ᠡᠯᠢᠭᠡᠨ ᠬᠠᠶᠢᠷᠠᠲᠤ ᠦᠪᠦᠷ ᠮᠤᠩᠭᠤᠯ — ᠠᠷᠪᠠᠨ ᠬᠤᠶᠠᠷ ᠠᠶᠢᠮᠠᠭ ᠬᠤᠲᠠ — ᠬᠢᠩᠭᠠᠨ ᠠᠶᠢᠮᠠᠭ
ᠨᠡᠶᠢᠲᠡᠯᠡᠭᠰᠡᠨ ᠴᠠᠭ᠄
2017/9/29
 
       ᠬᠢᠩᠭᠠᠨ ᠠᠶᠢᠮᠠᠭ ᠤᠯᠠᠭᠠᠨᠬᠤᠲᠠ᠂ ᠷᠠᠰᠢᠶᠠᠨ ᠬᠤᠲᠠ᠂ ᠲᠦᠴᠢᠦᠸᠠᠨ ᠰᠢᠶᠠᠨ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ 2 ᠬᠤᠲᠠ᠂ 1 ᠰᠢᠶᠠᠨ᠂ 3 ᠬᠤᠰᠢᠭᠤ ᠶᠢ ᠬᠠᠷᠢᠶᠠᠯᠠᠵᠤ᠂ ᠶᠡᠷᠦᠩᠬᠡᠢ ᠲᠠᠯᠠᠪᠠᠢ ᠨᠢ 5.9 ᠲᠦᠮᠡ ᠭᠠᠷᠤᠢ ᠺᠦᠸᠠᠳ᠋ ᠺᠢᠯᠦᠮᠧᠲᠷ᠂ ᠶᠡᠷᠦᠩᠬᠡᠢ ᠬᠦᠮᠦᠨ ᠠᠮᠠ ᠨᠢ 160 ᠲᠦᠮᠡ ᠪᠤᠢ᠃ 1980 ᠤᠨ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢᠶᠠᠷ ᠬᠢᠩᠭᠠᠨ ᠠᠶᠢᠮᠠᠭ ᠤᠨ ᠪᠠᠶᠢᠭᠤᠯᠤᠮᠵᠢ ᠶᠢ ᠰᠡᠷᠭᠦᠭᠡᠨ ᠤᠳᠤ ᠳᠤ ᠬᠦᠷᠴᠦ ᠢᠷᠡᠪᠡ᠃ ᠠᠶᠢᠮᠠᠭ ᠤᠨ ᠵᠠᠰᠠᠭ ᠵᠠᠬᠢᠷᠭ᠎ᠠ ᠨᠢ ᠤᠯᠠᠭᠠᠨᠬᠤᠲᠠ ᠳᠤ ᠪᠤᠢ᠃ ᠤᠯᠠᠭᠠᠨᠬᠤᠲᠠ ᠶᠢ ᠤᠤᠯ ᠳᠠᠭᠠᠨ ᠸᠠᠩ ᠤᠨ ᠰᠦᠮ᠎ᠡ ᠭᠡᠵᠦ ᠨᠡᠷᠡᠶᠢᠳᠴᠦ ᠪᠠᠶᠢᠭᠰᠠᠨ ᠢᠶᠠᠨ 1947 ᠤᠨ ᠤ 11 ᠰᠠᠷ᠎ᠠ ᠶᠢᠨ 26 ᠳᠤ ᠤᠯᠠᠭᠠᠨᠬᠤᠲᠠ ᠭᠡᠵᠦ ᠬᠠᠯᠠᠨ ᠨᠡᠷᠡᠯᠡᠵᠡᠢ᠃
       ᠬᠢᠩᠭᠠᠨ ᠠᠶᠢᠮᠠᠭ ᠪᠤᠯ ᠦᠪᠦᠷ ᠮᠤᠩᠭᠤᠯ ᠤᠨ ᠠᠷᠠᠳ ᠤᠨ ᠬᠤᠪᠢᠰᠬᠠᠯ ᠤᠨ ᠦᠯᠦᠭᠡᠢ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠤᠤᠷ᠎ᠠ 1947 ᠤᠨ ᠤ 5 ᠰᠠᠷ᠎ᠠ ᠶᠢᠨ 1 ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠵᠠᠰᠠᠭ ᠤᠨ ᠤᠷᠳᠤᠨ ᠤᠯᠠᠭᠠᠨᠬᠤᠲᠠ ᠳᠤ ᠶᠠᠪᠤᠭᠳᠠᠵᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠢᠶᠠᠨ ᠲᠤᠩᠬᠠᠭᠯᠠᠭᠰᠠᠨ ᠪᠢᠯᠡ᠃ ᠢᠩᠭᠢᠭᠡᠳ ᠤᠯᠠᠭᠠᠨᠬᠦᠦ ᠨᠦᠬᠦᠷ ᠲᠡᠷᠢᠭᠦᠯᠡᠭᠴᠢ ᠪᠠᠷ ᠰᠤᠩᠭᠤᠭᠳᠠᠭᠰᠠᠨ ᠪᠢᠯᠡ᠃
       ᠬᠢᠩᠭᠠᠨ ᠠᠶᠢᠮᠠᠭ ᠪᠤᠯ ᠡᠷᠲᠡᠨ ᠤ ᠪᠠᠷᠢᠯᠭ᠎ᠠ ᠬᠤᠪᠢᠰᠬᠠᠯᠲᠤ ᠪᠠᠭᠤᠷᠢ᠂ ᠴᠡᠴᠡᠷᠯᠢᠭ ᠵᠢᠴᠢ ᠡᠯᠳᠡᠪ ᠵᠦᠢᠯ ᠤᠨ ᠷᠠᠰᠢᠶᠠᠨ ᠤᠨᠳᠤᠷᠤᠭᠰᠠᠨ ᠡᠷᠳᠡᠨᠢ ᠶᠢᠨ ᠨᠤᠲᠤᠭ ᠪᠢᠯᠡ᠃ ᠤᠯᠠᠭᠠᠨᠬᠤᠲᠠ ᠳᠤ ᠳᠡᠯᠡᠬᠡᠢ ᠳᠤ ᠠᠯᠳᠠᠷᠲᠠᠢ ᠴᠢᠩᠭᠢᠰ ᠬᠠᠭᠠᠨ ᠤ ᠰᠦᠮ᠎ᠡ ᠪᠤᠢ᠃ ᠬᠢᠩᠭᠠᠨᠴᠤᠳ ᠠᠳᠡ ᠠᠴᠠ ᠪᠤᠭᠳᠠ ᠪᠠᠨ ᠬᠦᠨᠳᠦᠳᠬᠡᠨ ᠲᠠᠬᠢᠵᠤ ᠪᠢᠰᠢᠷᠡᠯ ᠢᠶᠠᠨ ᠭᠦᠢᠴᠡᠳᠬᠡᠵᠦ ᠪᠤᠢ᠃ ᠡᠷᠡᠮᠡᠬᠡᠢ ᠵᠤᠷᠢᠭ ᠢᠶᠠᠨ ᠬᠦᠪᠴᠢᠯᠡᠨ ᠵᠠᠯᠭᠠᠮᠵᠢᠯᠠᠵᠤ ᠠᠵᠢᠯ ᠦᠢᠯᠡᠰ ᠢᠶᠠᠨ ᠪᠦᠲᠦᠭᠡᠵᠦ ᠪᠤᠢ᠃
       ᠴᠢᠩᠭᠢᠰ ᠬᠠᠭᠠᠨ ᠪᠤᠯ ᠠᠯᠳᠠᠷᠲᠤ ᠤᠯᠤᠰ ᠲᠦᠷᠦᠴᠢᠨ᠂ ᠴᠡᠷᠢᠭ ᠳᠠᠶᠢᠨ ᠤ ᠰᠢᠯᠭᠠᠷᠠᠭᠰᠠᠨ ᠪᠠᠭᠠᠲᠤᠷ ᠮᠦᠨ᠃ ᠲᠡᠷᠡ ᠨᠢᠭᠡ ᠨᠠᠰᠤ ᠪᠠᠷ ᠢᠶᠠᠨ ᠳᠠᠶᠢᠨ ᠳᠤ ᠶᠠᠪᠤᠵᠤ 40 ᠤᠯᠤᠰ ᠢ ᠮᠦᠬᠦᠭᠡᠵᠦ᠂ 700 ᠦᠨᠳᠦᠰᠦᠲᠡᠨ ᠶᠠᠰᠤᠲᠠᠨ ᠢ ᠡᠷᠬᠡᠨ ᠳᠡᠭᠡᠨ ᠤᠷᠤᠭᠤᠯᠤᠨ ᠠᠪᠴᠠᠢ᠃ ᠮᠤᠩᠭᠤᠯ ᠤᠨ ᠲᠠᠶᠢᠨ ᠨᠢ ᠲᠤᠬᠠᠢ ᠶᠢᠨ ᠦᠶ᠎ᠡ ᠶᠢᠨ ᠠᠷᠠᠳ ᠤᠨ ᠠᠮᠢᠳᠤᠷᠠᠯ᠂ ᠨᠡᠶᠢᠭᠡᠮ ᠤᠨ ᠦᠢᠯᠡᠳᠪᠦᠷᠢᠯᠡᠯ ᠳᠤ ᠵᠤᠬᠢᠬᠤ ᠬᠡᠮᠵᠢᠶᠡᠨ ᠤ ᠰᠦᠢᠳᠦᠯ ᠢ ᠤᠴᠠᠷᠠᠭᠤᠯᠤᠭᠰᠠᠨ ᠪᠤᠯᠪᠠᠴᠤ ᠳᠡᠯᠡᠬᠡᠢ ᠶᠢᠨ ᠰᠤᠶᠤᠯ ᠤᠨ ᠰᠤᠯᠢᠯᠴᠠᠭ᠎ᠠ ᠶᠢ ᠠᠬᠢᠭᠤᠯᠤᠭᠰᠠᠨ ᠶᠤᠮ ᠭᠡᠵᠦ ᠤᠳᠤᠬᠢ ᠡᠷᠳᠡᠮᠲᠡᠳ ᠦᠵᠡᠵᠦ ᠪᠤᠢ᠃ ᠶᠠᠭ ᠡᠶᠢᠮᠦ ᠳᠡᠭᠡᠨ ᠴᠢᠩᠭᠢᠰ ᠬᠠᠭᠠᠨ ᠠᠮᠧᠷᠢᠺᠡ ᠶᠢᠨ ᠸᠠᠰᠢᠩᠲ᠋ᠤᠨ ᠤ ᠰᠤᠨᠢᠨ ᠤ 1995 ᠤᠨ ᠤ 12 ᠰᠠᠷ᠎ᠠ ᠶᠢᠨ 31 ᠤ ᠡᠳᠦᠷ ᠰᠢᠯᠭᠠᠷᠠᠭᠤᠯᠤᠭᠰᠠᠨ ᠬᠦᠮᠦᠨ ᠲᠦᠷᠦᠯᠬᠢᠲᠡᠨ ᠤ ᠪᠤᠯᠪᠠᠰᠤᠨ ᠲᠡᠦᠬᠡᠨ ᠳᠡᠭᠡᠷᠡᠬᠢ ᠬᠤᠶᠠᠳᠠᠬᠢ ᠮᠢᠩᠭᠠᠨ ᠵᠢᠯ ᠳᠠᠬᠢ ᠲᠡᠷᠢᠭᠦᠨ ᠵᠡᠷᠭᠡ ᠶᠢᠨ ᠴᠤᠤᠲᠤ ᠬᠦᠮᠦᠨ ᠤ ᠰᠠᠭᠤᠳᠠᠯ ᠳᠤ ᠰᠠᠭᠤᠭᠰᠠᠨ ᠪᠦᠭᠡᠳ ︽ᠳᠡᠯᠡᠭᠡᠢ ᠶᠢ ᠨᠦᠯᠦᠭᠡᠯᠡᠭᠰᠡᠨ ᠵᠠᠭᠤᠨ ᠬᠦᠮᠦᠨ︾ ᠤ ᠲᠤᠲᠤᠷ᠎ᠠ 21 ᠳᠤ ᠵᠢᠭᠰᠠᠭᠠᠭᠳᠠᠭᠰᠠᠨ ᠶᠤᠮ᠃ ᠶᠠᠭ ᠡᠶᠢᠮᠦ ᠳᠡᠭᠡᠨ ᠮᠤᠩᠭᠤᠯ ᠤᠯᠤᠰ ᠤᠨ ᠨᠡᠷᠡᠲᠤ ᠨᠠᠶᠢᠷᠠᠭᠴᠢ ᠳ᠋᠊᠂ ᠫᠦᠷᠪᠦᠳᠦᠷᠵᠢ ︽ᠴᠢᠩᠭᠢᠰ︾ ᠭᠡᠰᠡᠨ ᠰᠢᠯᠦᠭ ᠲᠡᠭᠡᠨ᠄
       ︽ᠲᠡᠮᠦᠵᠢᠨ — ᠨᠤᠮᠤ ᠶᠢᠨ ᠬᠦᠪᠴᠢᠨ ᠠᠴᠠ ᠲᠦᠷᠦᠭᠡ ᠦᠭᠡᠢ ᠶᠤᠮ        ᠲᠡᠮᠦᠵᠢᠨ — ᠰᠤᠮᠤ ᠶᠢᠨ ᠵᠡᠪᠡ ᠠᠴᠠ ᠭᠠᠷᠤᠭ᠎ᠠ ᠦᠭᠡᠢ ᠶᠤᠮ        ᠲᠡᠮᠦᠵᠢᠨ — ᠦᠭᠡᠯᠦᠨ ᠡᠬᠡ ᠠᠴᠠ ᠲᠦᠷᠦᠭᠰᠡᠨ ᠶᠤᠮ        ᠲᠡᠮᠦᠵᠢᠨ — ᠦᠷᠯᠦᠭ ᠲᠡᠦᠬᠡ ᠠᠴᠠ ᠭᠠᠷᠤᠭᠰᠠᠨ ᠶᠤᠮ        ᠲᠡᠶᠢᠮᠦ ᠡ︕ ᠳᠠᠶᠢᠨ ᠤ ᠮᠦᠷ ᠢᠶᠠᠷ ᠴᠠᠭᠠᠨ ᠰᠦ ᠤᠷᠤᠰᠤᠭ᠎ᠠ ᠦᠭᠡᠢ        ᠲᠡᠶᠢᠮᠦ ᠡ︕ ᠳᠠᠶᠢᠴᠢᠳ ᠤᠨ ᠰᠦᠷ ᠢ ᠴᠠᠭ ᠤᠨ ᠰᠠᠭᠠᠬᠠᠯᠲᠠ ᠮᠠᠷᠲᠠᠭ᠎ᠠ ᠦᠭᠡᠢ        ᠲᠡᠶᠢᠮᠦ ᠡ᠂ ᠴᠢᠩᠭᠢᠰ ᠦᠨᠳᠦᠷ ᠠᠯᠲᠠᠢ ᠶᠢᠨ ᠵᠠᠷ ᠲᠠᠢ ᠶᠤᠮ        ᠴᠢᠩᠭᠢᠰ ᠦᠨᠦᠳᠦᠷ ᠴᠦ ᠭᠡᠰᠡᠨ ᠨᠡᠷ᠎ᠡ ᠲᠠᠢ ᠶᠤᠮ︾ ᠭᠡᠵᠦ ᠪᠢᠴᠢᠭᠰᠡᠨ ᠪᠢᠯᠡ᠃ ᠲᠡᠶᠢᠮᠦ ᠡ᠂ ᠡᠵᠡᠨ ᠴᠢᠩᠭᠢᠰ ᠪᠤᠯ ᠮᠤᠩᠭᠤᠯ ᠬᠦᠮᠦᠨ ᠤ ᠬᠦᠬᠡ ᠲᠤᠭ ᠶᠤᠮ᠃ ᠮᠤᠩᠭᠤᠯ ᠲᠡᠦᠬᠡ ᠶᠢᠨ ᠪᠤᠯᠤᠷ ᠲᠤᠯᠢ ᠶᠤᠮ᠃ ᠤᠯᠠᠭᠠᠨᠬᠤᠲᠠ ᠳᠤ ᠪᠠᠶᠢᠭ᠎ᠠ ︽ᠲᠠᠪᠤᠨ ᠰᠠᠷ᠎ᠠ ᠶᠢᠨ ᠨᠢᠭᠡᠨ ᠤ ᠬᠤᠷᠠᠯ ᠤᠨ ᠪᠠᠭᠤᠷᠢ︾ ᠪᠤᠯ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠡᠨᠳᠦᠯᠡᠭᠰᠡᠨ ᠭᠠᠵᠠᠷ ᠶᠤᠮ᠃ ᠠᠳᠡ ᠪᠠᠰᠠ ᠭᠡᠭᠡᠨ ᠰᠦᠮ᠎ᠡ᠂ ᠴᠠᠷᠠᠰᠤᠨ ᠮᠤᠳᠤᠨ ᠤ ᠤᠯᠤᠰ ᠤᠨ ᠤᠢ ᠰᠢᠭᠤᠢ ᠶᠢᠨ ᠴᠡᠴᠡᠷᠯᠢᠭ᠂ ᠬᠠᠨ ᠠᠭᠤᠯᠠ ᠴᠡᠴᠡᠷᠯᠢᠭ ᠵᠡᠷᠭᠡ ᠵᠢᠭᠤᠯᠴᠢᠯᠠᠯ ᠤᠨ ᠦᠵᠡᠮᠵᠢ ᠶᠢᠨ ᠭᠠᠵᠠᠷ᠂ ᠬᠤᠷᠴᠢᠨ ᠤ ᠨᠤᠭᠤ ᠭᠠᠵᠠᠷ ᠤᠨ ᠤᠯᠤᠰ ᠤᠨ ᠳᠡᠰ ᠤᠨ ᠬᠤᠪᠤᠷ ᠵᠢᠭᠦᠷᠲᠡᠨ ᠤ ᠪᠠᠶᠢᠭᠠᠯᠢ ᠶᠢᠨ ᠲᠠᠷᠬᠠᠨ ᠭᠠᠵᠠᠷ ᠪᠠ ᠲᠢᠶᠠᠨ ᡂᠢ ᠨᠠᠭᠤᠷ᠂ ᠳ᠋ᠦ᠋ ᠵᠢᠦᠸᠠ ᠬᠤ᠋ ᠨᠠᠭᠤᠷ ᠵᠡᠷᠭᠡ ᠪᠠᠶᠢᠭᠠᠯᠢᠯᠢᠭ ᠦᠵᠡᠮᠵᠢ ᠶᠢᠨ ᠤᠷᠤᠨ ᠪᠤᠢ᠃
       ᠷᠠᠰᠢᠶᠠᠨ ᠬᠤᠲᠠ ᠳᠠᠬᠢ ᠬᠠᠯᠠᠭᠤᠨ ᠷᠠᠰᠢᠶᠠᠨ ᠤ ᠰᠦᠷᠦᠭ ᠪᠤᠯ ᠰᠢᠳᠦᠳᠦ ᠤᠰᠤ ᠬᠤᠪᠢᠯᠭᠠᠨ ᠪᠤᠯᠠᠭ ᠭᠡᠮᠡᠨ ᠠᠯᠳᠠᠷᠰᠢᠭᠰᠠᠨ ᠷᠠᠰᠢᠶᠠᠨ ᠪᠤᠯᠤᠨ᠎ᠠ᠃ ᠪᠠᠰᠠ ᠨᠦᠮᠦᠷᠭᠡ ᠶᠢᠨ ᠷᠠᠰᠢᠶᠠᠨ ᠴᠦ ᠭᠡᠳᠡᠭ᠂ ᠡᠨᠡᠬᠦ ᠶᠠᠰᠢᠶᠠᠨ ᠤ ᠰᠦᠷᠦᠭ ᠤᠨ 48 ᠪᠤᠯᠠᠭ ᠨᠢ ᠵᠡᠭᠦᠨᠰᠢ ᠪᠠᠷᠠᠭᠤᠨᠰᠢ 70 ᠮᠧᠲᠷ᠂ ᠡᠮᠦᠨᠡᠰᠢ ᠤᠮᠠᠷᠠᠰᠢ 500 ᠮᠧᠲᠷ ᠤᠨ ᠨᠠᠷᠢᠬᠠᠨ ᠤᠷᠲᠤ ᠪᠦᠰᠡᠨ ᠳᠡᠭᠡᠷ᠎ᠡ᠂ ᠡᠮᠦᠨ᠎ᠡ ᠬᠤᠶᠢᠨ᠎ᠠ ᠭᠡᠮᠡᠨ ᠬᠤᠶᠠᠷ ᠬᠤᠪᠢᠶᠠᠭᠳᠠᠨ ᠲᠠᠷᠬᠠᠵᠤ ᠪᠤᠢ᠃ ᠡᠮᠦᠨᠡᠬᠢ ᠨᠢ ᠬᠦᠢᠲᠡᠨ ᠴᠢᠨᠠᠷ ᠲᠠᠢ ᠬᠤᠶᠢᠨᠠᠬᠢ ᠨᠢ ᠬᠠᠯᠠᠭᠤᠨ ᠴᠢᠨᠠᠷ ᠲᠠᠢ ᠪᠠᠶᠢᠵᠤ 2800 ᠠᠴᠠ 3500 ᠮᠧᠲᠷ ᠤᠨ ᠭᠦᠨ ᠭᠠᠯᠲᠤ ᠠᠭᠤᠯᠠ ᠶᠢᠨ ᠳᠠᠪᠬᠤᠷᠭ᠎ᠠ ᠠᠴᠠ ᠤᠷᠭᠢᠯᠤᠨ ᠭᠠᠷᠤᠭᠰᠠᠨ ᠪᠤᠯᠠᠭ ᠤᠨ ᠤᠰᠤ ᠪᠤᠯᠤᠨ᠎ᠠ᠃ ᠷᠠᠰᠢᠶᠠᠨ ᠲᠤᠲᠤᠷ᠎ᠠ ᠤᠯᠠᠨ ᠵᠦᠢᠯ ᠤᠨ ᠡᠷᠦᠳᠡᠰᠦ ᠠᠭᠤᠯᠤᠭᠳᠠᠵᠤ ᠪᠠᠶᠢᠭ᠎ᠠ ᠪᠤᠯᠬᠤᠷ ᠷᠠᠰᠢᠶᠠᠨ ᠵᠠᠰᠠᠯ ᠪᠤᠯ ᠡᠪᠡᠳᠴᠢᠨ ᠳᠠᠬᠤᠯ ᠢ ᠵᠠᠰᠠᠬᠤ ᠨᠡᠷᠡᠲᠦ ᠡᠮᠴᠢᠯᠡᠭᠡ ᠪᠤᠯᠤᠨ᠎ᠠ᠃ ᠰᠢᠯᠢ ᠶᠢᠨ ᠭᠤᠤᠯ ᠤᠨ ᠪᠠᠯᠪᠠᠴᠢ ᠶᠢᠨ ᠷᠠᠰᠢᠶᠠᠨ ᠪᠤᠯ ᠬᠤᠳᠤᠭᠤᠳᠤ ᠶᠢᠨ ᠤᠵᠢᠭ ᠡᠪᠡᠳᠴᠢᠨ ᠢ ᠵᠠᠰᠠᠬᠤ ᠳᠤ ᠲᠤᠶᠢᠯ ᠤᠨ ᠰᠠᠶᠢᠨ ᠪᠠᠶᠢᠬᠤ ᠳᠤ ᠤᠯᠠᠭᠠᠨᠬᠠᠳᠠ ᠶᠢᠨ ᠭᠡᠰᠢᠭᠲᠡᠨ ᠤ ᠭᠠᠯᠲᠠᠰᠤᠲᠠᠢ ᠶᠢᠨ ᠷᠠᠰᠢᠶᠠᠨ ᠨᠢ ᠬᠦᠮᠦᠨ ᠤ ᠪᠡᠶ᠎ᠡ ᠶᠢᠨ ᠲᠠᠮᠢᠷ ᠢ ᠰᠡᠯᠪᠢᠬᠦ ᠳᠤ ᠤᠨᠴᠠ ᠳᠤᠮ ᠲᠠᠢ ᠪᠠᠶᠢᠳᠠᠭ ᠪᠢᠯᠡ᠃ ᠮᠤᠩᠭᠤᠯᠴᠤᠳ ᠤᠨ ᠳᠤᠮ ᠵᠠᠰᠠᠯᠭ᠎ᠠ ᠳᠤ ︽ᠲᠠᠪᠤᠨ ᠮᠠᠬᠠᠪᠤᠳ︾ ᠭᠡᠳᠡᠭ ᠨᠢ ᠤᠰᠤ᠂ ᠭᠠᠯ᠂ ᠮᠤᠳᠤ᠂ ᠲᠡᠮᠦᠷ᠂ ᠰᠢᠷᠤᠢ ᠭᠡᠵᠦ ᠪᠠᠶᠢᠭᠠᠯᠢ ᠶᠢᠨ ᠪᠤᠳᠠᠰ ᠢ ᠵᠢᠭᠠᠳᠠᠭ ᠪᠦᠭᠡᠳ ᠡᠭᠦᠨ ᠢ ᠪᠠᠶᠢᠭᠠᠯᠢ ᠶᠢᠨ ᠡᠬᠢ ᠡᠭᠦᠰᠪᠦᠷᠢ ᠭᠡᠵᠦ ᠦᠵᠡᠳᠡᠭ ᠶᠤᠮ᠃ ᠲᠡᠷᠡ ᠮᠦᠷᠲᠡᠭᠡᠨ ᠡᠭᠦᠨ ᠢ ᠬᠦᠮᠦᠨ ᠤ ᠪᠡᠶ᠎ᠡ ᠶᠢᠨ ᠲᠠᠪᠤᠨ ᠴᠤᠯᠤ — ᠪᠦᠭᠡᠷ᠎ᠡ ᠂ ᠵᠢᠷᠦᠬᠡ᠂ ᠳᠡᠯᠢᠭᠦᠦ᠂ ᠠᠭᠤᠰᠬᠢ᠂ ᠡᠯᠢᠭᠡ ᠵᠡᠷᠭᠡ ᠳᠤ ᠲᠤᠬᠢᠶᠠᠵᠤ ︽ᠲᠠᠪᠤᠨ ᠴᠤᠯᠤ︾ ᠭᠡᠳᠡᠭ ᠪᠢᠯᠡ᠃ ᠦᠨᠡᠨᠳᠡᠭᠡᠨ ᠷᠠᠰᠢᠶᠠᠨ ᠵᠠᠰᠠᠯ ᠪᠤᠯ ︽ᠲᠠᠪᠤᠨ ᠴᠤᠯᠤ︾ ᠶᠢ ᠲᠡᠩᠴᠡᠭᠦᠯᠦᠨ ᠵᠠᠰᠠᠳᠠᠭ ᠰᠢᠳᠢᠲᠦ ᠡᠮᠴᠢᠯᠡᠭᠡ ᠪᠢᠯᠡ᠃ ᠷᠠᠰᠢᠶᠠᠨ ᠬᠤᠲᠠ ᠶᠢᠨ ᠷᠠᠰᠢᠶᠠᠨ ᠢ ᠤᠳᠤ ᠠᠴᠠ ᠬᠡᠳᠦᠨ ᠵᠠᠭᠤᠨ ᠵᠢᠯ ᠤᠨ ᠡᠮᠦᠨ᠎ᠡ᠂ ᠠᠳᠡᠬᠢ ᠤᠶᠢᠷ᠎ᠠ ᠤᠷᠴᠢᠮ ᠤᠨ ᠮᠤᠩᠭᠤᠯᠴᠤᠳ ᠮᠡᠳᠡᠭᠰᠡᠨ ᠪᠦᠭᠡᠳ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠬᠡᠷᠡᠭᠯᠡᠵᠦ ᠪᠠᠶᠢᠵᠠᠢ᠃ 1853 ᠤᠨ ᠳᠤ ᠴᠢᠩ ᠤᠨ ᠵᠠᠰᠠᠭ ᠤᠨ ᠭᠠᠵᠠᠷ ᠠᠴᠠ ᠵᠢᠩᠬᠢᠨᠢ ᠪᠠᠷ ᠨᠡᠭᠡᠭᠡᠨ ᠠᠰᠢᠭᠯᠠᠭᠰᠠᠨ ᠪᠤᠯ 1990 ᠤᠨ ᠠᠴᠠ ᠡᠬᠢᠯᠡᠨ ᠰᠢᠨᠵᠢᠯᠡᠬᠦ ᠤᠬᠠᠭᠠᠨᠴᠢ ᠪᠠᠷ ᠨᠡᠭᠡᠭᠡᠨ ᠠᠰᠢᠭᠯᠠᠵᠤ ᠦᠢᠯᠡᠴᠢᠯᠡᠭᠡᠨ ᠤ ᠬᠡᠷᠡᠭᠯᠡᠭᠡᠨ ᠪᠤᠯᠭᠠᠵᠠᠢ᠃ ᠤᠳᠤ ᠷᠠᠰᠢᠶᠠᠨ ᠬᠤᠲᠠ ᠳᠠᠬᠢ ᠷᠠᠰᠢᠶᠠᠨ ᠤ ᠰᠦᠷᠦᠭ ᠨᠢ ᠪᠦᠬᠦ ᠤᠯᠤᠰ ᠲᠤ ᠠᠯᠳᠠᠷᠲᠠᠢ ᠰᠤᠪᠢᠯᠠᠯᠲᠠ ᠶᠢᠨ ᠭᠠᠵᠠᠷ ᠪᠤᠯᠤᠨ ᠬᠦᠭᠵᠢᠵᠡᠢ᠃
       ᠬᠢᠩᠭᠠᠨ ᠠᠶᠢᠮᠠᠭ ᠤᠨ ᠲᠠᠷᠢᠶᠠᠨ ᠭᠠᠵᠠᠷ᠂ ᠬᠡᠭᠡᠷ᠎ᠡ ᠲᠠᠯ᠎ᠠ᠂ ᠤᠢ ᠰᠢᠭᠤᠢ᠂ ᠵᠡᠷᠯᠢᠭ ᠠᠮᠢᠲᠠᠨ ᠤᠷᠭᠤᠮᠠᠯ᠂ ᠤᠰᠤᠨ ᠤ ᠡᠬᠢ ᠪᠠᠶᠠᠯᠢᠭ ᠨᠢ ᠪᠦᠷ ᠮᠠᠰᠢ ᠡᠯᠪᠡᠭ ᠪᠠᠶᠢᠵᠤ᠂ ᠦᠪᠦᠷ ᠮᠤᠩᠭᠤᠯ ᠤᠨ ᠴᠢᠬᠤᠯᠠ ᠲᠠᠸᠠᠷ ᠤᠨ ᠠᠮᠤ ᠶᠢᠨ ᠰᠠᠭᠤᠷᠢᠨ ᠭᠠᠵᠠᠷ ᠤᠨ ᠨᠢᠭᠡ ᠪᠤᠯᠤᠨ᠎ᠠ᠃ ᠤᠯᠠᠭᠠᠨᠬᠤᠲᠠ ᠶᠢᠨ ︽ᠬᠤᠷᠴᠢᠨ ᠤ ᠨᠤᠭᠤ ᠭᠠᠵᠠᠷ ᠤᠨ ᠬᠤᠪᠤᠷ ᠴᠤᠬᠠᠭ ᠵᠢᠭᠦᠷᠲᠡᠨ ᠤ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ︾ ᠪᠤᠯ ᠮᠠᠨ ᠤ ᠤᠯᠤᠰ ᠤᠨ ᠬᠠᠮᠤᠭ ᠤᠨ ᠰᠠᠶᠢᠨ ᠰᠢᠪᠠᠭᠤᠳ ᠤᠨ ᠲᠦᠷᠦᠯ ᠤᠨ ᠡᠬᠢ ᠪᠠᠶᠠᠯᠢᠭ ᠤᠨ ᠡᠷᠳᠡᠨᠢ ᠶᠢᠨ ᠰᠠᠩ ᠪᠢᠯᠡ᠃ ᠠᠳᠡ ᠪᠠᠶᠢᠭ᠎ᠠ ᠲᠤᠭᠤᠷᠤᠤ ᠰᠢᠪᠠᠭᠤ ᠪᠤᠯ ᠲᠤᠭ᠎ᠠ ᠪᠠᠷ ᠤᠯᠠᠨ ᠪᠦᠭᠡᠳ ᠬᠤᠪᠤᠷ ᠴᠤᠬᠠᠭ ᠰᠢᠪᠠᠭᠤ ᠪᠤᠯᠤᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号