| ᠬᠦᠯᠦᠨ ᠪᠤᠶᠢᠷ ᠬᠤᠲᠠ ᠨᠢ ᠬᠠᠶᠢᠯᠠᠷ ᠬᠤᠲᠠ᠂ ᠮᠠᠨᠵᠤᠤᠷ ᠬᠤᠲᠠ᠂ ᠶᠠᠭᠰᠢ ᠬᠤᠲᠠ᠂ ᠵᠠᠯᠠᠨ ᠠᠶᠢᠯ | ᠬᠤᠲᠠ᠂ ᠭᠡᠭᠡᠨ ᠭᠤᠤᠯ ᠬᠤᠲᠠ᠂ ᠡᠷᠭᠦᠨ᠎ᠡ ᠬᠤᠲᠠ᠂ ᠰᠢᠨ᠎ᠡ ᠪᠠᠷᠭᠤ ᠪᠠᠷᠠᠭᠤᠨ ᠬᠤᠰᠢᠭᠤ᠂ ᠤᠷᠴᠤᠨ ᠤ | ᠦᠪᠡᠷᠲᠡᠭᠡᠨ ᠵᠠᠰᠠᠬᠤ ᠬᠤᠰᠢᠭᠤ᠂ ᠡᠸᠡᠩᠭᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ᠂ ᠮᠤᠷᠢᠨ ᠳᠠᠪᠠᠭ᠎ᠠ | ᠳᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ᠂ ᠠᠷᠤᠨ ᠬᠤᠰᠢᠭᠤ᠂ | ᠰᠢᠨ᠎ᠡ ᠪᠠᠷᠭᠤ ᠵᠡᠭᠦᠨ ᠬᠤᠰᠢᠭᠤ ᠵᠡᠷᠭᠡ 1 ᠲᠤᠭᠤᠷᠢᠭ᠂ 5 ᠬᠤᠲᠠ 7 ᠬᠤᠰᠢᠭᠤ ᠶᠢ ᠬᠠᠷᠢᠶᠠᠯᠠᠵᠤ᠂ ᠶᠡᠷᠦᠩᠬᠡᠢ | ᠲᠠᠯᠠᠪᠠᠢ ᠨᠢ 26.3 ᠲᠦᠮᠡ ᠭᠠᠷᠤᠢ ᠺᠦᠸᠠᠳ᠋ ᠺᠢᠯᠦᠮᠧᠲᠷ᠂ ᠶᠡᠷᠦᠩᠬᠡᠢ ᠬᠦᠮᠦᠨ ᠠᠮᠠ ᠨᠢ 270 ᠭᠠᠷᠤᠢ ᠲᠦᠮᠡ | ᠪᠠᠶᠢᠳᠠᠭ᠃ ᠮᠠᠨ ᠤ ᠤᠷᠤᠨ ᠤ ᠭᠤᠷᠪᠠᠨ ᠦᠪᠡᠷᠲᠡᠭᠡᠨ ᠵᠠᠰᠠᠬᠤ ᠬᠤᠰᠢᠭᠤ ᠪᠤᠯᠬᠤ — ᠤᠷᠴᠤᠨ᠂ ᠳᠠᠭᠤᠷ᠂ | ᠡᠸᠡᠩᠭᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ ᠨᠢ ᠪᠦᠷ ᠬᠦᠯᠦᠨ ᠪᠤᠶᠢᠷ ᠲᠤ ᠪᠠᠶᠢᠳᠠᠭ᠃ | | ᠬᠦᠯᠦᠨ ᠪᠤᠶᠢᠷ ᠬᠤᠲᠠ ᠪᠤᠯ ᠦᠷᠭᠡᠨ ᠠᠭᠤᠳᠠᠮ ᠨᠤᠲᠤᠭ ᠳᠡᠪᠢᠰᠬᠡᠷ ᠲᠠᠢ᠂ ᠲᠡᠨᠢᠭᠦᠨ ᠠᠭᠤᠵᠢᠮ ᠬᠡᠭᠡᠷ᠎ᠡ | ᠲᠠᠯ᠎ᠠ ᠲᠠᠢ᠂ ᠢᠭᠴᠤ ᠰᠠᠬᠤᠯᠠᠭ ᠤᠢ ᠰᠢᠭᠤᠢ ᠲᠠᠢ᠂ ᠦᠩᠭᠡ ᠰᠢᠮᠡᠯᠢᠭ ᠬᠦᠷᠦᠰᠦ ᠰᠢᠷᠤᠢ ᠲᠠᠢ᠂ ᠡᠯᠳᠡᠪ | ᠵᠦᠢᠯ ᠤᠨ ᠠᠷᠢᠶᠠᠲᠠᠨ ᠰᠢᠪᠠᠭᠤ ᠲᠠᠢ᠂ ᠠᠭᠤᠷᠬᠠᠢ ᠪᠤᠯᠠᠭᠳᠠᠴᠠ ᠡᠯᠪᠡᠭ ᠳᠡᠯᠪᠡᠭ ᠦᠨᠢᠷ ᠪᠠᠶᠠᠯᠢᠭ ᠤᠷᠤᠨ ᠶᠤᠮ᠃ | ᠠᠳᠡᠬᠢ ᠬᠡᠭᠡᠷ᠎ᠡ ᠲᠠᠯ᠎ᠠ ᠪᠤᠯ ᠲᠡᠯᠡᠬᠡᠢ ᠳᠡᠭᠡᠷᠡᠬᠢ ᠤᠤᠭᠠᠯ ᠳᠦᠷᠬᠦ ᠪᠠᠨ ᠬᠠᠳᠠᠭᠠᠯᠠᠵᠤ ᠪᠠᠶᠢᠭ᠎ᠠ ᠬᠠᠮᠤᠭ ᠤᠨ ᠶᠡᠭᠡ | ᠪᠠᠶᠢᠭᠠᠯᠢᠯᠢᠭ ᠲᠠᠯ᠎ᠠ ᠭᠠᠵᠠᠷ ᠪᠤᠯᠤᠨ᠎ᠠ᠃ ᠮᠦᠨᠴᠦ ᠮᠠᠨ ᠤ ᠤᠯᠤᠰ ᠤᠨ ᠬᠠᠮᠤᠭ ᠤᠨ ᠶᠡᠭᠡ ᠪᠤᠬᠢᠷᠳᠤᠯ ᠦᠭᠡᠢ | ᠠᠮᠢᠳᠠᠨ ᠤᠷᠭᠤᠮᠠᠯ ᠤᠨ ᠢᠳᠡᠭᠡᠨ ᠤ ᠰᠠᠭᠤᠷᠢᠨ ᠭᠠᠵᠠᠷ ᠮᠦᠨ᠃ | | ᠦᠪᠦᠷ ᠮᠤᠩᠭᠤᠯ ᠪᠤᠯ ᠪᠦᠬᠦ ᠤᠯᠤᠰ ᠲᠤ ᠤᠢ ᠰᠢᠭᠤᠢ ᠬᠠᠮᠤᠭ ᠤᠨ ᠠᠷᠪᠢᠨ ᠭᠠᠵᠠᠷ ᠮᠦᠨ᠃ ᠤᠢ | ᠰᠢᠭᠤᠢ ᠶᠢᠨ ᠲᠠᠯᠠᠪᠠᠢ ᠨᠢ 1406.6 ᠲᠦᠮᠡᠨ ᠡᠾᠧᠺᠲ᠋ᠠᠷ ᠲᠤ ᠬᠦᠷᠴᠦ ᠬᠦᠮᠦᠨ ᠪᠦᠷᠢ ᠶᠢᠨ ᠳᠤᠮᠳᠠᠴᠢ ᠤᠢ | ᠰᠢᠭᠤᠢ ᠶᠢᠨ ᠲᠠᠯᠠᠪᠠᠢ ᠨᠢ 0.61 ᠡᠾᠧᠺᠲ᠋ᠠᠷ ᠲᠤ ᠬᠦᠷᠳᠡᠭ᠃ ᠬᠦᠯᠦᠨ ᠪᠤᠶᠢᠷ ᠬᠤᠲᠠ ᠪᠤᠯ ᠮᠠᠨ ᠤ ᠤᠷᠤᠨ ᠤ | ᠬᠠᠮᠤᠭ ᠤᠨ ᠶᠡᠭᠡ ᠤᠶᠢᠲᠤ ᠤᠷᠤᠨ ᠶᠤᠮ᠃ ᠪᠦᠬᠦ ᠤᠷᠤᠨ ᠤ ᠤᠢ ᠰᠢᠭᠤᠢ ᠶᠢᠨ ᠲᠠᠯᠠᠪᠠᠢ ᠶᠢᠨ 83.7% ᠶᠢ | ᠡᠵᠡᠯᠡᠳᠡᠭ᠃ ᠤᠢ ᠰᠢᠭᠤᠢ ᠶᠢᠨ ᠠᠵᠤ ᠦᠢᠯᠡᠰ ᠪᠤᠯ ᠬᠦᠯᠦᠨ ᠪᠤᠶᠢᠷ ᠬᠤᠲᠠ ᠶᠢᠨ ᠬᠠᠮᠤᠭ ᠤᠨ ᠶᠡᠭᠡ ᠠᠵᠤ | ᠦᠢᠯᠡᠰ ᠮᠦᠨ᠃ ᠪᠦᠬᠦ ᠬᠤᠲᠠ ᠶᠢᠨ ᠤᠢ ᠰᠢᠭᠤᠢ ᠶᠢᠨ ᠭᠠᠷᠤᠯᠲᠠ ᠨᠢ ᠬᠠᠷᠠᠮᠦ᠋ᠷᠡᠨ ᠮᠤᠵᠢ ᠶᠢ ᠳᠠᠷᠠᠭᠠᠯᠠᠵᠤ ᠪᠦᠬᠦ | ᠤᠯᠤᠰ ᠲᠤ ᠬᠤᠶᠠᠳᠤᠭᠠᠷ ᠲᠤ ᠤᠷᠤᠳᠠᠭ᠃ ᠠᠳᠡᠬᠢ ᠬᠤᠩᠭᠤᠯᠵᠢ ᠤᠢ ᠰᠢᠭᠤᠢ ᠶᠢᠨ ᠲᠠᠯᠠᠪᠠᠢ ᠪᠤᠯ ᠮᠠᠨ ᠤ | ᠤᠯᠤᠰ ᠤᠨ ᠵᠢᠭᠠᠷᠲᠤ ᠨᠠᠷᠠᠰᠤᠨ ᠤ ᠦᠷ᠎ᠡ ᠶᠢᠨ ᠬᠠᠮᠤᠭ ᠤᠨ ᠲᠤᠮᠤ ᠰᠠᠭᠤᠷᠢᠨ ᠭᠠᠵᠠᠷ ᠮᠦᠨ᠃ ᠬᠤᠩᠭᠤᠯᠵᠢ ᠶᠢᠨ | ᠵᠢᠭᠠᠷᠲᠤ ᠨᠠᠷᠠᠰᠤᠨ ᠤ ᠤᠢ ᠪᠤᠯ ᠳᠡᠯᠡᠬᠡᠢ ᠳᠤ ᠬᠤᠪᠤᠷ ᠴᠤᠬᠠᠭ᠂ ᠠᠽᠢᠶ᠎ᠠ ᠲᠢᠪ ᠲᠤ ᠬᠠᠮᠤᠭ ᠤᠨ ᠲᠤᠮᠤ᠂ ᠮᠠᠨ ᠤ | ᠤᠯᠤᠰ ᠤᠨ ᠴᠤᠷ ᠤᠨ ᠭᠠᠭᠴᠠ ᠲᠦᠪᠯᠡᠷᠡᠨ ᠤᠷᠭᠤᠭᠰᠠᠨ ᠪᠠᠶᠢᠭᠠᠯᠢᠯᠢᠭ ᠵᠢᠭᠠᠷᠲᠤ ᠨᠠᠷᠠᠰᠤᠨ ᠤᠢ ᠪᠤᠯᠤᠨ᠎ᠠ᠃ | | | ᠬᠦᠯᠦᠨ ᠪᠤᠶᠢᠷ ᠬᠤᠲᠠ ᠪᠤᠯ ᠨᠠᠷᠠ ᠬᠤᠷ᠎ᠠ ᠨᠢ ᠲᠡᠩᠴᠡᠭᠰᠡᠨ ᠨᠠᠯᠠᠭᠠᠷ ᠰᠠᠶᠢᠬᠠᠨ ᠨᠤᠲᠤᠭ ᠶᠤᠮ᠃ ᠠᠳᠡ | ᠦᠨᠢ ᠡᠷᠲᠡᠨ ᠤ ᠬᠡᠭᠡᠷ᠎ᠡ ᠲᠠᠯ᠎ᠠ ᠪᠤᠢ᠂ ᠦᠩ ᠰᠢᠮᠡᠯᠢᠭ ᠨᠤᠲᠤᠭ ᠪᠡᠯᠴᠢᠭᠡᠷ ᠪᠤᠢ᠃ ᠮᠢᠷᠠᠯᠵᠠᠭᠰᠠᠨ ᠤᠷᠤᠰᠬᠠᠯ ᠲᠠᠢ | ᠭᠤᠤᠯ ᠮᠦᠷᠡᠨ ᠪᠤᠢ᠂ ᠮᠠᠩᠨᠤᠭ ᠤᠢ ᠲᠠᠢ ᠠᠭᠤᠯᠠ ᠬᠠᠳᠠ ᠲᠠᠢ᠃ ᠰᠤᠪᠤᠳᠯᠠᠵᠤ ᠲᠠᠷᠬᠠᠭᠰᠠᠨ ᠨᠠᠭᠤᠷ ᠲᠤᠭᠤᠷᠢᠮ | ᠪᠤᠢ᠃ ᠶᠠᠭ ᠡᠶᠢᠮᠦ ᠳᠡᠭᠡᠨ ᠮᠠᠯ ᠠᠵᠤ ᠠᠬᠤᠢ ᠪᠤᠯ ᠬᠦᠯᠦᠨ ᠪᠤᠶᠢᠷ ᠬᠤᠲᠠ ᠶᠢᠨ ᠤᠯᠠᠮᠵᠢᠯᠠᠯᠲᠤ ᠠᠵᠤ ᠦᠢᠯᠡᠰ | ᠪᠦᠭᠡᠳ ᠬᠦᠯᠦᠨ ᠪᠤᠶᠢᠷ ᠤᠨ ᠲᠠᠯ᠎ᠠ ᠨᠤᠲᠤᠭ ᠨᠢ ︽ᠪᠡᠯᠴᠢᠭᠡᠷ ᠡᠪᠡᠰᠦᠨ ᠤ ᠸᠠᠩᠲᠤ ᠤᠯᠤᠰ︾ ᠭᠡᠰᠡᠨ ᠰᠠᠶᠢᠬᠠᠨ | ᠴᠤᠯᠠ ᠲᠠᠢ ᠶᠤᠮ᠃ ᠲᠡᠷᠡ ᠮᠦᠷᠲᠡᠭᠡᠨ ᠬᠦᠯᠦᠨ ᠪᠤᠶᠢᠷ ᠬᠤᠲᠠ ᠪᠤᠯ ᠮᠠᠨ ᠤ ᠤᠯᠤᠰ ᠤᠨ ᠮᠠᠯ ᠠᠵᠤ ᠠᠬᠤᠢ ᠶᠢᠨ | ᠮᠠᠰᠢᠨᠴᠢᠯᠠᠯᠲᠠ ᠶᠢᠨ ᠬᠡᠮᠵᠢᠶ᠎ᠡ ᠬᠠᠮᠤᠭ ᠤᠨ ᠰᠠᠶᠢᠨ ᠤᠷᠤᠨ ᠶᠤᠮ᠃ ᠭᠤᠷᠪᠠᠨ ᠭᠤᠤᠯ ᠤᠨ ᠠᠳᠤᠭᠤ᠂ ᠭᠤᠷᠪᠠᠨ | ᠭᠤᠤᠯ ᠤᠨ ᠦᠬᠡᠷ᠂ ᠬᠦᠯᠦᠨ ᠪᠤᠶᠢᠷ ᠤᠨ ᠨᠠᠷᠢᠨ ᠨᠤᠤᠰᠤᠲᠤ ᠬᠤᠨᠢ ᠪᠤᠯ ᠬᠦᠯᠦᠨ ᠪᠤᠶᠢᠷ ᠬᠤᠲᠠ ᠶᠢᠨ ᠰᠢᠯᠢᠳᠡᠭ | ᠮᠠᠯ ᠤᠨ ᠡᠭᠦᠯᠳᠡᠷ ᠪᠤᠯᠬᠤ ᠶᠤᠮ᠃ ᠬᠦᠯᠦᠨ ᠪᠤᠶᠢᠷ ᠲᠤ ᠶᠡᠭᠡ ᠪᠠᠭ᠎ᠠ ᠭᠤᠤᠯ ᠮᠦᠷᠡᠨ 300 ᠭᠠᠷᠤᠢ᠂ ᠨᠠᠭᠤᠷ | 500 ᠭᠠᠷᠤᠢ ᠪᠠᠶᠢᠳᠠᠭ ᠪᠦᠭᠡᠳ ᠨᠤᠨ ᠮᠦᠷᠡᠨ᠂ ᠡᠷᠭᠦᠨ᠎ᠡ ᠭᠤᠤᠯ ᠤᠨ ᠬᠤᠶᠠᠷ ᠶᠡᠭᠡ ᠤᠰᠤᠨ ᠰᠢᠰᠲ᠋ᠧᠮ ᠲᠠᠢ᠃ | ᠡᠨᠡ ᠨᠢ ᠬᠦᠮᠦᠨ ᠠᠷᠠᠳ ᠤᠨ ᠵᠢᠷᠭᠠᠯᠲᠠᠢ ᠠᠮᠢᠳᠤᠷᠠᠬᠤ ᠲᠠᠩᠰᠤᠭ ᠨᠦᠬᠦᠴᠡᠯ ᠪᠤᠯᠤᠭᠰᠠᠨ ᠢᠶᠠᠷ ᠦᠯᠦ ᠪᠠᠷᠠᠨ ᠡᠯᠳᠡᠪ | ᠵᠦᠢᠯ ᠤᠨ ᠠᠷᠢᠶᠠᠲᠠᠨ ᠰᠢᠪᠠᠭᠤᠳ ᠤᠨ ᠨᠤᠲᠤᠭᠰᠢᠨ ᠰᠠᠭᠤᠬᠤ ᠴᠡᠩᠬᠡᠷ ᠦᠯᠦᠭᠡᠢ ᠪᠤᠯᠤᠭᠰᠠᠨ ᠶᠤᠮ᠃ ᠬᠦᠯᠦᠨ | ᠨᠠᠭᠤᠷ ᠤᠨ ᠲᠤᠭᠤᠷᠤᠤ ᠪᠤᠯᠤᠨ ᠤᠯᠠᠭᠠᠨᠬᠤᠲᠠ ᠶᠢᠨ ᠲᠤᠭᠤᠷᠤᠤ ᠨᠢ ᠪᠦᠬᠦ ᠤᠯᠤᠰ ᠤᠨ ᠲᠤᠭᠤᠷᠤᠤ ᠶᠢᠨ ᠲᠦᠷᠦᠯ | ᠵᠦᠢᠯ ᠤᠨ 55.6% ᠶᠢ ᠡᠵᠡᠯᠡᠵᠦ ᠪᠤᠢ ᠪᠦᠭᠡᠳ ︽ᠬᠦᠯᠦᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠤᠷᠤᠨ︾ ᠪᠤᠯ ᠮᠠᠨ ᠤ ᠤᠯᠤᠰ ᠤᠨ ᠰᠢᠪᠠᠭᠤᠳ ᠤᠨ ᠡᠬᠢ ᠪᠠᠶᠠᠯᠢᠭ ᠤᠨ ᠡᠷᠳᠡᠨᠢ ᠶᠢᠨ ᠰᠠᠩ ᠮᠦᠨ᠃ ᠠᠳᠡᠬᠢ | ᠬᠠᠨᠳᠠᠭᠠᠢ ᠪᠤᠯ ᠳᠡᠯᠡᠬᠡᠢ ᠳᠡᠭᠡᠷ᠎ᠡ ᠤᠳᠤ ᠪᠠᠶᠢᠭ᠎ᠠ ᠬᠠᠮᠤᠭ ᠤᠨ ᠶᠡᠭᠡ ᠬᠠᠨᠳᠠᠭᠠᠢ ᠶᠢᠨ ᠲᠦᠷᠦᠯ ᠶᠤᠮ᠃ ᠴᠠ ᠪᠤᠭᠤ | ᠪᠤᠯ ᠬᠦᠯᠦᠨ ᠪᠤᠶᠢᠷ ᠤᠨ ᠨᠢᠭᠡ ᠦᠩᠭᠡ ᠦᠵᠡᠮᠵᠢ ᠪᠦᠭᠡᠳ ᠬᠤᠪᠤᠷ ᠡᠷᠳᠡᠨᠢ ᠮᠦᠨ᠃ ᠪᠦᠷᠢᠨ ᠪᠤᠰᠤ ᠪᠦᠷᠢᠳᠬᠡᠯ ᠢ | ᠦᠨᠳᠦᠰᠦᠯᠡᠪᠡᠯ ᠬᠦᠯᠦᠨ ᠪᠤᠶᠢᠷ ᠬᠤᠲᠠ ᠶᠢᠨ ᠬᠡᠭᠡᠷ᠎ᠡ ᠲᠠᠯ᠎ᠠ ᠶᠢᠨ ᠠᠮᠢᠲᠠᠨ ᠵᠢᠭᠦᠷᠲᠡᠨ ᠤ ᠲᠦᠷᠦᠯ ᠵᠦᠢᠯ ᠨᠢ ᠪᠦᠬᠦ | ᠤᠯᠤᠰ ᠤᠨ ᠶᠡᠷᠦᠩᠬᠡᠢ ᠲᠤᠭᠠᠨ ᠤ 12.3% ᠶᠢ ᠡᠵᠡᠯᠡᠵᠦ᠂ ᠪᠦᠬᠦ ᠤᠷᠤᠨ ᠤ 70% ᠠᠴᠠ ᠳᠡᠭᠡᠭᠰᠢ ᠶᠢ | ᠡᠵᠡᠯᠡᠵᠦ᠂ ᠤᠯᠤᠰ ᠲᠤ ᠲᠡᠷᠢᠭᠦᠨ ᠪᠠᠶᠢᠷᠢᠨ ᠳᠤ ᠵᠢᠭᠰᠠᠭᠠᠭᠳᠠᠵᠤ ᠪᠤᠢ᠃ ᠤᠳᠤ ᠬᠦᠯᠦᠨ ᠪᠤᠶᠢᠷ ᠬᠤᠲᠠ ᠳᠤ | ᠤᠯᠤᠰ ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠳᠡᠰ ᠤᠨ ᠬᠠᠮᠠᠭᠠᠯᠠᠯᠲᠠ ᠶᠢᠨ ᠪᠠ ᠤᠷᠤᠨ ᠤ ᠳᠡᠰ ᠤᠨ | ᠬᠠᠮᠠᠭᠠᠯᠠᠯᠲᠠ ᠶᠢᠨ ᠬᠡᠭᠡᠷ᠎ᠡ ᠶᠢᠨ ᠠᠮᠢᠲᠠᠨ 30 ᠭᠠᠷᠤᠢ ᠲᠦᠷᠦᠯ ᠵᠦᠢᠯ ᠪᠤᠢ᠂ ᠲᠤᠰ ᠬᠤᠲᠠ ᠶᠢᠨ ᠰᠢᠪᠠᠭᠤᠨ ᠤ | ᠲᠦᠷᠦᠯ 313 ᠪᠤᠢ᠃ | | ᠬᠦᠯᠦᠨ ᠪᠤᠶᠢᠷ ᠬᠤᠲᠠ ᠪᠤᠯ ᠡᠷᠲᠡᠨ ᠤ ᠬᠦᠮᠦᠨ ᠤ ᠤᠯᠠ ᠮᠦᠷ ᠲᠠᠢ᠂ ᠦᠵᠡᠮᠵᠢᠲᠦ ᠰᠠᠶᠢᠬᠠᠨ | ᠵᠤᠭᠠᠴᠠᠯ ᠤᠨ ᠭᠠᠵᠠᠷ᠂ ᠦᠨᠡᠨ ᠲᠡᠦᠬᠡ ᠶᠢᠨ ᠬᠠᠭᠤᠴᠢ ᠪᠠᠭᠤᠷᠢ ᠲᠠᠢ ᠦᠯᠢᠭᠡᠷᠲᠦ ᠨᠤᠲᠤᠭ ᠪᠢᠯᠡ᠃ ᠤᠳᠤ ᠠᠴᠠ | ᠬᠤᠶᠠᠷ ᠭᠤᠷᠪᠠᠨ ᠲᠦᠮᠡᠨ ᠵᠢᠯ ᠤᠨ ᠡᠮᠦᠨ᠎ᠡ ᠡᠷᠲᠡᠨ ᠤ ᠬᠦᠮᠦᠨ ᠲᠦᠷᠦᠯᠬᠢᠲᠡᠨ — ᠵᠠᠯᠠᠶᠢᠨᠠᠭᠤᠷ ᠬᠦᠮᠦᠨ ᠠᠳᠡ | ᠠᠵᠤ ᠲᠦᠷᠦᠵᠦ ᠪᠠᠶᠢᠭᠰᠠᠨ ᠪᠦᠭᠡᠳ ᠬᠦᠯᠦᠨ ᠪᠤᠶᠢᠷ ᠤᠨ ᠪᠠᠯᠠᠷ ᠡᠷᠲᠡᠨ ᠤ ᠰᠤᠶᠤᠯ ᠢ ᠪᠦᠲᠦᠭᠡᠭᠰᠡᠨ ᠶᠤᠮ᠃ | ᠵᠠᠯᠠᠶᠢᠨᠠᠭᠤᠷ ᠨᠡᠭᠦᠷᠡᠰᠦᠨ ᠠᠭᠤᠷᠬᠠᠢ ᠠᠴᠠ ᠤᠯᠳᠠᠭᠰᠠᠨ ᠠᠷᠰᠯᠠᠨ ᠵᠠᠭᠠᠨ ᠤ ᠠᠷᠠᠭ ᠶᠠᠰᠤᠨ ᠴᠢᠯᠠᠭᠤᠵᠢᠮᠠᠯ ᠪᠤᠯ | ᠤᠳᠤ ᠪᠤᠯᠲᠠᠯᠠᠬᠢ ᠳᠡᠯᠡᠬᠡᠢ ᠳᠡᠭᠡᠷᠡᠬᠢ ᠬᠠᠮᠤᠭ ᠤᠨ ᠲᠤᠮᠤ ᠠᠷᠰᠯᠠᠨ ᠵᠠᠭᠠᠨ ᠤ ᠠᠷᠠᠭ ᠶᠠᠰᠤᠨ ᠤ ᠴᠢᠯᠠᠭᠤᠵᠢᠮᠠᠯ ᠶᠤᠮ | ᠃ ᠠᠳᠡ ᠪᠠᠶᠢᠭ᠎ᠠ ᠰᠢᠶᠠᠨᠪᠢ ᠶᠢᠨ ᠬᠠᠭᠤᠴᠢᠨ ᠪᠠᠭᠤᠷᠢ ᠭᠠᠰᠢᠶᠠᠨ ᠠᠭᠤᠢ᠂ ᠶᠤᠸᠠᠨ ᠤᠯᠤᠰ ᠤᠨ ᠦᠶ᠎ᠡ ᠶᠢᠨ ᠡᠾᠸᠢ | ᠱᠠᠨ ᠲᠸᠦ ᠶᠢᠨ ᠪᠠᠭᠤᠷᠢ ᠨᠢ ᠪᠦᠷ ᠤᠷᠤᠨ ᠤ ᠭᠤᠤᠯᠳᠠᠯᠭᠠᠲᠤ ᠲᠡᠦᠬᠡᠨ ᠳᠤᠷᠠᠰᠬᠠᠯᠲᠤ ᠬᠠᠮᠠᠭᠠᠯᠠᠯᠲᠠ ᠶᠢᠨ ᠤᠷᠤᠨ | ᠪᠢᠯᠡ᠃ ᠨᠤᠮᠤᠨ ᠬᠠᠨ ᠤ ᠲᠠᠶᠢᠨ ᠤ ᠪᠠᠭᠤᠷᠢ ᠠᠳᠡ ᠶᠠᠭᠤ ᠨᠢᠭᠡ ᠶᠢ ᠰᠢᠪᠡᠨᠡᠩᠬᠡᠨ ᠪᠠᠶᠢᠨ᠎ᠠ᠃ ᠮᠤᠩᠭᠤᠯ ᠤᠨ ᠠᠷᠠᠳ | ᠲᠦᠮᠡᠨ 1939 ᠤᠨ ᠳᠤ ᠶᠠᠫᠤᠨ ᠡᠵᠡᠷᠬᠡᠭ ᠳᠦᠷᠢᠮᠡᠬᠡᠶᠢᠲᠡᠨ ᠲᠠᠢ ᠨᠤᠮᠤᠨ ᠬᠠᠨ ᠳᠤ ᠦᠬᠦᠵᠦ ᠰᠡᠬᠡᠬᠦ ᠶᠢᠨ | ᠳᠠᠶᠢᠨ ᠬᠢᠭᠰᠡᠨ ᠶᠤᠮ᠃ ᠡᠨᠡ ᠳᠠᠶᠢᠨ ᠨᠢ ᠮᠤᠩᠭᠤᠯ ᠤᠨ ᠠᠷᠠᠳ ᠲᠦᠮᠡᠨ ᠤ ᠢᠯᠠᠯᠲᠠ ᠪᠠᠷ ᠲᠡᠭᠦᠰᠴᠦ ᠶᠠᠫᠤᠨ | ᠡᠵᠡᠷᠬᠡᠭ ᠳᠦᠷᠢᠮᠡᠬᠡᠶᠢᠲᠡᠨ ᠤ ᠮᠤᠩᠭᠤᠯ ᠢ ᠳᠦᠷᠢᠮᠡᠬᠡᠶᠢᠯᠡᠬᠦ ᠭᠡᠰᠡᠨ ᠭᠤᠷᠢᠳᠠᠯᠭ᠎ᠠ ᠶᠢ ᠪᠤᠳᠠ ᠨᠢᠷᠭᠡᠭᠰᠡᠨ ᠪᠦᠭᠡᠳ | ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠳᠤ ᠦᠯᠡᠮᠵᠢ ᠭᠠᠪᠢᠶ᠎ᠠ ᠦᠵᠡᠭᠦᠯᠦᠨ ᠮᠤᠩᠭᠤᠯ ᠤᠨ ᠬᠤᠪᠢᠰᠬᠠᠯᠲᠤ | ᠳᠠᠶᠢᠴᠢᠨ ᠤᠲᠷᠢᠶᠠᠲ ᠤᠨ ᠡᠷᠡᠯᠬᠡᠭ ᠪᠠᠭᠠᠲᠤᠷᠯᠢᠭ ᠵᠢᠪᠬᠤᠭᠠᠲᠤ ᠪᠠᠶᠢᠯᠳᠤᠭᠠᠨ ᠢ ᠲᠡᠦᠬᠡ ᠶᠢᠨ ᠬᠠᠭᠤᠳᠠᠰᠤᠨ᠎ᠠ | ᠦᠨᠢᠲᠡ ᠲᠡᠮᠳᠡᠭᠯᠡᠭᠰᠡᠨ ᠶᠤᠮ᠃ ᠡᠵᠡᠷᠬᠡᠭ ᠳᠠᠶᠢᠨ ᠯᠠᠪᠲᠠᠢ ᠢᠯᠠᠭᠳᠠᠵᠤ᠂ ᠦᠨᠡᠨ ᠶᠤᠰᠤᠨ ᠤ ᠳᠠᠶᠢᠨ ᠯᠠᠪᠲᠠᠢ | ᠢᠯᠠᠯᠲᠠ ᠤᠯᠤᠨ᠎ᠠ᠃ ᠡᠨᠡ ᠪᠤᠯ ᠦᠨᠡᠨ ᠶᠤᠰᠤ᠂ ᠡᠨᠡ ᠪᠤᠯ ᠪᠠᠲᠤ ᠶᠤᠰᠤ᠃ ᠨᠤᠮᠤᠨ ᠬᠠᠨ ᠤ ᠳᠠᠶᠢᠨ ᠡᠭᠦᠨ ᠢ | ᠭᠡᠷᠡᠴᠢᠯᠡᠵᠦ ᠪᠤᠢ᠂ ᠨᠤᠮᠤᠨ ᠬᠠᠨ ᠤ ᠪᠠᠭᠤᠷᠢ ᠡᠭᠦᠨ ᠢ ᠬᠦᠦᠷᠨᠢᠵᠦ ᠪᠤᠢ᠃ ᠳᠦᠷᠢᠮᠡᠬᠡᠶᠢᠯᠡᠯ ᠢ ᠡᠰᠡᠷᠭᠦᠴᠡᠬᠦ ᠳᠤ | ᠲᠦᠪᠯᠡᠷᠡᠭᠰᠡᠨ ᠪᠦᠯᠬᠦᠮᠳᠡᠯ᠂ ᠲᠦᠪᠯᠡᠭᠰᠡᠨ ᠰᠢᠲᠦᠭᠡᠨ ᠬᠡᠷᠡᠭᠲᠡᠢ ᠰᠢᠦ᠂ ᠠᠷᠠᠳ ᠲᠦᠮᠡᠨ ᠮᠢᠨᠢ ᠡ︕ | |