| — ᠰᠢᠶᠠᠨ ᠤ ᠤᠷᠤᠨ ᠲᠤᠳᠤᠷᠠᠬᠢ ᠬᠤᠲᠠ ᠬᠦᠳᠡᠭᠡ ᠶᠢᠨ ᠠᠯᠪᠠᠨ ᠵᠢᠷᠤᠮ ᠤᠨ | ᠰᠤᠷᠭᠠᠨ ᠬᠦᠮᠦᠵᠢᠯ ᠤᠨ ᠨᠢᠭᠡ ᠴᠤᠭᠴᠠᠵᠢᠬᠰᠠᠨ ᠦᠭᠡᠷᠡᠴᠢᠯᠡᠯᠲᠡ ᠬᠦᠭᠵᠢᠯᠲᠡ ᠶᠢ | ᠨᠢᠭᠡᠲᠦᠯᠲᠠᠢ ᠲᠦᠯᠦᠪᠯᠡᠨ ᠠᠬᠢᠭᠤᠯᠤᠭᠰᠠᠨ ᠦᠷ᠎ᠡ ᠪᠦᠲᠦᠮᠵᠢ ᠬᠢᠭᠡᠳ ᠰᠠᠩᠬᠡᠷᠡᠬᠦᠯᠦᠯ | | ᠬᠤᠲᠠ ᠬᠦᠳᠡᠭᠡ ᠳᠤ ᠨᠢᠭᠡᠳᠦᠯᠲᠠᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠲᠤᠭᠲᠠᠭᠠᠬᠤ᠂ ᠬᠤᠲᠠ ᠬᠦᠳᠡᠭᠡ ᠳᠤ ᠨᠢᠭᠡᠳᠦᠯᠲᠠᠢ ᠪᠠᠭᠰᠢ ᠶᠢᠨ ᠤᠷᠤᠨ ᠲᠤᠭ᠎ᠠ ᠶᠢᠨ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ | ᠂ ᠬᠤᠲᠠ ᠬᠦᠳᠡᠭᠡ ᠳᠤ ᠨᠢᠭᠡᠳᠦᠯᠲᠠᠢ ᠰᠤᠷᠤᠭᠴᠢ ᠨᠢᠭᠡᠪᠤᠷᠢ ᠳᠤ ᠲᠡᠭᠰᠢᠳᠭᠡᠭᠰᠡᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ | ᠰᠠᠭᠤᠷᠢ ᠲᠤᠭᠠᠨ ᠤ ᠪᠠᠷᠢᠮᠵᠢᠶ᠎ᠠ ᠶᠢ ᠪᠡᠶᠡᠯᠡᠬᠦᠯᠬᠦ᠂ ᠬᠤᠲᠠ ᠬᠦᠳᠡᠭᠡ ᠳᠤ ᠨᠢᠭᠡᠳᠦᠯᠲᠠᠢ ᠰᠤᠷᠭᠠᠭᠤᠯᠢ ᠶᠢᠨ ᠦᠨᠳᠦᠰᠦᠨ | ᠲᠤᠨᠤᠭᠯᠠᠯ ᠲᠤᠬᠢᠷᠠᠭᠤᠯᠬᠤ ᠪᠠᠷᠢᠮᠵᠢᠶ᠎ᠠ ᠶᠢ ᠲᠡᠬᠦᠯᠳᠡᠷᠵᠢᠬᠦᠯᠬᠦ᠂ ︽ᠬᠤᠶᠠᠷ ᠬᠡᠯᠳᠦᠷᠢᠬᠦᠯᠬᠦ ᠨᠢᠭᠡ ᠨᠦᠬᠦᠪᠤᠷᠢᠯᠡᠬᠦ︾ ᠲᠦᠷᠦ | ᠶᠢᠨ ᠪᠤᠳᠤᠯᠭ᠎ᠠ ᠶᠢ ᠨᠡᠶᠢᠳᠡᠮ ᠬᠡᠷᠡᠭᠵᠢᠬᠦᠯᠬᠦ ᠁ ᠁ ᠭᠡᠬᠦ ᠮᠡᠳᠦᠴᠢᠯᠡᠨ ᠮᠠᠨ ᠤ ᠤᠯᠤᠰ ᠤᠨ ᠦᠷᠭᠡᠨ ᠠᠭᠤᠲᠠᠮ | ᠬᠦᠳᠡᠭᠡ ᠲᠤᠰᠬᠤᠨ ᠤ ᠬᠡᠦᠭᠡᠳ ᠤᠳ᠂ ᠤᠨᠴᠠᠭᠠᠢᠢᠯᠠᠨ ᠪᠦᠬᠦ ᠤᠯᠤᠰ ᠤᠨ 1604 ᠲᠦᠮᠡᠨ ᠬᠤᠲᠠ ᠬᠦᠳᠡᠭᠡ ᠶᠢᠨ | ᠠᠮᠢᠳᠤᠷᠠᠯ ᠬᠦᠴᠢᠷᠲᠡᠢ ᠪᠠᠶᠢᠷᠢ ᠶᠢᠨ ᠰᠤᠷᠤᠭᠴᠢ ᠴᠦᠮ ︽ᠬᠤᠲᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠨᠢᠭᠡ ᠴᠤᠭᠴᠠᠵᠢᠭᠰᠠᠨ ᠬᠦᠭᠵᠢᠯᠲᠡ︾ ᠶᠢᠨ ᠰᠠᠶᠢᠨ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ | ᠬᠦᠷᠲᠡᠵᠤ ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠰᠢᠶᠠᠨ ᠤ ᠤᠷᠤᠨ ᠲᠤᠳᠤᠷᠠᠬᠢ | ᠬᠤᠲᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠨᠢᠭᠡ ᠴᠤᠭᠴᠠᠵᠢᠭᠰᠠᠨ ᠦᠭᠡᠷᠡᠴᠢᠯᠡᠯᠲᠡ ᠬᠦᠭᠵᠢᠯᠲᠡ | ᠶᠢ ᠨᠢᠭᠡᠲᠦᠯᠲᠠᠢ ᠲᠦᠯᠦᠪᠯᠡᠨ ᠠᠬᠢᠭᠤᠯᠵᠤ᠂ ᠰᠤᠷᠭᠠᠨ ᠬᠦᠮᠦᠵᠢᠯ ᠤᠨ ᠤᠷᠤᠭᠤᠯᠤᠯᠲᠠ ᠶᠢ ᠶᠠᠳᠠᠭᠤ ᠬᠦᠴᠢᠷᠲᠡᠢ ᠭᠠᠵᠠᠷ | ᠤᠷᠤᠨ ᠪᠠ ᠪᠠᠭᠤᠷᠠᠢ ᠭᠤᠭᠴᠤᠭ᠎ᠠ ᠲᠡᠰᠢ ᠦᠷᠬᠦᠯᠵᠢᠯᠡᠨ ᠬᠡᠯᠪᠠᠶᠢᠯᠭᠡᠵᠤ᠂ ᠬᠤᠲᠠ ᠬᠦᠳᠡᠭᠡ ᠶᠢᠨ ᠠᠯᠪᠠᠨ ᠵᠢᠷᠤᠮ ᠤᠨ | ᠰᠤᠷᠭᠠᠨ ᠬᠦᠮᠦᠵᠢᠯ ᠤᠨ ᠨᠢᠭᠡ ᠴᠤᠭᠴᠠᠵᠢᠭᠤᠯᠬᠤ ᠦᠭᠡᠷᠡᠴᠢᠯᠡᠯᠲᠡ ᠰᠢᠨ᠎ᠡ ᠠᠬᠢᠯᠲᠠ ᠲᠠᠢ ᠪᠤᠯᠪᠠ᠃ 8 ᠰᠠᠷ᠎ᠠ ᠶᠢᠨ | 28 ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠠᠪᠤᠳᠤᠭᠠᠷ ᠬᠤᠷᠠᠯᠳᠤᠭᠠᠨ ᠲᠡᠭᠡᠷ᠎ᠡ ᠰᠤᠷᠭᠠᠨ ᠬᠦᠮᠦᠵᠢᠯ ᠤᠨ ᠶᠠᠮᠤᠨ ᠤ ᠰᠠᠶᠢᠳ | ᠴᠧᠨ ᠪᠤᠤ ᠱᠧᠩ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠨᠠᠶᠢᠳᠠᠯᠭ᠎ᠠ ᠪᠠᠷ ᠬᠢᠭᠰᠡᠨ ︽ᠬᠤᠲᠠ ᠬᠦᠳᠡᠭᠡ ᠶᠢᠨ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠨᠢᠭᠡ ᠴᠤᠭᠴᠠᠵᠢᠭᠰᠠᠨ ᠬᠦᠭᠵᠢᠯᠲᠡ ᠶᠢ ᠠᠬᠢᠭᠤᠯᠵᠤ ᠬᠦᠳᠡᠭᠡ ᠲᠤᠰᠬᠤᠨ ᠤ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠢᠷᠢ ᠲᠦᠪᠰᠢᠨ ᠢ ᠲᠡᠭᠡᠭᠰᠢᠯᠡᠬᠦᠯᠦᠭᠰᠡᠨ ᠠᠵᠢᠯ ᠤᠨ ᠪᠠᠶᠢᠳᠠᠯ ᠤᠨ ᠲᠤᠬᠠᠢ | ᠲᠦᠷᠦ ᠶᠢᠨ ᠶᠠᠪᠤᠳᠠᠯ ᠤᠨ ᠬᠤᠷᠢᠶᠠᠨ ᠤ ᠮᠡᠳᠡᠬᠦᠯᠦᠯᠲᠡ︾ ᠶᠢ ᠰᠤᠨᠤᠰᠪᠠ᠃ | ᠬᠤᠲᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠨᠢᠭᠡ ᠴᠤᠭᠴᠠᠵᠢᠭᠰᠠᠨ ᠬᠦᠭᠵᠢᠯᠲᠡ ᠶᠢ | ᠠᠬᠢᠭᠤᠯᠵᠤ᠂ ᠬᠦᠳᠡᠭᠡ ᠲᠤᠰᠬᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠢᠷᠢ ᠲᠦᠪᠰᠢᠨ ᠢ ᠲᠡᠭᠡᠭᠰᠢᠯᠡᠬᠦᠯᠬᠦ | ᠪᠤᠯ ᠰᠢ ᠶᠢᠨ ᠫᠢᠩ ᠨᠦᠬᠦᠷ ᠢᠶᠠᠷ ᠭᠤᠤᠯᠯᠠᠭᠤᠯᠤᠭᠰᠠᠨ ᠨᠠᠮ ᠤᠨ ᠲᠦᠪ ᠬᠤᠷᠢᠶᠠᠨ ᠤ ᠰᠢᠨ᠎ᠡ ᠴᠠᠭ ᠦᠶ᠎ᠡ ᠶᠢᠨ ᠮᠠᠨ ᠤ | ᠤᠯᠤᠰ ᠤᠨ ᠨᠡᠶᠢᠭᠡᠮ ᠵᠢᠷᠤᠮ ᠤᠨ ᠭᠤᠤᠯ ᠵᠦᠷᠢᠴᠡᠯ ᠤᠨ ᠬᠤᠪᠢᠷᠠᠯᠲᠠ ᠶᠢ ᠦᠨᠳᠦᠰᠦᠯᠡᠵᠤ ᠪᠠᠶᠢᠭᠠᠳ ᠭᠠᠷᠭᠠᠭᠰᠠᠨ ᠨᠢᠭᠡᠨ | ᠴᠢᠬᠤᠯᠠ ᠶᠡᠭᠡ ᠪᠠᠶᠢᠯᠳᠤᠬᠤ ᠪᠤᠳᠤᠯᠭ᠎ᠠ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠮᠦᠨ᠃ | ᠴᠧᠨ ᠪᠤᠤ ᠱᠧᠩ ᠤᠨ ᠲᠠᠨᠢᠯᠴᠠᠭᠤᠯᠤᠭᠰᠠᠨ ᠢᠶᠠᠷ᠂ 2017 ᠤᠨ ᠳᠤ᠂ ᠤᠯᠤᠰ ᠤᠨ ᠡᠳ᠋ ᠤᠨ ᠵᠠᠰᠠᠭ ᠤᠨ | ᠴᠢᠨᠠᠷᠲᠠᠢ ᠰᠤᠷᠭᠠᠨ ᠬᠦᠮᠦᠵᠢᠯ ᠤᠨ ᠵᠠᠷᠤᠳᠠᠯ ᠤᠨ ᠤᠷᠤᠭᠤᠯᠤᠯᠲᠠ 3.42 ᠲᠦᠮᠡᠨ ᠳ᠋ᠦᠡᠭᠰᠢᠭᠤᠷ ᠲᠦᠬᠦᠷᠢᠭ ᠬᠦᠷᠴᠦ᠂ | 53% ᠶᠢ ᠨᠢ ᠠᠯᠪᠠᠨ ᠵᠢᠷᠤᠮ ᠤᠨ ᠰᠤᠷᠭᠠᠨ ᠬᠦᠮᠦᠵᠢᠯ ᠳᠤ ᠬᠡᠷᠡᠭᠯᠠᠵᠠᠢ᠃ ᠲᠦᠪ ᠤᠨ ᠡᠳ᠋ ᠤᠨ ᠵᠠᠰᠠᠭ ᠤᠨ ᠰᠤᠷᠭᠠᠨ | ᠬᠦᠮᠦᠵᠢᠯ ᠤᠨ ᠰᠢᠯᠵᠢᠬᠦᠯᠦᠨ ᠦᠭᠬᠦᠯᠲᠡ 2016 ᠤᠨ ᠳᠤ 2817 ᠳ᠋ᠦᠡᠭᠰᠢᠭᠤᠷ ᠲᠦᠬᠦᠷᠢᠭ ᠪᠠᠶᠢᠭᠰᠠᠨ ᠠᠴᠠ ᠪᠠᠨ | ᠲᠡᠭᠡᠭᠰᠢᠯᠡᠭᠡᠳ 2018 ᠤᠨ ᠳᠤ 3067 ᠳ᠋ᠦᠡᠭᠰᠢᠭᠤᠷ ᠲᠦᠬᠦᠷᠢᠭ ᠪᠤᠯᠵᠤ᠂ 80% ᠶᠢ ᠨᠢ ᠲᠤᠮᠳᠠ ᠪᠠᠷᠠᠭᠤᠨ | ᠬᠡᠰᠡᠭ ᠤᠨ ᠬᠦᠳᠡᠭᠡ ᠲᠤᠰᠬᠤᠨ ᠪᠠ ᠶᠠᠳᠠᠭᠤ ᠬᠦᠴᠢᠷᠲᠡᠢ ᠭᠠᠵᠠᠷ ᠤᠷᠤᠨ ᠳᠤ ᠬᠡᠷᠡᠭᠯᠡᠨ᠂ 1/4 ᠤᠷᠴᠢᠮ ᠢ ᠨᠢ | ᠲᠦᠪᠯᠡᠷᠡᠨ ᠵᠠᠯᠭᠠᠯᠳᠤᠭᠰᠠᠨ ᠤᠨᠴᠠ ᠬᠦᠴᠢᠷᠲᠡᠢ ᠭᠠᠵᠠᠷ ᠤᠷᠤᠨ᠂ ᠦᠨᠳᠦᠰᠦᠲᠡᠨ ᠤ ᠭᠠᠵᠠᠷ ᠤᠷᠤᠨ ᠳᠤ ᠬᠡᠷᠡᠭᠯᠡᠵᠠᠢ᠃ | ᠬᠦᠳᠡᠭᠡ ᠲᠤᠰᠬᠤᠨ ᠤ ᠡᠩ ᠤᠨ ᠪᠠᠭ᠎ᠠ ᠰᠤᠷᠭᠠᠭᠤᠯᠢ᠂ ᠠᠩᠬ᠎ᠠ ᠲᠤᠮᠳᠠᠳᠤ ᠶᠢᠨ ᠰᠤᠷᠤᠭᠴᠢ ᠶᠢᠨ ᠰᠤᠷᠭᠠᠨ ᠬᠦᠮᠦᠵᠢᠯ ᠤᠨ | ᠵᠠᠷᠤᠳᠠᠯ ᠤᠨ ᠲᠤᠮᠳᠠᠴᠢ ᠵᠠᠷᠤᠯᠭ᠎ᠠ ᠦᠷᠬᠦᠯᠵᠢᠯᠡᠨ ᠨᠡᠯᠢᠶᠡᠳ ᠲᠦᠷᠭᠡᠨ ᠨᠡᠮᠡᠭᠳᠡᠵᠤ᠂ 2017 ᠤᠨ ᠳᠤ 2012 ᠤᠨ ᠤ | ᠬᠢ ᠠᠴᠠ ᠪᠠᠷᠤᠭ 60% ᠪᠠᠷ ᠨᠡᠮᠡᠭᠳᠡᠵᠠᠢ᠃ | 2017 ᠤᠨ ᠤ ᠬᠠᠪᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠦᠬᠦ ᠤᠯᠤᠰ ᠤᠨ 1.4 | ᠳ᠋ᠦᠡᠭᠰᠢᠭᠤᠷ ᠬᠤᠲᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠤᠭᠴᠢ ᠶᠢᠨ ᠰᠤᠷᠤᠯᠭ᠎ᠠ ᠶᠢᠨ | ᠰᠦᠢᠳᠭᠡᠯ ᠪᠤᠯᠤᠨ ᠠᠷᠰᠠᠷ ᠰᠦᠢᠳᠭᠡᠯ ᠢ ᠬᠡᠯᠳᠦᠷᠢᠬᠦᠯᠵᠤ᠂ ᠰᠦᠢᠳᠭᠡᠯ ᠠᠪᠬᠤ ᠦᠭᠡᠢ ᠪᠠᠷ ᠬᠢᠴᠢᠶᠡᠯ ᠤᠨ ᠪᠢᠴᠢᠭ | ᠦᠭᠴᠦ᠂ 1604 ᠲᠦᠮᠡᠨ ᠬᠤᠲᠠ ᠬᠦᠳᠡᠭᠡ ᠶᠢᠨ ᠠᠮᠢᠳᠤᠷᠠᠯ ᠬᠦᠴᠢᠷᠲᠡᠢ ᠪᠠᠶᠢᠷᠢ ᠶᠢᠨ ᠰᠤᠷᠤᠭᠴᠢ ᠳᠤ ᠠᠮᠢᠳᠤᠷᠠᠯ ᠤᠨ | ᠨᠦᠬᠦᠪᠤᠷᠢ ᠦᠭᠴᠦ᠂ ᠨᠦᠬᠦᠪᠤᠷᠢ ᠶᠢᠨ ᠮᠦᠡᠭᠬᠦ ᠨᠢ 179.1 ᠳ᠋ᠦᠡᠭᠰᠢᠭᠤᠷ ᠲᠦᠬᠦᠷᠢᠭ ᠬᠦᠷᠴᠦ᠂ 90% ᠶᠢ ᠨᠢ | ᠲᠤᠮᠳᠠ ᠪᠠᠷᠠᠭᠤᠨ ᠬᠡᠰᠡᠭ ᠤᠨ ᠭᠠᠵᠠᠷ ᠤᠷᠤᠨ ᠳᠤ ᠬᠡᠷᠡᠭᠯᠡᠵᠠᠢ᠃ ᠪᠠᠶᠠᠷᠯᠠᠭᠤᠰᠢᠲᠠᠢ ᠨᠢ ᠭᠡᠪᠡᠯ᠂ ︽ᠬᠦᠳᠡᠭᠡ ᠲᠤᠰᠬᠤᠨ ᠤ | ᠰᠤᠷᠤᠭᠴᠢ ᠶᠢᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠦᠯᠦᠪᠯᠡᠭᠡ︾ ᠨᠢ ᠪᠦᠬᠦ ᠤᠯᠤᠰ ᠤᠨ 29 ᠮᠤᠵᠢ ᠶᠢᠨ 1631 | ᠰᠢᠶᠠᠨ ᠤ 3700 ᠢᠯᠡᠬᠦᠦ ᠲᠦᠮᠡᠨ ᠬᠡᠦᠭᠡᠳ ᠲᠤ ᠠᠰᠢᠭ ᠬᠦᠷᠲᠡᠭᠡᠵᠤ᠂ ᠰᠤᠷᠤᠭᠴᠢᠳ ᠤᠨ ᠪᠡᠶ᠎ᠡ ᠮᠠᠬᠠᠪᠤᠳ | ᠴᠢᠬᠢᠷᠠᠭᠵᠢᠨ᠂ ᠡᠷᠡᠭᠲᠠᠢ ᠡᠮᠡᠭᠲᠠᠢ ᠰᠤᠷᠤᠭᠴᠢ ᠶᠢᠨ ᠪᠡᠶ᠎ᠡ ᠶᠢᠨ ᠦᠨᠳᠤᠷ 5 ᠵᠢᠯ ᠤᠨ ᠡᠮᠦᠨᠡᠬᠢ ᠲᠠᠢ ᠬᠠᠷᠢᠴᠠᠭᠤᠯᠪᠠᠯ | ᠲᠤᠮᠳᠠᠴᠢ ᠪᠠᠷ ᠲᠤᠰ ᠲᠤᠰ 1.9 ᠰᠠᠨᠲ᠋ᠢᠮᠧᠲᠷ ᠪᠠ 2 ᠰᠠᠨᠲ᠋ᠢᠮᠧᠲᠷ ᠦᠰᠴᠠᠢ᠃ | ᠰᠤᠷᠤᠯᠭ᠎ᠠ ᠪᠠᠨ ᠳᠤᠷᠭᠤᠨ ᠵᠤᠭᠰᠤᠬᠤ ᠶᠢ ᠬᠢᠵᠠᠭᠠᠷᠯᠠᠵᠤ ᠰᠤᠷᠤᠯᠭ᠎ᠠ ᠲᠡᠬᠦᠰᠬᠦ ᠶᠢ ᠪᠠᠲᠤᠯᠠᠬᠤ ᠲᠠᠯ᠎ᠠ ᠪᠠᠷ᠂ | 2017 ᠤᠨ ᠤ ᠪᠠᠭ᠎ᠠ ᠰᠤᠷᠭᠠᠭᠤᠯᠢ ᠶᠢᠨ ᠰᠤᠷᠬᠤ ᠨᠠᠰᠤᠨ ᠤ ᠬᠡᠦᠭᠡᠳ ᠤᠨ ᠰᠤᠷᠭᠠᠭᠤᠯᠢ ᠳᠤ ᠤᠷᠤᠭᠰᠠᠨ ᠴᠡᠪᠡᠷ ᠨᠤᠷᠮ᠎ᠠ | 99.91% ᠬᠦᠷᠴᠦ᠂ ᠠᠩᠬ᠎ᠠ ᠲᠤᠮᠳᠠᠳᠤ ᠶᠢᠨ ᠰᠤᠷᠤᠭᠴᠢ ᠶᠢᠨ ᠰᠤᠷᠭᠠᠭᠤᠯᠢ ᠳᠤ ᠤᠷᠤᠭᠰᠠᠨ ᠪᠦᠬᠦ ᠨᠤᠷᠮ᠎ᠠ 103. | 5% ᠬᠦᠷᠴᠦ᠂ ᠴᠦᠮ ᠲᠡᠯᠡᠭᠡᠢ ᠶᠢᠨ ᠦᠨᠳᠤᠷ ᠤᠷᠤᠯᠭᠠᠳᠤ ᠤᠯᠤᠰ ᠤᠨ ᠲᠤᠮᠳᠠᠴᠢ ᠬᠢᠷᠢ ᠲᠦᠪᠰᠢᠨ ᠠᠴᠠ ᠦᠨᠳᠤᠷ | ᠪᠤᠯᠵᠠᠢ᠃ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠪᠠᠬᠢᠵᠢᠬᠦᠯᠦᠭᠰᠡᠨ ᠨᠤᠷᠮ᠎ᠠ 93.8% ᠬᠦᠷᠴᠦ᠂ | 2015 ᠤᠨ ᠤ ᠬᠢ ᠠᠴᠠ 0.8 ᠵᠠᠭᠤᠨ ᠤ ᠨᠢᠭᠡᠴᠢ ᠲᠡᠭᠡᠭᠰᠢᠯᠡᠪᠡ᠃ ᠬᠠᠷᠠᠭ᠎ᠠ ᠵᠡᠮᠳᠡᠭ᠂ ᠰᠤᠨᠤᠷ ᠵᠡᠮᠳᠡᠭ᠂ ᠤᠶᠤᠨ | ᠵᠡᠮᠳᠡᠭ ᠬᠡᠦᠭᠡᠳ ᠪᠠᠭᠠᠴᠤᠤᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠳᠤ ᠤᠷᠤᠬᠤ ᠨᠤᠷᠮ᠎ᠠ | 90% ᠶᠢ ᠲᠠᠪᠠᠵᠠᠢ᠃ | ᠬᠤᠲᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠨᠢᠭᠡ ᠴᠤᠭᠴᠠᠵᠢᠭᠰᠠᠨ ᠬᠦᠭᠵᠢᠯᠲᠡ ᠶᠢ | ᠠᠬᠢᠭᠤᠯᠬᠤ ᠶᠢᠨ ᠬᠦᠴᠢᠷᠲᠡᠯ ᠨᠢ ᠬᠤᠲᠠ ᠬᠦᠳᠡᠭᠡ ᠶᠢᠨ ᠬᠤᠶᠠᠷ ᠡᠰᠢᠳᠤ ᠪᠦᠲᠦᠴᠡ ᠶᠢᠨ ᠬᠠᠷᠰᠢ ᠰᠠᠭᠠᠳ ᠢ ᠲᠠᠪᠠᠵᠤ᠂ | ᠬᠦᠳᠡᠭᠡ ᠶᠢᠨ ᠰᠤᠷᠭᠠᠨ ᠬᠦᠮᠦᠵᠢᠯ ᠤᠨ ᠬᠦᠭᠵᠢᠯᠲᠡ ᠶᠢᠨ ᠬᠢᠷᠢ ᠲᠦᠪᠰᠢᠨ ᠢ ᠦᠨᠡᠨ ᠬᠦ ᠲᠡᠭᠡᠭᠰᠢᠯᠡᠬᠦᠯᠬᠦ ᠳᠤ ᠪᠠᠶᠢᠨ᠎ᠠ᠃ | ᠤᠢᠢᠷ᠎ᠠ ᠶᠢᠨ ᠵᠢᠯ ᠳᠤ᠂ ᠤᠯᠤᠰ ᠠᠴᠠ ᠶᠠᠳᠠᠭᠤ ᠬᠦᠴᠢᠷᠲᠡᠢ ᠭᠠᠵᠠᠷ ᠤᠷᠤᠨ ᠤ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠨᠦᠬᠦᠴᠡᠯ ᠪᠠᠷᠤᠭᠲᠠᠢ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠨᠳᠦᠰᠦᠨ ᠨᠦᠬᠦᠴᠡᠯ ᠢ ᠪᠦᠬᠦ ᠲᠠᠯ᠎ᠠ ᠪᠠᠷ | ᠰᠠᠶᠢᠵᠢᠷᠠᠭᠤᠯᠬᠤ ᠵᠡᠷᠭᠡ ᠠᠯᠢ ᠤᠯᠠᠨ ᠴᠢᠬᠤᠯᠠ ᠶᠡᠭᠡ ᠢᠨᠵᠧᠨᠧᠷᠢᠩ ᠤᠨ ᠵᠦᠢᠯᠡᠰ ᠢ ᠬᠡᠷᠡᠭᠵᠢᠬᠦᠯᠵᠤ᠂ ᠬᠦᠳᠡᠭᠡ | ᠲᠤᠰᠬᠤᠨ ᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠠᠯᠢ ᠤᠯᠠᠨ ᠴᠢᠬᠤᠯᠠ | ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠤ᠂ ᠰᠢᠶᠠᠨ ᠤ ᠤᠷᠤᠨ ᠲᠤᠳᠤᠷᠠᠬᠢ ᠠᠯᠪᠠᠨ ᠵᠢᠷᠤᠮ ᠤᠨ | ᠰᠤᠷᠭᠠᠨ ᠬᠦᠮᠦᠵᠢᠯ ᠤᠨ ᠲᠡᠩᠴᠡᠬᠦᠷᠢᠲᠠᠢ ᠬᠦᠭᠵᠢᠯᠲᠡ ᠶᠢ ᠬᠦᠨᠵᠡᠭᠡᠢ ᠠᠬᠢᠭᠤᠯᠵᠤ᠂ ᠰᠤᠷᠭᠠᠨ ᠬᠦᠮᠦᠵᠢᠯ ᠤᠨ ᠡᠷᠭᠡ ᠲᠡᠭᠰᠢ | ᠪᠠᠶᠢᠬᠤ ᠶᠢ ᠪᠦᠲᠦᠮᠵᠢᠲᠠᠢ ᠠᠬᠢᠭᠤᠯᠪᠠ᠃ | ︽ᠬᠤᠲᠠ ᠳᠤ ᠴᠢᠬᠢᠯᠴᠡᠬᠦ︾ ᠠᠠᠰᠭᠤᠳᠠᠯ ᠢ ᠴᠦ ᠪᠦᠲᠦᠮᠵᠢᠲᠠᠢ ᠬᠢᠵᠠᠭᠠᠷᠯᠠᠪᠠ᠃ ᠮᠡᠳᠡᠬᠦᠯᠦᠯᠲᠡ ᠠᠴᠠ | ᠦᠵᠡᠪᠡᠯ᠂ 2017 ᠤᠨ ᠳᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠤᠭᠴᠢ ᠤᠯᠠᠨᠲᠠᠢ ᠲᠤᠮᠤ ᠠᠩᠬᠢ ᠶᠢᠨ | ᠬᠠᠷᠢᠴᠠᠯ 10.1% ᠪᠤᠯᠤᠨ ᠪᠠᠭᠤᠷᠠᠵᠤ᠂ ᠰᠤᠷᠤᠭᠴᠢ ᠤᠯᠠᠨᠲᠠᠢ ᠬᠡᠳᠤ ᠲᠤᠮᠤ ᠠᠩᠬᠢ ᠶᠢᠨ ᠬᠠᠷᠢᠴᠠᠯ 2.4% ᠪᠤᠯᠤᠨ | ᠪᠠᠭᠤᠷᠠᠵᠤ᠂ 2015 ᠤᠨ ᠤ ᠬᠢ ᠲᠠᠢ ᠬᠠᠷᠢᠴᠠᠭᠤᠯᠪᠠᠯ᠂ ᠪᠦᠬᠦ ᠤᠯᠤᠰ ᠤᠨ ᠰᠤᠷᠤᠭᠴᠢ ᠤᠯᠠᠨᠲᠠᠢ ᠲᠤᠮᠤ ᠠᠩᠬᠢ ᠶᠢᠨ | ᠲᠤᠭ᠎ᠠ 25% ᠪᠠᠷ ᠪᠠᠭᠠᠰᠴᠦ᠂ ᠰᠤᠷᠤᠭᠴᠢ ᠤᠯᠠᠨᠲᠠᠢ ᠬᠡᠳᠤ ᠲᠤᠮᠤ ᠠᠩᠬᠢ ᠶᠢᠨ ᠲᠤᠭ᠎ᠠ 50% ᠪᠠᠷ ᠪᠠᠭᠠᠰᠤᠨ᠂ | ᠤᠷᠴᠢᠮ ᠤᠨ 10 ᠵᠢᠯ ᠳᠠᠬᠢ ᠪᠠᠭᠤᠷᠠᠯᠲᠠ ᠶᠢᠨ ᠬᠡᠮᠵᠢᠶ᠎ᠡ ᠪᠠᠷ ᠬᠠᠮᠤᠭ ᠤᠨ ᠶᠡᠭᠡ ᠨᠢᠭᠡ ᠵᠢᠯ ᠪᠤᠯᠵᠠᠢ᠃ | ᠴᠧᠨ ᠪᠤᠤ ᠱᠧᠩ ᠤᠨ ᠲᠠᠨᠢᠯᠴᠠᠭᠤᠯᠤᠭᠰᠠᠨ ᠢᠶᠠᠷ᠂ 2017 ᠤᠨ ᠳᠤ ᠪᠦᠬᠦ ᠤᠯᠤᠰ ᠤᠨ ᠠᠯᠪᠠᠨ ᠵᠢᠷᠤᠮ ᠤᠨ | ᠰᠤᠷᠭᠠᠨ ᠬᠦᠮᠦᠵᠢᠯ ᠤᠨ ᠱᠠᠳᠤᠨ ᠤ ᠲᠠᠭᠠᠵᠤ ᠨᠡᠬᠦᠭᠰᠡᠨ ᠦᠷ᠎ᠡ ᠬᠡᠦᠭᠡᠳ ᠨᠡᠶᠢᠲᠡ 1406.6 ᠲᠦᠮᠡ ᠪᠠᠶᠢᠵᠤ᠂ 80% | ᠨᠢ ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠪᠢᠴᠢᠭ ᠦᠵᠡᠨ᠂ 7.5% ᠨᠢ ᠵᠠᠰᠠᠭ ᠤᠨ ᠤᠷᠳᠤᠨ ᠠᠴᠠ ᠬᠤᠳᠠᠯᠳᠤᠨ | ᠠᠪᠤᠭᠰᠠᠨ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠡᠷᠳᠡᠮ ᠤᠨ ᠴᠤᠯᠠ ᠶᠢᠨ ᠦᠢᠯᠡᠴᠢᠯᠡᠭᠡ ᠬᠦᠷᠲᠡᠭᠰᠡᠨ ᠪᠦᠭᠡᠳ | ᠪᠦᠬᠦᠨ ᠢ ᠰᠤᠷᠤᠭᠴᠢ ᠨᠢᠭᠡᠪᠤᠷᠢ ᠳᠤ ᠲᠡᠭᠰᠢᠳᠭᠡᠭᠰᠡᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠪᠠ ︽ᠬᠤᠶᠠᠷ ᠬᠡᠯᠳᠦᠷᠢᠬᠦᠯᠬᠦ | ᠨᠢᠭᠡ ᠨᠦᠬᠦᠪᠤᠷᠢᠯᠡᠬᠦ︾ ᠨᠦᠬᠦᠪᠤᠷᠢ ᠶᠢᠨ ᠬᠡᠪᠴᠢᠶ᠎ᠡ ᠳᠤ ᠤᠷᠤᠭᠤᠯᠵᠠᠢ᠃ | |