| ᠰᠤᠷᠪᠤᠯᠵᠢᠯᠠᠭᠰᠠᠨ ᠴᠠᠭ᠄ | 2017 ᠣᠨ ᠤ 7 ᠳ᠋ᠤᠭᠠᠷ ᠰᠠᠷ᠎ᠠ ᠶᠢᠨ 3 ᠤ ᠡᠳᠦᠷ ᠤᠨ ᠦᠳᠡ ᠶᠢᠨ ᠡᠮᠦᠨᠡᠬᠢ 10 ᠴᠠᠭ ᠲᠤ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠯᠢ ᠵᠥᠩ ᠺᠠᠢ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠶᠢᠷ᠎ᠠ ᠳᠤ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠯᠢ ᠵᠥᠩ ᠺᠠᠢ | ᠨᠥᠬᠦᠷ ᠢ ᠤᠷᠢᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠴᠣᠭᠴᠠᠯᠠᠬᠤ ᠳᠤ ᠣᠯᠤᠭᠰᠠᠨ ᠮᠠᠨ ᠤ ᠣᠷᠣᠨ ᠤ ᠢᠯᠡᠳᠲᠡ ᠦᠷ᠎ᠡ ᠪᠦᠲᠦᠮᠵᠢ ᠶᠢ ᠨᠠᠷᠢᠨ | ᠲᠠᠨᠢᠯᠴᠠᠭᠤᠯᠬᠤ ᠪᠣᠯᠣᠨ᠎ᠠ᠃ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ | ᠪᠠᠶᠢᠨ᠎ᠠ︕ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄ | ᠬᠥᠲᠥᠯᠥᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ︽ᠳᠤᠮᠳᠠᠳᠤ ᠤᠯᠤᠰ · | ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ ᠦᠵᠡᠬᠦ ᠶᠢ | ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ | ᠳᠡᠳ᠋ ᠡᠷᠬᠢᠯᠡᠭᠴᠢ ᠯᠢ ᠵᠥᠩ ᠺᠠᠢ ᠨᠥᠬᠦᠷ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠴᠤᠭᠴᠠᠯᠠᠬᠤ ᠳᠤ ᠣᠯᠤᠭᠰᠠᠨ ᠮᠠᠨ ᠤ ᠣᠷᠣᠨ ᠤ ᠢᠯᠡᠳᠲᠡ ᠦᠷ᠎ᠡ ᠪᠦᠲᠦᠮᠵᠢ ᠶᠢ | ᠤᠯᠠᠨ ᠳᠤ ᠨᠠᠷᠢᠨ ᠲᠠᠨᠢᠯᠴᠠᠭᠤᠯᠬᠤ ᠪᠣᠯᠣᠨ᠎ᠠ᠃ ᠯᠢ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠯᠢ ᠵᠥᠩ ᠺᠠᠢ᠄ | ᠬᠥᠲᠥᠯᠥᠭᠴᠢ ᠰᠠᠶᠢᠨ ᠪᠠᠶᠢᠨ᠎ᠠ ᠦᠦ᠂ ᠥᠷᠭᠡᠨ ᠣᠯᠠᠨ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ | ᠃ | ᠬᠥᠲᠥᠯᠥᠭᠴᠢ᠄ | ᠯᠢ ᠡᠷᠬᠢᠯᠡᠭᠴᠢ ᠡ᠂ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠬᠡᠷᠬᠢᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠴᠣᠭᠴᠠᠯᠠᠬᠤ ᠲᠠᠯ᠎ᠠ ᠪᠠᠷ ᠶᠠᠮᠠᠷ ᠶᠠᠮᠠᠷ ᠰᠡᠳᠬᠢᠮᠵᠢ ᠳᠤᠷᠠᠳᠤᠨ ᠭᠠᠷᠭᠠᠵᠤ᠂ ᠶᠠᠮᠠᠷ ᠶᠠᠮᠠᠷ | ᠠᠷᠭ᠎ᠠ ᠬᠡᠮᠵᠢᠶ᠎ᠡ ᠠᠪᠤᠭᠰᠠᠨ ᠪᠣᠢ︖ | ᠯᠢ ᠵᠥᠩ ᠺᠠᠢ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠶ ᠱᠦᠵᠢ ᠶᠢᠨ | ᠴᠢᠩ ᠰᠡᠳᠬᠢᠯ ᠤᠨ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠬᠠᠷᠢᠭᠤᠴᠠᠯᠭᠠᠲᠤ ᠰᠡᠳᠬᠢᠯᠭᠡ ᠂ ᠡᠭᠦᠷᠭᠡᠲᠦ | ᠰᠡᠳᠬᠢᠯᠭᠡ ᠪᠠᠨ ᠦᠨᠡᠨᠬᠦ ᠨᠡᠮᠡᠭᠳᠡᠭᠦᠯᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ | ᠦᠢᠯᠡᠳᠦᠯᠭᠡᠵᠢᠭᠦᠯᠦᠨ᠂ ᠤᠯᠤᠰ ᠣᠷᠣᠨ ᠤ ᠠᠮᠢ ᠠᠬᠤᠶ ᠶᠢᠨ ᠠᠮᠤᠷ ᠲᠦᠪᠰᠢᠨ ᠤ ᠶᠡᠭᠡ ᠲᠠᠯ᠎ᠠ ᠳᠠᠬᠢ ᠥᠪᠥᠷ | ᠮᠣᠩᠭᠤᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠣᠨᠣᠪᠴᠢᠲᠠᠶ ᠡᠵᠡᠮᠰᠢᠵᠦ᠂ ᠪᠣᠬᠢᠷᠲᠤᠯ ᠥᠬᠡᠶ ᠪᠠᠷ | ᠣᠷᠣᠨ ᠢᠶᠠᠨ ᠪᠠᠶᠠᠵᠢᠭᠤᠯᠬᠤ᠂ ᠪᠣᠬᠢᠷᠲᠤᠯ ᠥᠬᠡᠶ ᠪᠠᠷ ᠠᠷᠠᠳ ᠲᠤ ᠠᠰᠢᠭ ᠬᠦᠷᠲᠡᠭᠡᠬᠦ ᠵᠠᠮ ᠢᠶᠠᠷ ᠡᠷᠡᠰ ᠭᠤᠶᠢᠪᠢᠰᠢ | ᠦᠭᠡᠢ ᠵᠠᠮᠨᠠᠵᠤ᠂ ᠬᠥᠮᠦᠨ ᠪᠣᠯᠤᠨ ᠪᠠᠶᠢᠭᠠᠯᠢ ᠡᠶ᠎ᠡ ᠵᠣᠬᠢᠴᠠᠯ ᠲᠠᠢ ᠬᠥᠭᠵᠢᠭᠰᠡᠨ ᠣᠳᠣᠬᠢᠴᠢᠯᠠᠭᠰᠠᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠪᠤᠢ ᠪᠣᠯᠭᠠᠬᠤ ᠶᠢ ᠬᠦᠴᠦᠯᠡᠨ ᠲᠦᠯᠬᠢᠨ ᠠᠬᠢᠭᠤᠯᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ᠂ | ᠨᠣᠭᠤᠭᠠᠨ ᠥᠩᠭᠡ ᠪᠣᠯ ᠥᠪᠥᠷ ᠮᠣᠩᠭᠤᠯ ᠤᠨ ᠦᠨᠳᠦᠰᠦᠨ ᠦᠩᠬᠡ ᠪᠠ ᠦᠷᠳᠡᠭ ᠂ ᠠᠮᠢ ᠠᠬᠤᠶ ᠪᠣᠯ ᠥᠪᠥᠷ | ᠮᠣᠩᠭᠤᠯ ᠤᠨ ᠬᠠᠷᠢᠭᠤᠴᠠᠯᠭ᠎ᠠ ᠪᠠ ᠲᠠᠯᠳᠠ ᠬᠦᠴᠦᠨ ᠮᠥᠨ ᠭᠡᠵᠦ ᠳᠤᠷᠠᠳᠴᠤ︔ ᠠᠮᠢ ᠠᠬᠤᠶ ᠶᠢᠨ ᠬᠤᠷᠢᠭ᠎ᠠ | ᠱᠤᠭᠤᠮ ᠢ ᠪᠠᠲᠤ ᠰᠠᠬᠢᠬᠤ ᠶᠢ ᠴᠢᠬᠤᠯᠠᠴᠢᠯᠠᠨ᠂ ᠦᠵᠡᠰᠬᠦᠯᠡᠩᠲᠦ ᠰᠠᠶᠢᠬᠠᠨ ᠬᠢᠭᠡᠳ ᠥᠷᠨᠢᠩᠭᠦᠶ ᠬᠥᠭᠵᠢᠯᠲᠡ ᠶᠢᠨ | ᠬᠤᠣᠰ ᠠᠮᠵᠢᠯᠲᠠ ᠶᠢ ᠪᠠᠷᠢᠮᠲᠠᠯᠠᠵᠤ᠂ ᠠᠵᠤ ᠠᠬᠤᠶ ᠶᠢᠨ ᠬᠥᠭᠵᠢᠯᠲᠡ ᠬᠢᠭᠡᠳ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠢᠶᠠᠷ ᠰᠢᠶ᠋ᠳᠪᠦᠷᠢᠯᠡᠵᠦ᠂ ᠶᠠᠭᠠᠬᠢᠭᠰᠠᠨ ᠴᠤ ᠣᠷᠴᠢᠨ | ᠲᠤᠭᠤᠷᠢᠨ ᠢᠶᠠᠷ ᠦᠷᠡᠭᠳᠡᠯ ᠪᠣᠯᠭᠠᠵᠤ ᠪᠠᠶᠢᠭᠠᠳ ᠨᠢᠭᠡ ᠴᠠᠭ ᠤᠨ ᠠᠵᠤ ᠠᠬᠤᠶ ᠶᠢᠨ ᠨᠡᠮᠡᠭᠳᠡᠯ ᠢ ᠠᠪᠴᠢᠷᠠᠵᠤ ᠪᠣᠯᠬᠤ | ᠦᠭᠡᠢ︔ ᠪᠣᠬᠢᠷᠲᠤᠯ ᠦᠭᠡᠢ ᠪᠣᠯᠭᠠᠬᠤ ᠪᠠᠷ ᠬᠥᠲᠥᠯᠥᠨ ᠳᠠᠭᠠᠭᠤᠯᠵᠤ᠂ ᠠᠵᠤ ᠠᠬᠤᠶ ᠶᠢᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠯ ᠢ | ᠰᠢᠯᠢᠳᠡᠭᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤᠵᠢᠭᠤᠯᠤᠨ᠎ᠠ ᠭᠡᠪᠡ᠃ ᠯᠢ ᠵᠢᠶ ᠡ᠊ ᡁᠧᠩ ᠱᠦᠵᠢ ᠥᠪᠥᠷ ᠮᠣᠩᠭᠤᠯ ᠳᠤ ᠢᠷᠠᠵᠤ | ᠠᠵᠢᠯᠯᠠᠭᠰᠠᠨ ᠤ ᠳᠠᠷᠠᠭ᠎ᠠ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶ᠎ᠠ ᠪᠣᠯᠤᠨ ᠬᠤᠯᠪᠣᠭᠳᠠᠯ ᠪᠦᠬᠦᠢ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠬᠤ ᠶᠢ ᠤᠯᠠᠨ ᠤᠳᠠᠭ᠎ᠠ ᠱᠠᠭᠠᠷᠳᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ ᠰᠠᠶᠢᠲᠤᠷ ᠠᠳᠬᠤᠨ᠂ ︽ᠥᠪᠥᠷ ᠮᠣᠩᠭᠤᠯ ᠤᠨ ᠲᠠᠯ᠎ᠠ ᠨᠤᠲᠤᠭ ᠢ | ᠰᠠᠶᠢᠲᠤᠷ ᠬᠠᠮᠠᠭᠠᠯᠠᠵᠤ᠂ ᠪᠣᠬᠢᠷᠲᠤᠯ ᠦᠭᠡᠢ ᠡᠨᠡ ᠬᠦ ᠬᠡᠰᠡᠭ ᠢ ᠰᠠᠶᠢᠲᠤᠷ ᠰᠠᠬᠢᠨ ᠬᠠᠮᠠᠭᠠᠯᠠᠬᠤ ᠪᠣᠯ ᠮᠠᠨ ᠤ | ᠡᠭᠦᠷᠭᠡᠯᠡᠵᠦ ᠪᠠᠶᠢᠭ᠎ᠠ ᠴᠢᠬᠤᠯᠠ ᠶᠡᠭᠡ ᠬᠠᠷᠢᠭᠤᠴᠠᠯᠭ᠎ᠠ ︾᠂ ︽ᠪᠤᠯᠤᠳ ᠮᠡᠲᠦ ᠬᠠᠲᠠᠨ ᠵᠣᠷᠢᠭ ᠂ ᠬᠠᠲᠠᠭᠤ ᠴᠢᠩᠭ᠎ᠠ | ᠠᠷᠭ᠎ᠠ ᠬᠡᠮᠵᠢᠶ᠎ᠡ ᠪᠠᠷ᠂ ᠠᠮᠢ ᠠᠬᠤᠶ ᠶᠢᠨ ᠣᠷᠴᠢᠨ ᠲᠤᠭᠤᠷᠢᠨ ᠢ ᠬᠠᠮᠠᠭᠠᠯᠠᠬᠤ ᠪᠠ ᠵᠠᠰᠠᠬᠤ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠢ ︾ ᠬᠡᠮᠡᠨ ᠳᠤᠷᠠᠳᠴᠤ᠂ ᠥᠪᠥᠷ ᠮᠣᠩᠭᠤᠯ ᠤᠨ | ᠲᠩᠷᠢ ᠢ ᠨᠡᠩ ᠬᠥᠬᠡᠮᠳᠦᠭ᠂ ᠠᠭᠤᠯᠠᠰ ᠢ ᠨᠡᠩ ᠨᠣᠭᠤᠭᠠᠨ᠂ ᠤᠰᠤ ᠶᠢ ᠨᠡᠩ ᠲᠤᠩᠭᠠᠯᠠᠭ᠂ ᠠᠭᠠᠷ ᠢ ᠨᠠᠩ ᠴᠡᠯᠮᠡᠭ᠂ | ᠠᠷᠠᠳ ᠲᠦᠮᠡᠨ ᠢ ᠨᠡᠩ ᠪᠠᠶᠠᠷ ᠪᠠᠶᠠᠰᠤᠯ ᠲᠠᠢ ᠪᠣᠯᠭᠠᠨ᠎ᠠ ᠭᠡᠪᠡ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠠᠶᠢᠭᠤᠯᠬᠤ ᠠᠵᠢᠯ ᠢ ᠨᠢᠭᠡᠳᠦᠯᠲᠡᠶ ᠲᠥᠯᠥᠪᠯᠡᠬᠦ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠨᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠺᠣᠮᠢᠰ ᠢ | ᠪᠠᠶᠢᠭᠤᠯᠵᠤ᠂ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠲᠤᠬᠠᠶ | ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ ︽ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠴᠣᠭᠴᠠᠯᠠᠬᠤ ᠲᠥᠯᠥᠪᠵᠢᠭᠦᠯᠭᠡ ᠶᠢᠨ ᠲᠣᠪᠴᠢ︾ ᠶᠢ ᠲᠣᠭᠲᠠᠭᠠᠨ ᠬᠡᠷᠡᠭᠵᠢᠭᠦᠯᠪᠡ᠃ ᠪᠠᠶᠢᠭᠠᠯᠢ ᠶᠢᠨ | ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠪᠠᠷ ᠳᠠᠮᠵᠢᠭᠤᠯᠤᠨ | ᠂ ᠣᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠵᠠᠰᠠᠬᠤ ᠪᠠᠨ ᠴᠢᠩᠭᠠᠳᠬᠠᠵᠤ᠂ ᠠᠮᠢ ᠠᠬᠤᠶ ᠶᠢᠨ | ᠪᠣᠯᠪᠠᠰᠤᠨ ᠤ ᠲᠦᠷᠢᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠢᠳᠡᠪᠬᠢᠲᠡᠶ ᠲᠦᠯᠬᠢᠨ ᠠᠬᠢᠭᠤᠯᠵᠤ᠂ ᠠᠮᠢ | ᠠᠬᠤᠶ ᠶᠢᠨ ᠰᠣᠶᠣᠯ ᠢ ᠶᠡᠬᠡᠪᠡᠷ ᠪᠤᠶᠢᠵᠢᠭᠤᠯᠵᠤ᠂ ᠮᠠᠨ ᠤ ᠣᠷᠣᠨ ᠤ ᠠᠮᠢ ᠠᠬᠤᠶ ᠶᠢᠨ ᠪᠠᠶᠢᠳᠠᠯ ᠶᠡᠷᠦᠩᠬᠡᠶ ᠳᠤᠨᠢ | ᠬᠤᠷᠢᠭᠯᠠᠬᠤ᠂ ᠬᠡᠰᠡᠭ ᠲᠠᠯ᠎ᠠ ᠪᠠᠷ ᠰᠠᠶᠢᠵᠢᠷᠠᠬᠤ᠂ ᠣᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ | ᠰᠠᠶᠢᠵᠢᠷᠠᠭᠤᠯᠬᠤ ᠶᠢ ᠪᠡᠶᠡᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠠᠯᠬᠤᠮ ᠠᠯᠬᠤᠮ ᠢᠶᠠᠷ ᠴᠣᠭᠴᠠᠯᠠᠨ ᠪᠠᠶᠢᠭᠤᠯᠵᠤ ᠪᠣᠢ᠃ | ᠬᠥᠲᠥᠯᠥᠭᠴᠢ᠄ | ᠯᠢ ᠡᠷᠬᠢᠯᠡᠭᠴᠢ ᠡ᠂ ᠣᠶᠢᠷ᠎ᠠ ᠶᠢᠨ ᠵᠢᠯ ᠠᠴᠠ ᠨᠠᠰᠢ᠂ ᠮᠠᠨ ᠤ ᠣᠷᠣᠨ ᠪᠠᠶᠢᠭᠠᠯᠢ ᠶᠢᠨ ᠠᠮᠢ ᠠᠬᠤᠶ ᠶᠢᠨ | ᠰᠢᠰᠲ᠋ᠧᠮ ᠤᠨ ᠬᠠᠮᠠᠭᠠᠯᠠᠯᠲᠠ ᠪᠣᠯᠤᠨ ᠪᠥᠳᠥᠭᠡᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ | ᠣᠯᠤᠭᠰᠠᠨ ᠪᠣᠢ᠂ ᠮᠠᠨ ᠳᠤ ᠲᠠᠨᠢᠯᠴᠠᠭᠤᠯᠤᠭᠠᠳ ᠥᠭᠭᠦᠨ᠎ᠡ ᠦᠦ︖ | ᠯᠢ ᠵᠥᠩ ᠺᠠᠢ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠭᠤᠯᠠ ᠤᠰᠤ ᠤᠢ | ᠲᠠᠷᠢᠶ᠎ᠠ ᠨᠠᠭᠤᠷ ᠪᠣᠯ ᠠᠮᠢ ᠨᠠᠰᠤᠨ ᠤ ᠬᠠᠮᠲᠤ ᠶᠢᠨ ᠴᠣᠭᠴᠠ ᠪᠣᠯᠬᠤ ᠣᠨᠣᠯᠵᠢᠬᠤᠨ ᠢᠶᠠᠷ᠂ ᠠᠮᠢ ᠠᠬᠤᠶ ᠶᠢᠨ | ᠣᠷᠴᠢᠨ ᠲᠤᠭᠤᠷᠢᠨ ᠢ ᠬᠠᠮᠠᠭᠠᠯᠠᠬᠤ ᠶᠢ ᠬᠠᠮᠤᠭ ᠤᠨ ᠶᠡᠭᠡ ᠰᠠᠭᠤᠷᠢ ᠪᠦᠳᠦᠭᠡᠨ ᠪᠠᠶᠢᠭᠤᠯᠤᠯᠲᠠ ᠪᠠ ᠠᠷᠠᠳ ᠤᠨ | ᠠᠮᠢᠳᠤᠷᠠᠯ ᠤᠨ ᠴᠢᠬᠤᠯᠠ ᠶᠡᠭᠡ ᠪᠣᠳᠠᠲᠤ ᠶᠠᠪᠤᠳᠠᠯ ᠪᠣᠯᠭᠠᠨ ᠠᠳᠬᠤᠬᠤ ᠶᠢ ᠪᠠᠷᠢᠮᠲᠠᠯᠠᠪᠠ᠃ ᠪᠡᠭᠡᠵᠢᠩ ᠲᠢᠶᠠᠨᠵᠢᠨ ᠤ | ᠰᠠᠯᠬᠢ ᠡᠯᠡᠰᠦᠨ ᠤ ᠡᠬᠢ ᠶᠢ ᠵᠠᠰᠠᠬᠤ᠂ ᠪᠠᠶᠢᠭᠠᠯᠢ ᠶᠢᠨ ᠤᠢ ᠮᠣᠳᠣᠨ ᠤ ᠡᠬᠢ ᠪᠠᠶᠠᠯᠢᠭ ᠢ ᠬᠠᠮᠠᠭᠠᠯᠠᠬᠤ᠂ ︽ᠭᠤᠷᠪᠠᠨ | ᠤᠮᠠᠷᠠᠲᠤ︾ ᠶᠢᠨ ᠬᠠᠯᠬᠠᠪᠴᠢ ᠣᠶ ᠶᠢᠨ ᠪᠥᠲᠥᠭᠡᠨ ᠪᠠᠶᠢᠭᠤᠯᠤᠯᠲᠠ᠂ ᠲᠠᠷᠢᠶᠠᠯᠠᠬᠤ ᠪᠠᠨ ᠪᠣᠯᠢᠵᠤ ᠣᠶᠢᠵᠢᠭᠤᠯᠬᠤ ᠶᠢ | ᠰᠡᠷᠭᠦᠭᠡᠬᠦ᠂ ᠮᠠᠯᠯᠠᠬᠤ ᠪᠠᠨ ᠪᠣᠯᠢᠵᠤ ᠡᠪᠡᠰᠦ ᠪᠡᠯᠴᠢᠭᠡᠷ ᠢ ᠰᠡᠷᠭᠦᠭᠡᠬᠦ᠂ ᠭᠤᠣᠯᠳᠠᠯᠭ᠎ᠠ ᠲᠠᠢ ᠣᠷᠣᠨ ᠪᠦᠰᠡ ᠳᠤ | ᠮᠣᠳᠣ ᠲᠡᠷᠢᠵᠤ ᠣᠶᠢᠵᠢᠭᠤᠯᠬᠤ ᠵᠡᠷᠭᠡ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠬᠦ ᠶᠢ | ᠲᠦᠯᠬᠢᠨ ᠠᠬᠢᠭᠤᠯᠵᠤ᠂ ᠪᠥᠬᠦ ᠣᠷᠣᠨ ᠳᠤ ᠵᠢᠯ ᠪᠦᠷᠢ 1400 ᠲᠦᠮᠡᠨ ᠮᠦ ᠠᠴᠠ ᠳᠡᠭᠡᠭᠰᠢᠬᠢ ᠭᠠᠵᠠᠷ ᠲᠤ ᠤᠢ | ᠮᠣᠳᠣ ᠣᠶᠢᠵᠢᠭᠤᠯᠤᠨ᠂ 4500 ᠲᠦᠮᠡᠨ ᠮᠦ ᠠᠴᠠ ᠳᠡᠭᠡᠭᠰᠢᠬᠢ ᠨᠤᠲᠤᠭ ᠪᠡᠯᠴᠢᠭᠡᠷ ᠢ ᠪᠦᠳᠦᠭᠡᠨ ᠪᠠᠶᠢᠭᠤᠯᠵᠤ᠂ | 650 ᠲᠦᠮᠡᠨ ᠮᠦ ᠠᠴᠠ ᠳᠡᠭᠡᠭᠰᠢᠬᠢ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠶᠢ ᠪᠡᠶᠡᠯᠡᠭᠦᠯᠪᠡ᠃ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠳᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ 10.2 ᠳ᠋ᠦᠩᠰᠢᠭᠤᠷ ᠮᠥ ᠠᠰᠢᠭᠯᠠᠵᠤ ᠪᠣᠯᠬᠤ ᠨᠤᠲᠤᠭ ᠪᠡᠯᠴᠢᠭᠡᠷ ᠢ ᠪᠦᠬᠦᠨ ᠢ | ᠬᠠᠮᠠᠭᠠᠯᠠᠯᠲᠠ ᠶᠢᠨ ᠬᠡᠪᠴᠢᠶᠡᠨ ᠳᠤ ᠣᠷᠣᠭᠤᠯᠵᠤ᠂ 4 .05 ᠳ᠋ᠦᠩᠰᠢᠭᠤᠷ ᠮᠦ ᠳᠤ ᠪᠡᠯᠴᠢᠭᠡᠷᠯᠡᠭᠦᠯᠬᠦ ᠶᠢ ᠴᠠᠭᠠᠵᠠᠯᠠᠨ | ᠬᠤᠷᠢᠵᠤ᠂ 6.15 ᠳ᠋ᠦᠩᠰᠢᠭᠤᠷ ᠮᠦ ᠮᠠᠯ ᠪᠡᠯᠴᠢᠭᠡᠷ ᠢ ᠲᠡᠩᠴᠡᠭᠦᠷᠢᠰᠢᠭᠦᠯᠪᠡ᠃ ᠬᠥᠯᠥᠨ ᠨᠠᠭᠤᠷ᠂ ᠤᠯᠠᠭᠠᠨᠰᠣᠬᠠᠢ | ᠨᠠᠭᠤᠷ᠂ ᠲᠠᠭ᠎ᠠ ᠶᠢᠨ ᠨᠠᠭᠤᠷ ᠵᠡᠷᠭᠡ ᠭᠤᠣᠯᠳᠠᠯᠭ᠎ᠠ ᠲᠠᠢ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ | ᠂ ᠤᠰᠤᠨ ᠤ ᠴᠢᠨᠠᠷ ᠢ ᠠᠯᠬᠤᠮ ᠠᠯᠬᠤᠮ ᠢᠶᠠᠷ ᠰᠠᠶᠢᠵᠢᠷᠠᠭᠤᠯᠵᠤ᠂ ᠤᠰᠤᠨ ᠤ ᠬᠡᠮᠵᠢᠶ᠎ᠡ ᠶᠢ ᠠᠯᠬᠤᠮ ᠠᠯᠬᠤᠮ ᠢᠶᠠᠷ | ᠨᠡᠮᠡᠭᠳᠡᠭᠦᠯᠪᠡ᠃ ᠵᠠᠰᠠᠯᠲᠠ ᠪᠠᠷ ᠳᠠᠮᠵᠢᠭᠤᠯᠤᠨ᠂ ᠮᠠᠨ ᠤ ᠣᠷᠣᠨ ᠤ ᠤᠢ ᠰᠢᠭᠤᠶ ᠶᠢᠨ ᠲᠠᠯᠠᠪᠠᠢ᠂ ᠤᠷᠭᠤᠭ᠎ᠠ | ᠮᠣᠳᠣᠨ ᠤ ᠬᠠᠳᠠᠭᠠᠯᠠᠭᠳᠠᠴᠠ ᠶᠢᠨ ᠬᠡᠮᠵᠢᠶ᠎ᠡ ᠶᠢᠨ ︽ᠬᠤᠣᠰ ᠨᠡᠮᠡᠭᠳᠡᠯ︾ ᠢ ᠪᠡᠶᠡᠯᠡᠭᠦᠯᠵᠦ᠂ ︽11 · 5︾ ᠶᠢᠨ | ᠲᠥᠯᠥᠪᠵᠢᠭᠦᠯᠭᠡ ᠶᠢᠨ ᠰᠡᠭᠦᠯᠴᠢ ᠶᠢᠨ 3.6 ᠳ᠋ᠦᠩᠰᠢᠭᠤᠷ ᠮᠥ ᠂ 13.6 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠪᠠᠶᠢᠭᠰᠠᠨ ᠠᠴᠠ 3.73 ᠳ᠋ᠦᠩᠰᠢᠭᠤᠷ ᠮᠦ᠂ 14.84 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ | ᠬᠦᠷᠲᠡᠯ᠎ᠡ ᠳᠡᠭᠡᠭᠰᠢᠯᠡᠭᠦᠯᠪᠡ᠂ ᠤᠢ ᠰᠢᠭᠤᠶ ᠶᠢᠨ ᠪᠦᠷᠬᠦᠴᠡ ᠶᠢᠨ ᠨᠤᠷᠮ᠎ᠠ 21.03% ᠳᠤ ᠬᠦᠷᠪᠡ︔ | ᠴᠦᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠢ ᠶᠢᠨ ︽ᠬᠤᠶᠠᠷ ᠢ ᠪᠠᠭᠠᠰᠬᠠᠬᠤ︾ ᠶᠢ | ᠪᠡᠶᠡᠯᠡᠭᠦᠯᠵᠦ᠂ ᠲᠤᠰ ᠲᠤᠰ 625 ᠲᠦᠮᠡᠨ ᠮᠥ ᠪᠠ 515 ᠲᠦᠮᠡᠨ ᠮᠥ ᠪᠠᠭᠠᠰᠬᠠᠪᠠ︔ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢᠨ ᠪᠦᠷᠬᠦᠴᠡ 44% ᠳᠤ ᠬᠦᠷᠴᠦ᠂ ︽11 · 5︾ ᠶᠢᠨ ᠲᠥᠯᠥᠪᠵᠢᠭᠦᠯᠭᠡ ᠶᠢᠨ | ᠰᠡᠭᠦᠯᠴᠢ ᠶᠢᠨ ᠬᠤᠭᠤᠴᠠᠭ᠎ᠠ ᠠᠴᠠ 7 ᠵᠠᠭᠤᠨ ᠤ ᠴᠡᠭ ᠳᠡᠭᠡᠭᠰᠢᠯᠡᠵᠦ᠂ ᠳᠡᠭᠡᠷ᠎ᠡ ᠵᠠᠭᠤᠨ ᠤ ᠨᠠᠶᠠᠭᠠᠳ ᠣᠨ ᠤ | ᠬᠠᠮᠤᠭ ᠤᠨ ᠰᠠᠶᠢᠨ ᠬᠢᠷᠢ ᠬᠡᠮᠵᠢᠶᠡᠨ ᠳᠤ ᠣᠶᠢᠷᠠᠲᠤᠪᠠ᠃ 2016 ᠣᠨ ᠳᠤ ᠶᠡᠷᠦᠩᠬᠡᠶ ᠱᠦᠵᠢ ᠰᠢ ᠶᠢᠨ ᠫᠢᠩ | ᠮᠠᠨ ᠤ ᠣᠷᠣᠨ ᠤ ᠠᠮᠢ ᠠᠬᠤᠶ ᠶᠢᠨ ᠬᠠᠮᠠᠭᠠᠯᠠᠯᠲᠠ ᠪᠣᠯᠤᠨ ᠪᠦᠳᠦᠭᠡᠨ ᠪᠠᠶᠢᠭᠤᠯᠤᠯᠲᠠ ᠶᠢᠨ ᠠᠮᠵᠢᠯᠲᠠ ᠳᠤ ᠴᠢᠬᠤᠯᠠ | ᠴᠣᠬᠤᠯᠠᠪᠤᠷᠢ ᠦᠭᠴᠦ ︽ᠥᠪᠥᠷ ᠮᠣᠩᠭᠤᠯ᠂ ᠭᠠᠨᠰᠦ᠂ ᠨᠢᠩᠰᠢᠶᠠ ᠭᠤᠷᠪᠠᠨ ᠮᠤᠵᠢ ᠣᠷᠣᠨ ᠪᠣᠯ ᠮᠠᠨ ᠤ | ᠤᠯᠤᠰ ᠤᠨ ᠭᠠᠵᠠᠷ ᠰᠢᠷᠣᠶ ᠶᠢᠨ ᠴᠦᠯᠵᠢᠯᠲᠡ᠂ ᠡᠯᠡᠰᠦᠷᠬᠡᠭᠵᠢᠯ ᠢ ᠵᠠᠰᠠᠬᠤ ᠭᠤᠣᠯᠳᠠᠯᠭ᠎ᠠ ᠲᠠᠢ ᠣᠷᠣᠨ ᠪᠦᠰᠡ | ᠪᠤᠯᠤᠨ᠎ᠠ᠂ ᠤᠶᠢᠷ᠎ᠠ ᠶᠢᠨ ᠵᠢᠯ ᠤᠳ ᠲᠤ ᠭᠤᠷᠪᠠᠨ ᠮᠤᠵᠢ ᠣᠷᠣᠨ ᠤ ᠠᠮᠢ ᠠᠬᠤᠶ ᠶᠢ ᠬᠠᠮᠠᠭᠠᠯᠠᠬᠤ ᠠᠵᠢᠯ ᠢᠯᠡᠳᠲᠡ | ᠦᠷ᠎ᠡ ᠪᠦᠲᠦᠮᠵᠢ ᠤᠯᠤᠭᠰᠠᠨ ᠪᠤᠯᠬᠤᠷ ᠬᠠᠲᠠᠭᠤ ᠵᠤᠷᠢᠭ ᠢᠶᠠᠨ ᠪᠠᠷᠢᠮᠲᠠᠯᠠᠨ᠂ ᠤᠯᠠᠮ ᠢᠯᠡᠭᠦᠦ ᠴᠢᠷᠮᠠᠶᠢᠵᠤ᠂ ᠦᠷ᠎ᠡ | ᠪᠦᠲᠦᠭᠡᠯ ᠢ ᠲᠠᠰᠤᠷᠠᠯᠲᠠ ᠦᠭᠡᠶ ᠪᠠᠬᠢᠵᠢᠭᠦᠯᠦᠨ ᠥᠷᠭᠡᠳᠬᠡᠬᠦ ᠬᠡᠷᠡᠭᠲᠡᠢ︾ ᠭᠡᠪᠡ᠃ | ᠬᠥᠲᠥᠯᠥᠭᠴᠢ᠄ | ᠯᠢ ᠡᠷᠬᠢᠯᠡᠭᠴᠢ᠂ ᠣᠷᠴᠢᠨ ᠲᠣᠭᠤᠷᠢᠨ ᠤ ᠶᠠᠰᠤ ᠴᠢᠨᠠᠷ ᠤᠨ ᠠᠰᠠᠭᠤᠳᠠᠯ ᠪᠣᠯ ᠤᠯᠠᠨ ᠲᠦᠮᠡᠨ ᠤ ᠨᠡᠶᠢᠳᠡᠮ | ᠠᠩᠬᠠᠷᠴᠤ ᠪᠠᠶᠢᠭ᠎ᠠ ᠠᠰᠠᠭᠤᠳᠠᠯ ᠪᠤᠯᠤᠨ᠎ᠠ᠂ ᠮᠠᠨ ᠤ ᠣᠷᠣᠨ ᠣᠷᠴᠢᠨ ᠲᠤᠭᠤᠷᠢᠨ ᠤ ᠳᠤᠪᠤᠶᠢᠮ᠎ᠠ ᠠᠰᠠᠭᠤᠳᠠᠯ ᠢ | ᠵᠠᠰᠠᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠲᠠᠢ ᠪᠤᠢ︖ | ᠯᠢ ᠵᠦᠩ ᠺᠠᠢ᠄ | ᠮᠠᠨ ᠤ ᠣᠷᠣᠨ ᠣᠷᠴᠢᠨ ᠲᠤᠭᠤᠷᠢᠨ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠡᠷᠡᠰ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠶᠢ ᠴᠢᠬᠤᠯᠠ | ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠪᠤᠯᠭᠠᠵᠤ᠂ | ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠪᠦᠬᠦ ᠶᠠᠪᠤᠴᠠ ᠶᠢ ᠬᠠᠮᠢᠶᠠᠷᠤᠨ ᠡᠵᠡᠮᠳᠡᠬᠦ ᠪᠠ ᠥᠨᠳᠥᠷ | ᠪᠦᠲᠦᠮᠵᠢᠲᠡᠶ ᠪᠠᠷ ᠵᠠᠰᠠᠬᠤ ᠶᠢ ᠪᠠᠷᠢᠮᠲᠠᠯᠠᠪᠠ᠃ ᠥᠪᠡᠷᠲᠡᠭᠡᠨ ᠵᠠᠰᠠᠬᠤ ᠣᠷᠣᠨ ᠠᠴᠠ ︽ᠨᠠᠮ ᠤᠨ ᠬᠤᠷᠢᠶ᠎ᠠ᠂ | ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠣᠷᠴᠢᠨ ᠲᠣᠭᠤᠷᠢᠨ ᠢ ᠬᠠᠮᠠᠭᠠᠯᠠᠬᠤ | ᠠᠵᠢᠯ ᠤᠨ ᠡᠭᠦᠷᠭᠡ ᠬᠠᠷᠢᠭᠤᠴᠠᠯᠭ᠎ᠠ︾ ᠶᠢ ᠲᠤᠭᠲᠠᠭᠠᠭᠰᠠᠨ ᠨᠢ᠂ ᠮᠦᠨ ᠴᠤ ᠮᠠᠨ ᠤ ᠤᠯᠤᠰ ᠤᠨ ᠠᠩᠬᠠᠳᠠᠭᠴᠢ | ᠮᠤᠵᠢ ᠶᠢᠨ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠷ᠎ᠡ ᠪᠠᠷ ᠪᠠᠭᠤᠯᠭᠠᠭᠰᠠᠨ ᠣᠷᠴᠢᠨ | ᠲᠣᠭᠤᠷᠢᠨ ᠢ ᠬᠠᠮᠠᠭᠠᠯᠠᠬᠤ ᠠᠵᠢᠯ ᠤᠨ ᠲᠤᠬᠠᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠤᠨ ᠪᠢᠴᠢᠭ | ᠮᠠᠲ᠋ᠧᠷᠢᠶᠠᠯ ᠪᠤᠯᠤᠨ᠎ᠠ᠂ ᠡᠯ᠎ᠡ ᠭᠠᠵᠠᠷ ᠤᠨ ᠬᠢᠨ ᠢ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠵᠤ᠂ ᠨᠢᠭᠡ | ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠱᠠᠭᠠᠷᠳᠠᠪᠠ᠃ ᠤᠯᠤᠰ ᠤᠨ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠬᠦ ᠲᠦᠰᠦᠯ ᠶᠤᠰᠤᠭᠠᠷ᠂ ᠥᠪᠡᠷᠲᠡᠭᠡᠨ ᠵᠠᠰᠠᠬᠤ ᠣᠷᠣᠨ ᠵᠣᠬᠢᠴᠠᠩᠭᠤᠶ | ᠬᠡᠷᠡᠭᠵᠢᠭᠦᠯᠬᠦ ᠰᠠᠨᠠᠯ ᠨᠡᠶᠢᠲᠡᠯᠡᠵᠦ᠂ ᠬᠠᠷᠠᠯᠲᠠ ᠶᠢᠨ ᠡᠭᠦᠷᠭᠡ ᠶᠢ ᠤᠯᠠᠮ ᠨᠢᠭᠡ ᠠᠯᠬᠤᠮ ᠢᠯᠭᠠᠨ ᠬᠤᠪᠢᠶᠠᠷᠢᠯᠠᠵᠤ᠂ | ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠲᠤᠳᠤᠷᠬᠠᠶᠢᠯᠠᠪᠠ᠃ ᠥᠪᠡᠷᠲᠡᠭᠡᠨ ᠵᠠᠰᠠᠬᠤ ᠣᠷᠣᠨ ᠨᠢᠭᠡᠨᠲᠡ ᠪᠡᠭᠡᠵᠢᠩ ᠲᠢᠶᠠᠨᠵᠢᠨ ᠾᠧᠪᠸᠢ ᠵᠢᠴᠢ ᠡᠷᠭᠢᠨ | ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢᠨ ᠬᠠᠮᠵᠢᠯᠴᠠᠬᠤ | ᠲᠤᠭᠲᠠᠴᠠ ᠳᠤ ᠤᠷᠤᠯᠴᠠᠵᠤ᠂ ᠪᠠᠰᠠ ᠨᠢᠩᠰᠢᠶᠠ ᠯᠤᠭ᠎ᠠ ᠣᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ | ᠬᠠᠮᠲᠤᠷᠠᠯᠴᠠᠭᠠᠨ ᠤ ᠲᠤᠬᠠᠶ ᠰᠠᠨᠠᠮᠵᠢ ᠪᠢᠴᠢᠭ ᠲᠤ ᠭᠠᠷ ᠤᠨ ᠦᠰᠦᠭ ᠵᠢᠷᠤᠪᠠ᠃ ᠬᠠᠲᠠᠭᠤ ᠴᠢᠩᠭ᠎ᠠ ᠠᠷᠭ᠎ᠠ | ᠠᠪᠴᠤ᠂ ᠥᠴᠦᠬᠡᠨ ᠴᠦ ᠠᠭᠤᠴᠢᠯᠠᠬᠤ ᠦᠭᠡᠢ ᠤᠪᠤᠷ ᠢᠶᠠᠷ ᠠᠮᠢ ᠠᠬᠤᠶ ᠶᠢ ᠡᠪᠳᠡᠨ᠂ ᠣᠷᠴᠢᠨ ᠲᠣᠭᠤᠷᠢᠨ ᠢ | ᠪᠣᠬᠢᠷᠲᠤᠭᠤᠯᠬᠤ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠪᠡ᠃ | 2016 ᠣᠨ ᠳᠤ᠂ ᠪᠦᠬᠦ ᠣᠷᠣᠨ ᠤ 12 ᠠᠶᠢᠮᠠᠭ ᠬᠤᠲᠠ ᠶᠢᠨ ᠠᠭᠤᠷ ᠠᠮᠢᠰᠬᠤᠯ ᠤᠨ ᠶᠠᠰᠤ ᠴᠢᠨᠠᠷ ᠤᠨ | ᠳᠤᠮᠳᠠᠴᠢ ᠪᠠᠷᠢᠮᠵᠢᠶ᠎ᠠ ᠳᠤ ᠬᠦᠷᠦᠭᠰᠡᠨ ᠡᠳᠦᠷ ᠤᠨ ᠲᠤᠭ᠎ᠠ ᠨᠢ 314 ᠡᠳᠦᠷ ᠪᠠᠶᠢᠵᠤ᠂ ᠰᠠᠶᠢᠨ ᠡᠳᠦᠷ ᠤᠨ | ᠲᠤᠭ᠎ᠠ ᠶᠢᠨ ᠬᠠᠷᠢᠴᠠᠯ ᠨᠢ 86% ᠳᠤ ᠬᠦᠷᠴᠦ᠂ ᠲᠦᠷᠦᠭᠦᠦ ᠵᠢᠯ ᠤᠨ ᠬᠢ ᠠᠴᠠ ᠪᠠᠨ 5.1 ᠵᠠᠭᠤᠨ ᠤ ᠴᠡᠭ | ᠳᠡᠭᠡᠭᠰᠢᠯᠡᠵᠡᠢ︔ ᠪᠦᠬᠦ ᠣᠷᠣᠨ ᠤ ᠲᠤᠰᠬᠠᠶ ᠣᠷᠣᠨ ᠤ ᠲᠡᠰ ᠤᠨ ᠬᠤᠲᠠ ᠶᠢᠨ ᠲᠥᠪᠯᠡᠷᠡᠭᠰᠡᠨ ᠬᠡᠯᠪᠡᠷᠢ ᠶᠢᠨ | ᠤᠤᠭᠤᠬᠤ ᠤᠰᠤᠨ ᠤ ᠰᠤᠷᠪᠤᠯᠵᠢ ᠶᠢᠨ ᠳᠤᠮᠳᠠᠴᠢ ᠤᠰᠤ ᠲᠠᠲᠠᠬᠤ ᠤᠰᠤᠨ ᠤ ᠴᠢᠨᠠᠷ ᠤᠨ ᠪᠠᠷᠢᠮᠵᠢᠶ᠎ᠠ ᠳᠤ | ᠬᠦᠷᠦᠭᠰᠡᠨ ᠨᠤᠷᠮ᠎ᠠ ᠨᠢ 89.9% ᠳᠤ ᠬᠦᠷᠴᠦ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠤᠭ ᠨᠣᠪᠰᠢ | ᠰᠢᠶ᠋ᠳᠪᠦᠷᠢᠯᠡᠬᠦ ᠲᠠᠯᠠᠪᠠᠢ ᠨᠢᠭᠡᠨᠲᠡ ᠰᠢᠶᠠᠨ ᠬᠤᠲᠠ ᠳᠤ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠬᠤᠲᠠ | ᠪᠠᠯᠭᠠᠰᠤ ᠶᠢᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ 36.7% ᠳᠤ ᠬᠦᠷᠴᠦ᠂ ᠪᠦᠬᠦ ᠣᠷᠣᠨ ᠤ | ᠣᠷᠴᠢᠨ ᠲᠣᠭᠤᠷᠢᠨ ᠤ ᠪᠠᠶᠢᠳᠠᠯ ᠢᠯᠡᠳᠲᠡ ᠰᠠᠶᠢᠵᠢᠷᠠᠪᠠ᠃ | ᠬᠥᠲᠥᠯᠥᠭᠴᠢ᠄ | ᠯᠢ ᠡᠷᠬᠢᠯᠡᠭᠴᠢ᠂ ᠮᠠᠨ ᠤ ᠣᠷᠣᠨ ᠤ ᠪᠣᠬᠢᠷᠲᠤᠯ ᠦᠭᠡᠢ ᠪᠠᠷ ᠬᠦᠭᠵᠢᠭᠦᠯᠬᠦ᠂ ᠡᠨᠧᠷᠭᠢ ᠠᠷᠪᠢᠯᠠᠵᠤ | ᠬᠤᠷᠣᠭᠳᠠᠯ ᠢ ᠪᠠᠭᠠᠰᠬᠠᠬᠤ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠲᠣᠪᠤᠶᠢᠮ᠎ᠠ ᠦᠷ᠎ᠡ ᠪᠦᠲᠦᠮᠵᠢ ᠣᠯᠤᠭᠰᠠᠨ ᠪᠤᠢ | ︖ | ᠯᠢ ᠵᠦᠩ ᠺᠠᠢ᠄ | ᠮᠠᠨ ᠤ ᠣᠷᠣᠨ ᠬᠤᠴᠤᠷᠤᠩᠭᠤᠢ ᠪᠠ ᠦᠯᠡᠭᠦᠳᠡᠵᠦ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢ | ᠢᠳᠡᠪᠬᠢᠲᠡᠢ ᠪᠠᠷ ᠰᠢᠭᠰᠢᠭᠳᠡᠭᠦᠯᠦᠨ ᠠᠷᠢᠯᠭᠠᠵᠤ᠂ ᠤᠶᠢᠷ᠎ᠠ ᠶᠢᠨ ᠭᠤᠷᠪᠠᠨ ᠵᠢᠯ ᠳᠤ ᠨᠡᠶᠢᠲᠡ 1300 ᠲᠦᠮᠡᠨ ᠲᠣᠨ | ᠤᠷᠴᠢᠮ ᠤᠨ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ᠂ 297 ᠲᠣᠨ ᠠᠭᠤᠷ ᠢᠯᠴᠢ ᠶᠢᠨ ᠬᠦᠴᠦᠨ ᠢ | ᠰᠢᠭᠰᠢᠵᠦ᠂ 24.1 ᠲᠦᠮᠡᠨ ᠺᠢᠯᠣᠸᠠᠲ ᠵᠢᠵᠢᠭ ᠢᠯᠴᠢ ᠶᠢᠨ ᠴᠠᠬᠢᠯᠭᠠᠨ ᠢ ᠬᠠᠭᠠᠵᠤ ᠵᠤᠭᠰᠤᠭᠠᠪᠠ︔ 2016 | ᠣᠨ ᠳᠤ ᠲᠤᠰ ᠲᠤᠰ 300 ᠲᠦᠮᠡᠨ ᠳᠦ᠋ᠨ ᠪᠠ 291.3 ᠲᠦᠮᠡᠨ ᠲᠣᠨ ᠨᠡᠭᠦᠷᠡᠰᠦ ᠪᠠ ᠪᠣᠯᠣᠳ ᠲᠡᠮᠦᠷ | ᠦᠶ᠋ᠯᠡᠳᠪᠦᠷᠢᠯᠡᠬᠦ ᠴᠢᠳᠠᠪᠤᠷᠢ ᠶᠢ ᠪᠤᠴᠠᠭᠠᠨ ᠭᠠᠷᠭᠠᠵᠤ᠂ ᠨᠡᠶᠢᠲᠡ ᠡᠨᠧᠷᠬᠢ ᠠᠷᠪᠢᠯᠠᠭᠰᠠᠨ 660 ᠲᠦᠮᠡᠨ ᠲᠣᠨ | ᠪᠠᠷᠢᠮᠵᠢᠶᠠᠲᠤ ᠨᠡᠭᠦᠷᠡᠰᠦ ᠶᠢ ᠪᠤᠢ ᠪᠤᠯᠭᠠᠪᠠ᠃ ᠤᠶᠢᠷ᠎ᠠ ᠶᠢᠨ ᠭᠤᠷᠪᠠᠨ ᠵᠢᠯ ᠳᠤ ᠭᠤᠣᠯᠳᠠᠯᠭ᠎ᠠ ᠲᠠᠢ ᠡᠨᠧᠷᠭᠢ ᠬᠡᠷᠡᠭᠯᠡᠬᠦ | ᠨᠢᠭᠡᠴᠡ ᠶᠢᠨ ᠡᠨᠧᠷᠭᠢ ᠶᠢᠨ ᠠᠰᠢᠭᠯᠠᠮᠵᠢ ᠶᠢ ᠶᠡᠷᠦᠩᠬᠡᠶᠢᠯᠡᠨ ᠳᠡᠭᠡᠭᠰᠢᠯᠡᠭᠦᠯᠬᠦ᠂ ᠠᠵᠤ ᠦᠢᠯᠡᠳᠪᠦᠷᠢ ᠶᠢᠨ ᠦᠯᠡᠳᠡᠭᠳᠡᠯ | ᠢᠯᠴᠢ ᠪᠠᠷ ᠠᠷᠠᠳ ᠲᠤ ᠳᠤᠯᠠᠭᠠᠨ ᠬᠠᠩᠭᠠᠬᠤ᠂ ᠨᠡᠭᠦᠷᠡᠰᠦ ᠰᠢᠲᠠᠭᠠᠬᠤ ᠵᠤᠤᠬ᠎ᠠ ᠶᠢ ᠡᠨᠧᠷᠭᠢ ᠠᠷᠪᠢᠯᠠᠵᠤ ᠣᠷᠴᠢᠨ | ᠲᠤᠭᠤᠷᠢᠨ ᠢ ᠬᠠᠮᠠᠭᠠᠯᠠᠬᠤ ᠪᠠᠷ ᠦᠭᠡᠷᠡᠴᠢᠯᠡᠨ ᠵᠠᠰᠠᠬᠤ᠂ ᠴᠠᠬᠢᠯᠭᠠᠨ ᠮᠠᠰᠢᠨ ᠤ ᠰᠢᠰᠲ᠋ᠧᠮ ᠤᠨ ᠡᠨᠧᠷᠭᠢ ᠠᠷᠪᠢᠯᠠᠬᠤ᠂ | ᠡᠨᠧᠷᠭᠢ ᠶᠢᠨ ᠰᠢᠰᠲ᠋ᠧᠮ ᠢ ᠰᠢᠯᠢᠳᠡᠭᠵᠢᠭᠦᠯᠬᠦ ᠵᠡᠷᠭᠡ ᠡᠨᠧᠷᠭᠢ ᠠᠷᠪᠢᠯᠠᠬᠤ ᠭᠤᠣᠯᠳᠠᠯᠭ᠎ᠠ ᠲᠠᠢ ᠪᠠᠷᠢᠯᠭ᠎ᠠ ᠶᠢᠨ ᠲᠥᠷᠥᠯ | ᠵᠦᠢᠯ ᠢ ᠨᠡᠶᠢᠲᠡ 100 ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠣᠷᠣᠨ ᠤ ᠨᠢᠭᠡᠴᠢ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ ᠤᠨ ᠡᠨᠧᠷᠭᠢ ᠶᠢᠨ ᠬᠤᠷᠣᠭᠳᠠᠯ ᠨᠡᠶᠢᠲᠡ 20.5% ᠪᠠᠭᠤᠷᠠᠭᠰᠠᠨ ᠪᠠᠶᠢᠨ᠎ᠠ᠃ | ᠡᠨᠧᠷᠭᠢ ᠶᠢᠨ ᠬᠤᠷᠣᠭᠳᠠᠯ ᠤᠨ ᠬᠢᠵᠠᠭᠠᠷ ᠲᠤᠭ᠎ᠠ ᠶᠢᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ ᠶᠢᠨ | ᠠᠰᠢᠭᠯᠠᠮᠵᠢ ᠶᠢᠨ ᠪᠠᠷᠢᠮᠵᠢᠶ᠎ᠠ ᠳᠤ ᠬᠦᠷᠭᠡᠬᠦ ᠪᠠᠷᠢᠮᠵᠢᠶ᠎ᠠ ᠲᠠᠢ ᠬᠠᠷᠢᠴᠠᠭᠤᠯᠬᠤ ᠠᠵᠢᠯᠯᠠᠭ᠎ᠠ ᠶᠢ ᠥᠷᠨᠢᠭᠦᠯᠵᠦ᠂ | ᠴᠠᠬᠢᠯᠭᠠᠨ ᠵᠠᠳᠠᠯᠤᠯᠲᠤ ᠬᠦᠩᠭᠡᠨ ᠴᠠᠭᠠᠨ᠂ ᠱᠦᠢᠨᠢ ᠶᠢᠨ ᠠᠵᠢᠯ ᠲᠦᠷᠦᠯ ᠤᠨ ᠱᠠᠲᠤᠯᠢᠭ ᠴᠠᠬᠢᠯᠭᠠᠨ ᠤ ᠦᠨ᠎ᠡ ᠶᠢᠨ | ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠲᠤᠰᠬᠠᠶ ᠬᠢᠨᠠᠯᠲᠠ ᠪᠠᠶᠢᠴᠠᠭᠠᠯᠲᠠ ᠶᠢ ᠦᠷᠨᠢᠭᠦᠯᠪᠡ᠃ | ᠡᠨᠧᠷᠭᠢ ᠶᠢᠨ ᠠᠰᠢᠭᠯᠠᠮᠵᠢ ᠶᠢᠨ ︽ᠲᠠᠭᠠᠭᠤᠯᠤᠭᠴᠢ︾ ᠶᠢᠨ ᠲᠦᠷᠢᠮ ᠢ ᠬᠡᠷᠡᠭᠵᠢᠭᠦᠯᠬᠦ ᠶᠢ ᠠᠬᠢᠭᠤᠯᠵᠤ᠂ 1 ᠡᠷᠦᠬᠡ | ᠱᠦᠢᠨᠢ ᠶᠢᠨ ᠠᠵᠤ ᠠᠬᠤᠶᠢᠯᠠᠯ ᠠᠮᠵᠢᠯᠲᠠ ᠲᠠᠢ ᠪᠠᠷ ᠤᠯᠤᠰ ᠤᠨ ᠱᠦᠢᠨᠢ ᠶᠢᠨ ᠠᠵᠢᠯ ᠲᠥᠷᠥᠯ ᠤᠨ ᠡᠨᠧᠷᠭᠢ ᠶᠢᠨ | ᠠᠰᠢᠭᠯᠠᠮᠵᠢ ᠶᠢᠨ ︽ᠲᠠᠭᠠᠭᠤᠯᠤᠭᠴᠢ︾ ᠪᠠᠷ ᠰᠤᠩᠭᠤᠭᠳᠠᠪᠠ᠃ ᠨᠢᠭᠡᠨᠲᠡ ᠪᠠᠶᠢᠭ᠎ᠠ ᠣᠷᠣᠨ ᠰᠠᠭᠤᠴᠠ ᠶᠢᠨ | ᠪᠠᠷᠢᠯᠭ᠎ᠠ ᠶᠢᠨ ᠡᠨᠧᠷᠭᠢ ᠠᠷᠪᠢᠯᠠᠬᠤ ᠪᠠᠷ ᠦᠭᠡᠷᠡᠴᠢᠯᠡᠨ ᠵᠠᠰᠠᠬᠤ ᠶᠢ ᠶᠡᠬᠡᠪᠡᠷ ᠠᠬᠢᠭᠤᠯᠵᠤ᠂ ᠤᠶᠢᠷ᠎ᠠ ᠶᠢᠨ ᠭᠤᠷᠪᠠᠨ | ᠵᠢᠯ ᠳᠤ ᠥᠭᠡᠷᠡᠴᠢᠯᠡᠯᠲᠡ ᠶᠢᠨ ᠲᠠᠯᠠᠪᠠᠢ ᠶᠢ 3300 ᠭᠠᠷᠤᠢ ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ | ᠪᠣᠬᠢᠷᠲᠤᠯ ᠦᠭᠡᠢ ᠪᠠᠷᠢᠯᠭ᠎ᠠ ᠶᠢ 300 ᠭᠠᠷᠤᠶ ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠪᠠ᠃ | ᠳᠠᠭᠠᠭᠠᠴᠠᠲᠤ ᠴᠢᠷᠦᠭᠦᠯ ᠲᠡᠷᠭᠡᠨ ᠤ ᠲᠡᠭᠡᠭᠡᠪᠦᠷᠢ ᠶᠢᠨ ᠲᠤᠷᠰᠢᠯᠲᠠ ᠶᠢᠨ ᠴᠢᠭ ᠢ ᠲᠦᠯᠬᠢᠨ ᠠᠬᠢᠭᠤᠯᠵᠤ᠂ ᠴᠢᠷᠦᠭᠦᠯ | ᠲᠡᠷᠭᠡᠨ ᠤ ᠲᠡᠭᠡᠭᠡᠪᠦᠷᠢ ᠶᠢᠨ ᠱᠤᠭᠤᠮ ᠢ 20 ᠰᠢᠬᠠᠮ ᠨᠡᠪᠲᠡᠷᠡᠭᠦᠯᠵᠦ᠂ ᠳᠤᠮᠳᠠᠴᠢ ᠦᠷᠦᠭᠳᠡᠯ ᠤᠨ ᠬᠠᠷᠢᠴᠠᠯ ᠨᠢ 1: | 1.8 ᠳᠤ ᠬᠦᠷᠪᠡ᠃ 2016 ᠣᠨ ᠳᠤ ᠪᠥᠬᠦ ᠣᠷᠣᠨ ᠤ ᠨᠢᠭᠡᠴᠢ GDP ᠶᠢᠨ ᠡᠨᠧᠷᠬᠢ ᠶᠢᠨ ᠬᠤᠷᠤᠭᠳᠠᠯ ᠨᠢ 1. | 02 ᠲᠣᠨ ᠪᠠᠷᠢᠮᠵᠢᠶᠠᠲᠤ ᠨᠡᠭᠦᠷᠡᠰᠦ / ᠲᠦᠮᠡᠨ ᠲᠦᠬᠦᠷᠢᠭ ᠪᠠᠶᠢᠵᠤ᠂ 2013 ᠣᠨ ᠤ ᠲᠠᠢ ᠠᠳᠠᠯᠢᠳᠬᠠᠪᠠᠯ 11. | 6% ᠪᠠᠭᠤᠷᠠᠵᠤ᠂ ᠡᠨᠧᠷᠭᠢ ᠶᠢᠨ ᠬᠡᠷᠡᠭᠯᠡᠭᠡ ᠶᠢᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠨᠢ ᠪᠠᠭᠤᠷᠠᠭᠠᠳ | 3.2% ᠪᠤᠯᠵᠤ᠂ ᠡᠨᠧᠷᠭᠢ ᠶᠢᠨ ᠬᠤᠷᠣᠭᠳᠠᠯ ᠤᠨ ᠨᠡᠮᠡᠭᠳᠡᠯ ᠢ ᠪᠦᠲᠦᠮᠵᠢᠲᠡᠶ ᠬᠢᠵᠠᠭᠠᠷᠯᠠᠪᠠ᠃ | ᠬᠥᠲᠥᠯᠥᠭᠴᠢ᠄ | ᠯᠢ ᠡᠷᠬᠢᠯᠡᠭᠴᠢ᠂ ᠮᠠᠨ ᠤ ᠣᠷᠣᠨ ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠶᠢᠨ | ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ︖ | ᠯᠢ ᠵᠦᠩ ᠺᠠᠢ᠄ | ᠮᠠᠨ ᠤ ᠣᠷᠣᠨ ᠶᠡᠷᠦᠩᠬᠡᠶ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ᠂ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢ ᠳᠦᠷᠢᠮᠵᠢᠭᠦᠯᠬᠦ᠂ ᠬᠠᠤᠯᠢ ᠪᠠᠷ ᠵᠠᠰᠠᠬᠤ ᠵᠠᠮ ᠳᠤ ᠤᠷᠤᠭᠤᠯᠬᠤ ᠪᠠᠷ ᠴᠢᠷᠮᠠᠶᠢᠵᠤ ᠪᠤᠢ᠃ 2014 | ᠣᠨ ᠳᠤ᠂ ᠮᠠᠨ ᠤ ᠣᠷᠣᠨ ᠤᠯᠤᠰ ᠠᠴᠠ ᠤᠷᠢᠳ ᠢᠶᠠᠷ ︽ᠠᠮᠢ ᠠᠬᠤᠶ ᠶᠢᠨ ᠪᠣᠯᠪᠠᠰᠤᠨ ᠤ ᠲᠦᠷᠢᠮ ᠤᠨ | ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠬᠦ ᠲᠤᠬᠠᠶ ᠰᠠᠨᠠᠯ︾ ᠢ ᠨᠡᠶᠢᠲᠡᠯᠡᠵᠦ᠂ 93 ᠵᠦᠢᠯ ᠤᠨ | ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠡᠬᠢᠯᠡᠭᠦᠯᠪᠡ᠃ ᠶᠡᠷᠦᠩᠬᠡᠶ ᠱᠦᠵᠢ ᠰᠢ ᠶᠢᠨ ᠫᠢᠩ ᠮᠠᠨ ᠤ | ᠤᠷᠤᠨ ᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠪᠠᠷ ᠬᠦᠰᠡᠨ ᠨᠠᠶᠢᠳᠠᠭᠰᠠᠨ ᠭᠤᠷᠪᠠᠨ ᠵᠦᠢᠯ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ᠂ ᠨᠢᠭᠡᠨᠲᠡ | ︽ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠥᠷᠢ ᠦᠭᠴᠢᠭᠡ ᠶᠢᠨ ᠬᠦᠰᠦᠨᠦᠭᠲᠦ ᠢ ᠨᠠᠶᠢᠷᠠᠭᠤᠯᠤᠨ | ᠵᠣᠬᠢᠶᠠᠬᠤ ᠶᠡᠷᠦᠩᠬᠡᠶ ᠲᠥᠰᠦᠯ︾᠂ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠥᠷᠥᠩᠭᠡ ᠶᠢ ᠲᠤᠰᠢᠶᠠᠯ ᠠᠴᠠ ᠰᠠᠯᠠᠬᠤ ᠳᠤ ᠬᠢᠨᠠᠨ ᠪᠤᠳᠤᠯᠲᠠ ᠬᠢᠬᠦ ᠲᠤᠷᠰᠢᠯᠲᠠ ᠶᠢᠨ ᠬᠡᠷᠡᠭᠵᠢᠭᠦᠯᠬᠦ ᠲᠥᠰᠦᠯ︾ | ᠪᠠ ︽ᠨᠠᠮ ᠵᠠᠰᠠᠭ ᠤᠨ ᠤᠳᠤᠷᠢᠳᠬᠤ ᠺᠠᠳ᠋ᠷ ᠤᠨ ᠠᠮᠢ ᠠᠬᠤᠶ ᠣᠷᠴᠢᠨ ᠲᠣᠭᠤᠷᠢᠨ ᠢ ᠡᠪᠳᠡᠭᠰᠡᠨ | ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠨᠡᠶᠢᠲᠡᠯᠡᠨ | ᠬᠡᠷᠡᠭᠵᠢᠭᠦᠯᠬᠦ ᠶᠢᠨ ᠬᠠᠮᠲᠤ ᠲᠤᠷᠰᠢᠯᠲᠠ ᠶᠢᠨ ᠠᠵᠢᠯ ᠢ ᠥᠷᠨᠢᠭᠦᠯᠪᠡ᠃ ᠡᠭᠦᠨ ᠤ ᠬᠠᠮᠲᠤ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢ ᠵᠠᠬᠢᠷᠤᠨ ᠬᠠᠮᠢᠶᠠᠷᠬᠤ᠂ ᠠᠮᠢ ᠠᠬᠤᠶ ᠶᠢᠨ ᠬᠤᠷᠢᠭ᠎ᠠ ᠱᠤᠭᠤᠮ ᠲᠤᠭᠲᠠᠭᠠᠬᠤ᠂ ᠠᠮᠢ | ᠠᠬᠤᠶ ᠶᠢᠨ ᠨᠥᠬᠦᠪᠥᠷᠢ ᠣᠯᠭᠤᠬᠤ᠂ ᠤᠯᠤᠰ ᠤᠨ ᠦᠮᠴᠢᠯᠡᠯᠲᠤ ᠰᠢᠭᠤᠶᠢᠲᠤ ᠣᠷᠣᠨ ᠤ ᠥᠭᠡᠷᠡᠴᠢᠯᠡᠯᠲᠡ ᠵᠡᠷᠭᠡ | ᠲᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ ᠢᠳᠡᠪᠬᠢᠲᠡᠶ ᠠᠬᠢᠯᠲᠠ ᠲᠠᠢ ᠪᠣᠯᠵᠠᠶ᠃ | ᠤᠷᠤᠨ ᠵᠠᠶ ᠶᠢ ᠬᠠᠮᠢᠶᠠᠷᠤᠨ ᠵᠠᠬᠢᠷᠬᠤ ᠲᠠᠯ᠎ᠠ ᠪᠠᠷ᠂ ︽ᠥᠪᠡᠷᠲᠡᠭᠡᠨ ᠵᠠᠰᠠᠬᠤ ᠣᠷᠣᠨ ᠤ ᠭᠤᠣᠯ | ᠴᠣᠭᠴᠠ ᠶᠢᠨ ᠴᠢᠳᠠᠮᠵᠢᠳᠤ ᠣᠷᠣᠨ ᠤ ᠲᠥᠯᠥᠪᠵᠢᠭᠦᠯᠭᠡ ᠶᠢᠨ ᠲᠤᠬᠠᠶ ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ | ᠤᠯᠤᠰ ᠤᠨ ᠭᠤᠣᠯ ᠴᠣᠭᠴᠠ ᠶᠢᠨ ᠴᠢᠳᠠᠮᠵᠢᠳᠤ ᠣᠷᠣᠨ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ | ᠵᠢᠱᠢᠶ᠎ᠡ ᠦᠵᠡᠭᠦᠯᠬᠦ ᠪᠠ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠥᠭᠡᠷᠡᠴᠢᠯᠡᠯᠲᠡ ᠶᠢᠨ ᠲᠤᠷᠰᠢᠯᠲᠠ ᠶᠢ | ᠥᠷᠨᠢᠭᠦᠯᠵᠦ᠂ ᠤᠯᠤᠰ ᠤᠨ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ 35 ᠬᠤᠰᠢᠭᠤ | ᠰᠢᠶᠠᠨ ᠳᠤ ᠨᠢᠭᠡᠨᠲᠡ ᠠᠵᠤ ᠦᠢᠯᠡᠰ ᠤᠨ ᠵᠥᠪᠰᠢᠶᠡᠷᠡᠨ ᠣᠷᠣᠭᠤᠯᠬᠤ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢ | ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ᠃ ᠠᠮᠢ ᠠᠬᠤᠶ ᠶᠢᠨ ᠬᠤᠷᠢᠭ᠎ᠠ ᠱᠤᠭᠤᠮ ᠤᠨ ᠲᠠᠯ᠎ᠠ ᠪᠠᠷ᠂ ᠪᠥᠬᠦ | ᠣᠷᠣᠨ ᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ ᠶᠢ ᠦᠨᠳᠦᠰᠦᠨ ᠳᠡᠭᠡᠨ | ᠪᠡᠶᠡᠯᠡᠭᠦᠯᠪᠡ︔ ᠤᠢ ᠰᠢᠭᠤᠶ ᠶᠢᠨ ᠠᠮᠢ ᠠᠬᠤᠶ ᠶᠢᠨ ︽ᠳᠥᠷᠪᠡᠨ ᠬᠤᠷᠢᠭ᠎ᠠ ᠱᠤᠭᠤᠮ︾ ᠪᠣᠯᠣᠨ 8.8 | ᠳ᠋ᠥᠩᠰᠢᠭᠤᠷ ᠮᠦ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠠᠵᠢᠯ ᠢ ᠪᠦᠬᠦ ᠲᠠᠯ᠎ᠠ ᠪᠠᠷ | ᠪᠡᠶᠡᠯᠡᠭᠦᠯᠪᠡ︔ ᠤᠰᠤᠨ ᠰᠣᠷᠪᠣᠯᠵᠢ ᠶᠢᠨ ︽ᠭᠤᠷᠪᠠᠨ ᠬᠤᠷᠢᠭ᠎ᠠ ᠱᠤᠭᠤᠮ︾ ᠤᠨ ᠬᠠᠮᠢᠶᠠᠷᠤᠯᠲᠠ ᠶᠢᠨ | ᠲᠦᠷᠢᠮ ᠤᠨ ᠲᠠᠯ᠎ᠠ ᠪᠠᠷ᠂ ᠡᠵᠡᠮᠰᠢᠬᠦ ᠭᠦᠢᠴᠡᠳᠬᠡᠯ ᠲᠤᠭ᠎ᠠ ᠶᠢ ᠠᠶᠢᠮᠠᠭ ᠬᠤᠳᠠ᠂ ᠬᠤᠰᠢᠭᠤ ᠰᠢᠶᠠᠨ ᠳᠤ ᠵᠠᠯᠭᠠᠨ | ᠬᠤᠪᠢᠶᠠᠷᠢᠯᠠᠬᠤ ᠶᠢᠨ ᠬᠠᠮᠲᠤ᠂ ᠠᠶᠢᠮᠠᠭ ᠬᠤᠲᠠ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠣᠨ ᠤ ᠬᠠᠷᠠᠯᠲᠠᠲᠤ | ᠬᠠᠷᠢᠭᠤᠴᠠᠯᠭ᠎ᠠ ᠶᠢᠨ ᠬᠢᠨᠠᠨ ᠰᠢᠯᠭᠠᠯᠲᠠ ᠳᠤ ᠣᠷᠤᠭᠤᠯᠬᠤ ᠪᠣᠯᠤᠨ᠎ᠠ᠃ | ᠤᠯᠤᠰ ᠤᠨ ᠦᠮᠴᠢᠯᠡᠯᠲᠦ ᠰᠢᠭᠤᠶᠢᠲᠤ ᠣᠷᠣᠨ ᠤᠢ ᠰᠢᠭᠤᠶ ᠶᠢᠨ ᠲᠠᠯᠠᠪᠠᠢ ᠶᠢᠨ ᠥᠭᠡᠷᠡᠴᠢᠯᠡᠯᠲᠡ ᠶᠢ | ᠯᠠᠪᠳᠠᠭᠤᠨ ᠢᠶᠠᠷ ᠠᠬᠢᠭᠤᠯᠵᠤ᠂ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠪᠠᠶᠢᠭᠠᠯᠢ ᠶᠢᠨ ᠤᠢ ᠶᠢ | ᠬᠤᠳᠠᠯᠳᠤᠭᠠᠨ ᠤ ᠴᠢᠨᠠᠷᠲᠠᠶ ᠪᠠᠷ ᠣᠭᠲᠣᠯᠬᠤ ᠶᠢ ᠪᠦᠬᠦ ᠲᠠᠯ᠎ᠠ ᠪᠠᠷ ᠵᠣᠭᠰᠣᠭᠠᠵᠤ᠂ ᠵᠢᠯ ᠳᠤ 151.2 ᠲᠦᠮᠡᠨ | ᠪᠣᠰᠤᠭ᠎ᠠ ᠳᠥᠷᠪᠡᠯᠵᠢᠨ ᠮᠧᠲᠷ ᠤᠨ ᠮᠣᠳᠣᠨ ᠮᠠᠲ᠋ᠧᠷᠢᠶᠠᠯ ᠤᠨ ᠭᠠᠷᠤᠯᠲᠠ ᠶᠢ ᠣᠭᠲᠤᠯᠬᠤ ᠪᠠᠨ ᠵᠣᠭᠰᠤᠭᠠᠵᠤ᠂ ᠶᠡᠭᠡ | ᠬᠢᠩᠭᠠᠨ ᠳᠠᠪᠠᠭ᠎ᠠ ᠶᠢᠨ ᠭᠤᠣᠯᠳᠠᠯᠭ᠎ᠠ ᠲᠠᠢ ᠤᠯᠤᠰ ᠤᠨ ᠦᠮᠴᠢᠯᠡᠯᠲᠦ ᠤᠢ ᠶᠢᠨ ᠬᠠᠮᠢᠶᠠᠷᠤᠯᠲᠠ ᠶᠢᠨ ᠲᠣᠪᠴᠢᠶ᠎ᠠ ᠶᠢ | ᠪᠠᠶᠢᠭᠤᠯᠪᠠ᠃ ︽ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾ ᠳᠤ ᠵᠠᠰᠠᠪᠤᠷᠢ ᠣᠷᠣᠭᠤᠯᠵᠦ᠂ | ᠥᠪᠡᠷᠲᠡᠭᠡᠨ ᠵᠠᠰᠠᠭ ᠣᠷᠣᠨ ᠤ ︽ᠠᠮᠢ ᠠᠬᠤᠶ ᠶᠢᠨ ᠬᠠᠮᠠᠭᠠᠯᠠᠯᠲᠠ ᠳᠤ ᠨᠥᠬᠦᠪᠥᠷᠢ ᠥᠭᠬᠦ ᠶᠢ ᠪᠦᠷᠢᠨᠰᠢᠭᠦᠯᠬᠦ ᠶᠢᠨ | ᠬᠡᠷᠡᠭᠵᠢᠭᠦᠯᠬᠦ ᠰᠠᠨᠠᠯ︾᠂ ︽ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠨᠤᠲᠤᠭ ᠪᠡᠯᠴᠢᠭᠡᠷ ᠭᠤᠣᠯ ᠮᠥᠷᠡᠨ | ᠨᠠᠭᠤᠷ ᠴᠦᠬᠦᠷᠦᠮ ᠢ ᠠᠮᠤᠷᠵᠢᠭᠤᠯᠤᠨ ᠲᠡᠩᠬᠡᠷᠡᠭᠦᠯᠬᠦ ᠲᠥᠯᠥᠪᠵᠢᠭᠦᠯᠭᠡ︾᠂ ︽ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ ᠢ ᠦᠨ᠎ᠡ ᠲᠥᠯᠥᠪᠦᠷᠢ ᠲᠠᠢ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ | ᠵᠡᠷᠭᠡ ᠬᠡᠳᠦᠨ ᠠᠷᠪᠠᠨ ᠵᠦᠢᠯ ᠤᠨ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠪᠡ᠃ | ᠰᠢᠰᠲ᠋ᠧᠮ ᠲᠠᠢ ᠪᠦᠭᠡᠳ ᠪᠦᠷᠢᠨ ᠪᠠᠶᠢᠬᠤ ᠪᠠ ᠬᠠᠷᠢᠴᠠᠩᠭᠤᠶ ᠲᠡᠭᠦᠯᠳᠡᠷ ᠠᠮᠢ ᠠᠬᠤᠶ ᠶᠢᠨ ᠪᠣᠯᠪᠠᠰᠤᠨ ᠤ | ᠲᠦᠷᠢᠮ ᠤᠨ ᠰᠢᠰᠲ᠋ᠧᠮᠵᠢ ᠶᠢ ᠨᠢᠭᠡᠨᠲᠡ ᠠᠯᠬᠤᠮ ᠠᠯᠬᠤᠮ ᠢᠶᠠᠷ ᠪᠠᠶᠢᠭᠤᠯᠵᠤ ᠪᠠᠶᠢᠨ᠎ᠠ᠃ | ᠬᠥᠲᠥᠯᠥᠭᠴᠢ᠄ | ᠮᠠᠨ ᠤ ᠣᠷᠣᠨ ᠨᠢ ᠠᠷᠠᠳ ᠨᠡᠶᠢᠲᠡ ᠶᠢᠨ ᠠᠮᠢ ᠠᠬᠤᠶ ᠶᠢᠨ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠵᠦ᠂ | ᠪᠦᠬᠦ ᠨᠡᠶᠢᠭᠡᠮ ᠳᠠᠶᠠᠭᠠᠷ ᠢ ᠲᠠᠶᠢᠴᠢᠯᠠᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠬᠠᠮᠲᠤ ᠪᠠᠷ | ᠣᠷᠤᠯᠴᠠᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠬᠤ ᠪᠣᠢ︖ | ᠯᠢ ᠵᠥᠩ ᠺᠠᠢ᠄ | ᠶᠡᠷᠦᠩᠬᠡᠶ ᠱᠦᠵᠢ ᠰᠢ ᠶᠢᠨ ᠫᠢᠩ ᠤᠨ ︽ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠢᠶᠠᠨ ᠬᠠᠶᠢᠷᠠᠯᠠᠵᠤ ᠬᠠᠮᠠᠭᠠᠯᠠᠬᠤ ᠰᠠᠶᠢᠨ ᠰᠠᠶᠢᠬᠠᠨ ᠬᠡᠪ | ᠰᠤᠷᠲᠠᠯ ᠢ ᠪᠤᠢ ᠪᠣᠯᠭᠠᠬᠤ︾ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠨᠢ ᠪᠣᠬᠢᠷᠲᠤᠯ ᠦᠭᠡᠶ ᠥᠪᠥᠷ ᠮᠣᠩᠭᠤᠯ ᠢ | ᠪᠦᠲᠦᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠵᠤ᠂ ︽ᠳᠡᠯᠡᠬᠡᠶ ᠶᠢᠨ ᠣᠷᠴᠢᠨ ᠲᠣᠭᠤᠷᠢᠨ ᠢ ᠬᠠᠮᠠᠭᠠᠯᠠᠬᠤ | ᠡᠳᠦᠷ︾᠂ ︽ᠳᠡᠯᠡᠬᠡᠶ ᠶᠢᠨ ᠤᠰᠤ ᠶᠢ ᠬᠠᠮᠠᠭᠠᠯᠠᠬᠤ ᠡᠳᠦᠷ︾᠂ ᠡᠨᠧᠷᠭᠢ ᠠᠷᠪᠢᠯᠠᠬᠤ ᠶᠢ ᠤᠬᠠᠭᠤᠯᠬᠤ ᠭᠠᠷᠠᠭ | ᠵᠡᠷᠭᠡ ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠵᠢᠯ ᠪᠦᠷᠢ ᠶᠢᠨ 7 ᠳ᠋ᠤᠭᠠᠷ | ᠰᠠᠷ᠎ᠠ ᠶᠢᠨ ᠨᠢᠭᠡᠳᠦᠭᠡᠷ ᠭᠠᠷᠠᠭ ᠢ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ | ᠠᠵᠢᠯᠯᠠᠭᠠᠨ ᠤ ᠭᠠᠷᠠᠭ︾ ᠢᠶᠠᠷ ᠲᠣᠭᠲᠠᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠰᠢᠶ᠋ᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ᠂ ᠴᠢᠬᠤᠯᠠ ᠶᠡᠭᠡ ᠠᠷᠭ᠎ᠠ ᠬᠡᠮᠵᠢᠶ᠎ᠡ᠂ ᠭᠤᠣᠯ ᠦᠷ᠎ᠡ ᠪᠦᠲᠦᠮᠵᠢ᠂ | ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠤᠬᠠᠭᠤᠯᠵᠤ᠂ ᠡᠬᠢ ᠪᠠᠶᠠᠯᠢᠭ ᠣᠷᠴᠢᠨ ᠲᠣᠭᠤᠷᠢᠨ ᠤᠯᠤᠰ ᠤᠨ | ᠪᠠᠶᠢᠳᠠᠯ᠂ ᠬᠠᠤᠯᠢ ᠴᠠᠭᠠᠵᠠ ᠬᠠᠤᠯᠢ ᠲᠣᠭᠲᠠᠭᠠᠯ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ | ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠠᠷᠠᠳ ᠢᠷᠭᠡᠳ ᠤᠨ ᠠᠮᠢ | ᠠᠬᠤᠶ ᠶᠢᠨ ᠪᠣᠯᠪᠠᠰᠤᠨ ᠤ ᠤᠬᠠᠮᠰᠠᠷ ᠢ ᠬᠥᠲᠥᠯᠥᠨ ᠵᠢᠯᠣᠭᠤᠳᠴᠤ ᠬᠥᠮᠦᠵᠢᠭᠦᠯᠵᠦ ᠪᠠᠶᠢᠨ᠎ᠠ᠃ ᠡᠭᠦᠨ ᠤ ᠬᠠᠮᠲᠤ᠂ | ᠤᠬᠠᠭᠤᠯᠭ᠎ᠠ ᠬᠥᠮᠦᠵᠢᠯ ᠢ ᠪᠠᠶᠢᠭᠤᠯᠭ᠎ᠠ ᠳᠤ ᠤᠷᠤᠭᠤᠯᠬᠤ᠂ ᠮᠠᠯᠵᠢᠬᠤ ᠲᠠᠷᠢᠶᠠᠯᠠᠬᠤ ᠣᠷᠣᠨ ᠳᠤ ᠣᠷᠤᠭᠤᠯᠬᠤ᠂ | ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠤᠷᠤᠭᠤᠯᠬᠤ᠂ ᠰᠤᠷᠭᠠᠭᠤᠯᠢ ᠳᠤ ᠤᠷᠤᠭᠤᠯᠬᠤ᠂ | ᠭᠡᠷ ᠪᠦᠯᠢ ᠳᠤ ᠤᠷᠤᠭᠤᠯᠬᠤ ︽ᠵᠢᠷᠭᠤᠭᠠᠨ ᠣᠷᠣᠭᠤᠯᠬᠤ︾ ᠠᠵᠢᠯᠯᠠᠭ᠎ᠠ ᠶᠢ ᠥᠷᠨᠢᠭᠦᠯᠪᠡ᠃ 2016 ᠣᠨ ᠤ 7 | ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠨᠢ ︽ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ | ᠦᠭᠡᠢ ᠬᠥᠭᠵᠢᠭᠦᠯᠬᠦ︾ ᠪᠠᠷ ᠭᠤᠣᠯ ᠰᠡᠳᠦᠪ ᠪᠣᠯᠭᠠᠭᠰᠠᠨ ᠠᠩᠬᠠᠳᠤᠭᠠᠷ ᠬᠤᠭᠤᠴᠠᠭᠠᠨ ᠤ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭᠠᠨ ᠤ ᠭᠠᠷᠠᠭ ᠢ ᠠᠮᠵᠢᠯᠲᠠᠢ ᠡᠷᠬᠢᠯᠡᠵᠦ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠨᠡᠶᠢᠭᠡᠮ ᠳᠠᠶᠠᠭᠠᠷ ᠢᠶᠠᠷ ᠢᠶᠠᠨ ᠬᠠᠮᠲᠤᠪᠠᠷ ᠣᠷᠤᠯᠴᠠᠭᠰᠠᠨ ᠥᠨᠢᠷ | ᠥᠳᠬᠡᠨ ᠠᠭᠤᠷ ᠠᠮᠢᠰᠬᠤᠯ ᠢ ᠪᠤᠢ ᠪᠣᠯᠭᠠᠪᠠ᠃ ᠡᠨᠡ ᠵᠢᠯ ᠤᠨ 7 ᠳ᠋ᠤᠭᠠᠷ ᠰᠠᠷ᠎ᠠ ᠶᠢᠨ 3 ᠤ ᠡᠳᠦᠷ ᠠᠴᠠ 7 ᠤ | ᠡᠳᠦᠷ ᠪᠣᠯᠲᠠᠯ᠎ᠠ ᠮᠠᠨ ᠤ ᠣᠷᠣᠨ ᠬᠤᠶᠠᠳᠤᠭᠠᠷ ᠬᠤᠭᠤᠴᠠᠭᠠᠨ ᠤ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭᠠᠨ ᠤ ᠭᠠᠷᠠᠭ ᠢ ᠡᠷᠬᠢᠯᠡᠨ᠎ᠡ᠂ ᠲᠤᠰ ᠬᠤᠭᠤᠴᠠᠭᠠᠨ ᠤ | ᠤᠬᠠᠭᠤᠯᠭ᠎ᠠ ᠶᠢᠨ ᠠᠵᠢᠯᠯᠠᠭᠠᠨ ᠤ ᠭᠠᠷᠠᠭ ᠤᠨ ᠭᠤᠣᠯ ᠰᠡᠳᠦᠪ ᠪᠣᠯ ︽ᠠᠮᠢ ᠠᠬᠤᠶ ᠶᠢᠨ ᠣᠷᠴᠢᠨ ᠲᠣᠭᠤᠷᠢᠨ ᠢ | ᠬᠠᠮᠠᠭᠠᠯᠠᠵᠤ᠂ ᠪᠣᠬᠢᠷᠲᠤᠯ ᠦᠬᠡᠢ ᠬᠥᠭᠵᠢᠯᠲᠡ ᠶᠢ ᠠᠬᠢᠭᠤᠯᠬᠤ︾ ᠪᠣᠯᠣᠨ᠎ᠠ᠃ ᠠᠮᠢ ᠠᠬᠤᠶ ᠶᠢᠨ ᠪᠣᠯᠪᠠᠰᠤᠨ ᠤ | ᠤᠬᠠᠭᠤᠯᠭ᠎ᠠ ᠶᠢᠨ ᠠᠵᠢᠯᠯᠠᠭᠠᠨ ᠤ ᠭᠠᠷᠠᠭ ᠢ ᠡᠷᠬᠢᠯᠡᠬᠦ ᠪᠠᠷ ᠳᠠᠮᠵᠢᠭᠤᠯᠵᠤ᠂ ᠮᠠᠨ ᠤ ᠣᠷᠣᠨ ᠤ ᠥᠷᠭᠡᠨ ᠤᠯᠠᠨ | ᠠᠷᠠᠳ ᠲᠦᠮᠡᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠮᠰᠠᠷ ᠢ ᠤᠯᠠᠮ ᠨᠡᠮᠡᠭᠳᠡᠭᠦᠯᠵᠦ ᠪᠠᠶᠢᠨ᠎ᠠ | ᠃ | ᠬᠥᠲᠥᠯᠥᠭᠴᠢ᠄ | ᠳᠠᠷᠠᠭᠠᠴᠢ ᠶᠢᠨ ᠠᠵᠢᠯ ᠤᠨ ᠳᠤᠮᠳᠠ᠂ ᠮᠠᠨ ᠤ ᠣᠷᠣᠨ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠠᠯᠬᠤᠴᠠ ᠪᠠᠨ ᠬᠡᠷᠬᠢᠨ ᠲᠥᠷᠭᠡᠳᠬᠡᠬᠦ ᠪᠣᠢ︖ | | ᠯᠢ ᠵᠥᠩ ᠺᠠᠢ᠄ | ᠳᠠᠷᠠᠭᠠᠴᠢ ᠶᠢᠨ ᠠᠵᠢᠯ ᠤᠨ ᠳᠤᠮᠳᠠ᠂ ᠮᠠᠨ ᠤ ᠣᠷᠣᠨ ᠶᠡᠷᠦᠩᠬᠡᠶ ᠱᠦᠵᠢ ᠶᠢᠨ ᠬᠦᠰᠡᠯ ᠨᠠᠶᠢᠳᠠᠯᠭ᠎ᠠ ᠶᠢ | ᠴᠠᠭ ᠢᠮᠠᠭᠲᠠ ᠪᠠᠲᠤ ᠴᠡᠭᠡᠵᠢᠯᠡᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠ᠂ ᠳᠥᠷᠪᠡ᠂ ᠲᠠᠪᠤ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠣᠯᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠣᠨᠤᠯᠵᠢᠬᠤᠨ ᠰᠢᠨ᠎ᠡ ᠦᠵᠡᠯ | ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠭᠦᠨᠵᠡᠭᠡᠶ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠬᠤ ᠪᠠ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠦ᠂ ︽ᠴᠡᠩᠬᠡᠭ ᠤᠰᠤ ᠬᠥᠬᠡᠮᠳᠦᠭ ᠠᠭᠤᠯᠠ ᠪᠣᠯ ᠠᠯᠲᠠ | ᠮᠥᠩᠭᠦᠨ ᠠᠭᠤᠯᠠ ᠮᠥᠨ︾ ᠭᠡᠬᠦ ᠬᠤᠷᠴᠠ ᠴᠢᠩᠭ᠎ᠠ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ | ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ | ᠰᠢᠨ᠎ᠡ ᠶᠢ ᠡᠭᠦᠳᠬᠦ᠂ ᠵᠣᠬᠢᠴᠠᠯᠳᠤᠭᠰᠠᠨ᠂ ᠪᠣᠬᠢᠷᠲᠤᠯ ᠦᠭᠡᠢ᠂ ᠨᠡᠬᠡᠬᠡᠯᠲᠡ ᠲᠠᠢ᠂ ᠬᠠᠮᠲᠤᠪᠡᠷ ᠬᠦᠷᠲᠡᠬᠦ | ᠬᠥᠭᠵᠢᠯᠳ᠋ᠨ ᠶᠢᠨ ᠣᠨᠣᠯᠵᠢᠬᠤᠨ ᠢ ᠶᠡᠬᠡᠪᠡᠷ ᠦᠢᠯᠡᠳᠦᠯᠭᠡᠵᠢᠭᠦᠯᠵᠦ᠂ ᠬᠥᠭᠵᠢᠯᠲᠡ᠂ ᠠᠮᠢ ᠠᠬᠤᠶ ᠪᠣᠯᠤᠨ | ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠡᠷᠡᠰ ᠰᠠᠬᠢᠵᠤ᠂ ᠥᠪᠡᠷᠲᠡᠭᠡᠨ ᠵᠠᠰᠠᠬᠤ ᠣᠷᠣᠨ ᠤ ︽ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠥᠷᠭᠡᠳᠬᠡᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠪᠣᠯᠣᠨ ︽ | ᠠᠮᠢ ᠠᠬᠤᠶ ᠶᠢᠨ ᠪᠣᠯᠪᠠᠰᠤᠨ ᠤ ᠳᠥᠷᠢᠮ ᠤᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢ ᠲᠥᠷᠭᠡᠳᠬᠡᠬᠦ ᠲᠤᠬᠠᠶ | ᠰᠠᠨᠠᠯ︾ ᠢ ᠠᠬᠢᠭᠤᠯᠤᠨ ᠨᠠᠶᠢᠳᠠᠪᠤᠷᠢᠵᠢᠭᠤᠯᠵᠦ᠂ ᠴᠢᠬᠤᠯᠠ ᠶᠡᠭᠡ ᠠᠮᠢ ᠠᠬᠤᠶ ᠶᠢ ᠬᠠᠮᠠᠭᠠᠯᠠᠬᠤ ᠪᠠ | ᠰᠠᠶᠢᠵᠢᠷᠠᠭᠤᠯᠤᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠳᠤ | ᠵᠠᠰᠠᠯᠲᠠ ᠬᠢᠬᠦ ᠪᠠᠨ ᠲᠦᠷᠭᠡᠳᠬᠡᠨ᠂ ᠠᠮᠢ ᠠᠬᠤᠶ ᠶᠢᠨ ᠪᠣᠯᠪᠠᠰᠤᠨ ᠤ ᠳᠥᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠲᠤᠷᠰᠢᠯᠲᠠ ᠶᠢᠨ ᠴᠢᠭ ᠤᠨ ᠵᠢᠱᠢᠶ᠎ᠡ ᠦᠵᠡᠭᠦᠯᠬᠦ ᠪᠠ ᠤᠬᠠᠭᠤᠯᠭ᠎ᠠ ᠬᠥᠮᠦᠵᠢᠯ ᠬᠢᠬᠦ ᠶᠢ | ᠭᠦᠨᠵᠡᠭᠡᠶ ᠥᠷᠨᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠨᠡᠩ ᠪᠠᠲᠤ ᠪᠠᠬᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ | ᠦᠵᠡᠮᠵᠢ ᠶᠢᠨ ᠣᠷᠣᠨ ᠢ ᠨᠡᠩ ᠥᠵᠡᠰᠬᠦᠯᠡᠩ ᠰᠠᠶᠢᠬᠠᠨ ᠪᠣᠯᠭᠠᠨ ᠴᠣᠭᠴᠠᠯᠠᠵᠤ᠂ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠠᠭᠠᠶ᠎ᠠ᠃ | ᠬᠥᠲᠥᠯᠥᠭᠴᠢ᠄ | ᠵᠠ᠂ ᠰᠠᠶᠢᠨ ᠪᠣᠯᠣᠯ᠎ᠠ᠂ ᠯᠢ ᠡᠷᠬᠢᠯᠡᠭᠴᠢ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠮᠠᠰᠢ | ᠲᠠᠯᠠᠷᠬᠠᠵᠤ ᠪᠠᠶᠢᠨ᠎ᠠ᠂ ᠰᠦᠯᠵᠢᠶᠡᠨ ᠠᠨᠳᠠ ᠨᠠᠷ ᠤᠨ ᠣᠷᠣᠯᠴᠠᠭᠰᠠᠨ ᠳᠤ ᠴᠤ ᠲᠠᠯᠠᠷᠬᠠᠵᠤ ᠪᠠᠶᠢᠨ᠎ᠠ᠂ ᠲᠣᠰ | ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠤᠭ᠍ᠷᠡᠮ ᠳᠤ ᠪᠠᠶᠠᠷᠲᠠᠶ | ᠵᠣᠯᠭᠠᠶ᠎ᠠ᠃ |