ᠳ᠋ᠦᠩᠨᠠᠯᠲᠠ ᠬᠢᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ
ᠨᠡᠶᠢᠲᠡᠯᠡᠭᠰᠡᠨ ᠴᠠᠭ᠄
2017-09-30
        ᠳ᠋ᠦᠩᠨᠡᠯᠲᠡ ᠬᠢᠬᠦ ᠳᠡᠭᠡᠨ ᠴᠢᠳᠠᠮᠠᠭᠠᠢ ᠪᠠᠶᠢᠬᠤ ᠨᠢ ᠨᠢᠭᠡ ᠵᠦᠢᠯ ᠤᠨ ᠠᠵᠢᠯᠯᠠᠬᠤ ᠠᠷᠭ᠎ᠠ ᠪᠤᠯᠬᠤ ᠪᠦᠭᠡᠳ ᠨᠡᠩ ᠴᠦ ᠬᠦᠮᠦᠨ ᠤ ᠠᠮᠢᠳᠤᠷᠠᠯ ᠤᠨ ᠤᠢ ᠤᠬᠠᠭᠠᠨ ᠪᠤᠯᠬᠤ ᠶᠤᠮ᠃ ᠲᠤᠷᠰᠢᠯᠭ᠎ᠠ ᠪᠠᠨ ᠳ᠋ᠦᠩᠨᠠᠬᠦ ᠳᠤ ᠪᠠᠰᠠ ᠰᠤᠷᠭᠠᠮᠵᠢ ᠪᠠᠨ ᠴᠦ ᠳ᠋ᠦᠩᠨᠡᠭᠰᠡᠨ ᠪᠠᠶᠢᠬᠤ ᠬᠡᠷᠡᠭᠲᠡᠢ︔ ᠦᠪᠡᠷ ᠢ ᠪᠠᠨ ᠳ᠋ᠦᠩᠨᠡᠭᠰᠡᠨ ᠪᠠᠶᠢᠬᠤ ᠬᠡᠷᠡᠭᠲᠡᠢ ᠪᠦᠭᠡᠳ ᠪᠤᠰᠤᠳ ᠢ ᠴᠦ ᠳ᠋ᠦᠩᠨᠡᠭᠰᠡᠨ ᠪᠠᠶᠢᠬᠤ ᠬᠡᠷᠡᠭᠲᠡᠢ︔ ᠠᠵᠢᠯ ᠢᠶᠠᠨ ᠳ᠋ᠦᠩᠨᠡᠬᠦ ᠬᠡᠷᠡᠭᠲᠡᠢ ᠪᠦᠭᠡᠳ ᠪᠠᠰᠠ ᠦᠵᠡᠯ ᠰᠠᠨᠠᠭ᠎ᠠ ᠪᠠᠨ ᠴᠦ ᠳ᠋ᠦᠩᠨᠡᠬᠦ ᠬᠡᠷᠡᠭᠲᠡᠢ᠃ ᠳ᠋ᠦᠩᠨᠠᠯᠲᠠ ᠬᠢᠬᠦ ᠶᠢᠨ ᠳᠤᠮᠳᠠ ᠲᠠᠰᠤᠷᠠᠯᠲᠠ ᠦᠭᠡᠢ ᠦᠪᠡᠷ ᠢ ᠪᠠᠨ ᠳᠡᠭᠡᠭᠰᠢᠯᠡᠭᠦᠯᠬᠦ᠂ ᠳᠡᠭᠡᠭᠰᠢᠯᠡᠭᠦᠯᠬᠦ ᠶᠢᠨ ᠳᠤᠮᠳᠠ ᠪᠠᠨ ᠲᠠᠰᠤᠷᠠᠯᠲᠠ ᠦᠭᠡᠢ ᠳ᠋ᠦᠩᠨᠡᠯᠲᠡ ᠬᠢᠬᠦ ᠬᠡᠷᠡᠭᠲᠡᠢ᠃ ᠳ᠋ᠦᠩᠨᠡᠯᠲᠡ ᠬᠢᠬᠦ ᠶᠠᠪᠤᠳᠠᠯ ᠪᠤᠯ ᠬᠠᠮᠤᠭ ᠤᠨ ᠰᠠᠶᠢᠬᠠᠨ ᠰᠤᠷᠤᠯᠴᠠᠯᠭ᠎ᠠ ᠪᠤᠯᠬᠤ ᠶᠤᠮ᠃ ᠭᠡᠲᠡᠯ᠎ᠡ ᠵᠠᠷᠢᠮ ᠬᠦᠮᠦᠨ ᠳ᠋ᠦᠩᠨᠡᠯᠲᠡ ᠬᠢᠬᠦ ᠶᠠᠪᠤᠳᠠᠯ ᠢ ᠬᠦᠨᠳᠦᠳᠬᠡᠨ ᠦᠵᠡᠳᠡᠭ ᠦᠭᠡᠢ ᠪᠦᠭᠡᠳ ᠳ᠋ᠦᠩᠨᠡᠯᠲᠡ ᠬᠢᠬᠦ ᠳᠡᠭᠡᠨ ᠴᠢᠳᠠᠮᠠᠭᠠᠢ ᠦᠭᠡᠢ ᠪᠠᠶᠢᠳᠠᠭ᠃ ᠲᠡᠭᠦᠨ ᠤ ᠳ᠋ᠦᠩ ᠳᠤ ︽ᠲᠠᠷᠪᠤᠰ ᠤᠨ ᠬᠠᠯᠢᠰᠤᠨ ᠳᠡᠭᠡᠷ᠎ᠡ ᠬᠠᠯᠲᠤᠷᠢᠭᠠᠳ︾ ᠠᠵᠢᠯ ᠬᠢᠭᠡᠳ ᠦᠪᠡᠷ ᠤᠨ ᠲᠤᠰ ᠪᠡᠶ᠎ᠡ ᠨᠢ ᠴᠦᠮ ᠳᠡᠭᠡᠭᠰᠢᠯᠡᠯᠲᠡ ᠦᠭᠡᠢ ᠪᠠᠶᠢᠵᠤ᠂ ᠪᠠᠶᠢᠩᠭᠤ ᠳᠠᠭᠠᠨ ᠤᠭ ᠤᠷᠤᠨ ᠳᠠᠭᠠᠨ ᠪᠠᠶᠢᠭᠠᠳ ᠯᠠ ᠪᠠᠶᠢᠬᠤ ᠪᠤᠶᠤ ᠨᠡᠩ ᠴᠢᠨᠠᠭᠰᠢᠯᠠᠭᠠᠳ ᠠᠳᠠᠯᠢᠬᠠᠨ ᠨᠢᠭᠡᠨ ᠠᠰᠠᠭᠤᠳᠠᠯ ᠳᠡᠭᠡᠷ᠎ᠡ ᠡᠭᠡᠨᠡᠭᠲᠡ ᠠᠳᠠᠯᠢᠬᠠᠨ ᠠᠯᠳᠠᠭ᠎ᠠ ᠭᠠᠷᠭᠠᠳᠠᠭ ᠪᠠᠶᠢᠨ᠎ᠠ᠃ ᠯᠢᠶᠠᠨ ᠰᠢᠶᠠᠩ ᠪᠦᠯᠦᠭᠯᠡᠯ ᠤᠨ ᠡᠭᠦᠳᠦᠭᠴᠢ ᠯᠢᠦ ᠴᠤᠸᠠᠨ ᡁᠢ ᠶᠢᠨ ᠬᠡᠯᠡᠭᠰᠡᠨ ᠢᠶᠠᠷ᠄ ︽ᠲᠡᠷᠢᠭᠦᠨ ᠵᠡᠷᠭᠡ ᠶᠢᠨ ᠴᠢᠳᠠᠪᠤᠷᠢᠲᠠᠨ ᠨᠢ ᠴᠦᠮ ᠳ᠋ᠦᠩᠨᠡᠯᠲᠡ ᠬᠢᠬᠦ ᠳᠡᠭᠡᠨ ᠴᠢᠳᠠᠮᠠᠭᠠᠢ ᠪᠠᠶᠢᠳᠠᠭ ᠶᠤᠮ︾ ᠭᠡᠳᠡᠭ ᠦᠭᠡ ᠨᠢ ᠨᠡᠭᠡᠷᠡᠨ ᠰᠠᠶᠢᠨ ᠶᠠᠷᠢᠵᠠᠢ᠃ ᠲᠡᠶᠢᠮᠦ ᠮᠦᠷᠲᠡᠭᠡᠨ ᠲᠡᠷᠡ ᠪᠠᠰᠠ ᠡᠶᠢᠮᠦ ᠬᠦᠮᠦᠨ ᠶᠤᠮ᠃ ᠳᠠᠯᠠᠨ ᠵᠢᠯ ᠤᠨ ᠤᠷᠲᠤ ᠤᠳᠠᠭᠠᠨ ᠬᠦᠮᠦᠨ ᠤ ᠠᠮᠢᠳᠤᠷᠠᠯ ᠤᠨ ᠶᠠᠪᠤᠴᠠ ᠳᠤ ᠲᠡᠷᠡ ᠲᠤᠭ᠎ᠠ ᠲᠤᠮᠰᠢ ᠦᠭᠡᠢ ᠤᠯᠠᠨ ᠨᠠᠨᠳᠢᠨ ᠲᠤᠷᠰᠢᠯᠭ᠎ᠠ ᠶᠢ ᠳ᠋ᠦᠩᠨᠡᠭᠰᠡᠨ ᠪᠠ ᠬᠤᠶᠢᠨᠠᠬᠢ ᠬᠦᠮᠦᠰ ᠨᠢ ᠪᠠᠰᠠ ᠲᠡᠭᠦᠨ ᠤ ᠳ᠋ᠦᠩᠨᠡᠭᠰᠡᠨ ᠲᠤᠷᠰᠢᠯᠭ᠎ᠠ ᠰᠤᠷᠭᠠᠮᠵᠢ ᠶᠢᠨ ᠳᠤᠮᠳᠠ ᠦᠰᠦᠨ ᠪᠤᠶᠢᠵᠢᠭᠰᠠᠨ ᠶᠤᠮ᠃ ᠮᠠᠦ ᠽᠧ ᠳ᠋ᠦᠩ ᠤᠨ ︽ᠪᠢ ᠲᠤᠷᠰᠢᠯᠭ᠎ᠠ ᠪᠠᠨ ᠳ᠋ᠦᠩᠨᠡᠬᠦ ᠳᠤ ᠲᠦᠰᠢᠭᠯᠡᠵᠦ ᠬᠤᠭᠤᠯᠠ ᠢᠳᠡᠳᠡᠭ ᠶᠤᠮ︾ ᠭᠡᠰᠡᠨ ᠨᠢᠭᠡ ᠮᠡᠷᠭᠡᠨ ᠦᠭᠡ ᠪᠠᠶᠢᠳᠠᠭ ᠪᠢᠰᠢᠦ︕ ᠳ᠋ᠦᠩᠨᠡᠯᠲᠡ ᠬᠢᠬᠦ ᠳᠡᠭᠡᠨ ᠴᠢᠳᠠᠮᠠᠭᠠᠢ ᠪᠠᠶᠢᠪᠠᠯ᠂ ᠪᠠᠭ᠎ᠠ ᠬᠦᠴᠦ ᠵᠠᠷᠤᠴᠠᠭᠤᠯᠵᠤ ᠶᠡᠭᠡ ᠠᠮᠵᠢᠯᠲᠠ ᠤᠯᠳᠠᠭ︔ ᠳ᠋ᠦᠩᠨᠡᠯᠲᠡ ᠬᠢᠬᠦ ᠳᠡᠭᠡᠨ ᠴᠢᠳᠠᠮᠠᠭᠠᠢ ᠪᠠᠶᠢᠪᠠᠯ ᠢᠷᠡᠭᠰᠡᠨ ᠵᠠᠮ ᠬᠢᠭᠡᠳ ᠶᠠᠪᠤᠬᠤ ᠵᠠᠮ ᠢᠶᠠᠨ ᠲᠤᠳᠤᠷᠬᠠᠢ ᠰᠠᠶᠢᠬᠠᠨ ᠤᠯᠵᠤ ᠬᠠᠷᠠᠬᠤ ᠪᠦᠭᠡᠳ ᠨᠡᠩ ᠰᠠᠶᠢᠨ ᠢᠶᠠᠷ ᠤᠭ ᠰᠠᠨᠠᠭ᠎ᠠ ᠪᠠᠨ ᠮᠠᠷᠲᠠᠯ ᠦᠭᠡᠢ ᠴᠡᠭᠡᠵᠢᠯᠡᠵᠦ᠂ ᠦᠷᠭᠦᠯᠵᠢᠯᠡᠨ ᠤᠷᠤᠭᠰᠢᠯᠠᠵᠤ ᠴᠢᠳᠠᠬᠤ ᠶᠤᠮ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号