ᠦᠪᠦᠷ ᠮᠤᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠠᠰᠫᠢᠷᠠᠨᠲ ᠪᠠᠲᠤᠯᠠᠨ ᠬᠦᠷᠭᠡᠬᠦ ᠪᠤᠯᠤᠭᠰᠠᠨ ᠰᠢᠦ
ᠨᠡᠶᠢᠲᠡᠯᠡᠭᠰᠡᠨ ᠴᠠᠭ᠄
2017-09-18
       ᠲᠦᠷᠦᠭᠦᠬᠡᠨ ᠰᠤᠷᠭᠠᠨ ᠬᠦᠮᠦᠵᠢᠯ ᠤᠨ ᠶᠠᠮᠤᠨ ︽2017 ᠤᠨ ᠳᠤ ᠰᠢᠨ᠎ᠡ ᠪᠠᠷ ᠨᠡᠮᠡᠭᠰᠡᠨ ᠲᠡᠭᠦᠰᠬᠦ ᠰᠢᠯᠢᠳᠡᠭ ᠰᠤᠷᠤᠭᠴᠢ ᠶᠢ ᠠᠰᠫᠢᠷᠠᠨᠲ ᠢᠶᠠᠷ ᠪᠠᠲᠤᠯᠠᠨ ᠬᠦᠷᠭᠡᠬᠦ ᠬᠢᠷᠢ ᠬᠡᠮ ᠲᠠᠢ ᠶᠡᠭᠡ ᠳᠡᠭᠡᠳᠦ ᠰᠤᠷᠭᠠᠭᠤᠯᠢ ᠶᠢ ᠳᠠᠩᠰᠠᠯᠠᠨ ᠲᠡᠮᠳᠡᠭᠯᠡᠬᠦ ᠲᠤᠬᠠᠢ ᠮᠡᠳᠡᠭᠳᠡᠯ︾ ᠨᠡᠶᠢᠲᠡᠯᠡᠵᠦ᠂ ᠦᠪᠦᠷ ᠮᠤᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠨᠢ 2017 ᠤᠨ ᠳᠤ ᠰᠢᠨ᠎ᠡ ᠪᠠᠷ ᠨᠡᠮᠡᠭᠰᠡᠨ ᠠᠰᠫᠢᠷᠠᠨᠲ ᠢᠶᠠᠷ ᠪᠠᠲᠤᠯᠠᠨ ᠬᠦᠷᠭᠡᠬᠦ ᠬᠢᠷᠢ ᠬᠡᠮ ᠢ ᠤᠯᠤᠭᠰᠠᠨ ᠪᠠᠶᠢᠨ᠎ᠠ᠃ ᠡᠨᠡ ᠵᠢᠯ ᠠᠴᠠ ᠡᠬᠢᠯᠡᠨ ᠲᠤᠰ ᠰᠤᠷᠭᠠᠭᠤᠯᠢ ᠶᠢᠨ ᠰᠢᠯᠢᠳᠡᠭ ᠵᠢᠩᠬᠢᠨᠢ ᠠᠩᠭᠢ ᠠᠴᠠ ᠲᠡᠭᠦᠰᠬᠦ ᠰᠤᠷᠤᠭᠴᠢ ᠠᠰᠫᠢᠷᠠᠨᠲ ᠢᠶᠠᠷ ᠪᠠᠲᠤᠯᠠᠨ ᠬᠦᠷᠭᠡᠭᠳᠡᠬᠦ ᠪᠤᠯᠤᠯᠴᠠᠭ᠎ᠠ ᠲᠠᠢ᠃        ᠤᠶᠢᠯᠠᠭᠠᠭᠰᠠᠨ ᠢᠶᠠᠷ᠂ ᠨᠦᠬᠦᠴᠡᠯ ᠳᠤ ᠲᠤᠬᠢᠷᠠᠬᠤ ᠶᠡᠭᠡ ᠳᠡᠭᠡᠳᠦ ᠰᠤᠷᠭᠠᠭᠤᠯᠢ ᠪᠡᠶ᠎ᠡ ᠪᠠᠨ ᠳᠠᠭᠠᠭᠠᠵᠤ ᠡᠷᠡᠮᠡᠯᠵᠡᠯᠡᠨ᠂ ᠶᠡᠭᠡ ᠳᠡᠭᠡᠳᠦ ᠰᠤᠷᠭᠠᠭᠤᠯᠢ ᠶᠢᠨ ᠪᠠᠶᠢᠭ᠎ᠠ ᠭᠠᠵᠠᠷ ᠤᠨ ᠮᠤᠵᠢ ᠶᠢᠨ ᠳᠡᠰ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠨᠤᠲᠠᠯᠠᠨ ᠲᠠᠨᠢᠯᠴᠠᠭᠤᠯᠵᠤ ᠨᠡᠶᠢᠲᠡᠯᠡᠨ᠎ᠡ᠃ ᠡᠨᠡ ᠤᠳᠠᠭ᠎ᠠ ᠪᠦᠬᠦ ᠤᠯᠤᠰ ᠤᠨ ᠪᠡᠭᠡᠵᠢᠩ᠂ ᠲᠢᠶᠠᠨᠵᠢᠨ᠂ ᠡᠾᠧᠪᠸᠢ᠂ ᠱᠠᠨ ᠰᠢ᠂ ᠦᠪᠦᠷ ᠮᠤᠩᠭᠤᠯ᠂ ᠯᠢᠶᠤᠤᠨᠢᠩ᠂ ᠭᠢᠷᠢᠨ᠂ ᠬᠠᠷᠠᠮᠦ᠋ᠷᠡᠨ᠂ ᠱᠠᠩᠬᠠᠢ᠂ ᠵᠢᠶᠠᠩᠰᠤ ᠵᠡᠷᠭᠡ 28 ᠮᠤᠵᠢ ᠬᠤᠲᠠ ᠶᠢᠨ 54 ᠶᠡᠭᠡ ᠳᠡᠭᠡᠳᠦ ᠰᠤᠷᠭᠠᠭᠤᠯᠢ ᠰᠤᠷᠭᠠᠨ ᠬᠦᠮᠦᠵᠢᠯ ᠤᠨ ᠶᠠᠮᠤᠨ ᠳᠤ ᠳᠠᠩᠰᠠᠯᠠᠭᠤᠯᠵᠤ᠂ ᠠᠰᠫᠢᠷᠠᠨᠲ ᠪᠠᠲᠤᠯᠠᠨ ᠬᠦᠷᠭᠡᠬᠦ ᠶᠡᠭᠡ ᠳᠡᠭᠡᠳᠦ ᠰᠤᠷᠭᠠᠭᠤᠯᠢ ᠶᠢᠨ ᠬᠢᠷᠢ ᠬᠡᠮ ᠢ ᠤᠯᠵᠠᠢ᠃ ᠡᠨᠡ ᠨᠢ ᠰᠤᠷᠭᠠᠨ ᠬᠦᠮᠦᠵᠢᠯ ᠤᠨ ᠶᠠᠮᠤᠨ 6 ᠵᠢᠯ ᠤᠨ ᠳᠠᠷᠠᠭ᠎ᠠ ᠠᠰᠫᠢᠷᠠᠨᠲ ᠢ ᠪᠠᠲᠤᠯᠠᠨ ᠬᠦᠷᠭᠡᠬᠦ ᠬᠢᠷᠢ ᠬᠡᠮ ᠲᠠᠢ ᠶᠡᠭᠡ ᠳᠡᠭᠡᠳᠦ ᠰᠤᠷᠭᠠᠭᠤᠯᠢ ᠶᠢ ᠬᠢᠨᠠᠨ ᠵᠦᠪᠰᠢᠶᠡᠷᠡᠵᠦ ᠪᠠᠶᠢᠭ᠎ᠠ ᠪᠦᠭᠡᠳ ᠤᠤᠯ ᠨᠢ ᠪᠦᠬᠦ ᠤᠯᠤᠰ ᠲᠤ ᠪᠠᠲᠤᠯᠠᠨ ᠬᠦᠷᠭᠡᠬᠦ ᠬᠢᠷᠢ ᠬᠡᠮ ᠲᠠᠢ ᠶᠡᠭᠡ ᠳᠡᠭᠡᠳᠦ ᠰᠤᠷᠭᠠᠭᠤᠯᠢ 312 ᠪᠠᠶᠢᠵᠠᠢ᠃        ᠮᠠᠨ ᠤ ᠤᠯᠤᠰ ᠤᠨ ᠠᠰᠫᠢᠷᠠᠨᠲ ᠡᠯᠰᠡᠬᠦ ᠳᠦᠷᠢᠮ ᠳᠤ᠂ ᠤᠯᠠᠮᠵᠢᠯᠠᠯᠲᠤ ᠠᠰᠫᠢᠷᠠᠨᠲ ᠰᠢᠯᠭᠠᠭᠤᠯᠬᠤ ᠠᠴᠠ ᠭᠠᠳᠠᠨ᠎ᠠ ᠪᠠᠰᠠ ᠠᠰᠫᠢᠷᠠᠨᠲ ᠢ ᠪᠠᠲᠤᠯᠠᠨ ᠬᠦᠷᠭᠡᠳᠡᠭ᠃ ᠶᠠᠷᠢᠶᠠᠨ ᠦᠭᠡᠢ ᠠᠰᠫᠢᠷᠠᠨᠲ ᠢᠶᠠᠷ ᠪᠠᠲᠤᠯᠠᠨ ᠬᠦᠷᠭᠡᠬᠦ ᠳᠤ ᠵᠢᠩᠬᠢᠨᠢ ᠠᠩᠭᠢ ᠶᠢᠨ ᠤᠶᠤᠲᠠᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠰᠤᠷᠤᠯᠭ᠎ᠠ ᠶᠢᠨ ᠬᠢᠷᠢ ᠪᠦᠲᠦᠮᠵᠢ ᠪᠠ ᠶᠡᠷᠦᠩᠬᠡᠢ ᠲᠠᠯ᠎ᠠ ᠪᠠᠷ ᠵᠤᠬᠢᠬᠤ ᠱᠠᠭᠠᠷᠳᠠᠯᠭ᠎ᠠ ᠲᠠᠢ᠃ 2017 ᠤᠨ ᠠᠴᠠ ᠡᠬᠢᠯᠡᠨ᠂ ᠡᠳᠡᠭᠡᠷ ᠶᠡᠭᠡ ᠳᠡᠭᠡᠳᠦ ᠰᠤᠷᠭᠠᠭᠤᠯᠢ ᠶᠢᠨ ᠰᠢᠯᠢᠳᠡᠭ ᠵᠢᠩᠬᠢᠨᠢ ᠠᠩᠭᠢ ᠶᠢᠨ ᠤᠶᠤᠲᠠᠳ ᠰᠢᠭᠤᠳ ᠠᠰᠫᠢᠷᠠᠨᠲ ᠢᠶᠠᠷ ᠪᠠᠲᠤᠯᠠᠨ ᠬᠦᠷᠭᠡᠭᠳᠡᠬᠦ ᠪᠤᠯᠤᠯᠴᠠᠭ᠎ᠠ ᠲᠠᠢ᠃ ᠰᠤᠩᠭᠤᠭᠳᠠᠭᠰᠠᠨ ᠶᠡᠭᠡ ᠳᠡᠭᠡᠳᠦ ᠰᠤᠷᠭᠠᠭᠤᠯᠢ ᠠᠴᠠ ᠦᠵᠡᠪᠡᠯ᠂ ᠦᠪᠡᠷᠮᠢᠴᠡ ᠤᠨᠴᠠᠯᠢᠭ ᠲᠠᠢ ᠭᠠᠵᠠᠷ ᠤᠷᠤᠨ ᠤ ᠭᠤᠤᠯᠳᠠᠯᠭᠠᠲᠤ ᠶᠡᠭᠡ ᠳᠡᠭᠡᠳᠦ ᠰᠤᠷᠭᠠᠭᠤᠯᠢ ᠰᠤᠩᠭᠤᠭᠳᠠᠭᠰᠠᠨ ᠢᠶᠠᠷ ᠪᠠᠷᠠᠬᠤ ᠦᠭᠡᠢ᠂ ᠪᠠᠰᠠ ᠰᠢᠨ᠎ᠡ ᠪᠠᠷ ᠪᠠᠶᠢᠭᠤᠯᠤᠭᠳᠠᠭᠰᠠᠨ ᠨᠡᠷ᠎ᠡ ᠬᠦᠨᠳᠦᠲᠡᠢ ᠶᠡᠭᠡ ᠳᠡᠭᠡᠳᠦ ᠰᠤᠷᠭᠠᠭᠤᠯᠢ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号