ᠤᠶᠤᠲᠠᠳ ᠤᠨ ︽60 ᠬᠤᠪᠢ ᠮᠠᠨᠳᠤᠲᠤᠭᠠᠢ︾ ᠭᠡᠬᠦ ᠦᠵᠡᠯᠲᠡ ᠶᠢᠨ ᠲᠤᠬᠠᠢ
ᠨᠡᠶᠢᠲᠡᠯᠡᠭᠰᠡᠨ ᠴᠠᠭ᠄
2017-09-26
       ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠤᠶᠤᠲᠠᠳ ᠤᠨ ᠵᠠᠷᠢᠮ ᠨᠢ ︽ᠶᠡᠭᠡ ᠰᠤᠷᠭᠠᠭᠤᠯᠢ ᠶᠢᠨ ᠡᠳᠡᠭᠡᠷ ᠤᠯᠠᠨ ᠬᠢᠴᠢᠶᠡᠯ ᠢ ᠤᠷᠤᠭᠠᠳ ᠶᠠᠮᠠᠷ ᠲᠤᠰᠠ ᠲᠠᠢ ᠶᠢ ᠨᠢ ᠮᠡᠳᠡᠬᠦ ᠦᠭᠡᠢ᠂ ᠴᠠᠭ ᠢ ᠶᠤᠰᠤᠲᠠᠢ ᠲᠠᠯᠠᠭᠠᠷ ᠦᠷᠡᠭᠡᠵᠦ ᠪᠠᠶᠢᠨ᠎ᠠ ᠂ ᠰᠢᠯᠭᠠᠯᠲᠠ ᠳᠤ ᠬᠡᠳᠦᠢ ᠬᠤᠪᠢ ᠤᠯᠤᠯ᠎ᠠ ᠭᠡᠳ ᠶᠠᠭᠠᠬᠢᠬᠤ ᠶᠤᠮ ᠪᠤᠢ᠂ ᠬᠤᠪᠢ ᠵᠠᠶᠠᠭᠠᠨ ᠳᠤ ᠳᠡᠮᠡᠢ ᠯᠡ ᠡᠷᠭᠢᠯᠲᠡ ᠭᠠᠷᠬᠤ ᠦᠭᠡᠢ ᠰᠢᠳᠠ᠂ ᠰᠢᠯᠭᠠᠯᠲᠠ ᠪᠤᠯᠤᠮᠠᠭᠴᠠ 60 ᠬᠤᠪᠢ ᠮᠠᠨᠳᠤᠲᠤᠭᠠᠢ ᠭᠡᠵᠦ ᠯᠡ ᠳᠠᠭᠠᠳᠬᠠᠨ᠎ᠠ᠃ ᠡᠳᠦᠷᠵᠢᠨ ᠤᠨᠤᠯ ᠤᠨ ᠬᠢᠴᠢᠶᠡᠯ ᠢᠶᠠᠨ ᠶᠠᠷᠢᠬᠤ ᠦᠭᠡᠢ ᠪᠤᠯ᠂ ᠮᠡᠷᠭᠡᠵᠢᠯ ᠦᠢᠯᠡᠳᠦᠯᠭᠡ ᠶᠢᠨ ᠬᠢᠴᠢᠶᠡᠯ ᠢᠶᠠᠨ ᠬᠠᠭᠠᠰ ᠲᠤᠲᠠᠭᠤ ᠵᠢᠭᠠᠭᠠᠳ᠂ ᠪᠠᠭᠰᠢᠨᠠᠷ ᠮᠢᠨᠢ ᠶᠠᠭᠤ ᠪᠤᠳᠤᠵᠤ ᠪᠠᠶᠢᠬᠤ ᠶᠢ ᠮᠡᠳᠡᠬᠦ ᠦᠭᠡᠢ︾ ᠭᠡᠵᠦ ᠭᠤᠮᠤᠳᠠᠯ ᠲᠤᠭᠠᠴᠢᠬᠤ ᠳᠤ᠂ ᠲᠡᠭᠦᠰᠦᠭᠰᠡᠨ ᠤᠶᠤᠲᠠᠳ ᠨᠢ ︽ᠶᠡᠭᠡ ᠰᠤᠷᠭᠠᠭᠤᠯᠢ ᠳᠤ ᠲᠡᠷᠡ ᠤᠯᠠᠨ ᠬᠢᠴᠢᠶᠡᠯ ᠢ ᠶᠠᠭᠤᠨ ᠳᠤ ᠰᠤᠷᠤᠭᠰᠠᠨ ᠪᠤᠢ︖ ᠤᠳᠤ ᠡᠷᠭᠢᠴᠡᠭᠦᠯᠵᠦ ᠪᠤᠳᠤᠪᠠᠯ ᠬᠢᠵᠦ ᠶᠠᠪᠤᠭ᠎ᠠ ᠠᠵᠢᠯ ᠲᠠᠢ ᠶᠤᠰᠤᠲᠠᠢ ᠦᠰᠦᠨ ᠲᠡᠳᠦᠢ ᠬᠠᠷᠢᠴᠠᠭ᠎ᠠ ᠦᠭᠡᠢ᠂ ᠳᠦᠷᠪᠡᠨ ᠵᠢᠯ ᠤᠨ ᠭᠠᠯ ᠬᠠᠯᠠᠭᠤᠨ ᠨᠠᠰᠤ ᠪᠠᠨ ᠳᠡᠭᠡᠵᠦ ᠦᠷᠡᠭᠡᠬᠦ ᠶᠢᠨ ᠤᠷᠤᠨ ᠳᠤ ᠬᠦᠴᠦᠨ ᠤ ᠠᠵᠢᠯ ᠬᠢᠭᠰᠡᠨ ᠪᠤᠯ ᠬᠡᠳᠦᠨ ᠲᠦᠮᠡᠨ ᠵᠤᠭᠤᠰ ᠤᠯᠤᠭᠰᠠᠨ ᠪᠠᠶᠢᠵᠤ ᠮᠠᠭᠠᠳ︾ ᠭᠡᠵᠦ ᠳᠦᠳᠦᠨᠡᠬᠦ ᠨᠢ ᠴᠦ ᠪᠤᠢ᠃
       ᠲᠡᠭᠡᠪᠡᠯ ᠤᠶᠤᠲᠠᠳ ᠶᠠᠭᠠᠬᠢᠭᠠᠳ ᠶᠡᠭᠡ ᠰᠤᠷᠭᠠᠭᠤᠯᠢ ᠳᠤ ᠰᠢᠮᠳᠠᠨ ᠰᠤᠷᠤᠯᠴᠠᠭᠠᠳ ᠬᠡᠷᠡᠭ ᠦᠭᠡᠢ ᠭᠡᠵᠦ ᠪᠤᠳᠤᠵᠤ ᠪᠠᠶᠢᠬᠤ ᠪᠤᠢ︖ ᠶᠠᠭᠤᠨ ᠤ ᠤᠷᠢᠳ᠂ ᠮᠠᠰᠢ ᠤᠯᠠᠨ ᠤᠶᠤᠲᠠᠨ ᠡᠨᠡᠬᠦ ᠬᠡᠷᠡᠭᠴᠡᠭᠡ ᠲᠠᠢ ᠡᠰᠡᠭᠦ ᠶᠢ ︽ᠵᠤᠭᠤᠰ︾ ᠢᠶᠠᠷ ᠦᠷᠲᠡᠭᠯᠡᠵᠦ᠂ ᠲᠡᠭᠦᠰᠦᠭᠰᠡᠨ ᠤ ᠬᠤᠶᠢᠨ᠎ᠠ ᠲᠤᠰᠬᠠᠢ ᠮᠡᠷᠭᠡᠵᠢᠯ ᠢᠶᠠᠷ ᠢᠶᠠᠨ ᠦᠨᠳᠦᠷ ᠴᠠᠯᠢᠩ ᠲᠠᠢ ᠠᠵᠢᠯ ᠤᠯᠤᠭᠰᠠᠨ ᠡᠰᠡᠭᠦ᠂ ᠰᠤᠷᠤᠭᠰᠠᠨ ᠮᠡᠳᠡᠯᠭᠡ ᠨᠢ ᠡᠷᠬᠢᠯᠡᠭᠰᠡᠨ ᠠᠵᠢᠯ ᠤᠨ ᠬᠢᠨᠢ ᠳᠤᠮᠳᠠ ᠬᠢᠷᠢ ᠵᠡᠷᠭᠡ ᠰᠢᠭᠤᠳ ᠳᠡᠮᠵᠢᠯᠭᠡ ᠬᠠᠩᠭᠠᠭᠰᠠᠨ ᠭᠡᠳᠡᠭ ᠢᠶᠠᠷ ᠪᠠᠷᠢᠮᠵᠢᠶᠠᠯᠠᠵᠤ ᠪᠠᠶᠢᠳᠠᠭ᠃ ᠳᠠᠷᠠᠭ᠎ᠠ ᠨᠢ᠂ ᠦᠨᠳᠦᠷ ᠳᠤᠮᠳᠠᠳᠤ ᠳᠤ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠤᠯᠤᠰ ᠤᠨ ᠰᠢᠯᠭᠠᠯᠲᠠ ᠨᠢᠭᠡᠲᠦᠯᠲᠡᠢ ᠰᠢᠯᠭᠠᠯᠲᠠ ᠪᠠᠷ ᠶᠡᠷᠦᠩᠬᠡᠢ ᠬᠠᠷᠠᠯᠲᠠ ᠪᠠᠨ ᠪᠤᠯᠭᠠᠵᠤ᠂ ᠰᠠᠷ᠎ᠠ ᠪᠦᠷᠢ ᠬᠤᠭᠤᠴᠠᠭ᠎ᠠ ᠪᠤᠯᠭᠠᠨ ᠰᠢᠯᠭᠠᠯᠲᠠ ᠬᠢᠵᠦ ᠰᠤᠷᠤᠭᠰᠠᠨ ᠢᠶᠠᠨ ᠳ᠋ᠦᠩᠨᠡᠨ᠂ ᠬᠢᠷᠢ ᠪᠦᠲᠦᠮᠵᠢ ᠪᠠᠷ ᠢᠶᠠᠨ ᠦᠪᠡᠷ ᠤᠨ ᠳᠠᠪᠰᠢᠯᠲᠠ ᠪᠠᠨ ᠭᠡᠷᠡᠴᠢᠯᠡᠳᠡᠭ᠃ ᠬᠠᠷᠢᠨ ᠶᠡᠭᠡ ᠰᠤᠷᠭᠠᠭᠤᠯᠢ ᠳᠤ ᠤᠷᠤᠭᠰᠠᠨ ᠤ ᠳᠠᠷᠠᠭ᠎ᠠ᠂ ᠡᠨᠡᠬᠦ ᠦᠨᠳᠦᠷ ᠳᠠᠪᠲᠠᠮᠵᠢᠲᠤ ︽ᠰᠢᠯᠭᠠᠯᠲᠠ ᠶᠢᠨ ᠰᠢᠰᠲ᠋ᠧᠮ︾ ᠤᠨ ᠠᠳᠠᠯᠢᠳᠬᠠᠯ ᠨᠢ ᠠᠯᠠᠭ᠎ᠠ ᠪᠤᠯᠤᠭᠰᠠᠨ ᠠᠴᠠ ᠲᠦᠭᠡᠷᠢᠭᠳᠡᠬᠦ ᠪᠤᠳᠤᠯ ᠲᠦᠷᠦᠭᠳᠡᠵᠦ᠂ ᠶᠠᠭᠤ ᠪᠠᠷ ᠦᠪᠡᠷ ᠤᠨ ᠳᠠᠪᠰᠢᠯᠲᠠ ᠪᠠᠨ ᠪᠠᠷᠢᠮᠵᠢᠶᠠᠯᠠᠬᠤ ᠪᠠᠨ ᠤᠯᠵᠤ ᠶᠠᠳᠠᠨ᠂ ᠲᠡᠷᠡᠴᠢᠯᠡᠨ ︽ᠶᠡᠭᠡ ᠰᠤᠷᠭᠠᠭᠤᠯᠢ ᠶᠢᠨ ᠬᠢᠴᠢᠶᠡᠯ ᠢ ᠰᠤᠷᠤᠭᠠᠳ ᠶᠠᠮᠠᠷ ᠴᠦ ᠬᠡᠷᠡᠭ ᠦᠭᠡᠢ︾ ᠭᠡᠰᠡᠨ ᠳ᠋ᠦᠩᠨᠠᠯᠲᠠ ᠭᠠᠷᠭᠠᠳᠠᠭ ᠠᠵᠠᠢ᠃
       ᠶᠡᠭᠡ ᠰᠤᠷᠭᠠᠭᠤᠯᠢ ᠶᠢᠨ ᠬᠢᠴᠢᠶᠡᠯ ᠨᠢ ᠦᠨᠡᠬᠡᠷ ᠦᠨ᠎ᠡ ᠦᠷᠲᠡᠭ᠂ ᠤᠳᠬ᠎ᠠ ᠠᠭᠤᠯᠭ᠎ᠠ ᠦᠭᠡᠢ᠂ ᠵᠦᠪᠬᠡᠨ ᠰᠤᠷᠤᠭᠴᠢᠳ ᠢ ᠠᠩᠭᠢ ᠶᠢᠨ ᠭᠡᠷ ᠲᠤ ᠬᠤᠷᠢᠵᠤ ᠴᠠᠭ ᠢ ᠨᠢ ᠦᠷᠡᠭᠡᠵᠦ᠂ ᠲᠡᠭᠦᠰᠬᠦ ᠦᠶᠡᠰ ᠦᠨᠡᠮᠯᠡᠯ ᠪᠠᠷᠢᠭᠤᠯᠤᠭᠠᠳ ᠨᠡᠶᠢᠭᠡᠮ ᠳᠤ ᠵᠠᠯᠠᠭᠠᠳ ᠶᠠᠪᠤᠭᠤᠯᠬᠤ ᠬᠡᠷᠡᠭ ᠭᠡᠵᠢ ᠦᠦ︖ ᠲᠡᠶᠢᠮᠦ ᠪᠢᠰᠢ ᠭᠡᠳᠡᠭ ᠨᠢ ᠪᠠᠲᠤᠲᠠᠢ᠃
       ᠶᠠᠭᠠᠬᠢᠭᠠᠳ ᠪᠤᠢ ᠭᠡᠪᠡᠯ ᠡᠩ ᠲᠡᠷᠢᠭᠦᠨ ᠳᠤ᠂ ᠬᠡᠷᠪᠡ ᠶᠡᠭᠡ ᠰᠤᠷᠭᠠᠭᠤᠯᠢ ᠶᠢᠨ ᠵᠢᠭᠠᠨ ᠰᠤᠷᠭᠠᠯᠲᠠ ᠶᠠᠮᠠᠷ ᠴᠦ ᠦᠨ᠎ᠡ ᠦᠷᠲᠡᠭ ᠦᠭᠡᠢ ᠶᠤᠮ ᠪᠤᠯ᠂ ᠶᠡᠭᠡ ᠰᠤᠷᠭᠠᠭᠤᠯᠢ ᠡᠭᠦᠳᠡ ᠪᠠᠨ ᠬᠠᠭᠠᠵᠤ᠂ ᠤᠯᠤᠰ ᠭᠦᠷᠦᠨ ᠤ ᠰᠤᠶᠤᠯ ᠤᠷᠠᠯᠢᠭ᠂ ᠰᠢᠨᠵᠢᠯᠡᠬᠦ ᠤᠬᠠᠭᠠᠨ ᠵᠡᠷᠭᠡ ᠨᠡᠶᠢᠭᠡᠮ ᠤᠨ ᠡᠯ᠎ᠡ ᠬᠦᠷᠢᠶ᠎ᠡ ᠴᠠᠷᠠᠭ᠎ᠠ ᠶᠢᠨ ᠬᠦᠭᠵᠢᠯᠲᠡ ᠵᠤᠭᠰᠤᠩᠭᠤᠶᠢᠷᠠᠬᠤ ᠪᠤᠯᠤᠨ᠎ᠠ᠃ ᠳᠠᠷᠠᠭᠠᠯᠠᠪᠠᠯ᠂ ᠶᠡᠭᠡ ᠰᠤᠷᠭᠠᠭᠤᠯᠢ ᠶᠢᠨ ᠵᠢᠭᠠᠨ ᠰᠤᠷᠭᠠᠯᠲᠠ ᠨᠢ ᠦᠨᠳᠦᠷ ᠳᠤᠮᠳᠠᠳᠤ ᠶᠢᠨ ᠵᠢᠭᠠᠨ ᠰᠤᠷᠭᠠᠯᠲᠠ ᠲᠠᠢ ᠦᠰᠦᠳ ᠦᠭᠡᠷ᠎ᠡ ᠪᠠᠶᠢᠵᠤ᠂ ᠦᠨᠳᠦᠷ ᠳᠤᠮᠳᠠᠳᠤ ᠶᠢᠨ ᠵᠢᠭᠠᠨ ᠰᠤᠷᠭᠠᠯᠲᠠ ᠨᠢ ᠮᠡᠳᠡᠯᠭᠡ ᠶᠢᠨ ᠴᠡᠭ ᠤᠨ ᠰᠢᠰᠲ᠋ᠧᠮᠵᠢᠭᠰᠡᠨ ᠵᠢᠭᠠᠨ ᠰᠤᠷᠭᠠᠯᠲᠠ ᠶᠢ ᠬᠦᠨᠳᠦᠳᠬᠡᠳᠡᠭ ᠪᠤᠯ᠂ ᠶᠡᠭᠡ ᠰᠤᠷᠭᠠᠭᠤᠯᠢ ᠶᠢᠨ ᠵᠢᠭᠠᠨ ᠰᠤᠷᠭᠠᠯᠲᠠ ᠨᠢ ᠤᠶᠤᠲᠠᠳ ᠤᠨ ᠪᠡᠶ᠎ᠡ ᠪᠠᠨ ᠳᠠᠭᠠᠭᠠᠵᠤ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠠᠨ ᠪᠤᠯᠭᠠᠳᠠᠭ ᠠᠴᠠ ᠪᠠᠭᠰᠢ ᠬᠢᠴᠢᠶᠡᠯ ᠤᠨ ᠲᠤᠶᠢᠮᠦ ᠠᠭᠤᠯᠭ᠎ᠠ ᠶᠢ ᠯᠠ ᠵᠢᠭᠠᠵᠤ᠂ ᠦᠯᠡᠳᠡᠭᠰᠡᠨ ᠭᠦᠨᠵᠡᠭᠡᠢ ᠮᠡᠳᠡᠯᠭᠡ ᠶᠢ ᠤᠶᠤᠲᠠᠳ ᠪᠡᠶ᠎ᠡ ᠪᠠᠨ ᠳᠠᠭᠠᠭᠠᠵᠤ ᠰᠤᠷᠤᠯᠴᠠᠬᠤ ᠶᠢ ᠱᠠᠭᠠᠷᠳᠠᠳᠠᠭ᠃ ᠬᠠᠮᠤᠭ ᠰᠡᠭᠦᠯ ᠳᠤ᠂ ︽ᠰᠤᠷᠤᠭᠠᠳ ᠬᠡᠷᠡᠭ ᠦᠭᠡᠢ︾ ᠭᠡᠳᠡᠭ ᠪᠤᠯ ᠶᠤᠰᠤᠲᠠᠢ ᠭᠠᠵᠢᠭᠤ ᠤᠨᠤᠯ ᠮᠦᠨ᠂ ᠶᠡᠭᠡ ᠰᠤᠷᠭᠠᠭᠤᠯᠢ ᠶᠢᠨ ᠬᠢᠴᠢᠶᠡᠯ ᠢ ᠰᠠᠶᠢᠨ ᠰᠤᠷᠬᠤ ᠨᠢ ᠰᠠᠶᠢᠨ ᠰᠠᠶᠢᠬᠠᠨ ᠰᠤᠷᠤᠯᠴᠠᠬᠤ ᠳᠠᠳᠬᠠᠯ ᠢ ᠬᠦᠮᠦᠵᠢᠭᠦᠯᠵᠦ᠂ ᠲᠡᠷᠡᠴᠢᠯᠡᠨ ᠰᠤᠷᠤᠯᠭ᠎ᠠ ᠶᠢᠨ ᠬᠢᠷᠢ ᠪᠦᠲᠦᠮᠵᠢ ᠰᠢᠯᠢᠳᠡᠭ ᠪᠠᠶᠢᠬᠤ ᠪᠤᠯ ᠰᠤᠷᠭᠠᠭᠤᠯᠢ ᠳᠤ ᠰᠤᠷᠤᠯᠴᠠᠵᠤ ᠪᠠᠶᠢᠭ᠎ᠠ ᠤᠶᠤᠲᠠᠳ ᠤᠨ ᠰᠤᠷᠤᠯᠭ᠎ᠠ ᠶᠢᠨ ᠱᠠᠩᠨᠠᠯ ᠤᠨ ᠮᠦᠩᠭᠦ᠂ ᠠᠰᠫᠢᠷᠠᠨᠲ ᠢᠶᠠᠷ ᠪᠠᠲᠤᠯᠠᠭᠳᠠᠨ ᠬᠦᠷᠭᠡᠭᠳᠡᠬᠦ ᠪᠠᠷ ᠭᠤᠶᠤᠴᠢᠯᠠᠬᠤ ᠶᠢᠨ ᠬᠠᠮᠤᠭ ᠨᠠᠭᠠᠲᠤ ᠵᠠᠬ᠎ᠠ ᠶᠢᠨ ᠱᠠᠭᠠᠷᠳᠠᠯᠭ᠎ᠠ ᠪᠤᠯᠤᠨ᠎ᠠ᠃
       ᠲᠡᠭᠡᠬᠦ ᠪᠠᠷ ᠢᠶᠠᠨ ᠤᠳᠤ ᠶᠢᠨ ᠤᠶᠤᠲᠠᠳ ᠲᠤ ᠠᠪᠴᠤ ᠬᠡᠯᠡᠪᠡᠯ᠂ ︽ᠶᠡᠭᠡ ᠰᠤᠷᠭᠠᠭᠤᠯᠢ ᠳᠤ ᠬᠡᠷᠡᠭᠴᠡᠭᠡ ᠲᠠᠢ ᠶᠠᠭᠤᠮ᠎ᠠ ᠤᠯᠵᠤ ᠰᠤᠷᠬᠤ ᠡᠰᠡᠭᠦ︾ ᠵᠢᠴᠢ ︽ᠶᠠᠭᠠᠬᠢᠪᠠᠯ ᠰᠠᠶ᠋ᠢ ᠬᠡᠷᠡᠭᠴᠡᠭᠡ ᠲᠠᠢ ᠮᠡᠳᠡᠯᠭᠡ ᠶᠢ ᠤᠯᠵᠤ ᠡᠵᠡᠮᠰᠢᠬᠦ︾᠂ ᠲᠡᠷᠡᠴᠢᠯᠡᠨ ︽ᠶᠠᠮᠠᠷ ᠨᠢ ᠰᠠᠶ᠋ᠢ ᠬᠡᠷᠡᠭᠴᠡᠭᠡ ᠲᠠᠢ ᠮᠡᠳᠡᠯᠭᠡ ᠪᠤᠯᠬᠤ︾ ᠶᠢ ᠨᠠᠷᠢᠨ ᠲᠤᠩᠭᠠᠬᠤ ᠨᠢ ᠮᠠᠰᠢ ᠴᠢᠬᠤᠯᠠ ᠶᠤᠮ᠃  
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号