| ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠦᠮ ᠤᠨ ᠰᠤᠷᠭᠠᠨ | ᠬᠦᠮᠦᠵᠢᠯ ᠤᠨ ᠬᠠᠤᠯᠢ | ︵1986 ᠣᠨ ᠤ 4 ᠳ᠋ᠦ᠋ᠭᠡᠷ ᠰᠠᠷ᠎ᠠ ᠶᠢᠨ 12 ᠤᠨ ᠡᠳᠦᠷ ᠵᠢᠷᠭᠤᠳᠤᠭᠠᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠠᠴᠠ | ᠪᠠᠳᠤᠯᠠᠵᠦ᠂ 2006 ᠤᠨ ᠤ 6 ᠳ᠋ᠤᠭᠠᠷ ᠰᠠᠷ᠎ᠡ ᠶᠢᠨ 29 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ | ᠬᠤᠶᠠᠳᠤᠭᠠᠷ ᠬᠤᠷᠠᠯᠳᠤᠭᠠᠨ ᠠᠴᠠ ᠵᠠᠰᠠᠪᠤᠷᠢ ᠤᠷᠤᠭᠤᠯᠪᠠ︶ | ᠭᠠᠷᠴᠠᠭ | ᠨᠢᠭᠡᠳᠦᠭᠡᠷ ᠪᠦᠯᠦᠭ ᠶᠡᠷᠦᠩᠭᠡᠢ ᠲᠦᠷᠢᠮ | ᠬᠤᠶᠠᠳᠤᠭᠠᠷ ᠪᠦᠯᠦᠭ ᠰᠣᠷᠣᠭᠴᠢ | ᠭᠤᠷᠪᠠᠳᠤᠭᠠᠷ ᠪᠦᠯᠦᠭ ᠰᠣᠷᠭᠠᠭᠤᠯᠢ | ᠳᠦᠷᠪᠡᠳᠦᠭᠡᠷ ᠪᠦᠯᠦᠭ ᠪᠠᠭᠰᠢ | ᠲᠠᠪᠤᠳᠤᠭᠠᠷ ᠪᠦᠯᠦᠭ ᠰᠣᠷᠭᠠᠨ ᠬᠦᠮᠦᠵᠢᠬᠦᠯᠬᠦ ᠪᠠ ᠵᠢᠭᠠᠨ ᠰᠣᠷᠭᠠᠬᠤ | ᠵᠢᠷᠭᠤᠳᠤᠭᠠᠷ ᠪᠦᠯᠦᠭ ᠵᠠᠷᠤᠳᠠᠯ ᠤᠨ ᠪᠠᠳᠤᠯᠠᠭ᠎ᠠ | ᠲᠤᠯᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠨᠢᠭᠡᠳᠦᠭᠡᠷ ᠪᠦᠯᠦᠭ ᠶᠡᠷᠦᠩᠭᠡᠢ ᠲᠦᠷᠢᠮ | ᠨᠢᠭᠡᠳᠦᠭᠡᠷ ᠵᠦᠢᠯ ᠰᠣᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠤᠨ ᠠᠯᠪᠠᠨ | ᠵᠢᠷᠦᠮ ᠤᠨ ᠰᠤᠷᠭᠠᠨ ᠬᠦᠮᠦᠵᠢᠯ ᠬᠦᠷᠳᠡᠬᠦ ᠡᠷᠭᠡ ᠶᠢ ᠪᠠᠳᠤᠯᠠᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ | ᠬᠡᠷᠡᠭᠵᠢᠬᠦᠯᠦᠭᠳᠡᠬᠦ ᠶᠢ ᠪᠠᠳᠤᠯᠠᠵᠦ᠂ ᠪᠦᠬᠦ ᠦᠨᠳᠦᠰᠦᠳᠡᠨ ᠤ ᠬᠡᠪ ᠴᠢᠨᠠᠷ ᠢ ᠲᠡᠭᠡᠭᠰᠢᠯᠡᠬᠦᠯᠬᠦ ᠶᠢᠨ ᠲᠦᠯᠦᠭᠡ | ᠦᠨᠳᠦᠰᠤᠨ ᠬᠠᠤᠯᠢ ᠪᠠ ᠰᠤᠷᠭᠠᠨ ᠬᠦᠮᠦᠵᠢᠯ ᠤᠨ ᠬᠠᠤᠯᠢ ᠶᠢ ᠦᠨᠳᠦᠰᠦᠯᠡᠨ ᠲᠤᠰ ᠬᠠᠤᠯᠢ ᠶᠢ ᠲᠤᠭᠳᠠᠭᠠᠪᠠ᠃ | ᠬᠤᠶᠠᠳᠤᠭᠠᠷ ᠵᠦᠢᠯ ᠤᠯᠤᠰ ᠠᠴᠠ ᠶᠢᠰᠦᠨ ᠵᠢᠯ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ | ᠲᠦᠷᠢᠮ ᠢ ᠬᠡᠷᠡᠭᠵᠢᠬᠦᠯᠦᠨ᠎ᠡ᠃ | ᠠᠯᠪᠠᠨ ᠵᠢᠷᠦᠮ ᠤᠨ ᠰᠤᠷᠭᠠᠨ ᠬᠦᠮᠦᠵᠢᠯ ᠪᠤᠯ ᠤᠯᠤᠰ ᠠᠴᠠ ᠨᠢᠭᠡᠳᠦᠯᠲᠠᠢ ᠬᠡᠷᠡᠭᠵᠢᠬᠦᠯᠵᠦ ᠪᠠᠶᠢᠭ᠎ᠠ ᠪᠤᠢ | ᠪᠦᠬᠦᠢ ᠰᠤᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠤᠨ ᠡᠷᠭᠡᠪᠰᠢ ᠬᠦᠷᠳᠡᠭᠦ ᠬᠡᠷᠡᠭᠲᠠᠢ ᠰᠤᠷᠭᠠᠨ | ᠬᠦᠮᠦᠵᠢᠯ ᠮᠦᠨ᠂ ᠤᠯᠤᠰ ᠠᠴᠠ ᠡᠷᠭᠡᠪᠰᠢ ᠪᠠᠳᠤᠯᠠᠬᠤ ᠬᠡᠷᠡᠭᠲᠠᠢ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠦᠢᠯᠡᠰ | ᠮᠦᠨ᠃ | ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠡᠷᠡᠭᠵᠢᠬᠦᠯᠬᠦ ᠳᠤ ᠰᠤᠷᠤᠯᠭ᠎ᠠ ᠶᠢᠨ ᠵᠠᠷᠤᠳᠠᠯ ᠪᠠ ᠰᠤᠯᠠ | ᠵᠠᠷᠤᠳᠠᠯ ᠬᠤᠷᠢᠶᠠᠬᠤ ᠦᠭᠡᠢ᠃ | ᠤᠯᠤᠰ ᠠᠴᠠ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠵᠠᠷᠤᠳᠠᠯ ᠤᠨ ᠪᠠᠳᠤᠯᠠᠭ᠎ᠠ ᠶᠢᠨ | ᠲᠤᠭᠳᠠᠴᠠ ᠶᠢ ᠪᠠᠶᠢᠭᠤᠯᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠦᠷᠢᠮ ᠤᠨ ᠬᠡᠷᠡᠭᠵᠢᠬᠦᠯᠦᠭᠳᠡᠬᠦ ᠶᠢ | ᠪᠠᠳᠤᠯᠠᠨ᠎ᠠ᠃ | ᠭᠤᠷᠪᠠᠳᠤᠭᠠᠷ ᠵᠦᠢᠯ ᠠᠯᠪᠠᠨ ᠵᠢᠷᠦᠮ ᠤᠨ ᠰᠤᠷᠭᠠᠨ ᠬᠦᠮᠦᠵᠢᠯ ᠡᠷᠭᠡᠪᠰᠢ ᠤᠯᠤᠰ ᠤᠨ ᠰᠤᠷᠭᠠᠨ | ᠬᠦᠮᠦᠵᠢᠯ ᠤᠨ ᠴᠢᠭᠯᠡᠯᠳᠡ ᠶᠢ ᠲᠤᠤᠱᠯᠠᠭᠤᠯᠤᠨ᠂ ᠭᠡᠪ ᠴᠢᠨᠠᠷ ᠤᠨ ᠰᠤᠷᠭᠠᠨ ᠬᠦᠮᠦᠵᠢᠯ ᠢ ᠬᠡᠷᠡᠭᠵᠢᠬᠦᠯᠵᠦ᠂ ᠰᠤᠷᠭᠠᠨ | ᠬᠦᠮᠦᠵᠢᠯ ᠤᠨ ᠶᠠᠰᠤ ᠴᠢᠨᠠᠷ ᠢ ᠲᠡᠭᠡᠭᠰᠢᠯᠡᠬᠦᠯᠦᠨ᠂ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠢ | ᠵᠠᠩ ᠮᠤᠷᠠᠯ᠂ ᠤᠶᠤᠨ ᠮᠡᠳᠡᠯᠭᠡ᠂ ᠪᠡᠶ᠎ᠡ ᠮᠠᠬᠠᠪᠤᠳ ᠵᠡᠷᠭᠡ ᠪᠦᠬᠦ ᠲᠠᠯ᠎ᠠ ᠪᠠᠷ ᠬᠦᠭᠵᠢᠬᠦᠯᠵᠦ᠂ ᠬᠦᠰᠡᠯᠡᠩ ᠲᠠᠢ᠂ | ᠶᠤᠰᠤ ᠮᠤᠷᠠᠯ ᠲᠠᠢ᠂ ᠰᠤᠶᠤᠯ ᠪᠤᠯᠪᠠᠰᠤᠷᠠᠯ ᠲᠠᠢ᠂ ᠰᠠᠬᠢᠯᠭ᠎ᠠ ᠪᠠᠳᠤ ᠲᠠᠢ ᠨᠡᠶᠢᠭᠡᠮ ᠵᠢᠷᠦᠮ ᠤᠨ ᠪᠦᠳᠦᠭᠡᠨ | ᠪᠠᠶᠢᠭᠤᠯᠤᠭᠴᠢᠳ ᠪᠠ ᠵᠠᠯᠭᠠᠮᠵᠢᠯᠠᠭᠴᠢᠳ ᠢ ᠬᠦᠮᠦᠵᠢᠬᠦᠯᠬᠦ ᠳᠤ ᠰᠠᠭᠤᠷᠢ ᠲᠠᠯᠪᠢᠵᠦ ᠦᠭᠬᠦ ᠬᠡᠷᠡᠭᠲᠠᠢ᠃ | ᠲᠦᠷᠪᠡᠳᠦᠭᠡᠷ ᠵᠦᠢᠯ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠬᠠᠷᠢᠶ᠎ᠠ ᠲᠠᠢ | ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠪᠦᠬᠦᠨ ᠬᠦᠢᠰᠦ᠂ ᠦᠨᠳᠦᠰᠦᠳᠡᠨ᠂ ᠠᠷᠠᠰᠤᠳᠠᠨ᠂ | ᠭᠡᠷ ᠪᠦᠯᠢ ᠶᠢᠨ ᠡᠳ᠋ ᠬᠦᠷᠦᠩᠭᠡ ᠶᠢᠨ ᠪᠠᠶᠢᠳᠠᠯ᠂ ᠱᠠᠰᠢᠨ ᠰᠢᠳᠦᠯᠭᠡ ᠵᠡᠷᠭᠡ ᠶᠢᠨ ᠢᠯᠭᠠᠯ ᠦᠭᠡᠢ ᠪᠠᠷ ᠬᠠᠤᠯᠢ | ᠶᠤᠰᠤᠭᠠᠷ ᠠᠯᠪᠠᠨ ᠵᠢᠷᠦᠮ ᠤᠨ ᠰᠤᠷᠭᠠᠨ ᠬᠦᠮᠦᠵᠢᠯ ᠢ ᠡᠷᠭᠡ ᠲᠡᠭᠰᠢ ᠪᠠᠷ ᠬᠦᠷᠳᠡᠬᠦ ᠡᠷᠭᠡ ᠲᠠᠢ ᠪᠦᠭᠡᠳ ᠠᠯᠪᠠᠨ | ᠵᠢᠷᠦᠮ ᠤᠨ ᠰᠤᠷᠭᠠᠨ ᠬᠦᠮᠦᠵᠢᠯ ᠢ ᠬᠦᠷᠳᠡᠬᠦ ᠡᠬᠦᠷᠭᠡ ᠪᠠᠨ ᠬᠦᠢᠴᠡᠳᠭᠡᠨ᠎ᠡ᠃ | ᠲᠠᠪᠣᠳᠤᠭᠠᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠬᠤᠯᠪᠤᠭᠳᠠᠯ | ᠪᠦᠬᠦᠢ ᠰᠠᠯᠠᠭ᠎ᠠ ᠮᠦᠴᠢᠷ ᠠᠴᠠ ᠲᠤᠰ ᠬᠠᠤᠯᠢ ᠳᠤ ᠲᠤᠭᠳᠠᠭᠠᠭᠰᠠᠨ ᠡᠯ᠎ᠡ ᠵᠦᠢᠯ ᠤᠨ ᠲᠤᠰᠢᠶᠠᠯ | ᠬᠠᠷᠢᠭᠤᠴᠠᠯᠭ᠎ᠠ ᠪᠠᠨ ᠬᠦᠢᠴᠡᠳᠭᠡᠵᠦ᠂ ᠰᠤᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠤᠨ ᠠᠯᠪᠠᠨ | ᠵᠢᠷᠦᠮ ᠤᠨ ᠰᠤᠷᠭᠠᠨ ᠬᠦᠮᠦᠵᠢᠯ ᠬᠦᠷᠳᠡᠬᠦ ᠡᠷᠭᠡ ᠶᠢ ᠪᠠᠳᠤᠯᠠᠬᠤ ᠬᠡᠷᠡᠭᠲᠠᠢ᠃ | ᠰᠤᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠤᠨ ᠡᠴᠢᠭᠡ ᠡᠭᠡ ᠪᠤᠶᠤ ᠬᠠᠤᠯᠢ ᠪᠠᠷ | ᠲᠤᠭᠳᠠᠭᠠᠭᠰᠠᠨ ᠪᠤᠰᠤᠳ ᠬᠢᠨᠠᠨ ᠬᠠᠮᠠᠭᠠᠯᠠᠭᠴᠢ ᠠᠴᠠ ᠲᠡᠳᠡ ᠨᠠᠷ ᠤᠨ ᠴᠠᠭ ᠬᠤᠭᠤᠴᠠᠭᠠᠨ ᠳᠠᠭᠠᠨ ᠰᠤᠷᠭᠠᠭᠤᠯᠢ ᠳᠤ | ᠤᠷᠤᠵᠦ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠪᠠ ᠲᠡᠬᠦᠰᠭᠡᠬᠦ ᠶᠢ ᠬᠠᠤᠯᠢ ᠶᠤᠰᠤᠭᠠᠷ ᠪᠠᠳᠤᠯᠠᠬᠤ | ᠬᠡᠷᠡᠭᠲᠠᠢ᠃ | ᠬᠠᠤᠯᠢ ᠶᠤᠰᠤᠭᠠᠷ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠡᠷᠡᠭᠵᠢᠬᠦᠯᠵᠦ ᠪᠠᠶᠢᠭ᠎ᠠ ᠰᠤᠷᠭᠠᠭᠤᠯᠢ | ᠲᠤᠭᠳᠠᠭᠰᠠᠨ ᠪᠠᠷᠢᠮᠵᠢᠶ᠎ᠡ ᠶᠤᠰᠤᠭᠠᠷ ᠰᠤᠷᠭᠠᠨ ᠬᠦᠮᠦᠵᠢᠬᠦᠯᠬᠦ᠂ ᠵᠢᠭᠠᠨ ᠰᠤᠷᠭᠠᠬᠤ ᠡᠬᠦᠷᠭᠡ ᠪᠠᠨ ᠪᠡᠶᠡᠯᠡᠬᠦᠯᠵᠦ᠂ | ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠶᠠᠰᠤ ᠴᠢᠨᠠᠷ ᠢ ᠪᠠᠳᠤᠯᠠᠬᠤ ᠬᠡᠷᠡᠭᠲᠠᠢ᠃ | ᠨᠡᠶᠢᠭᠡᠮ ᠤᠨ ᠵᠤᠬᠢᠶᠠᠨ ᠪᠠᠶᠢᠭᠤᠯᠤᠯᠳᠠ ᠪᠠ ᠬᠤᠪᠢ ᠬᠦᠮᠦᠨ ᠠᠴᠠ ᠰᠤᠷᠭᠠᠭᠤᠯᠢ ᠳᠤ ᠤᠷᠤᠬᠤ ᠨᠠᠰᠤᠨ ᠤ | ᠬᠡᠤᠭᠡᠳ᠂ ᠪᠠᠭᠠᠴᠤᠳ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠳᠤ ᠰᠠᠶᠢᠨ ᠰᠠᠶᠢᠬᠠᠨ ᠤᠷᠴᠢᠨ | ᠨᠦᠬᠦᠴᠡᠯ ᠢ ᠪᠦᠷᠢᠯᠳᠦᠬᠦᠯᠵᠦ ᠦᠭᠬᠦ ᠬᠡᠷᠡᠭᠲᠠᠢ᠃ | ᠵᠢᠷᠭᠤᠳᠦᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠰᠢᠶᠠᠨ ᠤ ᠱᠠᠳᠣᠨ ᠠᠴᠠ | ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠰᠤᠷᠭᠠᠨ ᠬᠦᠮᠦᠵᠢᠯ ᠤᠨ ᠡᠬᠢ ᠪᠠᠶᠠᠯᠢᠭ ᠢ | ᠵᠦᠢ ᠵᠤᠬᠢᠰᠲᠠᠢ ᠲᠤᠬᠢᠷᠠᠭᠤᠯᠵᠦ᠂ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠲᠡᠩᠴᠡᠬᠦᠷᠢᠲᠠᠢ ᠬᠦᠭᠵᠢᠯᠳᠡ ᠶᠢ | ᠠᠬᠢᠭᠤᠯᠵᠦ᠂ ᠪᠠᠭᠤᠷᠠᠢ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠬᠤ ᠪᠦᠭᠡᠳ ᠠᠷᠭ᠎ᠠ | ᠬᠡᠮᠵᠢᠶ᠎ᠡ ᠠᠪᠴᠦ ᠪᠠᠶᠢᠭᠠᠳ ᠬᠦᠳᠡᠭᠡ ᠲᠤᠰᠬᠤᠨ ᠤ ᠭᠠᠵᠠᠷ ᠤᠷᠤᠨ᠂ ᠦᠨᠳᠦᠰᠦᠳᠡᠨ ᠤ ᠭᠠᠵᠠᠷ ᠤᠷᠤᠨ ᠳᠤ | ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠡᠷᠡᠭᠵᠢᠬᠦᠯᠦᠭᠳᠡᠬᠦ ᠶᠢ ᠪᠠᠳᠤᠯᠠᠵᠦ᠂ ᠰᠤᠷᠭᠠᠭᠤᠯᠢ ᠳᠤ ᠤᠷᠤᠬᠤ | ᠨᠠᠰᠤᠨ ᠤ ᠭᠡᠷ ᠪᠦᠯᠢ ᠶᠢᠨ ᠠᠵᠦ ᠠᠬᠤᠢ ᠨᠢ ᠬᠦᠴᠢᠷᠳᠡᠯᠲᠠᠢ ᠪᠠ ᠵᠡᠮᠳᠡᠭ ᠭᠡᠤᠭᠡᠳ᠂ ᠪᠠᠭᠠᠴᠤᠳ ᠤᠨ ᠠᠯᠪᠠᠨ | ᠵᠢᠷᠦᠮ ᠤᠨ ᠰᠤᠷᠭᠠᠨ ᠬᠦᠮᠦᠵᠢᠯ ᠬᠦᠷᠳᠡᠬᠦ ᠶᠢ ᠪᠠᠳᠤᠯᠠᠬᠤ ᠬᠡᠷᠡᠭᠲᠠᠢ᠃ | ᠠᠵᠦ ᠠᠬᠤᠢ ᠬᠦᠭᠵᠢᠭᠰᠡᠨ ᠭᠠᠵᠠᠷ ᠤᠷᠤᠨ ᠠᠴᠠ ᠠᠵᠦ ᠠᠬᠤᠢ ᠲᠡᠮᠡᠢ ᠬᠦᠭᠵᠢᠭᠡᠳᠦᠢ ᠭᠠᠵᠠᠷ ᠤᠷᠤᠨ ᠤ | ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠡᠷᠡᠭᠵᠢᠬᠦᠯᠦᠭᠳᠡᠬᠦ ᠶᠢ ᠲᠠᠮᠵᠢᠨ ᠲᠤᠰᠠᠯᠠᠬᠤ ᠶᠢ ᠤᠯᠤᠰ ᠠᠴᠠ | ᠵᠤᠬᠢᠶᠠᠨ ᠪᠠᠶᠢᠭᠤᠯᠤᠨ ᠵᠤᠷᠢᠭᠵᠢᠭᠤᠯᠤᠨ᠎ᠠ᠃ | ᠲᠤᠯᠤᠳᠤᠭᠠᠷ ᠵᠦᠢᠯ ᠠᠯᠪᠠᠨ ᠵᠢᠷᠦᠮ ᠤᠨ ᠰᠤᠷᠭᠠᠨ ᠬᠦᠮᠦᠵᠢᠯ ᠳᠤ ᠲᠦᠷᠦ ᠶᠢᠨ ᠶᠠᠪᠤᠳᠠᠯ ᠤᠨ | ᠬᠤᠷᠢᠶ᠎ᠡ ᠠᠴᠠ ᠤᠳᠤᠷᠢᠳᠤᠭᠰᠠᠨ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ | ᠠᠷᠠᠳ ᠤᠨ ᠵᠠᠰᠠᠭ ᠤᠨ ᠤᠷᠳᠤᠨ ᠠᠴᠠ ᠨᠢᠭᠡᠳᠦᠯᠲᠠᠢ ᠲᠦᠯᠦᠪᠵᠢᠬᠦᠯᠵᠦ ᠬᠡᠷᠡᠭᠵᠢᠬᠦᠯᠦᠭᠰᠡᠨ᠂ ᠰᠢᠶᠠᠨ ᠤ ᠱᠠᠳᠣᠨ ᠤ | ᠠᠷᠠᠳ ᠤᠨ ᠵᠠᠰᠠᠭ ᠤᠨ ᠤᠷᠳᠤᠨ ᠢᠶᠠᠷ ᠡᠷᠬᠢᠯᠡᠨ ᠬᠠᠮᠢᠶᠠᠷᠤᠭᠤᠯᠤᠭᠰᠠᠨ ᠲᠦᠷᠢᠮ ᠢ ᠬᠡᠷᠡᠭᠵᠢᠬᠦᠯᠦᠨ᠎ᠡ᠃ | ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠡᠷᠡᠭᠵᠢᠬᠦᠯᠦᠭᠳᠡᠬᠦ | ᠠᠵᠢᠯ ᠢ ᠪᠤᠳᠠᠲᠠᠢ ᠬᠠᠷᠢᠭᠤᠴᠠᠨ᠎ᠠ︔ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ | ᠬᠡᠪᠴᠢᠶᠡᠨ ᠳᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠡᠷᠡᠭᠵᠢᠬᠦᠯᠦᠭᠳᠡᠬᠦ ᠠᠵᠢᠯ ᠢ ᠬᠠᠷᠢᠭᠤᠴᠠᠨ᠎ᠠ᠃ | ᠨᠠᠢᠮᠠᠳᠤᠭᠠᠷ ᠵᠦᠢᠯ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠢ ᠬᠢᠨᠠᠨ ᠵᠢᠯᠤᠭᠤᠳᠬᠤ | ᠪᠠᠶᠢᠭᠤᠯᠤᠮᠵᠢ ᠠᠴᠠ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠠᠵᠢᠯ ᠤᠨ ᠬᠠᠤᠯᠢ ᠴᠠᠭᠠᠵᠠ ᠬᠠᠤᠯᠢ | ᠲᠤᠭᠳᠠᠭᠠᠯ ᠢ ᠬᠡᠷᠡᠭᠵᠢᠬᠦᠯᠵᠦ ᠪᠠᠶᠢᠭ᠎ᠠ ᠪᠠᠶᠢᠳᠠᠯ᠂ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠶᠠᠰᠤ ᠴᠢᠨᠠᠷ | ᠵᠢᠴᠢ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠡᠬᠦᠷᠢᠲᠠᠢ ᠬᠦᠭᠵᠢᠯᠳᠡ ᠶᠢᠨ ᠪᠠᠶᠢᠳᠠᠯ ᠵᠡᠷᠭᠡ ᠶᠢ ᠬᠢᠨᠠᠨ | ᠵᠢᠯᠤᠭᠤᠳᠴᠦ᠂ ᠬᠢᠨᠠᠨ ᠵᠢᠯᠤᠭᠤᠳᠤᠭᠰᠠᠨ ᠮᠡᠳᠡᠬᠦᠯᠦᠯᠳᠡ ᠪᠠᠨ ᠨᠡᠶᠢᠭᠡᠮ ᠳᠤ ᠨᠡᠶᠢᠳᠡᠯᠡᠨ᠎ᠡ᠃ | ᠶᠢᠰᠦᠳᠦᠭᠡᠷ ᠵᠦᠢᠯ ᠶᠠᠮᠠᠷᠪᠠ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠤᠶᠤ ᠬᠤᠪᠢ ᠬᠦᠮᠦᠨ ᠲᠤᠰ | ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠤᠯᠪᠤᠭᠳᠠᠯ ᠪᠦᠬᠦᠢ ᠲᠦᠷᠦ ᠶᠢᠨ ᠪᠠᠶᠢᠭᠤᠯᠭ᠎ᠠ ᠳᠤ ᠢᠯᠡᠴᠢᠯᠡᠬᠦ ᠪᠤᠶᠤ | ᠵᠠᠭᠠᠯᠳᠤᠬᠤ ᠡᠷᠭᠡ ᠲᠠᠢ᠃ | ᠲᠤᠰ ᠬᠠᠤᠯᠢ ᠶᠢ ᠵᠦᠷᠢᠴᠡᠭᠰᠡᠨ ᠬᠦᠨᠳᠦ ᠶᠡᠭᠡ ᠬᠡᠷᠡᠭ ᠶᠠᠪᠤᠳᠠᠯ ᠡᠬᠦᠰᠦᠭᠡᠳ ᠠᠯᠪᠠᠨ ᠵᠢᠷᠦᠮ ᠤᠨ | ᠰᠤᠷᠭᠠᠨ ᠬᠦᠮᠦᠵᠢᠯ ᠤᠨ ᠬᠡᠷᠡᠭᠵᠢᠬᠦᠯᠦᠭᠳᠡᠬᠦ ᠶᠢ ᠬᠠᠷᠰᠢᠯᠠᠵᠦ᠂ ᠨᠡᠶᠢᠭᠡᠮ ᠳᠤ ᠬᠦᠨᠳᠦ ᠶᠡᠭᠡ ᠨᠦᠯᠦᠭᠡ | ᠤᠴᠠᠷᠠᠭᠤᠯᠤᠭᠰᠠᠨ ᠪᠠᠶᠢᠪᠠᠯ᠂ ᠤᠳᠤᠷᠢᠳᠬᠤ ᠬᠠᠷᠢᠭᠤᠴᠠᠯᠭ᠎ᠠ ᠲᠠᠢ ᠠᠷᠠᠳ ᠤᠨ ᠵᠠᠰᠠᠭ ᠤᠨ ᠤᠷᠳᠤᠨ ᠪᠤᠶᠤ | ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ | ᠬᠠᠷᠢᠭᠤᠴᠠᠯᠭᠠᠳᠠᠨ ᠠᠯᠳᠠᠭ᠎ᠠ ᠪᠤᠷᠤᠭᠤ ᠪᠠᠨ ᠬᠦᠯᠢᠶᠡᠵᠦ ᠲᠤᠰᠢᠶᠠᠯ ᠠᠴᠠ ᠪᠠᠨ ᠪᠠᠭᠤᠬᠤ ᠬᠡᠷᠡᠭᠲᠠᠢ᠃ | ᠠᠷᠪᠠᠳᠤᠭᠠᠷ ᠵᠦᠢᠯ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠡᠷᠡᠭᠵᠬᠦᠯᠬᠦ ᠠᠵᠢᠯ ᠤᠨ ᠲᠤᠮᠳᠠ | ᠲᠤᠪᠤᠶᠢᠮ᠎ᠡ ᠬᠤᠪᠢ ᠨᠡᠮᠡᠷᠢ ᠦᠵᠡᠬᠦᠯᠦᠭᠰᠡᠨ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠠ ᠬᠤᠪᠢ ᠬᠦᠮᠦᠨ ᠢ ᠡᠯ᠎ᠡ | ᠱᠠᠳᠤᠨ ᠤ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ | ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠦᠬᠢᠬᠦᠯᠦᠨ ᠱᠠᠩᠨᠠᠨ᠎ᠠ᠃ | ᠬᠤᠶᠠᠳᠤᠭᠠᠷ ᠪᠦᠯᠦᠭ ᠰᠣᠷᠣᠭᠴᠢ | ᠠᠷᠪᠠᠨ ᠨᠢᠭᠡᠳᠦᠭᠡᠷ ᠵᠦᠢᠯ ᠪᠦᠬᠦᠯᠢ ᠵᠢᠷᠭᠤᠭᠠᠨ ᠨᠠᠰᠤ ᠬᠦᠷᠦᠭᠰᠡᠨ ᠬᠡᠤᠭᠡᠳ ᠢ ᠡᠴᠢᠭᠡ ᠡᠭᠡ ᠨᠢ ᠪᠤᠶᠤ | ᠬᠠᠤᠯᠢ ᠪᠠᠷ ᠲᠤᠭᠳᠠᠭᠠᠭᠰᠠᠨ ᠪᠤᠰᠤᠳ ᠬᠢᠨᠠᠨ ᠬᠠᠮᠠᠭᠠᠯᠠᠭᠴᠢ ᠨᠢ ᠰᠤᠷᠭᠠᠭᠤᠯᠢ ᠳᠤ ᠤᠷᠤᠭᠤᠯᠵᠦ᠂ ᠠᠯᠪᠠᠨ | ᠵᠢᠷᠦᠮ ᠤᠨ ᠰᠤᠷᠭᠠᠨ ᠬᠦᠮᠦᠵᠢᠯ ᠢ ᠬᠦᠷᠳᠡᠭᠡᠵᠦ ᠠᠯᠪᠠᠨ ᠵᠢᠷᠦᠮ ᠤᠨ ᠰᠤᠷᠭᠠᠨ ᠬᠦᠮᠦᠵᠢᠯ ᠢ ᠲᠡᠬᠦᠰᠭᠡᠬᠦ ᠬᠡᠷᠡᠭᠲᠠᠢ︔ | ᠨᠦᠬᠦᠴᠡᠯ ᠪᠦᠷᠢᠯᠳᠦᠭᠡᠳᠦᠢ ᠭᠠᠵᠠᠷ ᠤᠷᠤᠨ ᠤ ᠬᠡᠤᠭᠡᠳ ᠢ ᠪᠦᠬᠦᠯᠢ ᠲᠤᠯᠤᠭᠠᠨ ᠨᠠᠰᠤ ᠬᠦᠷᠦᠭᠰᠡᠨ ᠤ ᠲᠠᠷᠠᠭ᠎ᠠ | ᠰᠤᠷᠭᠠᠭᠤᠯᠢ ᠳᠤ ᠤᠷᠤᠭᠤᠯᠵᠦ ᠪᠤᠯᠤᠨ᠎ᠠ᠃ | ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠪᠡᠶ᠎ᠡ ᠮᠠᠬᠠᠪᠤᠳ ᠤᠨ ᠰᠢᠯᠳᠠᠭᠠᠨ ᠠᠴᠠ | ᠪᠤᠯᠵᠦ᠂ ᠰᠤᠷᠭᠠᠭᠤᠯᠢ ᠳᠤ ᠤᠷᠤᠬᠤ ᠶᠢ ᠬᠤᠶᠢᠰᠢᠯᠠᠭᠤᠯᠬᠤ ᠪᠤᠶᠤ ᠰᠤᠷᠤᠯᠭ᠎ᠠ ᠠᠴᠠ ᠪᠠᠨ ᠲᠦᠷ ᠵᠤᠭᠰᠤᠬᠤ | ᠦᠶ᠎ᠡ ᠳᠤ᠂ ᠲᠡᠬᠦᠨ ᠤ ᠡᠴᠢᠭᠡ ᠡᠭᠡ ᠨᠢ ᠪᠤᠶᠤ ᠬᠠᠤᠯᠢ ᠪᠠᠷ ᠲᠤᠭᠳᠠᠭᠠᠭᠰᠠᠨ ᠪᠤᠰᠤᠳ ᠬᠢᠨᠠᠨ ᠬᠠᠮᠠᠭᠠᠯᠠᠭᠴᠢ ᠨᠢ | ᠭᠤᠶᠤᠴᠢᠯᠠᠯ ᠭᠠᠷᠭᠠᠵᠦ᠂ ᠲᠤᠬᠠᠢ ᠶᠢᠨ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠤᠶᠤ | ᠰᠢᠶᠠᠨ ᠤ ᠱᠠᠳᠤᠨ ᠤ ᠠᠷᠠᠳ ᠤᠨ ᠵᠠᠰᠠᠭ ᠤᠨ ᠣᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠢᠶᠠᠷ ᠵᠦᠪᠰᠢᠶᠡᠷᠡᠬᠦᠯᠬᠦ ᠬᠡᠷᠡᠭᠲᠠᠢ᠃ | ᠠᠷᠪᠠᠨ ᠬᠤᠶᠠᠳᠤᠭᠠᠷ ᠵᠦᠢᠯ ᠰᠣᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠢ | ᠰᠢᠯᠭᠠᠯᠳᠠ ᠬᠢᠬᠦ ᠦᠭᠡᠢ ᠪᠠᠷ ᠰᠤᠷᠭᠠᠭᠤᠯᠢ ᠳᠤ ᠤᠷᠤᠭᠤᠯᠤᠨ᠎ᠠ᠃ ᠤᠷᠤᠨ ᠨᠤᠳᠤᠭ ᠤᠨ ᠡᠯ᠎ᠡ ᠱᠠᠳᠣᠨ ᠤ | ᠠᠷᠠᠳ ᠤᠨ ᠵᠠᠰᠠᠭ ᠤᠨ ᠤᠷᠳᠤᠨ ᠠᠴᠠ ᠰᠣᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠢ ᠡᠷᠦᠭᠡ | ᠠᠮᠠ ᠶᠢᠨ ᠲᠠᠩᠰᠠ ᠪᠠᠶᠢᠭ᠎ᠠ ᠭᠠᠵᠠᠷ ᠤᠨ ᠬᠡᠷ ᠠᠴᠠ ᠨᠢ ᠤᠶᠢᠷᠠᠯᠴᠠᠭ᠎ᠠ ᠰᠤᠷᠭᠠᠭᠤᠯᠢ ᠳᠤ ᠤᠷᠤᠭᠤᠯᠬᠤ ᠶᠢ | ᠪᠠᠳᠤᠯᠠᠬᠤ ᠬᠡᠷᠡᠭᠲᠠᠢ᠃ | ᠡᠴᠢᠭᠡ ᠡᠭᠡ ᠨᠢ ᠪᠤᠶᠤ ᠬᠠᠤᠯᠢ ᠪᠠᠷ ᠲᠤᠭᠳᠠᠭᠠᠭᠰᠠᠨ ᠪᠤᠰᠤᠳ ᠬᠢᠨᠠᠨ ᠬᠠᠮᠠᠭᠠᠯᠠᠭᠴᠢ ᠨᠢ ᠡᠷᠦᠭᠡ | ᠠᠮᠠ ᠶᠢᠨ ᠲᠠᠩᠰᠠ ᠪᠠᠶᠢᠭ᠎ᠠ ᠭᠠᠵᠠᠷ ᠲᠠᠭᠠᠨ ᠠᠵᠢᠯᠯᠠᠬᠤ ᠪᠤᠶᠤ ᠰᠠᠭᠤᠵᠦ ᠪᠠᠶᠢᠬᠤ ᠦᠭᠡᠢ ᠪᠠᠶᠢᠳᠠᠯ ᠲᠤᠤᠷ᠎ᠡ᠂ | ᠲᠡᠳᠡ ᠨᠠᠷ ᠤᠨ ᠰᠤᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠨᠢ ᠡᠴᠢᠭᠡ ᠡᠭᠡ ᠪᠤᠶᠤ ᠪᠤᠰᠤᠳ | ᠬᠠᠤᠯᠢ ᠪᠠᠷ ᠲᠤᠭᠳᠠᠭᠠᠭᠰᠠᠨ ᠬᠢᠨᠠᠨ ᠬᠠᠮᠠᠭᠠᠯᠠᠭᠴᠢ ᠶᠢᠨ ᠠᠵᠢᠯᠯᠠᠵᠦ ᠪᠠᠶᠢᠭ᠎ᠠ ᠪᠤᠶᠤ ᠰᠠᠭᠤᠵᠦ ᠪᠠᠶᠢᠭ᠎ᠠ ᠭᠠᠵᠠᠷ ᠲᠤ | ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠦᠷᠳᠡᠬᠦ ᠭᠡᠪᠡᠯ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ | ᠤᠷᠳᠤᠨ ᠠᠴᠠ ᠲᠡᠳᠡ ᠨᠠᠷ ᠲᠤ ᠡᠷᠭᠡ ᠲᠡᠭᠰᠢ ᠪᠠᠷ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠨᠦᠬᠦᠴᠡᠯ | ᠬᠠᠩᠭᠠᠵᠦ ᠦᠭᠬᠦ ᠬᠡᠷᠡᠭᠲᠠᠢ᠃ ᠪᠤᠳᠠᠲᠠᠢ ᠠᠷᠭ᠎ᠠ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ | ᠬᠤᠳᠠ ᠠᠴᠠ ᠲᠤᠭᠳᠠᠭᠠᠨ᠎ᠠ᠃ | ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠠᠴᠠ ᠲᠤᠰ ᠵᠠᠰᠠᠭ ᠵᠠᠬᠢᠷᠭᠠᠨ ᠤ ᠤᠷᠤᠨ ᠳᠠᠬᠢ ᠴᠡᠷᠢᠭ ᠬᠦᠮᠦᠨ ᠤ ᠦᠷ᠎ᠡ ᠬᠡᠤᠭᠡᠳ ᠤᠨ ᠠᠯᠪᠠᠨ | ᠵᠢᠷᠦᠮ ᠤᠨ ᠰᠤᠷᠭᠠᠨ ᠬᠦᠮᠦᠵᠢᠯ ᠬᠦᠷᠳᠡᠬᠦ ᠶᠢ ᠪᠠᠳᠤᠯᠠᠨ᠎ᠠ᠃ | ᠠᠷᠪᠠᠨ ᠭᠤᠷᠪᠠᠳᠤᠭᠠᠷ ᠵᠦᠢᠯ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ | ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠯᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ | ᠤᠷᠳᠤᠨ ᠠᠴᠠ ᠵᠤᠬᠢᠶᠠᠨ ᠪᠠᠶᠢᠭᠤᠯᠤᠨ ᠰᠢᠪᠠᠳᠠᠵᠦ ᠪᠠᠶᠢᠭᠠᠳ᠂ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ | ᠪᠠᠭᠠᠴᠤᠳ ᠢ ᠰᠤᠷᠭᠠᠭᠤᠯᠢ ᠳᠤ ᠤᠷᠤᠭᠤᠯᠵᠦ᠂ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠤᠨ | ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠬᠦᠴᠢᠷᠳᠠᠯ ᠢ ᠨᠢ ᠬᠠᠪᠰᠤᠷᠤᠨ ᠰᠢᠢᠳᠪᠤᠷᠢᠯᠡᠵᠦ᠂ ᠠᠷᠭ᠎ᠠ | ᠭᠡᠮᠵᠢᠶ᠎ᠡ ᠠᠪᠴᠦ ᠪᠠᠶᠢᠭᠠᠳ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠤᠨ ᠰᠤᠷᠤᠯᠭ᠎ᠠ ᠪᠠᠨ | ᠲᠤᠷᠭᠤᠨ ᠵᠤᠭᠰᠤᠬᠤ ᠶᠢ ᠬᠤᠷᠢᠭᠯᠠᠨ᠎ᠠ᠃ | ᠰᠠᠭᠤᠭᠠᠯᠢ ᠠᠷᠠᠳ ᠤᠨ ᠵᠦᠪᠯᠡᠯ ᠪᠤᠯᠤᠨ ᠭᠠᠴᠠᠭᠠᠨ ᠤ ᠠᠷᠠᠳ ᠤᠨ ᠵᠦᠪᠯᠡᠯ ᠨᠢ ᠵᠠᠰᠠᠭ ᠤᠨ ᠤᠷᠳᠤᠨ ᠳᠤ | ᠬᠠᠮᠵᠢᠨ ᠠᠵᠢᠯ ᠢ ᠰᠠᠶᠢᠳᠤᠷ ᠬᠢᠵᠦ᠂ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠢ ᠰᠢᠪᠠᠳᠠᠵᠦ | ᠪᠠᠶᠢᠭᠠᠳ ᠰᠤᠷᠭᠠᠭᠤᠯᠢ ᠳᠤ ᠤᠷᠤᠭᠤᠯᠤᠨ᠎ᠠ᠃ | ᠠᠷᠪᠠᠨ ᠲᠦᠷᠪᠡᠳᠦᠭᠡᠷ ᠵᠦᠢᠯ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠶᠤᠰᠤᠲᠠᠢ | ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠢ ᠠᠵᠢᠯᠳᠠᠨ ᠬᠡᠷᠡᠭᠯᠡᠬᠦ ᠨᠢᠭᠡᠴᠡ ᠡᠯᠰᠡᠵᠦ ᠬᠡᠷᠡᠭᠯᠡᠬᠦ ᠶᠢ | ᠬᠤᠷᠢᠭᠯᠠᠨ᠎ᠠ᠃ | ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠨ ᠰᠤᠷᠭᠠᠭᠤᠯᠢ ᠳᠤ ᠤᠷᠤᠬᠤ ᠨᠠᠰᠤᠨ ᠤ | ᠭᠡᠤᠭᠡᠳ᠂ ᠪᠠᠭᠠᠴᠣᠳ ᠢ ᠡᠯᠰᠡᠵᠦ ᠤᠷᠠᠯᠢᠭ᠂ ᠪᠡᠶ᠎ᠡ ᠶᠢᠨ ᠲᠠᠮᠢᠷ ᠵᠡᠷᠭᠡ ᠲᠤᠰᠬᠠᠢ ᠮᠡᠷᠭᠡᠵᠢᠯ ᠤᠨ ᠪᠤᠯᠪᠠᠰᠤᠷᠠᠯ | ᠬᠢᠯᠭᠡᠬᠦ ᠪᠠᠷ ᠵᠦᠪᠰᠢᠶᠡᠷᠡᠬᠦᠯᠦᠭᠰᠡᠨ ᠨᠡᠶᠢᠭᠡᠮ ᠤᠨ ᠵᠤᠬᠢᠶᠠᠨ ᠪᠠᠶᠢᠭᠤᠯᠤᠯᠳᠠ ᠨᠢ ᠡᠯᠰᠡᠵᠦ ᠠᠪᠤᠭᠰᠠᠨ ᠰᠤᠷᠭᠠᠭᠤᠯᠢ ᠳᠤ | ᠤᠷᠤᠬᠤ ᠨᠠᠰᠤᠨ ᠤ ᠬᠡᠤᠭᠡᠳ᠂ ᠪᠠᠭᠠᠴᠤᠳ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠶᠢ ᠪᠠᠳᠤᠯᠠᠬᠤ | ᠬᠡᠷᠡᠭᠲᠠᠢ︔ ᠠᠯᠪᠠᠨ ᠵᠢᠷᠦᠮ ᠤᠨ ᠰᠤᠷᠭᠠᠨ ᠬᠦᠮᠦᠵᠢᠯ ᠢ ᠦᠪᠡᠷᠳᠡᠭᠡᠨ ᠬᠡᠷᠡᠭᠵᠢᠬᠦᠯᠬᠦ ᠳᠤ ᠬᠦᠷᠪᠡᠯ᠂ ᠰᠢᠶᠠᠨ ᠤ | ᠱᠠᠳᠣᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠢᠶᠠᠷ ᠵᠦᠪᠰᠢᠶᠡᠷᠡᠬᠦᠯᠬᠦ ᠬᠡᠷᠡᠭᠲᠠᠢ᠃ | ᠭᠤᠷᠪᠠᠳᠤᠭᠠᠷ ᠪᠦᠯᠦᠭ ᠰᠣᠷᠭᠠᠭᠤᠯᠢ | ᠠᠷᠪᠠᠨ ᠲᠠᠪᠤᠳᠤᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ | ᠵᠠᠰᠠᠭ ᠤᠨ ᠤᠷᠳᠤᠨ ᠠᠴᠠ ᠲᠤᠰ ᠵᠠᠰᠠᠭ ᠵᠠᠬᠢᠷᠭᠠᠨ ᠤ ᠤᠷᠤᠨ ᠳᠠᠬᠢ ᠰᠤᠷᠭᠠᠭᠤᠯᠢ ᠳᠤ ᠤᠷᠤᠬᠤ ᠨᠠᠰᠤᠨ ᠤ | ᠭᠡᠤᠭᠡᠳ᠂ ᠪᠠᠭᠠᠴᠤᠳ ᠤᠨ ᠲᠤᠭ᠎ᠠ ᠭᠡᠮᠵᠢᠶ᠎ᠡ ᠪᠠ ᠲᠠᠷᠬᠠᠯᠳᠠ ᠶᠢᠨ ᠪᠠᠶᠢᠳᠠᠯ ᠵᠡᠷᠭᠡ ᠡᠯᠧᠮᠧᠨ᠋ᠲ ᠢ ᠦᠨᠳᠦᠰᠦᠯᠡᠨ᠂ | ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠵᠦ ᠪᠠᠶᠢᠭᠠᠳ ᠰᠤᠷᠭᠠᠭᠤᠯᠢ ᠪᠠᠶᠢᠭᠤᠯᠬᠤ | ᠲᠦᠯᠦᠪᠵᠢᠬᠦᠯᠭᠡ ᠪᠠᠨ ᠲᠤᠭᠳᠠᠭᠠᠨ ᠲᠤᠬᠢᠷᠠᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠠᠷᠠᠳ ᠤᠨ | ᠲᠤᠭᠤᠷᠢᠭ ᠲᠤ ᠰᠤᠷᠭᠠᠭᠤᠯᠢ ᠪᠠᠶᠢᠭᠤᠯᠬᠤ ᠬᠡᠷᠡᠭᠴᠡᠭᠡ ᠲᠠᠢ ᠪᠠᠶᠢᠪᠠᠯ᠂ ᠲᠡᠬᠦᠨ ᠢ ᠰᠠᠭᠤᠭᠠᠯᠢ ᠠᠷᠠᠳ ᠤᠨ | ᠲᠤᠭᠤᠷᠢᠭ ᠤᠨ ᠪᠦᠳᠦᠭᠡᠨ ᠪᠠᠶᠢᠭᠤᠯᠤᠯᠳᠠ ᠯᠤᠭ᠎ᠠ ᠵᠡᠷᠭᠡᠪᠡᠷ ᠶᠠᠪᠤᠭᠳᠠᠭᠤᠯᠬᠤ ᠬᠡᠷᠡᠭᠲᠠᠢ᠃ | ᠠᠷᠪᠠᠨ ᠵᠢᠷᠭᠤᠳᠤᠭᠠᠷ ᠵᠦᠢᠯ ᠰᠣᠷᠭᠠᠭᠤᠯᠢ ᠶᠢ ᠪᠦᠳᠦᠭᠡᠨ ᠪᠠᠶᠢᠭᠤᠯᠬᠤ ᠳᠠᠭᠠᠨ ᠤᠯᠤᠰ ᠤᠨ | ᠲᠤᠭᠳᠠᠭᠠᠭᠰᠠᠨ ᠰᠤᠷᠭᠠᠭᠤᠯᠢ ᠡᠷᠬᠢᠯᠡᠬᠦ ᠪᠠᠷᠢᠮᠵᠢᠶ᠎ᠡ ᠳᠤ ᠨᠡᠶᠢᠴᠡᠬᠦᠯᠵᠦ᠂ ᠰᠤᠷᠭᠠᠨ ᠬᠦᠮᠦᠵᠢᠬᠦᠯᠬᠦ ᠪᠠ ᠵᠢᠭᠠᠨ | ᠰᠤᠷᠭᠠᠬᠤ ᠬᠡᠷᠡᠭᠴᠡᠭᠡ ᠳᠤ ᠵᠤᠬᠢᠴᠠᠭᠤᠯᠬᠤ ᠬᠡᠷᠡᠭᠲᠠᠢ︔ ᠤᠯᠤᠰ ᠤᠨ ᠲᠤᠭᠳᠠᠭᠠᠭᠰᠠᠨ ᠭᠠᠵᠠᠷ ᠰᠤᠩᠭᠤᠬᠤ | ᠱᠠᠭᠠᠷᠳᠠᠯᠭ᠎ᠠ ᠪᠠ ᠪᠦᠳᠦᠭᠡᠨ ᠪᠠᠶᠢᠭᠤᠯᠬᠤ ᠪᠠᠷᠢᠮᠵᠢᠶ᠎ᠡ ᠳᠤ ᠨᠡᠶᠢᠴᠡᠬᠦᠯᠵᠦ᠂ ᠰᠤᠷᠤᠭᠴᠢ ᠪᠠ ᠪᠠᠭᠰᠢ ᠠᠵᠢᠯᠳᠠᠳ ᠤᠨ | ᠠᠮᠤᠷ ᠲᠦᠪᠰᠢᠨ ᠢ ᠦᠨᠡᠨ ᠬᠦ ᠪᠠᠳᠤᠯᠠᠬᠤ ᠬᠡᠷᠡᠭᠲᠠᠢ᠃ | ᠠᠷᠪᠠᠨ ᠲᠤᠯᠤᠳᠤᠭᠠᠷ ᠵᠦᠢᠯ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ | ᠬᠡᠷᠡᠭᠴᠡᠭᠡ ᠪᠠᠨ ᠦᠨᠳᠦᠰᠦᠯᠡᠨ ᠪᠠᠶᠢᠷᠢ ᠳᠤ ᠰᠠᠭᠤᠬᠤ ᠲᠦᠷᠢᠮᠳᠦ ᠰᠤᠷᠭᠠᠭᠤᠯᠢ ᠪᠠᠶᠢᠭᠤᠯᠵᠦ᠂ ᠲᠠᠷᠠᠬᠠᠢ ᠪᠤᠳᠠᠷᠬᠠᠢ | ᠰᠠᠭᠤᠵᠦ ᠪᠠᠶᠢᠭ᠎ᠠ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠤᠨ ᠰᠤᠷᠭᠠᠭᠤᠯᠢ ᠳᠤ ᠤᠷᠤᠵᠦ | ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠭᠦ ᠶᠢ ᠪᠠᠳᠤᠯᠠᠨ᠎ᠠ᠃ | ᠠᠷᠪᠠᠨ ᠨᠠᠢᠮᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠦᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ | ᠠᠷᠠᠳ ᠤᠨ ᠵᠠᠰᠠᠭ ᠤᠨ ᠤᠷᠳᠤᠨ ᠠᠴᠠ ᠬᠡᠷᠡᠭᠴᠡᠭᠡ ᠪᠠᠨ ᠦᠨᠳᠦᠰᠦᠯᠡᠵᠦ ᠪᠠᠶᠢᠭᠠᠳ ᠠᠵᠦ ᠠᠬᠤᠢ ᠬᠦᠭᠵᠢᠭᠰᠡᠨ | ᠭᠠᠵᠠᠷ ᠤᠷᠤᠨ ᠳᠤ ᠴᠦᠭᠡᠨ ᠲᠤᠭᠠᠳᠦ ᠦᠨᠳᠦᠰᠦᠳᠡᠨ ᠤ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ | ᠪᠠᠭᠠᠴᠤᠳ ᠢ ᠬᠦᠯᠢᠶᠡᠨ ᠠᠪᠬᠤ ᠰᠤᠷᠭᠠᠭᠤᠯᠢ ︵ᠠᠩᠬᠢ︶ ᠭᠠᠷᠭᠠᠨ᠎ᠠ᠃ | ᠠᠷᠪᠠ ᠶᠢᠰᠦᠳᠦᠭᠡᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ | ᠵᠠᠰᠠᠭ ᠤᠨ ᠤᠷᠳᠤᠨ ᠠᠴᠠ ᠬᠡᠷᠡᠭᠴᠡᠭᠡ ᠪᠠᠨ ᠦᠨᠳᠦᠰᠦᠯᠡᠨ ᠤᠨᠴᠠᠭᠠᠢ ᠰᠤᠷᠭᠠᠨ ᠬᠦᠮᠦᠵᠢᠯ ᠢ ᠬᠡᠷᠡᠭᠵᠢᠬᠦᠯᠬᠦ | ᠵᠤᠬᠢᠴᠠᠩᠭᠤᠢ ᠰᠤᠷᠭᠠᠭᠤᠯᠢ ︵ᠠᠩᠬᠢ︶ ᠭᠠᠷᠭᠠᠵᠦ᠂ ᠬᠠᠷᠠᠭ᠎ᠠ ᠵᠡᠮᠳᠡᠭ᠂ ᠰᠤᠨᠤᠷ ᠪᠠ ᠦᠭᠡ ᠬᠡᠯᠡ ᠨᠢ ᠵᠡᠮᠳᠡᠭ | ᠪᠤᠯᠤᠨ ᠤᠶᠤᠨ ᠤᠬᠠᠭᠠᠨ ᠨᠢ ᠵᠡᠮᠳᠡᠭ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠲᠤ ᠠᠯᠪᠠᠨ | ᠵᠢᠷᠦᠮ ᠤᠨ ᠰᠤᠷᠭᠠᠨ ᠬᠦᠮᠦᠵᠢᠯ ᠬᠦᠷᠳᠡᠭᠡᠨ᠎ᠡ᠃ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ︵ᠠᠩᠬᠢ︶ ᠨᠢ | ᠵᠡᠮᠳᠡᠭ ᠬᠡᠤᠭᠡᠳ᠂ ᠪᠠᠭᠠᠴᠤᠳ ᠤᠨ ᠰᠣᠷᠤᠯᠴᠠᠬᠤ᠂ ᠡᠷᠡᠬᠦᠯᠵᠢᠬᠦ᠂ ᠠᠮᠢᠳᠤᠷᠠᠯ ᠤᠨ ᠤᠨᠴᠠᠯᠢᠭ ᠲᠤ ᠲᠤᠬᠢᠷᠠᠭᠰᠠᠨ | ᠲᠠᠯᠠᠪᠤᠷ ᠭᠠᠵᠠᠷ ᠪᠠ ᠲᠤᠨᠤᠭ ᠲᠦᠬᠦᠭᠡᠷᠦᠮᠵᠢ ᠶᠢ ᠪᠦᠷᠢᠯᠳᠦᠬᠦᠯᠬᠦ ᠬᠡᠷᠡᠭᠲᠠᠢ᠃ | ᠡᠩ ᠤᠨ ᠰᠤᠷᠭᠠᠭᠤᠯᠢ ᠨᠢ ᠡᠩ ᠤᠨ ᠰᠤᠷᠭᠠᠨ ᠬᠦᠮᠦᠵᠢᠯ ᠢ ᠬᠦᠷᠳᠡᠬᠦ ᠴᠢᠳᠠᠪᠤᠷᠢ ᠲᠠᠢ ᠰᠤᠷᠭᠠᠭᠤᠯᠢ ᠳᠤ | ᠤᠷᠤᠬᠤ ᠨᠠᠰᠤᠨ ᠤ ᠵᠡᠮᠳᠡᠭ ᠬᠡᠤᠭᠡᠳ᠂ ᠪᠠᠭᠠᠴᠣᠳ ᠤᠨ ᠠᠩᠬᠢ ᠲᠠᠭᠠᠵᠦ ᠰᠤᠷᠤᠯᠴᠠᠬᠤ ᠶᠢ ᠬᠦᠯᠢᠶᠡᠵᠦ ᠠᠪᠬᠤ | ᠬᠡᠷᠡᠭᠲᠠᠢ ᠪᠦᠭᠡᠳ ᠲᠡᠳᠡ ᠨᠠᠷ ᠤᠨ ᠰᠣᠷᠤᠯᠴᠠᠬᠤ᠂ ᠡᠷᠡᠬᠦᠯᠵᠢᠬᠦ ᠳᠤ ᠲᠡᠮᠵᠢᠯᠭᠡ ᠦᠵᠡᠬᠦᠯᠬᠦ ᠬᠡᠷᠡᠭᠲᠠᠢ᠃ | ᠬᠤᠷᠢᠳᠤᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ | ᠵᠠᠰᠠᠭ ᠤᠨ ᠤᠷᠳᠤᠨ ᠠᠴᠠ ᠬᠡᠷᠡᠭᠴᠡᠭᠡ ᠪᠠᠨ ᠦᠨᠳᠦᠰᠦᠯᠡᠨ᠂ ᠨᠠᠰᠣᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ | ᠤᠷᠢᠳᠴᠢᠯᠠᠨ ᠰᠡᠷᠭᠡᠶᠢᠯᠡᠬᠦ ᠬᠠᠤᠯᠢ ᠳᠤ ᠲᠤᠭᠳᠠᠭᠠᠭᠰᠠᠨ ᠬᠦᠨᠳᠦ ᠨᠤᠴᠢᠲᠠᠢ ᠮᠠᠭᠤ ᠦᠢᠯᠡ ᠠᠵᠢᠯᠯᠠᠭ᠎ᠠ ᠪᠦᠬᠦᠢ | ᠰᠤᠷᠭᠠᠭᠤᠯᠢ ᠳᠤ ᠤᠷᠤᠬᠤ ᠨᠠᠰᠤᠨ ᠤ ᠪᠠᠭᠠᠴᠤᠳ ᠲᠤ ᠲᠤᠰᠬᠠᠢ ᠰᠤᠷᠭᠠᠭᠤᠯᠢ ᠪᠠᠶᠢᠭᠤᠯᠵᠦ᠂ ᠠᠯᠪᠠᠨ ᠵᠢᠷᠦᠮ ᠤᠨ | ᠰᠤᠷᠭᠠᠨ ᠬᠦᠮᠦᠵᠢᠯ ᠢ ᠬᠡᠷᠡᠭᠵᠬᠦᠯᠦᠨᠡ᠃ | ᠬᠤᠷᠢᠨ ᠨᠢᠭᠡᠳᠦᠭᠡᠷ ᠵᠦᠢᠯ ᠠᠯᠪᠠᠨ ᠵᠢᠷᠦᠮ ᠤᠨ ᠰᠤᠷᠭᠠᠨ ᠬᠦᠮᠦᠵᠢᠯ ᠲᠡᠬᠦᠰᠭᠡᠭᠰᠡᠨ ᠦᠭᠡᠢ | ᠨᠠᠰᠤᠨ ᠳᠤ ᠦᠯᠦ ᠬᠦᠷᠦᠭᠰᠡᠨ ᠶᠠᠯᠠᠳᠠᠨ ᠪᠠ ᠠᠯᠪᠠᠳᠠᠯᠭ᠎ᠠ ᠶᠢᠨ ᠴᠢᠨᠠᠷᠲᠠᠢ ᠰᠤᠷᠭᠠᠨ ᠬᠦᠮᠦᠵᠢᠬᠦᠯᠬᠦ ᠠᠷᠭ᠎ᠠ | ᠠᠪᠤᠭᠤᠯᠵᠦ ᠪᠠᠶᠢᠭ᠎ᠠ ᠨᠠᠰᠤᠨ ᠳᠤ ᠦᠯᠦ ᠬᠦᠷᠦᠭᠰᠡᠳ ᠲᠤ ᠠᠯᠪᠠᠨ ᠵᠢᠷᠦᠮ ᠤᠨ ᠰᠣᠷᠭᠠᠨ ᠬᠦᠮᠦᠵᠢᠯ ᠢ ᠬᠦᠷᠳᠡᠭᠡᠬᠦ | ᠬᠡᠷᠡᠭᠲᠠᠢ᠂ ᠬᠡᠷᠡᠭᠰᠡᠬᠦ ᠵᠠᠷᠤᠳᠠᠯ ᠢ ᠨᠢ ᠠᠷᠠᠳ ᠤᠨ ᠵᠠᠰᠠᠭ ᠤᠨ ᠤᠷᠳᠤᠨ ᠠᠴᠠ ᠪᠠᠳᠤᠯᠠᠨ᠎ᠠ᠃ | ᠬᠤᠷᠢᠨ ᠬᠤᠶᠠᠳᠤᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ | ᠵᠢᠴᠢ ᠲᠡᠬᠦᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠤᠷᠭᠠᠭᠤᠯᠢ ᠶᠢᠨ | ᠲᠡᠩᠴᠡᠬᠦᠷᠢᠲᠠᠢ ᠬᠦᠭᠵᠢᠯᠳᠡ ᠶᠢ ᠠᠬᠢᠭᠤᠯᠵᠦ᠂ ᠰᠣᠷᠭᠠᠭᠤᠯᠢ ᠨᠤᠭᠤᠳ ᠤᠨ ᠬᠤᠭᠤᠷᠤᠨᠳᠤᠬᠢ ᠰᠣᠷᠭᠠᠭᠤᠯᠢ ᠡᠷᠬᠢᠯᠡᠬᠦ | ᠨᠦᠬᠦᠴᠡᠯ ᠤᠨ ᠵᠦᠷᠢᠶ᠎ᠡ ᠶᠢ ᠪᠠᠭᠠᠰᠬᠠᠬᠤ ᠬᠡᠷᠡᠭᠲᠠᠢ᠂ ᠰᠤᠷᠭᠠᠭᠤᠯᠢ ᠶᠢ ᠭᠤᠤᠯᠳᠠᠯᠭᠠᠳᠦ ᠰᠤᠷᠭᠠᠭᠤᠯᠢ ᠪᠠ | ᠭᠤᠤᠯᠳᠠᠯᠭᠠᠳᠦ ᠪᠤᠰᠤ ᠰᠤᠷᠭᠠᠭᠤᠯᠢ ᠭᠡᠵᠦ ᠬᠤᠪᠢᠶᠠᠵᠦ ᠪᠤᠯᠬᠤ ᠦᠭᠡᠢ᠃ ᠰᠤᠷᠭᠠᠭᠤᠯᠢ ᠨᠢ ᠭᠤᠤᠯᠳᠠᠯᠭᠠᠳᠦ ᠠᠩᠬᠢ | ᠪᠠ ᠭᠤᠤᠯᠳᠠᠯᠭᠠᠳᠦ ᠪᠤᠰᠤ ᠠᠩᠬᠢ ᠭᠡᠵᠦ ᠬᠤᠪᠢᠶᠠᠵᠦ ᠪᠤᠯᠬᠤ ᠦᠭᠡᠢ᠃ | ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠰᠤᠷᠭᠠᠨ | ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠰᠢᠨᠵᠢ | ᠴᠢᠨᠠᠷ ᠢ ᠶᠠᠮᠠᠷᠪᠠ ᠨᠡᠷ᠎ᠡ ᠪᠠᠷ ᠬᠤᠪᠢᠷᠠᠭᠤᠯᠬᠤ ᠪᠤᠶᠤ ᠬᠡᠯᠪᠡᠷᠢ ᠶᠢ ᠨᠢ ᠦᠭᠡᠷᠡᠳᠦᠬᠦᠯᠦᠨ ᠬᠤᠪᠢᠷᠠᠭᠤᠯᠵᠦ ᠪᠤᠯᠬᠤ | ᠦᠭᠡᠢ᠃ | ᠬᠤᠷᠢᠨ ᠭᠤᠷᠪᠠᠳᠤᠭᠠᠷ ᠵᠦᠢᠯ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ | ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠰᠤᠷᠭᠠᠭᠤᠯᠢ ᠶᠢᠨ ᠡᠷᠬᠢᠨ ᠲᠤᠭᠤᠷᠢᠨ ᠤ ᠡᠮᠬᠢ | ᠵᠢᠷᠦᠮ ᠢ ᠬᠠᠮᠠᠭᠠᠯᠠᠵᠦ᠂ ᠰᠤᠷᠤᠭᠴᠢ᠂ ᠪᠠᠭᠰᠢ᠂ ᠰᠤᠷᠭᠠᠭᠤᠯᠢ ᠶᠢᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠦ | ᠂ ᠰᠤᠷᠭᠠᠭᠤᠯᠢ ᠳᠤ ᠠᠮᠤᠷ ᠲᠦᠪᠰᠢᠨ ᠤ ᠪᠠᠳᠤᠯᠠᠭ᠎ᠠ ᠶᠢ ᠬᠠᠩᠭᠠᠨ᠎ᠠ᠃ | ᠬᠤᠷᠢᠨ ᠲᠦᠷᠪᠡᠳᠦᠭᠡᠷ ᠵᠦᠢᠯ ᠰᠤᠷᠭᠠᠭᠤᠯᠢ ᠠᠴᠠ ᠠᠶᠤᠯᠬᠦᠢ ᠶᠢᠨ ᠲᠦᠷᠢᠮ ᠪᠠ ᠪᠠᠴᠢᠮ ᠪᠠᠶᠢᠳᠠᠯ ᠢ | ᠠᠷᠭᠠᠴᠠᠬᠤ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠵᠦ᠂ ᠰᠤᠷᠤᠭᠴᠢᠳ ᠲᠤ ᠠᠶᠤᠯᠬᠦᠢ ᠶᠢᠨ ᠲᠤᠬᠠᠢ | ᠬᠦᠮᠦᠵᠢᠯ ᠬᠢᠵᠦ᠂ ᠬᠠᠮᠢᠶᠠᠷᠤᠯᠳᠠ ᠪᠠᠨ ᠴᠢᠩᠭᠠᠳᠬᠠᠵᠦ᠂ ᠲᠠᠯᠳᠠ ᠭᠡᠮ ᠢ ᠴᠠᠭ ᠲᠤᠬᠠᠢ ᠳᠤᠨᠢ ᠠᠷᠢᠯᠭᠠᠵᠦ᠂ ᠠᠳᠡᠯ | ᠭᠠᠷᠬᠤ ᠶᠢ ᠤᠷᠢᠳᠴᠢᠯᠠᠨ ᠰᠡᠷᠭᠡᠶᠢᠯᠡᠬᠦ ᠬᠡᠷᠡᠭᠲᠠᠢ᠃ | ᠰᠢᠶᠠᠨ ᠤ ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ | ᠰᠤᠷᠭᠠᠭᠤᠯᠢ ᠶᠢᠨ ᠪᠠᠶᠢᠷᠢ ᠶᠢᠨ ᠠᠶᠤᠯᠬᠦᠢ ᠶᠢ ᠲᠤᠭᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠨ᠎ᠠ︔ ᠰᠡᠯᠪᠢᠨ ᠵᠠᠰᠠᠵᠦ | ᠂ ᠦᠭᠡᠷᠡᠴᠢᠯᠡᠬᠦ ᠴᠢᠬᠤᠯᠠᠲᠠᠢ ᠪᠠᠶᠢᠪᠠᠯ ᠴᠠᠭ ᠲᠤᠬᠠᠢ ᠳᠤᠨᠢ ᠰᠡᠯᠪᠢᠨ ᠵᠠᠰᠠᠵᠦ᠂ ᠦᠭᠡᠷᠡᠴᠢᠯᠡᠬᠦ ᠬᠡᠷᠡᠭᠲᠠᠢ᠃ | ᠰᠣᠷᠭᠠᠭᠤᠯᠢ ᠨᠢ ᠵᠤᠷᠢᠭᠤᠳᠠ ᠶᠠᠯ᠎ᠠ ᠬᠢᠵᠦ ᠬᠠᠤᠯᠢ ᠶᠤᠰᠤᠭᠠᠷ ᠤᠯᠤᠰ ᠲᠦᠷᠦ ᠶᠢᠨ ᠡᠷᠭᠡ ᠪᠠᠨ | ᠬᠠᠰᠤᠭᠤᠯᠤᠭᠰᠠᠨ ᠬᠦᠮᠦᠨ ᠪᠤᠶᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠠᠵᠢᠯ ᠢ ᠬᠢᠬᠦ ᠳᠤ ᠲᠤᠬᠢᠷᠠᠬᠤ | ᠦᠭᠡᠢ ᠪᠤᠰᠤᠳ ᠬᠦᠮᠦᠨ ᠢ ᠤᠷᠢᠨ ᠬᠡᠷᠡᠭᠯᠡᠵᠦ ᠰᠤᠷᠭᠠᠭᠤᠯᠢ ᠶᠢᠨ ᠠᠵᠢᠯᠳᠠᠨ ᠪᠤᠯᠭᠠᠵᠦ ᠪᠤᠯᠬᠤ ᠦᠭᠡᠢ᠃ | ᠬᠤᠷᠢᠨ ᠲᠠᠪᠤᠳᠤᠭᠠᠷ ᠵᠦᠢᠯ ᠰᠣᠷᠭᠠᠭᠤᠯᠢ ᠨᠢ ᠤᠯᠤᠰ ᠤᠨ ᠲᠤᠭᠳᠠᠭᠠᠯ ᠢ ᠵᠦᠷᠢᠴᠡᠵᠦ ᠰᠦᠢᠳᠭᠡᠯ | ᠬᠤᠷᠢᠶᠠᠵᠦ ᠪᠤᠯᠬᠤ ᠦᠭᠡᠢ᠂ ᠰᠤᠷᠤᠭᠴᠢᠳ ᠲᠤ ᠲᠠᠸᠡᠷ᠂ ᠦᠢᠯᠡᠴᠢᠯᠡᠭᠡ ᠶᠢ ᠪᠤᠷᠤᠯᠠᠭᠤᠯᠬᠤ ᠪᠤᠶᠤ ᠬᠡᠯᠪᠡᠷᠢ ᠶᠢ ᠨᠢ | ᠦᠭᠡᠷᠡᠳᠦᠬᠦᠯᠦᠨ ᠪᠤᠷᠤᠯᠠᠭᠤᠯᠬᠤ ᠵᠡᠷᠭᠡ ᠠᠷᠭ᠎ᠠ ᠬᠡᠯᠪᠡᠷᠢ ᠪᠠᠷ ᠠᠰᠢᠭ ᠲᠤᠰᠠ ᠤᠯᠵᠦ ᠪᠤᠯᠬᠤ ᠦᠭᠡᠢ᠃ | ᠬᠤᠷᠢᠨ ᠵᠢᠷᠭᠤᠳᠤᠭᠠᠷ ᠵᠦᠢᠯ ᠰᠣᠷᠭᠠᠭᠤᠯᠢ ᠨᠢ ᠰᠤᠷᠭᠠᠭᠤᠯᠢ ᠶᠢᠨ ᠲᠠᠷᠤᠭ᠎ᠠ ᠶᠢᠨ ᠬᠠᠷᠢᠭᠤᠴᠠᠬᠤ | ᠲᠦᠷᠢᠮ ᠢ ᠬᠡᠷᠡᠭᠵᠢᠬᠦᠯᠦᠨ᠎ᠡ᠃ ᠰᠤᠷᠭᠠᠭᠤᠯᠢ ᠶᠢᠨ ᠲᠠᠷᠤᠭ᠎ᠠ ᠨᠢ ᠤᠯᠤᠰ ᠤᠨ ᠲᠤᠭᠳᠠᠭᠠᠭᠰᠠᠨ ᠲᠤᠰᠢᠶᠠᠯ ᠡᠬᠦᠷᠭᠡᠯᠡᠬᠦ | ᠨᠦᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠠᠢ᠃ ᠰᠣᠷᠭᠠᠭᠤᠯᠢ ᠶᠢᠨ ᠲᠠᠷᠤᠭ᠎ᠠ ᠶᠢ ᠰᠢᠶᠠᠨ ᠤ ᠱᠠᠳᠣᠨ ᠤ ᠠᠷᠠᠳ ᠤᠨ | ᠵᠠᠰᠠᠭ ᠤᠨ ᠣᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠠᠤᠯᠢ ᠶᠤᠰᠤᠭᠠᠷ | ᠤᠷᠢᠨ ᠲᠤᠮᠢᠯᠠᠨ᠎ᠠ᠃ | ᠬᠤᠷᠢᠨ ᠲᠤᠯᠤᠳᠤᠭᠠᠷ ᠵᠦᠢᠯ ᠰᠣᠷᠭᠠᠭᠤᠯᠢ ᠶᠢᠨ ᠬᠠᠮᠢᠶᠠᠷᠤᠯᠳᠠ ᠶᠢᠨ ᠲᠦᠷᠢᠮ ᠢ ᠵᠦᠷᠢᠴᠡᠭᠰᠡᠨ | ᠰᠤᠷᠤᠭᠴᠢᠳ ᠢ ᠰᠤᠷᠭᠠᠭᠤᠯᠢ ᠠᠴᠠ ᠰᠢᠬᠦᠮᠵᠢᠯᠡᠨ ᠰᠤᠷᠭᠠᠬᠤ ᠬᠡᠷᠡᠭᠲᠠᠢ᠂ ᠰᠤᠷᠭᠠᠭᠤᠯᠢ ᠠᠴᠠ ᠬᠦᠭᠡᠭᠡᠵᠦ ᠪᠤᠯᠬᠤ | ᠦᠭᠡᠢ᠃ | ᠳᠦᠷᠪᠡᠳᠦᠭᠡᠷ ᠪᠦᠯᠦᠭ ᠪᠠᠭᠰᠢ | ᠬᠤᠷᠢᠨ ᠨᠠᠢᠮᠠᠳᠤᠭᠠᠷ ᠵᠦᠢᠯ ᠪᠠᠭᠰᠢ ᠬᠠᠤᠯᠢ ᠳᠤ ᠲᠤᠭᠳᠠᠭᠠᠭᠰᠠᠨ ᠡᠷᠭᠡ ᠶᠢ ᠡᠳ᠋ᠯᠡᠬᠦ ᠪᠦᠭᠡᠳ | ᠬᠠᠤᠯᠢ ᠳᠤ ᠲᠤᠭᠳᠠᠭᠠᠭᠰᠠᠨ ᠡᠬᠦᠷᠭᠡ ᠪᠠᠨ ᠬᠦᠢᠴᠡᠳᠭᠡᠵᠦ᠂ ᠬᠦᠮᠦᠨ ᠳᠤ ᠬᠡᠪ ᠲᠦᠷᠢᠮ ᠪᠤᠯᠵᠦ᠂ ᠠᠷᠠᠳ ᠤᠨ | ᠰᠤᠷᠭᠠᠨ ᠬᠦᠮᠦᠵᠢᠯ ᠤᠨ ᠦᠢᠯᠡᠰ ᠲᠤ ᠦᠨᠡᠨᠴᠢ ᠰᠢᠳᠤᠷᠭᠤ ᠪᠠᠶᠢᠬᠤ ᠬᠡᠷᠡᠭᠲᠠᠢ᠃ | ᠨᠡᠶᠢᠭᠡᠮ ᠲᠠᠶᠠᠭᠠᠷ ᠢᠶᠠᠨ ᠪᠠᠭᠰᠢ ᠶᠢ ᠬᠦᠨᠳᠦᠳᠭᠡᠬᠦ ᠬᠡᠷᠡᠭᠲᠠᠢ᠃ | ᠬᠤᠷᠢ ᠶᠢᠰᠦᠳᠦᠭᠡᠷ ᠵᠦᠢᠯ ᠪᠠᠭᠰᠢ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠲᠤᠮᠳᠠ ᠪᠠᠨ | ᠰᠤᠷᠤᠭᠴᠢᠳ ᠲᠤ ᠡᠷᠭᠡ ᠲᠡᠭᠰᠢ ᠪᠠᠷ ᠬᠠᠨᠳᠤᠵᠦ᠂ ᠰᠤᠷᠤᠭᠴᠢ ᠶᠢᠨ ᠪᠤᠳᠠᠭᠠᠯᠢ ᠪᠡᠶ᠎ᠡ ᠶᠢᠨ ᠵᠦᠷᠢᠶ᠎ᠡ ᠶᠢ ᠠᠩᠬᠠᠷᠴᠦ᠂ | ᠪᠠᠶᠢᠳᠠᠯ ᠳᠤᠨᠢ ᠲᠤᠬᠢᠷᠠᠭᠤᠯᠤᠨ ᠵᠢᠭᠠᠵᠦ᠂ ᠰᠤᠷᠤᠭᠴᠢ ᠶᠢᠨ ᠪᠦᠷᠢᠨ ᠬᠦᠢᠴᠡᠳ ᠬᠦᠭᠵᠢᠯᠳᠡ ᠶᠢ ᠠᠬᠢᠭᠤᠯᠬᠤ | ᠬᠡᠷᠡᠭᠲᠠᠢ᠃ | ᠪᠠᠭᠰᠢ ᠨᠢ ᠰᠤᠷᠤᠭᠴᠢᠳ ᠤᠨ ᠬᠦᠮᠦᠨ ᠤ ᠨᠡᠷ᠎ᠡ ᠲᠦᠷᠦ ᠶᠢ ᠬᠦᠨᠳᠦᠳᠭᠡᠬᠦ ᠬᠡᠷᠡᠭᠲᠠᠢ᠂ ᠰᠤᠷᠤᠭᠴᠢ ᠶᠢ | ᠭᠠᠳᠠᠭᠤᠷᠴᠢᠯᠠᠵᠦ ᠪᠤᠯᠬᠤ ᠦᠭᠡᠢ᠂ ᠰᠤᠷᠤᠭᠴᠢ ᠶᠢ ᠲᠠᠮᠤᠯᠠᠬᠤ᠂ ᠬᠡᠯᠪᠡᠷᠢ ᠶᠢ ᠨᠢ ᠦᠭᠡᠷᠡᠳᠦᠬᠦᠯᠦᠨ ᠲᠠᠮᠤᠯᠠᠬᠤ ᠪᠤᠶᠤ | ᠬᠦᠮᠦᠨ ᠤ ᠨᠡᠷ᠎ᠡ ᠲᠦᠷᠦ ᠶᠢ ᠭᠤᠳᠤᠭᠠᠭᠰᠠᠨ ᠪᠤᠰᠤᠳ ᠠᠵᠢᠯᠯᠠᠭ᠎ᠠ ᠶᠢ ᠬᠢᠵᠦ ᠪᠤᠯᠬᠤ ᠦᠭᠡᠢ᠂ ᠰᠤᠷᠤᠭᠴᠢᠳ ᠤᠨ | ᠬᠠᠤᠯᠢ ᠶᠤᠰᠤᠨ ᠤ ᠡᠷᠭᠡ ᠠᠰᠢᠭ ᠲᠤ ᠬᠠᠯᠳᠠᠵᠦ ᠪᠤᠯᠬᠤ ᠦᠭᠡᠢ᠃ | ᠭᠤᠴᠢᠳᠤᠭᠠᠷ ᠵᠦᠢᠯ ᠪᠠᠭᠰᠢ ᠡᠷᠭᠡᠪᠰᠢ ᠤᠯᠤᠰ ᠠᠴᠠ ᠲᠤᠭᠳᠠᠭᠠᠭᠰᠠᠨ ᠪᠠᠭᠰᠢ ᠶᠢᠨ ᠬᠢᠷᠢ ᠭᠡᠮ ᠢ | ᠤᠯᠤᠭᠰᠠᠨ ᠪᠠᠶᠢᠬᠤ ᠬᠡᠷᠡᠭᠲᠠᠢ᠃ | ᠤᠯᠤᠰ ᠠᠴᠠ ᠨᠢᠭᠡᠳᠦᠯᠲᠠᠢ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠪᠠᠭᠰᠢ ᠶᠢᠨ ᠲᠤᠰᠢᠶᠠᠯ ᠤᠨ | ᠲᠦᠷᠢᠮ ᠢ ᠪᠠᠶᠢᠭᠤᠯᠤᠨ᠎ᠠ᠃ ᠪᠠᠭᠰᠢ ᠶᠢᠨ ᠲᠤᠰᠢᠶᠠᠯ ᠢ ᠠᠩᠬ᠎ᠠ ᠵᠡᠷᠭᠡ ᠶᠢᠨ ᠲᠤᠰᠢᠶᠠᠯ᠂ ᠲᠤᠮᠳᠠ ᠵᠡᠷᠭᠡ ᠶᠢᠨ | ᠲᠤᠰᠢᠶᠠᠯ ᠪᠤᠯᠤᠨ ᠲᠡᠭᠡᠳᠦ ᠵᠡᠷᠭᠡ ᠶᠢᠨ ᠲᠤᠰᠢᠶᠠᠯ ᠭᠡᠵᠦ ᠬᠤᠪᠢᠶᠠᠨ᠎ᠠ᠃ | ᠭᠤᠴᠢᠨ ᠨᠢᠭᠡᠳᠦᠭᠡᠷ ᠵᠦᠢᠯ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠪᠠᠭᠰᠢ ᠶᠢᠨ | ᠴᠠᠯᠢᠩ ᠠᠰᠠᠷᠠᠮᠵᠢ ᠪᠤᠯᠤᠨ ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ ᠢ ᠪᠠᠳᠤᠯᠠᠵᠦ᠂ ᠪᠠᠭᠰᠢ ᠶᠢᠨ ᠠᠵᠢᠯ ᠪᠠ | ᠠᠮᠢᠳᠤᠷᠠᠯ ᠤᠨ ᠨᠦᠬᠦᠴᠡᠯ ᠢ ᠨᠢ ᠰᠠᠶᠢᠵᠢᠷᠠᠭᠤᠯᠤᠨ᠎ᠠ︔ ᠬᠦᠳᠡᠭᠡ ᠲᠤᠰᠬᠤᠨ ᠤ ᠪᠠᠭᠰᠢ ᠶᠢᠨ ᠴᠠᠯᠢᠩ ᠵᠠᠷᠤᠳᠠᠯ ᠤᠨ | ᠪᠠᠳᠤᠯᠠᠭ᠎ᠠ ᠶᠢᠨ ᠲᠤᠭᠳᠠᠴᠠ ᠶᠢ ᠲᠡᠬᠦᠯᠳᠡᠷᠵᠢᠬᠦᠯᠦᠨ᠎ᠡ᠃ | ᠪᠠᠭᠰᠢ ᠶᠢᠨ ᠲᠤᠮᠳᠠᠴᠢ ᠴᠠᠯᠢᠩ ᠤᠨ ᠬᠡᠮᠵᠢᠶ᠎ᠡ ᠶᠢ ᠲᠤᠬᠠᠢ ᠶᠢᠨ ᠭᠠᠵᠠᠷ ᠤᠨ ᠠᠯᠪᠠᠳᠠᠨ ᠤ ᠲᠤᠮᠳᠠᠴᠢ | ᠴᠠᠯᠢᠩ ᠤᠨ ᠬᠡᠮᠵᠢᠶ᠎ᠡ ᠠᠴᠠ ᠲᠤᠤᠷ᠎ᠡ ᠪᠤᠰᠤ ᠪᠠᠶᠢᠯᠭᠠᠬᠤ ᠬᠡᠷᠡᠭᠲᠠᠢ᠃ | ᠤᠨᠴᠠᠭᠠᠢ ᠰᠤᠷᠭᠠᠨ ᠬᠦᠮᠦᠵᠢᠯ ᠤᠨ ᠪᠠᠭᠰᠢ ᠳᠤ ᠤᠨᠴᠠᠭᠠᠢ ᠠᠵᠢᠯ ᠤᠨ ᠪᠠᠶᠢᠷᠢ ᠶᠢᠨ ᠲᠤᠰᠠᠯᠠᠮᠵᠢ ᠶᠢᠨ | ᠨᠦᠬᠦᠪᠤᠷᠢ ᠵᠤᠭᠤᠰ ᠤᠯᠭᠤᠨ᠎ᠠ᠃ ᠦᠨᠳᠦᠰᠦᠳᠡᠨ ᠤ ᠭᠠᠵᠠᠷ ᠤᠷᠤᠨ ᠪᠤᠶᠤ ᠵᠠᠬ᠎ᠠ ᠬᠢᠵᠠᠭᠠᠷ ᠤᠨ ᠶᠠᠳᠠᠭᠤ | ᠬᠦᠴᠢᠷᠳᠡᠯᠲᠠᠢ ᠭᠠᠵᠠᠷ ᠤᠷᠤᠨ ᠳᠤ ᠠᠵᠢᠯᠯᠠᠵᠦ ᠪᠠᠶᠢᠭ᠎ᠠ ᠪᠠᠭᠰᠢ ᠳᠤ ᠬᠠᠳᠠᠭᠤ ᠪᠡᠷᠭᠡ ᠶᠠᠳᠠᠭᠤ ᠬᠦᠴᠢᠷᠳᠡᠯᠲᠠᠢ | ᠭᠠᠵᠠᠷ ᠤᠷᠤᠨ ᠤ ᠲᠤᠰᠠᠯᠠᠮᠵᠢ ᠶᠢᠨ ᠨᠦᠬᠦᠪᠤᠷᠢ ᠵᠤᠭᠤᠰ ᠤᠯᠭᠤᠨ᠎ᠠ᠃ | ᠭᠤᠴᠢᠨ ᠬᠤᠶᠠᠳᠤᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠠᠴᠠ ᠪᠠᠭᠰᠢ ᠨᠠᠷ ᠢ ᠬᠦᠮᠦᠵᠢᠬᠦᠯᠬᠦ ᠶᠢ ᠴᠢᠩᠭᠠᠳᠬᠠᠵᠦ᠂ ᠠᠷᠭ᠎ᠠ ᠬᠡᠮᠵᠢᠶ᠎ᠡ ᠠᠪᠴᠦ ᠪᠠᠶᠢᠭᠠᠳ ᠪᠠᠭᠰᠢ ᠶᠢᠨ | ᠰᠤᠷᠭᠠᠨ ᠬᠦᠮᠦᠵᠢᠯ ᠢ ᠬᠦᠭᠵᠢᠬᠦᠯᠬᠦ ᠬᠡᠷᠡᠭᠲᠠᠢ᠃ | ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠠᠴᠠ ᠲᠤᠰ ᠵᠠᠰᠠᠭ ᠵᠠᠬᠢᠷᠭᠠᠨ ᠤ ᠤᠷᠤᠨ ᠳᠠᠬᠢ ᠰᠤᠷᠭᠠᠭᠤᠯᠢ ᠶᠢᠨ ᠪᠠᠭᠰᠢ ᠶᠢᠨ ᠬᠦᠴᠦᠨ ᠢ | ᠲᠡᠩᠴᠡᠬᠦᠷᠢᠲᠠᠢ ᠲᠤᠬᠢᠷᠠᠭᠤᠯᠵᠦ᠂ ᠰᠣᠷᠭᠠᠭᠤᠯᠢ ᠶᠢᠨ ᠲᠠᠷᠤᠭ᠎ᠠ᠂ ᠪᠠᠭᠰᠢ ᠨᠠᠷ ᠤᠨ ᠪᠤᠯᠪᠠᠰᠣᠷᠠᠭᠤᠯᠤᠯ ᠪᠠ | ᠰᠢᠯᠵᠢᠯᠳᠠ ᠶᠢ ᠵᠤᠬᠢᠶᠠᠨ ᠪᠠᠶᠢᠭᠤᠯᠵᠦ᠂ ᠪᠠᠭᠤᠷᠠᠢ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠬᠤ | ᠬᠡᠷᠡᠭᠲᠠᠢ᠃ | ᠭᠤᠴᠢᠨ ᠭᠤᠷᠪᠠᠳᠤᠭᠠᠷ ᠵᠦᠢᠯ ᠬᠤᠳᠠ ᠶᠢᠨ ᠰᠣᠷᠭᠠᠭᠤᠯᠢ ᠶᠢᠨ ᠪᠠᠭᠰᠢ ᠨᠠᠷ ᠪᠠ ᠲᠡᠭᠡᠳᠦ | ᠰᠤᠷᠭᠠᠭᠤᠯᠢ ᠲᠡᠬᠦᠰᠦᠭᠰᠡᠨ ᠰᠤᠷᠤᠭᠴᠢᠳ ᠤᠨ ᠬᠦᠳᠡᠭᠡ ᠲᠤᠰᠬᠤᠨ ᠤ ᠭᠠᠵᠠᠷ ᠤᠷᠤᠨ᠂ ᠦᠨᠳᠦᠰᠦᠳᠡᠨ ᠤ ᠭᠠᠵᠠᠷ | ᠤᠷᠤᠨ ᠳᠤ ᠤᠴᠢᠵᠦ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠠᠵᠢᠯ ᠬᠢᠬᠦ ᠶᠢ ᠲᠦᠷᠦ ᠶᠢᠨ ᠶᠠᠪᠤᠳᠠᠯ ᠤᠨ | ᠬᠤᠷᠢᠶ᠎ᠠ ᠪᠤᠯᠤᠨ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠵᠤᠷᠢᠭᠵᠢᠭᠤᠯᠤᠨ | ᠲᠡᠮᠵᠢᠨ᠎ᠡ᠃ | ᠲᠡᠭᠡᠳᠦ ᠰᠣᠷᠭᠠᠭᠤᠯᠢ ᠲᠡᠬᠦᠰᠦᠭᠰᠡᠨ ᠰᠤᠷᠤᠭᠴᠢᠳ ᠤᠨ ᠰᠠᠶᠢᠨ ᠲᠤᠷ᠎ᠡ ᠠᠴᠠ ᠪᠠᠨ ᠤᠷᠤᠯᠴᠠᠭᠴᠢ ᠶᠢᠨ | ᠬᠡᠯᠪᠡᠷᠢ ᠪᠠᠷ ᠬᠦᠳᠡᠭᠡ ᠲᠤᠰᠬᠤᠨ ᠤ ᠭᠠᠵᠠᠷ ᠤᠷᠤᠨ᠂ ᠦᠨᠳᠦᠰᠦᠳᠡᠨ ᠤ ᠭᠠᠵᠠᠷ ᠤᠷᠤᠨ ᠤ ᠪᠠᠭᠰᠢ ᠲᠤᠳᠠᠭᠳᠠᠵᠦ | ᠪᠠᠶᠢᠭ᠎ᠠ ᠰᠤᠷᠭᠠᠭᠤᠯᠢ ᠳᠤ ᠤᠴᠢᠵᠦ ᠪᠠᠭᠰᠢᠯᠠᠬᠤ ᠶᠢ ᠤᠯᠤᠰ ᠠᠴᠠ ᠵᠤᠷᠢᠭᠵᠢᠭᠤᠯᠤᠨ᠎ᠠ᠃ ᠰᠢᠶᠠᠨ ᠤ ᠱᠠᠳᠣᠨ ᠤ | ᠠᠷᠠᠳ ᠤᠨ ᠵᠠᠰᠠᠭ ᠤᠨ ᠤᠷᠳᠤᠨ ᠤ ᠰᠣᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠡᠳᠡ | ᠨᠠᠷ ᠤᠨ ᠪᠠᠭᠰᠢ ᠶᠢᠨ ᠬᠢᠷᠢ ᠭᠡᠮ ᠢ ᠬᠠᠤᠯᠢ ᠶᠤᠰᠤᠭᠠᠷ ᠮᠠᠭᠠᠳᠯᠠᠨ ᠲᠤᠭᠳᠠᠭᠠᠵᠦ᠂ ᠪᠠᠭᠰᠢᠯᠠᠭᠰᠠᠨ ᠴᠠᠭ | ᠬᠤᠭᠤᠴᠠᠭ᠎ᠠ ᠶᠢ ᠨᠢ ᠠᠵᠢᠯᠯᠠᠭᠰᠠᠨ ᠵᠢᠯ ᠳᠤ ᠪᠤᠳᠤᠵᠦ ᠤᠷᠤᠭᠤᠯᠤᠨ᠎ᠠ᠃ | ᠲᠠᠪᠤᠳᠤᠭᠠᠷ ᠪᠦᠯᠦᠭ ᠰᠣᠷᠭᠠᠨ ᠬᠦᠮᠦᠵᠢᠬᠦᠯᠬᠦ ᠪᠠ ᠵᠢᠭᠠᠨ ᠰᠣᠷᠭᠠᠬᠤ | ᠭᠤᠴᠢᠨ ᠳᠦᠷᠪᠡᠳᠦᠭᠡᠷ ᠵᠦᠢᠯ ᠰᠣᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠵᠢᠯ ᠢ ᠰᠤᠷᠭᠠᠨ | ᠬᠦᠮᠦᠵᠢᠯ ᠤᠨ ᠵᠢᠮ᠎ᠡ ᠶᠤᠰᠤ ᠪᠤᠯᠤᠨ ᠰᠤᠷᠤᠭᠴᠢᠳ ᠤᠨ ᠪᠡᠶ᠎ᠡ ᠰᠡᠳᠬᠢᠯ ᠤᠨ ᠪᠣᠶᠢᠵᠢᠯᠲᠠ ᠬᠦᠭᠵᠢᠯᠳᠡ ᠶᠢᠨ | ᠤᠨᠴᠠᠯᠢᠭ ᠲᠠᠢ ᠨᠡᠶᠢᠴᠡᠬᠦᠯᠵᠦ᠂ ᠪᠦᠬᠦ ᠰᠤᠷᠤᠭᠴᠢᠳ ᠲᠤ ᠴᠢᠭᠯᠡᠬᠦᠯᠵᠦ᠂ ᠪᠢᠴᠢᠭ ᠵᠢᠭᠠᠵᠦ ᠬᠦᠮᠦᠨ ᠢ | ᠬᠦᠮᠦᠵᠢᠬᠦᠯᠵᠦ᠂ ᠶᠤᠰᠤ ᠮᠤᠷᠠᠯ ᠤᠨ ᠬᠦᠮᠦᠵᠢᠯ᠂ ᠤᠶᠤᠨ ᠤᠬᠠᠭᠠᠨ ᠤ ᠬᠦᠮᠦᠵᠢᠯ᠂ ᠪᠡᠶ᠎ᠡ ᠶᠢᠨ ᠲᠠᠮᠢᠷ᠂ ᠭᠤᠸ᠎ᠠ | ᠰᠠᠶᠢᠬᠠᠨ ᠤ ᠬᠦᠮᠦᠵᠢᠯ ᠵᠡᠷᠭᠡ ᠶᠢ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠵᠢᠯᠯᠠᠭ᠎ᠠ ᠶᠢᠨ ᠲᠤᠮᠳᠠ | ᠤᠷᠭᠠᠨᠢᠭ ᠢᠶᠠᠷ ᠨᠢᠭᠡᠳᠭᠡᠵᠦ᠂ ᠰᠤᠷᠤᠭᠴᠢᠳ ᠤᠨ ᠪᠡᠶ᠎ᠡ ᠪᠠᠨ ᠲᠠᠭᠠᠭᠠᠵᠦ ᠰᠡᠳᠬᠢᠬᠦ ᠴᠢᠳᠠᠪᠤᠷᠢ᠂ ᠰᠢᠨ᠎ᠡ ᠶᠢ ᠡᠬᠦᠳᠬᠦ | ᠴᠢᠳᠠᠪᠤᠷᠢ ᠪᠠ ᠦᠢᠯᠡᠳᠦᠯᠭᠡ ᠬᠢᠬᠦ ᠴᠢᠳᠠᠪᠤᠷᠢ ᠶᠢ ᠴᠢᠬᠤᠯᠠᠴᠢᠯᠠᠨ ᠬᠦᠮᠦᠵᠢᠬᠦᠯᠵᠦ᠂ ᠰᠤᠷᠤᠭᠴᠢᠳ ᠤᠨ ᠪᠦᠬᠦ | ᠲᠠᠯ᠎ᠠ ᠶᠢᠨ ᠬᠦᠭᠵᠢᠯᠳᠡ ᠶᠢ ᠠᠬᠢᠭᠤᠯᠬᠤ ᠬᠡᠷᠡᠭᠲᠠᠢ᠃ | ᠭᠤᠴᠢᠨ ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠦᠮᠦᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠣᠷᠭᠠᠭᠤᠯᠢ ᠳᠤ ᠤᠷᠤᠬᠤ ᠨᠠᠰᠤᠨ ᠤ ᠭᠡᠣᠭᠡᠳ᠂ ᠪᠠᠭᠠᠴᠤᠳ ᠤᠨ | ᠪᠡᠶ᠎ᠡ ᠰᠡᠳᠬᠢᠯ ᠤᠨ ᠪᠤᠶᠢᠵᠢᠯᠳᠠ ᠬᠦᠭᠵᠢᠯᠳᠡ ᠶᠢᠨ ᠪᠠᠶᠢᠳᠠᠯ ᠪᠠ ᠪᠤᠳᠠᠲᠠᠢ ᠪᠠᠶᠢᠳᠠᠯ ᠢ ᠦᠨᠳᠦᠰᠦᠯᠡᠵᠦ᠂ ᠵᠢᠭᠠᠨ | ᠰᠣᠷᠭᠠᠬᠤ ᠲᠦᠷᠢᠮ᠂ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠭᠤᠯᠭ᠎ᠠ ᠪᠤᠯᠤᠨ ᠬᠢᠴᠢᠶᠡᠯ ᠤᠨ | ᠪᠠᠶᠢᠷᠢᠯᠠᠭᠤᠯᠤᠯᠳᠠ ᠶᠢ ᠲᠤᠭᠳᠠᠭᠠᠵᠦ᠂ ᠰᠢᠯᠭᠠᠯᠳᠠ ᠶᠢᠨ ᠲᠦᠷᠢᠮ ᠢ ᠦᠭᠡᠷᠡᠴᠢᠯᠡᠬᠦ ᠶᠢᠨ ᠬᠠᠮᠳᠦ ᠦᠨᠳᠦᠷ ᠵᠡᠷᠭᠡ ᠶᠢᠨ | ᠲᠤᠮᠳᠠᠳᠦ ᠰᠤᠷᠭᠠᠭᠤᠯᠢ ᠶᠢᠨ ᠰᠤᠷᠤᠭᠴᠢ ᠡᠯᠰᠡᠬᠦ ᠠᠷᠭ᠎ᠠ ᠶᠢ ᠰᠠᠶᠢᠵᠢᠷᠠᠭᠤᠯᠵᠦ᠂ ᠭᠡᠪ ᠴᠢᠨᠠᠷ ᠤᠨ ᠰᠤᠷᠭᠠᠨ | ᠬᠦᠮᠦᠵᠢᠯ ᠢ ᠬᠡᠷᠡᠭᠵᠢᠬᠦᠯᠬᠦ ᠶᠢ ᠲᠦᠯᠬᠢᠨ ᠠᠬᠢᠭᠤᠯᠤᠨ᠎ᠠ᠃ | ᠰᠣᠷᠭᠠᠭᠤᠯᠢ ᠪᠤᠯᠤᠨ ᠪᠠᠭᠰᠢ ᠨᠠᠷ ᠲᠤᠭᠳᠠᠭᠠᠭᠰᠠᠨ ᠰᠣᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ | ᠠᠭᠤᠯᠭ᠎ᠠ ᠪᠤᠯᠤᠨ ᠬᠢᠴᠢᠶᠡᠯ ᠤᠨ ᠪᠠᠶᠢᠷᠢᠯᠠᠭᠤᠯᠤᠯᠳᠠ ᠶᠤᠰᠤᠭᠠᠷ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ | ᠠᠵᠢᠯ ᠢᠶᠠᠨ ᠦᠷᠨᠢᠬᠦᠯᠵᠦ᠂ ᠤᠯᠤᠰ ᠤᠨ ᠲᠤᠭᠳᠠᠭᠠᠭᠰᠠᠨ ᠦᠨᠳᠦᠰᠦᠨ ᠶᠠᠰᠤ ᠴᠢᠨᠠᠷ ᠤᠨ ᠱᠠᠭᠠᠷᠳᠠᠯᠭ᠎ᠠ ᠳᠤ | ᠬᠦᠷᠭᠡᠬᠦ ᠶᠢ ᠪᠠᠳᠤᠯᠠᠨ᠎ᠠ᠃ | ᠰᠣᠷᠭᠠᠭᠤᠯᠢ ᠪᠤᠯᠤᠨ ᠪᠠᠭᠰᠢ ᠨᠠᠷ ᠤᠨ ᠰᠡᠩᠭᠡᠷᠡᠬᠦᠯᠬᠦ ᠮᠠᠶ᠋ᠢᠭ ᠤᠨ ᠰᠤᠷᠭᠠᠨ ᠬᠦᠮᠦᠵᠢᠯ ᠵᠡᠷᠭᠡ ᠰᠤᠷᠭᠠᠨ | ᠬᠦᠮᠦᠵᠢᠬᠦᠯᠬᠦ ᠪᠠ ᠵᠢᠭᠠᠨ ᠰᠤᠷᠭᠠᠬᠤ ᠠᠷᠭ᠎ᠠ ᠪᠠᠷ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠶᠠᠰᠤ | ᠴᠢᠨᠠᠷ ᠢᠶᠠᠨ ᠲᠡᠭᠡᠭᠰᠢᠯᠡᠬᠦᠯᠬᠦ ᠶᠢ ᠤᠯᠤᠰ ᠠᠴᠠ ᠵᠤᠷᠢᠭᠵᠢᠭᠤᠯᠤᠨ᠎ᠠ᠃ | ᠭᠤᠴᠢᠨ ᠵᠢᠷᠭᠤᠳᠤᠭᠠᠷ ᠵᠦᠢᠯ ᠰᠤᠷᠭᠠᠭᠤᠯᠢ ᠠᠴᠠ ᠶᠤᠰᠤ ᠮᠤᠷᠠᠯ ᠤᠨ ᠬᠦᠮᠦᠵᠢᠯ ᠢ ᠲᠡᠷᠢᠬᠦᠨ | ᠪᠠᠶᠢᠷᠢᠨ ᠳᠤ ᠲᠠᠯᠪᠢᠵᠦ᠂ ᠶᠤᠰᠤ ᠮᠤᠷᠠᠯ ᠤᠨ ᠬᠦᠮᠦᠵᠢᠯ ᠢ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ | ᠠᠵᠢᠯ ᠳᠤ ᠠᠭᠤᠯᠵᠦ᠂ ᠰᠤᠷᠤᠭᠴᠢᠳ ᠤᠨ ᠨᠠᠰᠤ ᠵᠢᠯ ᠲᠠᠢ ᠲᠤᠬᠢᠷᠠᠭᠰᠠᠨ ᠨᠡᠶᠢᠭᠡᠮ ᠤᠨ ᠦᠢᠯᠡᠳᠦᠯᠭᠡ ᠶᠢᠨ | ᠠᠵᠢᠯᠯᠠᠭ᠎ᠠ ᠶᠢ ᠦᠷᠨᠢᠬᠦᠯᠵᠦ᠂ ᠰᠤᠷᠭᠠᠭᠤᠯᠢ᠂ ᠭᠡᠷ ᠪᠦᠯᠢ᠂ ᠨᠡᠶᠢᠭᠡᠮ ᠢᠶᠠᠷ ᠢᠶᠠᠨ ᠬᠠᠷᠢᠯᠴᠠᠨ ᠬᠠᠮᠵᠢᠯᠴᠠᠭᠰᠠᠨ | ᠦᠵᠡᠯ ᠰᠠᠨᠠᠭ᠎ᠠ ᠶᠤᠰᠤ ᠮᠤᠷᠠᠯ ᠤᠨ ᠰᠣᠷᠭᠠᠨ ᠬᠦᠮᠦᠵᠢᠯ ᠤᠨ ᠰᠢᠰᠲ᠋ᠧᠮ ᠢ ᠪᠦᠷᠢᠯᠳᠦᠬᠦᠯᠵᠦ᠂ ᠰᠤᠷᠤᠭᠴᠢᠳ ᠤᠨ | ᠰᠠᠶᠢᠨ ᠰᠠᠶᠢᠬᠠᠨ ᠦᠵᠡᠯ ᠰᠠᠨᠠᠭ᠎ᠠ ᠶᠤᠰᠤ ᠮᠤᠷᠠᠯ ᠪᠠ ᠦᠢᠯᠡ ᠠᠵᠢᠯᠯᠠᠭ᠎ᠠ ᠶᠢᠨ ᠵᠠᠩ ᠲᠠᠳᠬᠠᠯ ᠲᠠᠢ ᠪᠤᠯᠬᠤ ᠶᠢ | ᠠᠬᠢᠭᠤᠯᠬᠤ ᠬᠡᠷᠡᠭᠲᠠᠢ᠃ | ᠭᠤᠴᠢᠨ ᠲᠤᠯᠤᠳᠤᠭᠠᠷ ᠵᠦᠢᠯ ᠰᠣᠷᠭᠠᠭᠤᠯᠢ ᠠᠴᠠ ᠰᠤᠷᠤᠭᠴᠢᠳ ᠤᠨ ᠬᠢᠴᠢᠶᠠᠯ ᠤᠨ ᠭᠠᠳᠠᠭᠤᠷᠬᠢ | ᠬᠦᠳᠡᠯᠭᠡᠭᠡᠨ ᠤ ᠴᠠᠭ ᠢ ᠪᠠᠳᠤᠯᠠᠵᠦ᠂ ᠰᠤᠶᠤᠯ ᠴᠠᠩᠭᠡᠯ ᠵᠡᠷᠭᠡ ᠬᠢᠴᠢᠶᠠᠯ ᠤᠨ ᠭᠠᠳᠠᠭᠤᠷᠬᠢ ᠬᠦᠳᠡᠯᠭᠡᠭᠡᠨ ᠢ ᠵᠤᠬᠢᠶᠠᠨ | ᠪᠠᠶᠢᠭᠤᠯᠤᠨ ᠦᠷᠨᠢᠬᠦᠯᠬᠦ ᠬᠡᠷᠡᠭᠲᠠᠢ᠃ ᠨᠡᠶᠢᠭᠡᠮ ᠤᠨ ᠤᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ | ᠲᠦᠬᠦᠭᠡᠷᠦᠮᠵᠢ ᠨᠢ ᠰᠤᠷᠭᠠᠭᠤᠯᠢ ᠶᠢᠨ ᠬᠢᠴᠢᠶᠠᠯ ᠤᠨ ᠭᠠᠳᠠᠭᠤᠷᠬᠢ ᠬᠦᠳᠡᠯᠭᠡᠭᠡᠨ ᠢ ᠦᠷᠨᠢᠬᠦᠯᠬᠦ ᠳᠤ ᠲᠦᠬᠦᠮ | ᠦᠵᠡᠬᠦᠯᠬᠦ ᠬᠡᠷᠡᠭᠲᠠᠢ᠃ | ᠭᠤᠴᠢᠨ ᠨᠠᠢᠮᠠᠳᠤᠭᠠᠷ ᠵᠦᠢᠯ ᠰᠣᠷᠬᠤ ᠪᠢᠴᠢᠭ ᠢ ᠤᠯᠤᠰ ᠤᠨ ᠰᠤᠷᠭᠠᠨ ᠬᠦᠮᠦᠵᠢᠯ ᠤᠨ ᠴᠢᠭᠯᠡᠯᠳᠡ ᠪᠠ | ᠬᠢᠴᠢᠶᠡᠯ ᠤᠨ ᠪᠠᠷᠢᠮᠵᠢᠶ᠎ᠡ ᠶᠢ ᠦᠨᠳᠦᠰᠦᠯᠡᠵᠦ ᠨᠠᠶᠢᠷᠠᠭᠤᠯᠤᠨ ᠪᠢᠴᠢᠵᠦ᠂ ᠠᠭᠤᠯᠭ᠎ᠠ ᠶᠢ ᠨᠢ ᠠᠯᠢ ᠪᠤᠯᠬᠤ ᠪᠠᠷ | ᠨᠠᠷᠢᠯᠢᠭ ᠠᠪᠰᠠᠷᠬᠠᠨ ᠪᠠᠶᠢᠯᠭᠠᠵᠦ᠂ ᠵᠠᠪᠠᠯ ᠱᠠᠭᠠᠷᠳᠠᠭᠳᠠᠬᠤ ᠰᠠᠭᠤᠷᠢ ᠮᠡᠳᠡᠯᠭᠡ᠂ ᠦᠨᠳᠦᠰᠦᠨ ᠤᠷ᠎ᠡ ᠴᠢᠳᠠᠪᠤᠷᠢ ᠶᠢ | ᠰᠢᠯᠢᠨ ᠰᠤᠩᠭᠤᠵᠦ᠂ ᠬᠢᠮᠳᠠᠬᠠᠨ ᠪᠦᠭᠡᠳ ᠪᠤᠳᠠᠳᠦ ᠬᠡᠷᠡᠭᠴᠡᠭᠡ ᠲᠠᠢ ᠪᠠᠶᠢᠯᠭᠠᠵᠦ᠂ ᠶᠠᠰᠤ ᠴᠢᠨᠠᠷ ᠢ ᠪᠠᠳᠤᠯᠠᠨ᠎ᠠ᠃ | ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠪᠤᠯᠤᠨ ᠬᠢᠴᠢᠶᠠᠯ ᠤᠨ ᠪᠢᠴᠢᠭ ᠢ ᠬᠢᠨᠠᠨ ᠪᠠᠶᠢᠴᠠᠭᠠᠬᠤ ᠬᠦᠮᠦᠰ | ᠬᠢᠴᠢᠶᠠᠯ ᠤᠨ ᠪᠢᠴᠢᠭ ᠢ ᠨᠠᠶᠢᠷᠠᠭᠤᠯᠤᠨ ᠪᠢᠴᠢᠬᠦ ᠠᠵᠢᠯ ᠳᠤ ᠤᠷᠤᠯᠴᠠᠬᠤ ᠪᠤᠶᠤ ᠬᠡᠯᠪᠡᠷᠢ ᠶᠢ ᠨᠢ ᠦᠭᠡᠷᠡᠳᠦᠬᠦᠯᠦᠨ | ᠤᠷᠤᠯᠴᠠᠵᠦ ᠪᠤᠯᠬᠤ ᠦᠭᠡᠢ᠃ | ᠭᠤᠴᠢ ᠶᠢᠰᠦᠳᠦᠭᠡᠷ ᠵᠦᠢᠯ ᠤᠯᠤᠰ ᠠᠴᠠ ᠬᠢᠴᠢᠶᠠᠯ ᠤᠨ ᠪᠢᠴᠢᠭ ᠢ ᠬᠢᠨᠠᠨ ᠲᠤᠭᠳᠠᠭᠠᠬᠤ ᠲᠦᠷᠢᠮ ᠢ | ᠬᠡᠷᠡᠭᠵᠢᠬᠦᠯᠦᠨ᠎ᠡ᠃ ᠬᠢᠴᠢᠶᠠᠯ ᠤᠨ ᠪᠢᠴᠢᠭ ᠢ ᠬᠢᠨᠠᠨ ᠲᠤᠭᠳᠠᠭᠠᠬᠤ ᠠᠷᠭ᠎ᠠ ᠶᠢ ᠲᠦᠷᠦ ᠶᠢᠨ ᠶᠠᠪᠤᠳᠠᠯ ᠤᠨ | ᠬᠤᠷᠢᠶᠠᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠭᠳᠠᠭᠠᠨ᠎ᠠ᠃ | ᠬᠢᠨᠠᠨ ᠲᠤᠭᠳᠠᠭᠠᠭᠰᠠᠨ ᠦᠭᠡᠢ ᠬᠢᠴᠢᠶᠠᠯ ᠤᠨ ᠪᠢᠴᠢᠭ ᠢ ᠬᠡᠪᠯᠡᠬᠦ ᠪᠤᠶᠤ ᠰᠤᠩᠭᠤᠨ ᠬᠡᠷᠡᠭᠯᠡᠵᠦ ᠪᠤᠯᠬᠤ | ᠦᠭᠡᠢ᠃ | ᠳᠦᠴᠢᠳᠦᠭᠡᠷ ᠵᠦᠢᠯ ᠬᠢᠴᠢᠶᠠᠯ ᠤᠨ ᠪᠢᠴᠢᠭ ᠲᠤ ᠲᠦᠷᠦ ᠶᠢᠨ ᠶᠠᠪᠤᠳᠠᠯ ᠤᠨ ᠬᠤᠷᠢᠶᠠᠨ ᠤ ᠦᠨ᠎ᠡ | ᠬᠠᠩᠰᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠡᠪᠯᠡᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ | ᠬᠠᠮᠳᠤᠷᠠᠨ ᠵᠢᠭᠠᠬᠠᠨ ᠠᠰᠢᠭ ᠬᠤᠨᠵᠢᠪᠤᠷᠢ ᠲᠠᠢ ᠪᠠᠶᠢᠯᠭᠠᠬᠤ ᠵᠠᠷᠴᠢᠮ ᠢᠶᠠᠷ ᠰᠠᠭᠤᠷᠢ ᠪᠠᠷᠢᠮᠵᠢᠶᠠᠳᠦ ᠦᠨ᠎ᠡ | ᠲᠤᠭᠳᠠᠭᠠᠨ᠎ᠠ᠃ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ | ᠤᠷᠳᠤᠨ ᠤ ᠦᠨ᠎ᠡ ᠬᠠᠩᠰᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠡᠪᠯᠡᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠲᠠᠢ ᠬᠠᠮᠳᠤᠷᠠᠨ ᠰᠠᠭᠤᠷᠢ ᠪᠠᠷᠢᠮᠵᠢᠶᠠᠳᠦ ᠦᠨ᠎ᠡ ᠶᠢ ᠦᠨᠳᠦᠰᠦᠯᠡᠵᠦ ᠵᠢᠵᠢᠭᠯᠡᠨ ᠬᠤᠳᠠᠯᠳᠤᠬᠤ | ᠦᠨ᠎ᠡ ᠶᠢ ᠲᠤᠭᠳᠠᠭᠠᠨ᠎ᠠ᠃ | ᠲᠦᠴᠢᠨ ᠨᠢᠭᠡᠳᠦᠭᠡᠷ ᠵᠦᠢᠯ ᠬᠢᠴᠢᠶᠠᠯ ᠤᠨ ᠪᠢᠴᠢᠭ ᠢ ᠡᠬᠡᠯᠵᠢᠯᠡᠨ ᠬᠡᠷᠡᠭᠯᠡᠬᠦ ᠶᠢ ᠤᠯᠤᠰ ᠠᠴᠠ | ᠵᠤᠷᠢᠭᠵᠢᠭᠤᠯᠤᠨ᠎ᠠ᠃ | ᠵᠢᠷᠭᠤᠳᠤᠭᠠᠷ ᠪᠦᠯᠦᠭ ᠵᠠᠷᠤᠳᠠᠯ ᠤᠨ ᠪᠠᠳᠤᠯᠠᠭ᠎ᠠ | ᠲᠦᠴᠢᠨ ᠬᠤᠶᠠᠳᠤᠭᠠᠷ ᠵᠦᠢᠯ ᠤᠯᠤᠰ ᠠᠴᠠ ᠠᠯᠪᠠᠨ ᠵᠢᠷᠦᠮ ᠤᠨ ᠰᠤᠷᠭᠠᠨ ᠬᠦᠮᠦᠵᠢᠯ ᠢ ᠡᠳ᠋ ᠤᠨ | ᠵᠠᠰᠠᠭ ᠤᠨ ᠪᠠᠳᠤᠯᠠᠬᠤ ᠬᠡᠪᠴᠢᠶᠠᠨ ᠳᠤ ᠪᠦᠬᠦ ᠲᠠᠯ᠎ᠠ ᠪᠠᠷ ᠤᠷᠤᠭᠤᠯᠤᠨ᠎ᠠ᠂ ᠠᠯᠪᠠᠨ ᠵᠢᠷᠦᠮ ᠤᠨ ᠰᠣᠷᠭᠠᠨ | ᠬᠦᠮᠦᠵᠢᠯ ᠤᠨ ᠵᠠᠷᠤᠳᠠᠯ ᠢ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠤᠷᠤᠨ ᠨᠤᠳᠤᠭ ᠤᠨ ᠡᠯ᠎ᠡ ᠱᠠᠳᠣᠨ ᠤ | ᠠᠷᠠᠳ ᠤᠨ ᠵᠠᠰᠠᠭ ᠤᠨ ᠤᠷᠳᠤᠨ ᠠᠴᠠ ᠲᠤᠰ ᠬᠠᠤᠯᠢ ᠶᠢᠨ ᠲᠤᠭᠳᠠᠭᠠᠯ ᠶᠤᠰᠤᠭᠠᠷ ᠪᠠᠳᠤᠯᠠᠨ᠎ᠠ᠃ | ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ | ᠵᠠᠰᠠᠭ ᠤᠨ ᠤᠷᠳᠤᠨ ᠠᠴᠠ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠡᠳ᠋ ᠤᠨ ᠵᠠᠰᠠᠭ ᠤᠨ | ᠲᠦᠰᠦᠪ ᠲᠡᠭᠡᠨ ᠤᠷᠤᠭᠤᠯᠵᠦ᠂ ᠪᠠᠭᠰᠢ ᠠᠵᠢᠯᠳᠠᠳ ᠤᠨ ᠤᠷᠤᠨ ᠲᠤᠭᠠᠨ ᠤ ᠪᠡᠷᠢᠮᠵᠢᠶ᠎ᠡ᠂ ᠴᠠᠯᠢᠩ ᠤᠨ ᠪᠠᠷᠢᠮᠵᠢᠶ᠎ᠡ | ᠪᠤᠯᠤᠨ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠶᠢᠨ ᠪᠠᠷᠢᠮᠵᠢᠶ᠎ᠡ᠂ ᠰᠤᠷᠤᠭᠴᠢᠳ ᠤᠨ ᠲᠡᠭᠰᠢᠳᠭᠡᠭᠰᠡᠨ | ᠨᠡᠶᠢᠳᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠡ ᠵᠡᠷᠭᠡ ᠶᠢ ᠦᠨᠳᠦᠰᠦᠯᠡᠵᠦ᠂ ᠠᠯᠪᠠᠨ ᠵᠢᠷᠦᠮ ᠤᠨ ᠰᠤᠷᠭᠠᠨ | ᠬᠦᠮᠦᠵᠢᠯ ᠤᠨ ᠵᠠᠷᠤᠳᠠᠯ ᠢ ᠴᠠᠭ ᠲᠤᠬᠠᠢ ᠳᠤᠨᠢ ᠲᠤᠭ᠎ᠠ ᠶᠤᠰᠤᠭᠠᠷ ᠰᠢᠯᠵᠢᠬᠦᠯᠦᠨ ᠦᠭᠴᠦ᠂ ᠰᠤᠷᠭᠠᠭᠤᠯᠢ ᠶᠢᠨ | ᠭᠡᠪ ᠤᠨ ᠠᠵᠢᠯᠯᠠᠭ᠎ᠠ ᠪᠠ ᠰᠤᠷᠭᠠᠭᠤᠯᠢ ᠶᠢᠨ ᠪᠠᠶᠢᠷᠢ ᠶᠢᠨ ᠠᠶᠤᠯᠬᠦᠢ ᠪᠠᠶᠢᠬᠤ ᠶᠢ ᠪᠠᠳᠤᠯᠠᠵᠦ᠂ ᠪᠠᠭᠰᠢ | ᠠᠵᠢᠯᠳᠠᠳ ᠤᠨ ᠴᠠᠯᠢᠩ ᠢ ᠲᠤᠭᠳᠠᠭᠠᠯ ᠶᠤᠰᠤᠭᠠᠷ ᠦᠭᠬᠦ ᠶᠢ ᠦᠨᠡᠨ ᠬᠦ ᠪᠠᠳᠤᠯᠠᠨ᠎ᠠ᠃ | ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ | ᠵᠠᠰᠠᠭ ᠤᠨ ᠤᠷᠳᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠡᠷᠡᠭᠵᠢᠬᠦᠯᠬᠦ ᠶᠢ ᠬᠡᠷᠡᠭᠰᠡᠬᠦ ᠡᠳ᠋ ᠤᠨ | ᠵᠠᠰᠠᠭ ᠠᠴᠠ ᠰᠢᠯᠵᠢᠬᠦᠯᠦᠨ ᠦᠭᠬᠦ ᠵᠤᠭᠤᠰ ᠤᠨ ᠨᠡᠮᠡᠭᠳᠡᠯ ᠤᠨ ᠬᠠᠷᠢᠴᠠᠯ ᠢ ᠡᠳ᠋ ᠤᠨ ᠵᠠᠰᠠᠭ ᠤᠨ ᠪᠠᠶᠢᠩᠭᠤ ᠶᠢᠨ | ᠴᠢᠨᠠᠷᠲᠠᠢ ᠤᠷᠤᠯᠭ᠎ᠠ ᠶᠢᠨ ᠨᠡᠮᠡᠭᠳᠡᠯ ᠤᠨ ᠬᠠᠷᠢᠴᠠᠯ ᠠᠴᠠ ᠦᠨᠳᠦᠷ ᠪᠠᠶᠢᠯᠭᠠᠵᠦ᠂ ᠰᠤᠷᠭᠠᠭᠤᠯᠢ ᠳᠤ ᠪᠠᠶᠢᠭ᠎ᠠ | ᠰᠤᠷᠤᠭᠴᠢᠳ ᠤᠨ ᠲᠤᠭ᠎ᠠ ᠪᠠᠷ ᠲᠡᠭᠰᠢᠳᠭᠡᠭᠰᠡᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠠᠯᠬᠤᠮ | ᠠᠯᠬᠤᠮ ᠢᠶᠠᠷ ᠨᠡᠮᠡᠭᠳᠡᠬᠦᠯᠬᠦ ᠶᠢ ᠪᠠᠳᠤᠯᠠᠵᠦ᠂ ᠪᠠᠭᠰᠢ ᠠᠵᠢᠯᠳᠠᠳ ᠤᠨ ᠴᠠᠯᠢᠩ ᠪᠠ ᠰᠤᠷᠤᠭᠴᠢᠳ ᠲᠤ | ᠲᠡᠭᠰᠢᠳᠭᠡᠭᠰᠡᠨ ᠨᠡᠶᠢᠳᠡ ᠶᠢᠨ ᠬᠡᠷᠡᠭᠯᠡᠭᠡᠨ ᠤ ᠵᠠᠷᠤᠳᠠᠯ ᠢ ᠠᠯᠬᠤᠮ ᠠᠯᠬᠤᠮ ᠢᠶᠠᠷ ᠨᠡᠮᠡᠭᠳᠡᠬᠦᠯᠬᠦ ᠶᠢ ᠪᠠᠳᠤᠯᠠᠬᠤ | ᠬᠡᠷᠡᠭᠲᠠᠢ᠃ | ᠲᠦᠴᠢᠨ ᠭᠤᠷᠪᠠᠳᠤᠭᠠᠷ ᠵᠦᠢᠯ ᠰᠤᠷᠭᠠᠭᠤᠯᠢ ᠶᠢᠨ ᠰᠤᠷᠤᠭᠴᠢᠳ ᠲᠤ ᠲᠡᠭᠰᠢᠳᠭᠡᠭᠰᠡᠨ ᠨᠡᠶᠢᠳᠡ ᠶᠢᠨ | ᠬᠡᠷᠡᠭᠯᠡᠭᠡᠨ ᠤ ᠵᠠᠷᠤᠳᠠᠯ ᠤᠨ ᠦᠨᠳᠦᠰᠦᠨ ᠪᠠᠷᠢᠮᠵᠢᠶ᠎ᠡ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ | ᠵᠠᠰᠠᠭ ᠤᠨ ᠰᠠᠯᠠᠭ᠎ᠠ ᠮᠦᠴᠢᠷ ᠠᠴᠠ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ | ᠬᠠᠮᠳᠤᠷᠠᠨ ᠲᠤᠭᠳᠠᠭᠠᠬᠤ ᠪᠦᠭᠡᠳ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ ᠪᠠᠶᠢᠳᠠᠯ ᠢ ᠦᠨᠳᠦᠰᠦᠯᠡᠵᠦ | ᠴᠠᠭ ᠲᠤᠬᠠᠢ ᠳᠤᠨᠢ ᠲᠡᠬᠦᠨ ᠳᠤ ᠲᠤᠬᠢᠷᠠᠭᠤᠯᠤᠯᠳᠠ ᠬᠢᠨ᠎ᠡ᠃ ᠰᠤᠷᠤᠭᠴᠢᠳ ᠲᠤ ᠲᠡᠭᠰᠢᠳᠭᠡᠭᠰᠡᠨ ᠨᠡᠶᠢᠳᠡ ᠶᠢᠨ | ᠬᠡᠷᠡᠭᠯᠡᠭᠡᠨ ᠤ ᠵᠠᠷᠤᠳᠠᠯ ᠤᠨ ᠦᠨᠳᠦᠰᠦᠨ ᠪᠠᠷᠢᠮᠵᠢᠶ᠎ᠡ ᠶᠢ ᠲᠤᠭᠳᠠᠭᠠᠨ ᠲᠤᠬᠢᠷᠠᠭᠤᠯᠬᠤ ᠳᠠᠭᠠᠨ ᠰᠤᠷᠭᠠᠨ | ᠬᠦᠮᠦᠵᠢᠬᠦᠯᠬᠦ ᠪᠠ ᠵᠢᠭᠠᠨ ᠰᠤᠷᠭᠠᠬᠤ ᠦᠨᠳᠦᠰᠦᠨ ᠬᠡᠷᠡᠭᠴᠡᠭᠡ ᠶᠢ ᠬᠠᠩᠭᠠᠬᠤ ᠬᠡᠷᠡᠭᠲᠠᠢ᠃ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ | ᠤᠷᠳᠤᠨ ᠠᠴᠠ ᠲᠤᠰ ᠵᠠᠰᠠᠭ ᠵᠠᠬᠢᠷᠭᠠᠨ ᠤ ᠤᠷᠤᠨ ᠳᠠᠬᠢ ᠪᠤᠳᠠᠳᠦ ᠪᠠᠶᠢᠳᠠᠯ ᠢᠶᠠᠨ ᠦᠨᠳᠦᠰᠦᠯᠡᠵᠦ᠂ ᠤᠯᠤᠰ ᠤᠨ | ᠪᠠᠷᠢᠮᠵᠢᠶ᠎ᠡ ᠠᠴᠠ ᠲᠤᠤᠷ᠎ᠡ ᠦᠭᠡᠢ ᠪᠠᠶᠢᠬᠤ ᠰᠤᠷᠭᠠᠭᠤᠯᠢ ᠶᠢᠨ ᠰᠤᠷᠤᠭᠴᠢᠳ ᠲᠤ ᠲᠡᠭᠰᠢᠳᠭᠡᠭᠰᠡᠨ ᠨᠠᠶᠢᠳᠡ ᠶᠢᠨ | ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠡ ᠶᠢ ᠲᠤᠭᠳᠠᠭᠠᠵᠦ ᠪᠤᠯᠤᠨ᠎ᠠ᠃ | ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ︵ᠠᠩᠬᠢ︶ ᠶᠢᠨ ᠰᠤᠷᠤᠭᠴᠢᠳ ᠲᠤ ᠲᠡᠭᠰᠢᠳᠭᠡᠭᠰᠡᠨ | ᠨᠡᠶᠢᠳᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠡ ᠶᠢ ᠡᠩ ᠤᠨ ᠰᠤᠷᠭᠠᠭᠤᠯᠢ ᠶᠢᠨ ᠰᠤᠷᠤᠭᠴᠢᠳ ᠲᠤ | ᠲᠡᠭᠰᠢᠳᠭᠡᠭᠰᠡᠨ ᠨᠡᠶᠢᠳᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠡ ᠠᠴᠠ ᠦᠨᠳᠦᠷ ᠪᠠᠶᠢᠯᠭᠠᠬᠤ ᠬᠡᠷᠡᠭᠲᠠᠢ᠃ | ᠲᠦᠴᠢᠨ ᠲᠦᠷᠪᠡᠳᠦᠭᠡᠷ ᠵᠦᠢᠯ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠵᠠᠷᠤᠳᠠᠯ ᠤᠨ | ᠤᠷᠤᠭᠤᠯᠤᠯᠳᠠ ᠶᠢᠨ ᠲᠠᠯ᠎ᠠ ᠪᠠᠷ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠤᠷᠤᠨ ᠨᠤᠳᠤᠭ ᠤᠨ ᠡᠯ᠎ᠡ ᠱᠠᠳᠣᠨ ᠤ | ᠠᠷᠠᠳ ᠤᠨ ᠵᠠᠰᠠᠭ ᠤᠨ ᠤᠷᠳᠤᠨ ᠠᠴᠠ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠬᠠᠮᠳᠦ ᠪᠠᠷ ᠡᠬᠦᠷᠭᠡᠯᠡᠵᠦ᠂ | ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ | ᠬᠠᠷᠢᠭᠤᠴᠠᠨ ᠨᠢᠭᠡᠳᠦᠯᠲᠠᠢ ᠲᠦᠯᠦᠪᠯᠡᠵᠦ ᠨᠠᠶᠢᠳᠠᠪᠤᠷᠢᠵᠢᠭᠤᠯᠬᠤ ᠲᠦᠷᠢᠮ ᠢ ᠬᠡᠷᠡᠭᠵᠢᠬᠦᠯᠦᠨ᠎ᠡ᠃ ᠬᠦᠳᠡᠭᠡ | ᠲᠤᠰᠬᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠡᠷᠡᠭᠰᠡᠬᠦ ᠵᠠᠷᠤᠳᠠᠯ ᠢ ᠡᠯ᠎ᠡ ᠱᠠᠳᠤᠨ ᠤ ᠠᠷᠠᠳ ᠤᠨ | ᠵᠠᠰᠠᠭ ᠤᠨ ᠤᠷᠳᠤᠨ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠯ ᠢ ᠦᠨᠳᠦᠰᠦᠯᠡᠵᠦ᠂ ᠵᠦᠢᠯ | ᠬᠤᠪᠢᠶᠠᠨ᠂ ᠬᠠᠷᠢᠴᠠᠯ ᠶᠤᠰᠤᠭᠠᠷ ᠬᠤᠪᠢᠶᠠᠨ ᠡᠬᠦᠷᠭᠡᠯᠡᠨ᠎ᠡ᠃ | ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠬᠡᠷ ᠤᠨ ᠠᠮᠢᠳᠤᠷᠠᠯ ᠨᠢ ᠬᠦᠴᠢᠷᠲᠠᠢ | ᠰᠤᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠲᠤ ᠬᠢᠴᠢᠶᠠᠯ ᠤᠨ ᠪᠢᠴᠢᠭ ᠢ ᠰᠦᠢᠳᠭᠡᠯ ᠠᠪᠬᠤ | ᠦᠭᠡᠢ ᠪᠠᠷ ᠬᠠᠩᠭᠠᠬᠤ ᠮᠦᠷᠳᠡᠭᠡᠨ ᠪᠠᠶᠢᠷᠢ ᠳᠤ ᠰᠠᠭᠤᠬᠤ ᠰᠤᠷᠤᠭᠴᠢᠳ ᠲᠤ ᠠᠮᠢᠳᠤᠷᠠᠯ ᠤᠨ ᠰᠦᠢᠳᠭᠡᠯ ᠤᠨ | ᠨᠦᠬᠦᠪᠤᠷᠢ ᠤᠯᠭᠤᠨ᠎ᠠ᠃ | ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠤᠨ ᠪᠠᠳᠤᠯᠠᠭ᠎ᠠ ᠶᠢᠨ ᠪᠤᠳᠠᠲᠠᠢ ᠠᠷᠭ᠎ᠠ ᠶᠢ | ᠲᠦᠷᠦ ᠶᠢᠨ ᠶᠠᠪᠤᠳᠠᠯ ᠤᠨ ᠬᠤᠷᠢᠶ᠎ᠡ ᠠᠴᠠ ᠲᠤᠭᠳᠠᠭᠠᠨ᠎ᠠ᠃ | ᠲᠦᠴᠢᠨ ᠲᠠᠪᠤᠳᠤᠭᠠᠷ ᠵᠦᠢᠯ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ | ᠤᠷᠳᠤᠨ ᠡᠳ᠋ ᠤᠨ ᠵᠠᠰᠠᠭ ᠤᠨ ᠲᠦᠰᠦᠪ ᠲᠡᠭᠡᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ | ᠠᠰ ᠲᠤᠨᠢ ᠵᠢᠭᠰᠠᠭᠠᠨ᠎ᠠ᠃ | ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠲᠦᠰᠦᠪ ᠢ ᠨᠠᠶᠢᠷᠠᠭᠤᠯᠤᠨ | ᠵᠤᠬᠢᠶᠠᠬᠤ ᠳᠠᠭᠠᠨ᠂ ᠬᠦᠳᠡᠭᠡ ᠲᠤᠰᠬᠤᠨ ᠤ ᠭᠠᠵᠠᠷ ᠤᠷᠤᠨ ᠤ ᠰᠤᠷᠭᠠᠭᠤᠯᠢ ᠪᠤᠯᠤᠨ ᠪᠠᠭᠤᠷᠠᠢ ᠰᠤᠷᠭᠠᠭᠤᠯᠢ ᠲᠡᠰᠢ | ᠬᠡᠯᠪᠠᠶᠢᠯᠭᠡᠬᠦ ᠠᠴᠠ ᠭᠠᠳᠠᠨ᠎ᠠ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠲᠡᠩᠴᠡᠬᠦᠷᠢᠲᠠᠢ | ᠲᠤᠬᠢᠷᠠᠭᠤᠯᠬᠤ ᠬᠡᠷᠡᠭᠲᠠᠢ᠃ | ᠳᠦᠴᠢᠨ ᠵᠢᠷᠭᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠮᠤᠵᠢ᠂ ᠦᠪᠡᠷᠳᠡᠭᠡᠨ | ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠡᠳ᠋ ᠤᠨ ᠵᠠᠰᠠᠭ ᠤᠨ | ᠰᠢᠯᠵᠢᠬᠦᠯᠦᠨ ᠦᠭᠬᠦ ᠲᠦᠷᠢᠮ ᠢ ᠵᠢᠷᠦᠮᠵᠢᠭᠤᠯᠵᠦ᠂ ᠡᠩ ᠤᠨ ᠴᠢᠨᠠᠷᠲᠠᠢ ᠰᠢᠯᠵᠢᠬᠦᠯᠦᠨ ᠦᠭᠬᠦ ᠬᠡᠪᠴᠢᠶ᠎ᠡ ᠶᠢ | ᠦᠷᠭᠡᠳᠭᠡᠬᠦ ᠪᠦᠭᠡᠳ ᠠᠯᠪᠠᠨ ᠵᠢᠷᠦᠮ ᠤᠨ ᠰᠤᠷᠭᠠᠨ ᠬᠦᠮᠦᠵᠢᠯ ᠳᠠᠬᠢ ᠲᠤᠰᠬᠠᠢ ᠵᠦᠢᠯ ᠤᠨ ᠰᠢᠯᠵᠢᠬᠦᠯᠦᠨ ᠦᠭᠬᠦ | ᠶᠠᠪᠤᠳᠠᠯ ᠢ ᠵᠢᠷᠦᠮᠵᠢᠭᠤᠯᠵᠦ᠂ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ | ᠵᠢᠷᠦᠮ ᠤᠨ ᠰᠤᠷᠭᠠᠨ ᠬᠦᠮᠦᠵᠢᠯ ᠳᠠᠬᠢ ᠤᠷᠤᠭᠤᠯᠤᠯᠳᠠ ᠪᠠᠨ ᠨᠡᠮᠡᠭᠳᠡᠬᠦᠯᠬᠦ ᠶᠢ ᠲᠠᠮᠵᠢᠵᠦ ᠬᠦᠳᠦᠯᠦᠨ ᠵᠢᠯᠤᠭᠤᠳᠤᠨ᠎ᠠ | ᠃ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠡᠭᠡᠳᠦ ᠱᠠᠳᠤᠨ ᠤ ᠠᠷᠠᠳ ᠤᠨ | ᠵᠠᠰᠠᠭ ᠤᠨ ᠤᠷᠳᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠳᠤ ᠰᠢᠯᠵᠢᠬᠦᠯᠦᠨ ᠦᠭᠬᠦᠭᠰᠡᠨ ᠪᠡᠯᠡ ᠮᠦᠩᠬᠦ ᠶᠢ | ᠲᠤᠭᠳᠠᠭᠠᠯ ᠶᠤᠰᠤᠭᠠᠷ ᠠᠯᠪᠠᠨ ᠵᠢᠷᠦᠮ ᠤᠨ ᠰᠤᠷᠭᠠᠨ ᠬᠦᠮᠦᠵᠢᠯ ᠳᠤ ᠬᠡᠷᠡᠭᠯᠡᠬᠦ ᠶᠢ ᠦᠨᠡᠨ ᠬᠦ ᠪᠠᠳᠤᠯᠠᠨ᠎ᠠ᠃ | ᠲᠦᠴᠢᠨ ᠲᠤᠯᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠰᠢᠶᠠᠨ ᠤ ᠱᠠᠳᠤᠨ ᠠᠴᠠ | ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠪᠤᠳᠠᠳᠦ ᠬᠡᠷᠡᠭᠴᠡᠭᠡ ᠪᠠᠨ ᠦᠨᠳᠦᠰᠦᠯᠡᠨ | ᠲᠤᠰᠬᠠᠢ ᠵᠦᠢᠯ ᠤᠨ ᠪᠡᠯᠡ ᠮᠦᠩᠬᠦ ᠪᠠᠶᠢᠭᠤᠯᠵᠦ᠂ ᠬᠦᠳᠡᠭᠡ ᠲᠤᠰᠬᠤᠨ ᠤ ᠭᠠᠵᠠᠷ ᠤᠷᠤᠨ᠂ ᠦᠨᠳᠦᠰᠦᠳᠡᠨ ᠤ | ᠭᠠᠵᠠᠷ ᠤᠷᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠡᠷᠡᠭᠵᠢᠬᠦᠯᠬᠦ ᠶᠢ ᠲᠡᠳᠭᠦᠨ ᠲᠡᠮᠵᠢᠨ᠎ᠡ᠃ | ᠲᠦᠴᠢᠨ ᠨᠠᠢᠮᠠᠳᠤᠭᠠᠷ ᠵᠦᠢᠯ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠠᠴᠠ | ᠠᠯᠪᠠᠨ ᠵᠢᠷᠦᠮ ᠤᠨ ᠰᠤᠷᠭᠠᠨ ᠬᠦᠮᠦᠵᠢᠯ ᠳᠤ ᠪᠡᠯᠡᠭᠯᠡᠨ ᠬᠦᠷᠭᠡᠬᠦ ᠶᠢ ᠤᠯᠤᠰ ᠠᠴᠠ ᠵᠤᠷᠢᠭᠵᠢᠭᠤᠯᠤᠨ᠎ᠠ᠂ | ᠤᠯᠤᠰ ᠤᠨ ᠰᠠᠭᠤᠷᠢ ᠮᠦᠩᠬᠦᠨ ᠤ ᠨᠡᠶᠢᠭᠡᠮᠯᠢᠭ ᠤᠨ ᠬᠠᠮᠢᠶᠠᠷᠤᠯᠳᠠ ᠶᠢᠨ ᠬᠤᠯᠪᠤᠭᠳᠠᠯ ᠪᠦᠬᠦᠢ ᠲᠤᠭᠳᠠᠭᠠᠯ | ᠶᠤᠰᠤᠭᠠᠷ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠰᠠᠭᠤᠷᠢ ᠮᠦᠩᠬᠦ ᠪᠠᠶᠢᠭᠤᠯᠬᠤ ᠶᠢ ᠤᠯᠤᠰ ᠠᠴᠠ | ᠵᠤᠷᠢᠭᠵᠢᠭᠤᠯᠤᠨ᠎ᠠ᠃ | ᠲᠦᠴᠢ ᠶᠢᠰᠦᠳᠦᠭᠡᠷ ᠵᠦᠢᠯ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠤᠨ | ᠲᠦᠰᠦᠪ ᠤᠨ ᠲᠤᠭᠳᠠᠭᠠᠯ ᠢ ᠴᠢᠩᠭ᠎ᠠ ᠵᠢᠷᠦᠮᠯᠠᠨ ᠠᠯᠪᠠᠨ ᠵᠢᠷᠦᠮ ᠤᠨ ᠰᠤᠷᠭᠠᠨ ᠬᠦᠮᠦᠵᠢᠯ ᠳᠤ ᠬᠡᠷᠡᠭᠯᠡᠨ᠎ᠡ︔ | ᠶᠠᠮᠠᠷᠪᠠ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ | ᠵᠠᠷᠤᠳᠠᠯ ᠢ ᠡᠵᠡᠯᠡᠬᠦ ᠪᠠ ᠨᠡᠬᠦᠯᠭᠡᠨ ᠬᠡᠷᠡᠭᠯᠡᠵᠦ ᠪᠤᠯᠬᠤ ᠦᠭᠡᠢ᠂ ᠰᠤᠷᠭᠠᠭᠤᠯᠢ ᠠᠴᠠ ᠬᠠᠤᠯᠢ ᠪᠤᠰᠤ ᠪᠠᠷ ᠰᠦᠢᠳᠭᠡᠯ | ᠬᠤᠷᠢᠶᠠᠬᠤ ᠪᠤᠶᠤ ᠲᠡᠰᠭᠡᠨ ᠲᠠᠭᠠᠭᠠᠯᠭᠠᠵᠦ ᠪᠤᠯᠬᠤ ᠦᠭᠡᠢ᠃ | ᠲᠠᠪᠢᠳᠤᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ | ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠤᠨ ᠬᠢᠨᠠᠨ ᠪᠤᠳᠤᠬᠤ ᠬᠢᠨᠠᠯᠳᠠ ᠲᠠᠯᠪᠢᠬᠤ ᠲᠦᠷᠢᠮ ᠪᠠ | ᠪᠦᠷᠢᠳᠭᠡᠵᠦ ᠵᠠᠷᠯᠠᠬᠤ ᠲᠦᠷᠢᠮ ᠢ ᠪᠠᠶᠢᠭᠤᠯᠤᠨ ᠲᠡᠬᠦᠯᠳᠡᠷᠵᠢᠬᠦᠯᠦᠨ᠎ᠡ᠃ | ᠲᠤᠯᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠲᠠᠪᠢᠨ ᠨᠢᠭᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠡ ᠶᠢᠨ ᠬᠤᠯᠪᠤᠭᠳᠠᠯ ᠪᠦᠬᠦᠢ ᠰᠠᠯᠠᠭ᠎ᠠ | ᠮᠦᠴᠢᠷ ᠪᠤᠯᠤᠨ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠨᠢ ᠲᠤᠰ ᠬᠠᠤᠯᠢ ᠶᠢᠨ | ᠵᠢᠷᠭᠤᠳᠤᠭᠠᠷ ᠪᠦᠯᠦᠭ ᠤᠨ ᠲᠤᠭᠳᠠᠭᠠᠯ ᠢ ᠵᠦᠷᠢᠴᠡᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ | ᠪᠠᠳᠤᠯᠠᠬᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠭᠡᠢ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶ᠎ᠡ | ᠪᠤᠶᠤ ᠲᠡᠭᠡᠳᠦ ᠱᠠᠳᠣᠨ ᠤ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠵᠠᠷᠯᠢᠭᠳᠠᠵᠦ ᠪᠠᠶᠢᠭᠠᠳ | ᠬᠤᠭᠤᠴᠠᠭ᠎ᠠ ᠲᠤᠭᠳᠠᠭᠠᠨ ᠵᠠᠯᠠᠷᠠᠭᠤᠯᠤᠨ᠎ᠠ︔ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠰᠢᠭᠤᠳ | ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ | ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃ | ᠲᠠᠪᠢᠨ ᠬᠤᠶᠠᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ | ᠵᠠᠰᠠᠭ ᠤᠨ ᠤᠷᠳᠤᠨ ᠳᠤ ᠲᠤᠤᠷ᠎ᠡ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠲᠡᠭᠡᠳᠦ ᠱᠠᠳᠤᠨ ᠤ | ᠠᠷᠠᠳ ᠤᠨ ᠵᠠᠰᠠᠭ ᠤᠨ ᠤᠷᠳᠤᠨ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠤᠨ᠎ᠠ︔ | ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ | ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ | ᠦᠭᠬᠦᠨ᠎ᠡ᠄ | ︵ᠨᠢᠭᠡ︶ ᠰᠤᠷᠭᠠᠭᠤᠯᠢ ᠶᠢᠨ ᠪᠠᠶᠢᠷᠢᠯᠠᠭᠤᠯᠬᠤ ᠲᠦᠯᠦᠪᠵᠢᠬᠦᠯᠭᠡ ᠶᠢ ᠤᠯᠤᠰ ᠤᠨ ᠬᠤᠯᠪᠤᠭᠳᠠᠯ ᠪᠦᠬᠦᠢ | ᠲᠤᠭᠳᠠᠭᠠᠯ ᠶᠤᠰᠤᠭᠠᠷ ᠲᠤᠭᠳᠠᠭᠠᠵᠦ᠂ ᠲᠤᠬᠢᠷᠠᠭᠤᠯᠤᠭᠰᠠᠨ ᠦᠭᠡᠢ ᠪᠠᠶᠢᠬᠤ︔ | ︵ᠬᠤᠶᠠᠷ︶ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠨᠢ ᠤᠯᠤᠰ ᠤᠨ ᠲᠤᠭᠳᠠᠭᠠᠭᠰᠠᠨ ᠰᠤᠷᠭᠠᠭᠤᠯᠢ | ᠡᠷᠬᠢᠯᠡᠬᠦ ᠪᠠᠷᠢᠮᠵᠢᠶ᠎ᠡ᠂ ᠭᠠᠵᠠᠷ ᠰᠤᠩᠭᠤᠬᠤ ᠱᠠᠭᠠᠷᠳᠠᠯᠭ᠎ᠠ ᠪᠤᠯᠤᠨ ᠪᠦᠳᠦᠭᠡᠨ ᠪᠠᠶᠢᠭᠤᠯᠤᠯᠳᠠ ᠶᠢᠨ ᠪᠠᠷᠢᠮᠵᠢᠶ᠎ᠡ ᠳᠤ | ᠦᠯᠦ ᠨᠡᠶᠢᠴᠡᠭᠰᠡᠨ ᠪᠠᠶᠢᠬᠤ︔ | ︵ᠭᠤᠷᠪᠠ︶ ᠰᠤᠷᠭᠠᠭᠤᠯᠢ ᠶᠢᠨ ᠪᠠᠶᠢᠷᠢ ᠶᠢᠨ ᠠᠶᠤᠯ ᠦᠭᠡᠢ ᠶᠢ ᠲᠤᠭᠳᠠᠮᠠᠯ ᠬᠤᠭᠤᠴᠠᠭ᠎ᠠ ᠲᠠᠢ ᠪᠠᠷ | ᠪᠠᠶᠢᠴᠠᠭᠠᠭᠰᠠᠨ ᠦᠭᠡᠢ ᠪᠦᠭᠡᠳ ᠴᠠᠭ ᠲᠤᠬᠠᠢ ᠳᠤᠨᠢ ᠰᠡᠯᠪᠢᠨ ᠵᠠᠰᠠᠵᠦ᠂ ᠦᠭᠡᠷᠡᠴᠢᠯᠡᠭᠰᠡᠨ ᠦᠭᠡᠢ ᠪᠠᠶᠢᠬᠤ︔ | ︵ᠲᠦᠷᠪᠡ︶ ᠲᠤᠰ ᠬᠠᠤᠯᠢ ᠶᠢᠨ ᠲᠤᠭᠳᠠᠭᠠᠯ ᠶᠤᠰᠤᠭᠠᠷ ᠠᠯᠪᠠᠨ ᠵᠢᠷᠦᠮ ᠤᠨ ᠰᠤᠷᠭᠠᠨ ᠬᠦᠮᠦᠵᠢᠯ ᠤᠨ | ᠵᠠᠷᠤᠳᠠᠯ ᠢ ᠲᠡᠩᠴᠡᠬᠦᠷᠢᠲᠠᠢ ᠲᠤᠬᠢᠷᠠᠭᠤᠯᠤᠭᠰᠠᠨ ᠦᠭᠡᠢ ᠪᠠᠶᠢᠬᠤ᠃ | ᠲᠠᠪᠢᠨ ᠭᠤᠷᠪᠠᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ | ᠪᠤᠶᠤ ᠲᠡᠬᠦᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠲᠤᠤᠷ᠎ᠡ ᠵᠢᠭᠰᠠᠭᠠᠭᠰᠠᠨ | ᠪᠠᠶᠢᠳᠠᠯ ᠤᠳ ᠤᠨ ᠨᠢᠭᠡ ᠨᠢ ᠪᠠᠶᠢᠪᠠᠯ᠂ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ ᠲᠡᠬᠦᠨ ᠤ | ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ | ᠲᠤᠭᠳᠠᠭᠠᠨ ᠵᠠᠯᠠᠷᠠᠭᠤᠯᠵᠦ᠂ ᠵᠠᠷᠯᠠᠨ ᠰᠢᠬᠦᠮᠵᠢᠯᠡᠨ᠎ᠡ︔ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ | ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ | ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠄ | ︵ᠨᠢᠭᠡ︶ ᠰᠤᠷᠭᠠᠭᠤᠯᠢ ᠶᠢ ᠭᠤᠤᠯᠳᠠᠯᠭᠠᠳᠦ ᠰᠤᠷᠭᠠᠭᠤᠯᠢ ᠪᠤᠯᠤᠨ ᠭᠤᠤᠯᠳᠠᠯᠭᠠᠳᠦ ᠪᠤᠰᠤ ᠰᠤᠷᠭᠠᠭᠤᠯᠢ | ᠭᠡᠵᠦ ᠬᠤᠪᠢᠶᠠᠭᠰᠠᠨ︔ | ︵ᠬᠤᠶᠠᠷ︶ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠰᠢᠨᠵᠢ ᠴᠢᠨᠠᠷ ᠢ ᠬᠤᠪᠢᠷᠠᠭᠤᠯᠤᠭᠰᠠᠨ ᠪᠤᠶᠤ | ᠬᠡᠯᠪᠡᠷᠢ ᠶᠢ ᠨᠢ ᠦᠭᠡᠷᠡᠳᠦᠬᠦᠯᠦᠨ ᠬᠤᠪᠢᠷᠠᠭᠤᠯᠤᠭᠰᠠᠨ᠃ | ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠪᠤᠶᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠠᠴᠠ ᠠᠷᠭ᠎ᠠ ᠬᠡᠮᠵᠢᠶ᠎ᠡ ᠠᠪᠴᠦ | ᠪᠠᠶᠢᠭᠠᠳ ᠰᠤᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠤᠨ ᠰᠤᠷᠭᠠᠭᠤᠯᠢ ᠳᠤ ᠤᠷᠤᠬᠤ ᠶᠢ | ᠵᠤᠬᠢᠶᠠᠨ ᠪᠠᠶᠢᠭᠤᠯᠤᠭᠰᠠᠨ ᠦᠭᠡᠢ ᠪᠤᠶᠤ ᠰᠤᠷᠤᠯᠭ᠎ᠠ ᠪᠠᠨ ᠲᠤᠷᠭᠤᠨ ᠵᠤᠭᠰᠤᠬᠤ ᠶᠢ ᠬᠤᠷᠢᠭᠯᠠᠭᠰᠠᠨ ᠦᠭᠡᠢ ᠪᠠᠶᠢᠪᠠᠯ | ᠂ ᠡᠮᠦᠨᠡᠬᠢ ᠪᠠᠳᠠᠭ ᠤᠨ ᠲᠤᠭᠳᠠᠭᠠᠯ ᠶᠤᠰᠤᠭᠠᠷ ᠬᠠᠤᠯᠢ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ | ᠲᠠᠪᠢᠨ ᠲᠦᠷᠪᠡᠲᠦᠭᠡᠷ ᠵᠦᠢᠯ ᠲᠤᠤᠷ᠎ᠡ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ | ᠲᠡᠭᠡᠳᠦ ᠱᠠᠳᠣᠨ ᠤ ᠠᠷᠠᠳ ᠤᠨ ᠵᠠᠰᠠᠭ ᠤᠨ ᠤᠷᠳᠤᠨ ᠪᠤᠶᠤ ᠲᠡᠭᠡᠳᠦ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠡᠳ᠋ ᠤᠨ ᠵᠠᠰᠠᠭ ᠤᠨ ᠰᠠᠯᠠᠭ᠎ᠠ | ᠮᠦᠴᠢᠷ᠂ ᠦᠨ᠎ᠡ ᠬᠠᠩᠰᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠯᠤᠨ ᠬᠢᠨᠠᠨ ᠪᠤᠳᠤᠬᠤ ᠪᠠᠶᠢᠭᠤᠯᠭ᠎ᠠ ᠠᠴᠠ | ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠵᠠᠷᠯᠢᠭᠳᠠᠵᠦ ᠪᠠᠶᠢᠭᠠᠳ | ᠬᠤᠭᠤᠴᠠᠭ᠎ᠠ ᠲᠤᠭᠳᠠᠭᠠᠨ ᠵᠠᠯᠠᠷᠠᠭᠤᠯᠤᠨ᠎ᠠ︔ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠰᠢᠭᠤᠳ | ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ | ᠬᠠᠤᠯᠢ ᠶᠤᠰᠤᠭᠠᠷ ᠰᠢᠳᠭᠡᠯ ᠦᠭᠬᠦᠨ᠎ᠡ᠄ | ︵ᠨᠢᠭᠡ︶ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠡᠵᠡᠯᠡᠭᠰᠡᠨ ᠪᠤᠶᠤ ᠨᠡᠬᠦᠯᠭᠡᠨ | ᠬᠡᠷᠡᠭᠯᠡᠭᠰᠡᠨ︔ | ︵ᠬᠤᠶᠠᠷ︶ ᠰᠤᠷᠭᠠᠭᠤᠯᠢ ᠠᠴᠠ ᠬᠠᠤᠯᠢ ᠪᠤᠰᠤ ᠪᠠᠷ ᠰᠦᠢᠳᠭᠡᠯ ᠬᠤᠷᠢᠶᠠᠭᠰᠠᠨ ᠪᠤᠶᠤ ᠵᠠᠷᠤᠳᠠᠯ ᠢ | ᠲᠡᠰᠭᠡᠭᠰᠡᠨ᠃ | ᠲᠠᠪᠢᠨ ᠲᠠᠪᠤᠳᠤᠭᠠᠷ ᠵᠦᠢᠯ ᠰᠣᠷᠭᠠᠭᠤᠯᠢ ᠪᠤᠶᠤ ᠪᠠᠭᠰᠢ ᠨᠠᠷ ᠠᠯᠪᠠᠨ ᠵᠢᠷᠦᠮ ᠤᠨ ᠰᠤᠷᠭᠠᠨ | ᠬᠦᠮᠦᠵᠢᠯ ᠤᠨ ᠠᠵᠢᠯ ᠤᠨ ᠲᠤᠮᠳᠠ ᠪᠠᠨ ᠰᠤᠷᠭᠠᠨ ᠬᠦᠮᠦᠵᠢᠯ ᠤᠨ ᠬᠠᠤᠯᠢ᠂ ᠪᠠᠭᠰᠢ ᠶᠢᠨ ᠬᠠᠤᠯᠢ ᠶᠢᠨ | ᠲᠤᠭᠳᠠᠭᠠᠯ ᠠᠴᠠ ᠵᠦᠷᠢᠴᠡᠭᠰᠡᠨ ᠪᠠᠶᠢᠪᠠᠯ᠂ ᠰᠤᠷᠭᠠᠨ ᠬᠦᠮᠦᠵᠢᠯ ᠤᠨ ᠬᠠᠤᠯᠢ᠂ ᠪᠠᠭᠰᠢ ᠶᠢᠨ ᠬᠠᠤᠯᠢ ᠶᠢᠨ | ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠳᠭᠡᠨ᠎ᠡ᠃ | ᠲᠠᠪᠢᠨ ᠵᠢᠷᠭᠤᠳᠤᠭᠠᠷ ᠵᠦᠢᠯ ᠰᠤᠷᠭᠠᠭᠤᠯᠢ ᠨᠢ ᠤᠯᠤᠰ ᠤᠨ ᠲᠤᠭᠳᠠᠭᠠᠯ ᠢ ᠵᠦᠷᠢᠴᠡᠵᠦ ᠰᠦᠢᠳᠭᠡᠯ | ᠬᠤᠷᠢᠶᠠᠭᠰᠠᠨ ᠪᠠᠶᠢᠪᠠᠯ᠂ ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠷᠢᠶᠠᠭᠰᠠᠨ ᠰᠦᠢᠳᠭᠡᠯ ᠢ ᠪᠤᠴᠠᠭᠠᠯᠭᠠᠨ᠎ᠠ︔ | ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ | ᠬᠦᠮᠦᠨ ᠳᠤ ᠬᠠᠤᠯᠢ ᠶᠤᠰᠤᠭᠠᠷ ᠰᠢᠳᠭᠡᠯ ᠦᠭᠬᠦᠨ᠎ᠡ᠃ | ᠰᠤᠷᠭᠠᠭᠤᠯᠢ ᠨᠢ ᠰᠤᠷᠤᠭᠴᠢᠳ ᠲᠤ ᠲᠠᠸᠡᠷ᠂ ᠦᠢᠯᠡᠴᠢᠯᠡᠭᠡ ᠶᠢ ᠪᠤᠷᠤᠯᠠᠭᠤᠯᠬᠤ ᠪᠤᠶᠤ ᠬᠡᠯᠪᠡᠷᠢ ᠶᠢ ᠨᠢ | ᠦᠭᠡᠷᠡᠲᠦᠬᠦᠯᠦᠨ ᠪᠤᠷᠤᠯᠠᠭᠤᠯᠬᠤ ᠵᠡᠷᠭᠡ ᠠᠷᠭ᠎ᠠ ᠬᠡᠯᠪᠡᠷᠢ ᠪᠠᠷ ᠠᠰᠢᠭ ᠲᠤᠰᠠ ᠤᠯᠤᠭᠰᠠᠨ ᠪᠠᠶᠢᠪᠠᠯ᠂ ᠰᠢᠶᠠᠨ ᠤ | ᠱᠠᠳᠣᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠠᠴᠠ ᠵᠠᠷᠯᠠᠨ ᠰᠢᠬᠦᠮᠵᠢᠯᠡᠨ᠎ᠡ︔ ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠲᠠᠢ ᠪᠠᠶᠢᠪᠠᠯ᠂ | ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠶᠢ ᠨᠢ ᠬᠤᠷᠢᠶᠠᠨ ᠠᠪᠤᠨ᠎ᠠ︔ ᠰᠢᠭᠤᠳ ᠬᠠᠷᠢᠭᠤᠴᠠᠵᠦ | ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ | ᠶᠤᠰᠤᠭᠠᠷ ᠰᠢᠳᠭᠡᠯ ᠦᠭᠬᠦᠨ᠎ᠡ᠃ | ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠪᠤᠯᠤᠨ ᠬᠢᠴᠢᠶᠠᠯ ᠤᠨ ᠪᠢᠴᠢᠭ ᠢ ᠬᠢᠨᠠᠨ ᠪᠠᠶᠢᠴᠠᠭᠠᠬᠤ ᠬᠦᠮᠦᠰ | ᠬᠢᠴᠢᠶᠠᠯ ᠤᠨ ᠪᠢᠴᠢᠭ ᠢ ᠨᠠᠶᠢᠷᠠᠭᠤᠯᠤᠨ ᠪᠢᠴᠢᠬᠦ ᠠᠵᠢᠯ ᠳᠤ ᠤᠷᠤᠯᠴᠠᠭᠰᠠᠨ ᠪᠤᠶᠤ ᠬᠡᠯᠪᠡᠷᠢ ᠶᠢ ᠨᠢ ᠦᠭᠡᠷᠡᠳᠦᠬᠦᠯᠦᠨ | ᠤᠷᠤᠯᠴᠠᠭᠰᠠᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠪᠤᠶᠤ ᠲᠡᠬᠦᠨ ᠤ | ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠡᠷᠭᠡ ᠶᠢᠨ | ᠭᠡᠪᠴᠢᠶ᠎ᠡ ᠪᠠᠨ ᠦᠨᠳᠦᠰᠦᠯᠡᠨ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠦ᠂ ᠬᠠᠤᠯᠢ | ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠲᠠᠢ | ᠪᠠᠶᠢᠪᠠᠯ᠂ ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠶᠢ ᠨᠢ ᠬᠤᠷᠢᠶᠠᠨ ᠠᠪᠤᠨ᠎ᠠ᠃ | ᠲᠠᠪᠢᠨ ᠲᠤᠯᠤᠳᠤᠭᠠᠷ ᠵᠦᠢᠯ ᠰᠤᠷᠭᠠᠭᠤᠯᠢ ᠳᠤ ᠲᠤᠤᠷ᠎ᠡ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ | ᠪᠠᠶᠢᠪᠠᠯ᠂ ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠤᠨ᠎ᠠ︔ ᠦᠢᠯᠡ | ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ | ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠰᠢᠳᠭᠡᠯ ᠦᠭᠬᠦᠨ᠎ᠡ᠄ | ︵ᠨᠢᠭᠡ︶ ᠡᠩ ᠤᠨ ᠰᠤᠷᠭᠠᠨ ᠬᠦᠮᠦᠵᠢᠯ ᠬᠦᠷᠳᠡᠬᠦ ᠴᠢᠳᠠᠪᠤᠷᠢ ᠲᠠᠢ ᠰᠤᠷᠭᠠᠭᠤᠯᠢ ᠳᠤ ᠤᠷᠤᠬᠤ ᠨᠠᠰᠤᠨ ᠤ | ᠵᠡᠮᠳᠡᠭ ᠭᠡᠤᠭᠡᠳ᠂ ᠪᠠᠭᠠᠴᠤᠳ ᠤᠨ ᠠᠩᠬᠢ ᠲᠠᠭᠠᠵᠦ ᠰᠤᠷᠤᠯᠴᠠᠬᠤ ᠶᠢ ᠬᠦᠯᠢᠶᠡᠵᠦ ᠠᠪᠤᠭᠰᠠᠨ ᠦᠭᠡᠢ︔ | ︵ᠬᠤᠶᠠᠷ︶ ᠭᠤᠤᠯᠳᠠᠯᠭᠠᠳᠦ ᠠᠩᠬᠢ ᠪᠠ ᠭᠤᠤᠯᠳᠠᠯᠭᠠᠳᠦ ᠪᠤᠰᠤ ᠠᠩᠬᠢ ᠭᠡᠵᠦ ᠬᠤᠪᠢᠶᠠᠭᠰᠠᠨ︔ | ︵ᠭᠤᠷᠪᠠ︶ ᠲᠤᠰ ᠬᠠᠤᠯᠢ ᠶᠢᠨ ᠲᠤᠭᠳᠠᠭᠠᠯ ᠠᠴᠠ ᠵᠦᠷᠢᠴᠡᠵᠦ ᠰᠤᠷᠤᠭᠴᠢ ᠶᠢ ᠰᠤᠷᠭᠠᠭᠤᠯᠢ ᠠᠴᠠ | ᠬᠦᠭᠡᠭᠡᠭᠰᠡᠨ︔ | ︵ᠲᠦᠷᠪᠡ︶ ᠬᠢᠨᠠᠨ ᠲᠤᠭᠳᠠᠭᠠᠯᠳᠠ ᠬᠢᠭᠰᠡᠨ ᠦᠭᠡᠢ ᠬᠢᠴᠢᠶᠠᠯ ᠤᠨ ᠪᠢᠴᠢᠭ ᠢ ᠰᠤᠩᠭᠤᠨ ᠬᠡᠷᠡᠭᠯᠡᠭᠰᠡᠨ᠃ | | ᠲᠠᠪᠢᠨ ᠨᠠᠢᠮᠠᠳᠣᠭᠠᠷ ᠵᠦᠢᠯ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠤᠨ | ᠡᠴᠢᠭᠡ ᠡᠭᠡ ᠪᠤᠶᠤ ᠬᠠᠤᠯᠢ ᠪᠠᠷ ᠲᠤᠭᠳᠠᠭᠠᠭᠰᠠᠨ ᠪᠤᠰᠤᠳ ᠬᠢᠨᠠᠨ ᠬᠠᠮᠠᠭᠠᠯᠠᠭᠴᠢ ᠨᠢ ᠵᠦᠢ ᠵᠤᠬᠢᠰᠲᠠᠢ ᠰᠢᠯᠳᠠᠭᠠᠨ | ᠦᠭᠡᠢ ᠪᠠᠷ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠢ ᠲᠤᠰ ᠬᠠᠤᠯᠢ ᠶᠢᠨ ᠲᠤᠭᠳᠠᠭᠠᠯ | ᠶᠤᠰᠤᠭᠠᠷ ᠰᠤᠷᠭᠠᠭᠤᠯᠢ ᠳᠤ ᠤᠷᠤᠭᠤᠯᠵᠦ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠭᠡᠭᠰᠡᠨ ᠦᠭᠡᠢ ᠪᠠᠶᠢᠪᠠᠯ᠂ | ᠲᠤᠬᠠᠢ ᠶᠢᠨ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠤᠶᠤ ᠰᠢᠶᠠᠨ ᠤ ᠱᠠᠳᠣᠨ ᠤ | ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ | ᠰᠢᠬᠦᠮᠵᠢᠯᠡᠨ ᠰᠤᠷᠭᠠᠵᠦ᠂ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠤᠨ᠎ᠠ᠃ | ᠲᠠᠪᠢ ᠶᠢᠰᠦᠳᠤᠭᠡᠷ ᠵᠦᠢᠯ ᠲᠤᠤᠷ᠎ᠡ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠤᠯᠪᠤᠭᠳᠠᠯ ᠪᠦᠬᠦᠢ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠤᠨ ᠲᠤᠭᠳᠠᠭᠠᠯ ᠶᠤᠰᠤᠭᠠᠷ ᠰᠢᠳᠭᠡᠨ᠎ᠡ᠄ | ︵ᠨᠢᠭᠡ︶ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠶᠤᠰᠤᠲᠠᠢ ᠰᠤᠷᠭᠠᠭᠤᠯᠢ ᠳᠤ ᠤᠷᠤᠬᠤ | ᠨᠠᠰᠤᠨ ᠤ ᠭᠡᠤᠭᠡᠳ᠂ ᠪᠠᠭᠠᠴᠣᠳ ᠢ ᠠᠯᠪᠠᠳᠠᠨ ᠰᠦᠷᠳᠡᠬᠦᠯᠬᠦ ᠪᠤᠶᠤ ᠬᠠᠭᠤᠷᠤᠨ ᠮᠡᠭᠡᠯᠡᠵᠦ ᠪᠠᠶᠢᠭᠠᠳ | ᠰᠤᠷᠤᠯᠭ᠎ᠠ ᠶᠢ ᠨᠢ ᠠᠯᠳᠠᠭᠤᠯᠤᠭᠰᠠᠨ ᠡᠰᠡᠬᠦᠯ᠎ᠡ ᠰᠤᠷᠤᠯᠭ᠎ᠠ ᠶᠢ ᠨᠢ ᠲᠤᠷᠭᠤᠨ ᠵᠤᠭᠰᠤᠭᠠᠭᠰᠠᠨ︔ | ︵ᠬᠤᠶᠠᠷ︶ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠶᠤᠰᠤᠲᠠᠢ ᠰᠤᠷᠭᠠᠭᠤᠯᠢ ᠳᠤ ᠤᠷᠤᠬᠤ | ᠨᠠᠰᠤᠨ ᠤ ᠭᠡᠤᠭᠡᠳ᠂ ᠪᠠᠭᠠᠴᠤᠳ ᠢ ᠬᠠᠤᠯᠢ ᠪᠤᠰᠤ ᠪᠠᠷ ᠡᠯᠰᠡᠨ ᠬᠡᠷᠡᠭᠯᠡᠭᠰᠡᠨ︔ | ︵ᠭᠤᠷᠪᠠ︶ ᠬᠠᠤᠯᠢ ᠶᠤᠰᠤᠭᠠᠷ ᠬᠢᠨᠠᠨ ᠲᠤᠭᠳᠠᠭᠠᠯᠳᠠ ᠬᠢᠯᠭᠡᠭᠰᠡᠨ ᠦᠭᠡᠢ ᠬᠢᠴᠢᠶᠠᠯ ᠤᠨ ᠪᠢᠴᠢᠭ ᠢ | ᠬᠡᠪᠯᠡᠬᠦᠯᠦᠭᠰᠡᠨ᠃ | ᠵᠢᠷᠠᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ | ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ | ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠵᠢᠷᠠᠨ ᠨᠢᠭᠡᠳᠦᠭᠡᠷ ᠵᠦᠢᠯ ᠠᠯᠪᠠᠨ ᠵᠢᠷᠦᠮ ᠤᠨ ᠰᠣᠷᠭᠠᠨ ᠬᠦᠮᠦᠵᠢᠯ ᠬᠦᠷᠳᠡᠬᠦ ᠰᠤᠷᠭᠠᠭᠤᠯᠢ ᠳᠤ | ᠤᠷᠤᠬᠤ ᠨᠠᠰᠤᠨ ᠤ ᠭᠡᠤᠭᠡᠳ᠂ ᠪᠠᠭᠠᠴᠣᠳ ᠠᠴᠠ ᠰᠤᠯᠠ ᠵᠠᠷᠤᠳᠠᠯ ᠦᠯᠦ ᠬᠤᠷᠢᠶᠡᠬᠤ ᠲᠦᠷᠢᠮ ᠢ ᠬᠡᠷᠡᠭᠵᠢᠬᠦᠯᠬᠦ | ᠠᠯᠬᠤᠮ ᠲᠠᠷᠠᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠲᠤᠭᠳᠠᠭᠠᠨ᠎ᠠ᠃ | ᠵᠢᠷᠠᠨ ᠬᠤᠶᠠᠳᠤᠭᠠᠷ ᠵᠦᠢᠯ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠤᠶᠤ ᠬᠤᠪᠢ ᠬᠦᠮᠦᠨ ᠤ ᠬᠠᠤᠯᠢ | ᠶᠤᠰᠤᠭᠠᠷ ᠡᠷᠬᠢᠯᠡᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠠᠯᠪᠠᠨ ᠵᠢᠷᠦᠮ ᠤᠨ ᠰᠤᠷᠭᠠᠨ ᠬᠦᠮᠦᠵᠢᠯ ᠢ | ᠬᠡᠷᠡᠭᠵᠢᠬᠦᠯᠵᠦ ᠪᠠᠶᠢᠪᠠᠯ᠂ ᠠᠷᠠᠳ ᠤᠨ ᠡᠷᠬᠢᠯᠡᠭᠰᠡᠨ ᠰᠤᠷᠭᠠᠨ ᠬᠦᠮᠦᠵᠢᠯ ᠢ ᠠᠬᠢᠭᠤᠯᠬᠤ ᠬᠠᠤᠯᠢ ᠶᠢᠨ ᠬᠤᠯᠪᠤᠭᠳᠠᠯ | ᠪᠦᠬᠦᠢ ᠲᠤᠭᠳᠠᠭᠠᠯ ᠶᠤᠰᠤᠭᠠᠷ ᠬᠦᠢᠴᠡᠳᠭᠡᠨ᠎ᠡ︔ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ ᠠᠬᠢᠭᠤᠯᠬᠤ | ᠬᠠᠤᠯᠢ ᠳᠤ ᠲᠤᠭᠳᠠᠭᠠᠯ ᠭᠠᠷᠭᠠᠭᠰᠠᠨ ᠦᠭᠡᠢ ᠪᠠᠶᠢᠪᠠᠯ ᠲᠤᠰ ᠬᠠᠤᠯᠢ ᠶᠢ ᠬᠡᠷᠡᠭᠯᠡᠨ᠎ᠡ᠃ | ᠵᠢᠷᠠᠨ ᠭᠤᠷᠪᠠᠳᠤᠭᠠᠷ ᠵᠦᠢᠯ ᠲᠤᠰ ᠬᠠᠤᠯᠢ ᠶᠢ 2006 ᠤᠨ ᠤ 9 ᠳ᠋ᠦ᠋ᠭᠡᠷ ᠰᠠᠷ᠎ᠡ ᠶᠢᠨ 1 ᠤ | ᠡᠳᠦᠷ ᠠᠴᠠ ᠡᠬᠢᠯᠡᠵᠦ ᠬᠡᠷᠡᠭᠵᠢᠬᠦᠯᠦᠨ᠎ᠡ᠃ | |