᠡᠨ ᠨᠢ᠂ ᠬᠠᠷᠠᠰᠤ ᠢᠳᠡᠭᠡᠨ ᠢᠳᠡᠳᠡᠭ | ᠬᠦᠮᠦᠨ ᠤ ᠴᠢᠰᠤᠨ ᠳᠠᠷᠤᠯᠲᠠ ᠦᠨᠳᠦᠷ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠢ ᠮᠢᠬᠠᠨ ᠬᠤᠭᠤᠯᠠ ᠢᠳᠡᠳᠡᠭ | ᠬᠦᠮᠦᠨ ᠠᠴᠠ ᠳᠤᠤᠷ᠎ᠠ ᠪᠠᠶᠢᠳᠠᠭ᠃ ᠡᠨᠡ ᠨᠢ ᠬᠠᠷᠠᠰᠤ ᠬᠤᠭᠤᠯᠠ ᠢᠳᠡᠳᠡᠭ ᠬᠦᠮᠦᠰ ᠤᠨ ᠳᠤᠮᠳᠠᠴᠢ ᠪᠡᠶ᠎ᠡ ᠶᠢᠨ | ᠬᠦᠨᠳᠦ ᠨᠢ ᠳᠤᠤᠷ᠎ᠠ ᠮᠦᠷᠲᠡᠭᠡᠨ ᠲᠡᠳᠡ ᠶᠡᠭᠡ ᠬᠡᠮᠵᠢᠶᠡᠨ ᠤ ᠵᠢᠮᠢᠰ ᠨᠤᠭᠤᠭ᠎ᠠ ᠢᠳᠡᠳᠡᠭ ᠤᠨ ᠤᠴᠢᠷ ᠪᠤᠯᠤᠨ᠎ᠠ᠃ | ᠠᠮᠧᠷᠢᠺᠡ ᠶᠢᠨ ᠰᠢᠬᠢᠷ ᠰᠢᠵᠢᠩ ᠡᠪᠡᠳᠴᠢᠨ ᠤ ᠨᠡᠶᠢᠭᠡᠮᠯᠢᠭ ᠤᠨ ᠨᠢᠭᠡᠨ ᠰᠤᠳᠤᠯᠭ᠎ᠠ ᠢᠯᠡᠷᠡᠭᠦᠯᠦᠭᠰᠡᠨ ᠨᠢ᠂ | ᠮᠢᠬ᠎ᠠ ᠴᠦᠭᠡᠨ ᠢᠳᠡᠪᠡᠯ ᠬᠦᠮᠦᠰ ᠤᠨ ᠰᠤᠯᠢᠯᠴᠠᠭᠠᠨ ᠤ ᠶᠡᠷᠦᠩᠬᠡᠶᠢᠯᠡᠭᠰᠡᠨ ᠭᠡᠮ ᠳᠤ ᠨᠡᠷᠪᠡᠭᠳᠡᠬᠦ ᠲᠦᠭᠰᠢᠭᠦᠷᠢ ᠶᠢ | ᠪᠠᠭᠤᠷᠠᠭᠤᠯᠵᠤ ᠴᠢᠳᠠᠨ᠎ᠠ᠂ ᠲᠡᠷᠡ ᠨᠢ 2 ᠬᠡᠯᠪᠡᠷᠢ ᠶᠢᠨ ᠰᠢᠬᠢᠷ ᠰᠢᠵᠢᠩ ᠡᠪᠡᠳᠴᠢᠨ᠂ ᠰᠠ ᠡᠪᠡᠳᠴᠢᠨ ᠪᠠ | ᠵᠢᠷᠦᠬᠡᠨ ᠡᠪᠡᠳᠴᠢᠨ ᠲᠠᠢ ᠬᠤᠯᠪᠤᠭ᠎ᠠ ᠲᠠᠢ ᠨᠢᠭᠡ ᠪᠦᠯᠦᠭ ᠡᠪᠡᠳᠴᠢᠨ ᠤ ᠠᠶᠤᠯ ᠤᠨ ᠡᠯᠧᠮᠧᠨ᠋ᠲ ᠪᠤᠯᠤᠨ᠎ᠠ᠃ | ᠠᠷᠪᠠ᠂ ᠨᠠᠷᠠᠨ ᠳᠤ ᠡᠭᠡᠭᠡᠬᠦ | ᠨᠡᠷᠡᠲᠦ ᠠᠨᠠᠭᠠᠬᠤ ᠤᠬᠠᠭᠠᠨ ᠤ ᠰᠡᠳᠬᠦᠯ ︽ᠦᠮᠡᠨ ᠤ ᠰᠤᠳᠤᠯᠤᠯ︾ ᠳᠤ ᠨᠡᠶᠢᠲᠡᠯᠡᠭᠰᠡᠨ ᠰᠤᠳᠤᠯᠭᠠᠨ ᠤ | ᠦᠭᠦᠯᠡᠯ ᠳᠤ ᠬᠡᠯᠡᠭᠰᠡᠨ ᠢᠶᠠᠷ᠂ ᠦᠷᠭᠦᠯᠵᠢ ᠨᠡᠷᠡᠨ ᠳᠤ ᠡᠭᠡᠭᠡᠳᠡᠭ ᠡᠷᠡᠭᠲᠡᠢ ᠶᠢᠨ ᠤᠷᠢᠳᠦ ᠪᠤᠯᠴᠢᠷᠬᠠᠢ ᠶᠢᠨ | ᠦᠮᠡᠨ ᠳᠤ ᠨᠡᠷᠪᠡᠭᠳᠡᠬᠦ ᠲᠤᠬᠢᠶᠠᠯᠳᠤᠮᠵᠢ ᠨᠢ ᠦᠷᠭᠦᠯᠵᠢ ᠨᠠᠷᠠᠨ ᠳᠤ ᠡᠭᠡᠭᠡᠳᠡᠭ ᠦᠭᠡᠢ ᠡᠷᠡᠭᠲᠡᠢ ᠠᠴᠠ ᠬᠠᠭᠠᠰ ᠲᠤᠭ᠎ᠠ | ᠳᠤᠤᠷ᠎ᠠ᠂ ᠴᠢᠨᠠᠭᠰᠢᠯᠠᠪᠠᠯ 65% ᠳᠤᠤᠷ᠎ᠠ ᠪᠠᠶᠢᠳᠠᠭ᠃ ᠡᠨᠡ ᠨᠢ ᠨᠠᠷᠠᠨ ᠤ ᠭᠡᠷᠡᠯ ᠨᠢ ᠤᠷᠢᠳᠤ ᠪᠤᠯᠴᠢᠷᠬᠠᠢ ᠶᠢᠨ | ᠦᠮᠡᠨ ᠳᠤ ᠨᠡᠷᠪᠡᠭᠳᠡᠬᠦ ᠲᠤᠬᠢᠶᠠᠯᠳᠤᠮᠵᠢ ᠶᠢ ᠪᠠᠭᠠᠰᠬᠠᠬᠤ ᠳᠤ ᠲᠤᠰᠠᠲᠠᠢ ᠪᠠᠶᠢᠵᠤ᠂ ᠨᠠᠷᠠᠨ ᠳᠤ ᠡᠭᠡᠭᠡᠬᠦ ᠪᠠᠷ ᠳᠠᠮᠵᠢᠵᠤ | ᠬᠦᠮᠦᠨ ᠤ ᠪᠡᠶ᠎ᠡ ᠨᠢᠭᠡ ᠵᠦᠢᠯ ᠤᠨ ᠸᠢᠲ᠋ᠠᠮᠢᠨ D ᠶᠢᠨ ᠢᠳᠡᠪᠬᠢ ᠪᠦᠷᠢᠯᠳᠦᠭᠦᠨ ᠢ ᠤᠯᠵᠤ ᠴᠢᠳᠠᠨ᠎ᠠ᠃ ᠸᠢᠲ᠋ᠠᠮᠢᠨ | D ᠨᠢ ᠤᠷᠢᠳᠤ ᠪᠤᠯᠴᠢᠷᠬᠠᠢ ᠶᠢᠨ ᠡᠰ ᠤᠨ ᠬᠡᠪ ᠤᠨ ᠦᠰᠦᠯᠲᠠ ᠪᠤᠶᠢᠵᠢᠯᠲᠠ ᠶᠢ ᠠᠬᠢᠭᠤᠯᠵᠤ᠂ ᠤᠷᠢᠳᠤ | ᠪᠤᠯᠴᠢᠷᠬᠠᠢ ᠶᠢᠨ ᠦᠮᠡᠨ ᠤ ᠡᠰ ᠤᠨ ᠬᠠᠯᠳᠠᠪᠤᠷᠢᠯᠠᠯ ᠪᠠ ᠲᠠᠷᠬᠠᠭᠠᠯᠲᠠ ᠶᠢ ᠬᠤᠷᠢᠭᠯᠠᠵᠤ ᠴᠢᠳᠠᠨ᠎ᠠ᠃ |