ᠰᠢᠰᠲ᠋ᠧᠮ ᠢ ᠵᠠᠰᠠᠨ ᠬᠠᠮᠠᠭᠠᠯᠠᠬᠤ ᠠᠴᠠ ᠪᠤᠯᠵᠤ ᠭᠠᠳᠠᠷ ᠠᠶᠢᠮᠠᠭ ᠬᠤᠲᠠ ᠳᠤ ᠵᠠᠮ ᠬᠠᠷᠢᠯᠴᠠᠭᠠᠨ ᠤ ᠳᠦᠷᠢᠮ ᠲᠤᠭᠲᠠᠭᠠᠯ ᠢ ᠵᠦᠷᠢᠴᠡᠭᠰᠡᠨ ᠠᠰᠠᠭᠤᠳᠠᠯ ᠢᠶᠠᠨ ᠰᠢᠢᠳᠪᠦᠷᠢᠯᠡᠨ᠎ᠡ ᠭᠡᠪᠡᠯ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠲᠤ ᠤᠴᠢᠭᠠᠷᠠᠢ
ᠨᠡᠶᠢᠲᠡᠯᠡᠭᠰᠡᠨ ᠴᠠᠭ᠄
2017-09-18
       ᠤᠶᠢᠷ᠎ᠠ ᠳᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠤᠰᠤᠳ ᠠᠶᠢᠮᠠᠭ ᠬᠤᠲᠠ ᠳᠤ ᠵᠠᠮ ᠬᠠᠷᠢᠯᠴᠠᠭᠠᠨ ᠤ ᠳᠦᠷᠢᠮ ᠲᠤᠭᠲᠠᠭᠠᠯ ᠢ ᠵᠦᠷᠢᠴᠡᠭᠰᠡᠨ ᠠᠰᠠᠭᠤᠳᠠᠯ ᠢᠶᠠᠨ ᠤᠯᠠᠭᠠᠨᠬᠠᠳᠠ ᠬᠤᠲᠠ ᠳᠤ ᠰᠢᠢᠳᠪᠦᠷᠢᠯᠡᠬᠦ ᠭᠡᠵᠦ ᠪᠠᠶᠢᠭᠰᠠᠨ ᠬᠤᠲᠠ ᠶᠢᠨ ᠠᠷᠠᠳ ᠤᠳ ᠠᠩᠬᠠᠷᠤᠭᠠᠷᠠᠢ᠃ ᠵᠠᠮ ᠬᠠᠷᠢᠯᠴᠠᠭᠠᠨ ᠤ ᠳᠦᠷᠢᠮ ᠲᠤᠭᠲᠠᠭᠠᠯ ᠢ ᠵᠦᠷᠢᠴᠡᠭᠰᠡᠨ ᠰᠢᠢᠳᠪᠦᠷᠢᠯᠡᠬᠦ ᠰᠢᠰᠲ᠋ᠧᠮ ᠶᠠᠭ ᠵᠠᠰᠠᠨ ᠬᠠᠮᠠᠭᠠᠯᠠᠵᠤ ᠪᠠᠶᠢᠭ᠎ᠠ ᠪᠤᠯᠬᠤᠷ ᠲᠦᠷ ᠴᠠᠭ ᠵᠦᠪᠬᠡᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ ᠶᠡᠭᠡ ᠲᠢᠩᠬᠢᠮ ᠪᠤᠶᠤ ᠵᠠᠮ ᠬᠠᠷᠢᠯᠴᠠᠭᠠᠨ ᠤ ᠳᠦᠷᠢᠮ ᠲᠤᠭᠲᠠᠭᠠᠯ ᠢ ᠵᠦᠷᠢᠴᠡᠭᠰᠡᠨ ᠲᠤᠬᠠᠢ ᠶᠢᠨ ᠭᠠᠵᠠᠷ ᠲᠠᠭᠠᠨ ᠬᠦᠷᠴᠦ ᠰᠢᠢᠳᠪᠦᠷᠢᠯᠡᠭᠡᠷᠡᠢ᠃ ᠲᠠᠬᠢᠨ ᠰᠠᠨᠠᠭᠤᠯᠬᠤ ᠨᠢ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ ᠶᠡᠭᠡ ᠲᠢᠩᠬᠢᠮ ᠠᠴᠠ ᠭᠠᠳᠠᠨᠠᠬᠢ ᠴᠤᠩᠬᠤᠪᠴᠢ ᠨᠢ ᠵᠦᠪᠬᠡᠨ ᠲᠦᠷ ᠴᠠᠭ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠤᠰᠤᠳ ᠠᠶᠢᠮᠠᠭ ᠬᠤᠲᠠ ᠳᠠᠬᠢ ᠵᠠᠮ ᠬᠠᠷᠢᠯᠴᠠᠭᠠᠨ ᠤ ᠳᠦᠷᠢᠮ ᠲᠤᠭᠲᠠᠭᠠᠯ ᠢ ᠵᠦᠷᠢᠴᠡᠭᠰᠡᠨ ᠶᠠᠪᠤᠳᠠᠯ ᠢ ᠰᠢᠢᠳᠪᠦᠷᠢᠯᠡᠵᠦ ᠳᠡᠶᠢᠯᠬᠦ ᠠᠴᠠ ᠪᠢᠰᠢ ᠪᠤᠰᠤᠳ ᠮᠤᠵᠢ ᠬᠤᠲᠠ ᠳᠤ ᠭᠠᠷᠤᠭᠰᠠᠨ ᠵᠠᠮ ᠬᠠᠷᠢᠯᠴᠠᠭᠠᠨ ᠤ ᠳᠦᠷᠢᠮ ᠲᠤᠭᠲᠠᠭᠠᠯ ᠢ ᠵᠦᠷᠢᠴᠡᠭᠰᠡᠨ ᠶᠠᠪᠤᠳᠠᠯ ᠢ ᠰᠢᠢᠳᠪᠦᠷᠢᠯᠡᠬᠦ ᠶᠢ ᠨᠦᠯᠦᠭᠡᠯᠡᠬᠦ ᠦᠭᠡᠢ ᠶᠤᠮ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号