| | — — 2018 ᠤᠨ ᠤ 1 ᠰᠠᠷ᠎ᠠ ᠶᠢᠨ 17 ᠤ ᠡᠳᠦᠷ | ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ | ᠶᠢᠰᠦᠳᠦᠭᠡᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯᠳᠤᠭᠠᠨ ᠳᠡᠭᠡᠷ᠎ᠡ | ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ | ᠠᠷᠠᠳ ᠤᠨ ᠵᠠᠰᠠᠭ ᠤᠨ ᠤᠷᠳᠤᠨ ᠤ ᠳᠠᠷᠤᠭ᠎ᠠ | ᠯᠢᠨ ᠵᠢᠩ ᠬᠤᠸᠠ | ᠲᠦᠯᠦᠭᠡᠯᠡᠭᠴᠢᠳ ᠡ᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠶᠡᠭᠡ ᠬᠤᠷᠠᠯ ᠳᠤ | ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠤᠯᠪᠠᠤ᠂ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ | ᠭᠡᠰᠢᠭᠦᠳ ᠪᠤᠯᠤᠨ ᠬᠤᠷᠠᠯ ᠳᠤ ᠰᠤᠯᠠ ᠤᠷᠤᠯᠴᠠᠭᠰᠡᠳ ᠰᠠᠨᠠᠯ ᠢᠶᠠᠨ ᠳᠤᠷᠠᠳᠬᠤ ᠪᠤᠯᠪᠠᠤ᠃ | ᠨᠢᠭᠡ᠂ 2017 ᠤᠨ ᠤ ᠠᠵᠢᠯ ᠤᠨ ᠡᠷᠭᠢᠴᠡᠭᠦᠯᠦᠯ | 2017 ᠤᠨ ᠳᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠲᠤᠭᠤᠷᠢᠭ ᠤᠨ | ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ ᠲᠤᠭᠤᠷᠢᠭ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠳᠤᠤᠷ᠎ᠠ᠂ | ᠪᠢᠳᠡ ᠤᠬᠠᠮᠰᠠᠷ ᠠᠴᠠ ᠪᠠᠨ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠲᠤᠭᠲᠠᠭᠤᠨ ᠤ | ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠦᠨᠳᠦᠰᠦᠨ ᠰᠡᠳᠬᠢᠮᠵᠢ ᠶᠢ ᠪᠠᠷᠢᠮᠲᠠᠯᠠᠨ᠂ ᠲᠤᠭᠲᠠᠭᠤᠨ | ᠨᠡᠮᠡᠭᠳᠡᠭᠦᠯᠬᠦ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ | ᠂ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠲᠦᠷᠦᠯ ᠤᠨ ᠠᠵᠢᠯ ᠢ ᠨᠢᠭᠡᠲᠦᠯᠲᠡᠢ ᠲᠦᠯᠦᠪᠵᠢᠭᠦᠯᠵᠦ ᠨᠡᠶᠢᠳᠡᠮ ᠳᠤᠨᠢ | ᠠᠬᠢᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠰᠢᠨ᠎ᠡ ᠳᠠᠪᠰᠢᠯᠲᠠ ᠰᠢᠨ᠎ᠡ ᠪᠦᠲᠦᠮᠵᠢ ᠤᠯᠪᠠ᠃ | ᠤᠷᠢᠳᠴᠢᠯᠠᠨ ᠵᠢᠱᠢᠯᠲᠡ ᠪᠠᠷ ᠪᠦᠬᠦ ᠲᠤᠭᠤᠷᠢᠭ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ | 350 ᠳ᠋ᠦᠩᠰᠢᠭᠤᠷ ᠲᠦᠭᠦᠷᠢᠭ ᠬᠦᠷᠴᠦ᠂ 8% ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠲᠤᠭᠲᠠᠮᠠᠯ | ᠬᠦᠷᠦᠩᠭᠡ ᠶᠢᠨ ᠪᠡᠯᠡ ᠤᠷᠤᠭᠤᠯᠤᠯᠲᠠ 202 ᠳ᠋ᠦᠩᠰᠢᠭᠤᠷ ᠲᠦᠭᠦᠷᠢᠭ᠂ 15% ᠨᠡᠮᠡᠭᠳᠡᠪᠡ︔ ᠨᠡᠶᠢᠭᠡᠮ ᠤᠨ | ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 155 ᠳ᠋ᠦᠩᠰᠢᠭᠤᠷ ᠲᠦᠭᠦᠷᠢᠭ᠂ 11% | ᠨᠡᠮᠡᠭᠳᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠤᠷᠤᠯᠭ᠎ᠠ ᠲᠤᠰᠪᠤᠷᠢ 33500 ᠲᠦᠭᠦᠷᠢᠭ ᠪᠤᠯᠤᠨ | 17900 ᠲᠦᠭᠦᠷᠢᠭ ᠬᠦᠷᠴᠦ᠂ ᠲᠤᠰᠪᠤᠷᠢ 10% ᠪᠠ 11% ᠨᠡᠮᠡᠭᠳᠡᠪᠡ︔ ᠡᠩ ᠤᠨ ᠤᠯᠠᠨ ᠨᠡᠶᠢᠲᠡ ᠶᠢᠨ | ᠲᠦᠰᠦᠪ ᠤᠨ ᠤᠷᠤᠯᠭ᠎ᠠ 21.7 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠡᠭᠦᠨ ᠳᠤ ᠭᠠᠶᠢᠯᠢ 18.8 | ᠳ᠋ᠦᠩᠰᠢᠭᠤᠷ ᠲᠦᠭᠦᠷᠢᠭ᠂ 17.7% ᠨᠡᠮᠡᠭᠳᠡᠪᠡ︔ ᠡᠩ ᠤᠨ ᠤᠯᠠᠨ ᠨᠡᠶᠢᠲᠡ ᠶᠢᠨ ᠲᠦᠰᠦᠪ ᠤᠨ ᠵᠠᠷᠤᠯᠭ᠎ᠠ 32. | 4 ᠳ᠋ᠦᠩᠰᠢᠭᠤᠷ ᠲᠦᠭᠦᠷᠢᠭ᠂ 20.5% ᠨᠡᠮᠡᠭᠳᠡᠪᠡ᠃ ᠦᠩᠭᠡᠷᠡᠭᠰᠡᠨ ᠨᠢᠭᠡ ᠵᠢᠯ ᠳᠤ᠂ ᠪᠢᠳᠡ ᠭᠤᠤᠯᠳᠠᠭᠤ | ᠳᠤᠤᠷᠠᠬᠢ ᠬᠡᠳᠦᠨ ᠠᠵᠢᠯ ᠢ ᠬᠢᠪᠡ᠄ | ︵ᠨᠢᠭᠡ︶ ᠠᠵᠤ ᠠᠬᠤᠢ ᠶᠢᠨ ᠲᠤᠭᠲᠠᠭᠤᠨ ᠡᠷᠬᠢᠯᠲᠡ ᠶᠢ ᠪᠠᠲᠤᠯᠠᠪᠠ᠃ ᠠᠵᠤ ᠦᠢᠯᠡᠳᠪᠦᠷᠢ ᠶᠢᠨ | ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠂ ᠠᠵᠤ ᠦᠢᠯᠡᠳᠪᠦᠷᠢ ᠶᠢᠨ ᠬᠦᠭᠵᠢᠯᠲᠡ ᠶᠢᠨ ᠤᠷᠴᠢᠨ ᠲᠤᠭᠤᠷᠢᠨ ᠢ | ᠰᠢᠯᠢᠳᠡᠭᠵᠢᠭᠦᠯᠵᠦ ᠠᠵᠤ ᠦᠢᠯᠡᠳᠪᠦᠷᠢ ᠶᠢᠨ ᠲᠤᠭᠲᠠᠭᠤᠨ ᠨᠡᠮᠡᠭᠳᠡᠯ ᠢ ᠠᠬᠢᠭᠤᠯᠬᠤ ᠲᠤᠰᠬᠠᠢ ᠠᠵᠢᠯᠯᠠᠭᠠᠨ ᠢ | ᠦᠷᠨᠢᠭᠦᠯᠵᠦ᠂ ᠠᠵᠤ ᠠᠬᠤᠶᠢᠯᠠᠯ ᠳᠤ 2800 ᠲᠦᠮᠡᠨ ᠲᠦᠭᠦᠷᠢᠭ ᠤᠨ ᠳᠡᠳᠬᠦᠮᠵᠢ ᠶᠢᠨ ᠮᠦᠩᠭᠦ ᠤᠯᠭᠤᠵᠤ᠂ | 4600 ᠲᠦᠮᠡᠨ ᠲᠦᠭᠦᠷᠢᠭ ᠤᠨ ᠭᠠᠶᠢᠯᠢ ᠶᠢᠨ ᠰᠦᠢᠳᠬᠡᠯ ᠢ ᠬᠠᠰᠤᠵᠤ ᠬᠡᠯᠲᠦᠷᠢᠭᠦᠯᠵᠦ᠂ 9200 ᠲᠦᠮᠡᠨ | ᠲᠦᠭᠦᠷᠢᠭ ᠤᠨ ᠴᠠᠬᠢᠯᠭᠠᠨ ᠬᠡᠷᠡᠭᠯᠡᠬᠦ ᠦᠪᠡᠷ ᠤᠨ ᠦᠷᠲᠡᠭ ᠢ ᠪᠠᠭᠤᠷᠠᠭᠤᠯᠤᠨ᠂ 11 ᠡᠷᠦᠬᠡ ᠦᠢᠯᠡᠳᠪᠦᠷᠢᠯᠡᠯ | ᠵᠤᠭᠰᠤᠭᠰᠠᠨ ᠪᠠ ᠵᠤᠭᠰᠤᠩᠭᠤᠶᠢᠷᠠᠭᠰᠠᠨ ᠠᠵᠤ ᠠᠬᠤᠶᠢᠯᠠᠯ ᠢ ᠢᠳᠡᠪᠬᠢᠵᠢᠭᠦᠯᠦᠨ ᠪᠡᠯᠡ ᠮᠦᠩᠭᠦ ᠶᠢ ᠴᠢᠯᠦᠭᠡᠲᠡᠢ | ᠪᠤᠯᠭᠠᠵᠤ᠂ ᠶᠤᠸᠠᠨ ᠯᠢᠶᠠᠨ ᠪᠤᠯᠤᠳ ᠲᠡᠮᠦᠷ ︽ᠳᠤᠮᠳᠠᠳᠤ ᠤᠯᠤᠰ ᠤᠨ ᠠᠷᠠᠳ ᠠᠴᠠ ᠡᠷᠬᠢᠯᠡᠭᠰᠡᠨ 500 | ᠬᠦᠴᠦᠷᠬᠡᠭ︾ ᠤᠨ ᠡᠩᠨᠡᠭᠡᠨ ᠳᠤ ᠤᠷᠤᠵᠤ᠂ ᠳ᠋ᠦᠩ ᠷᠦᠩ ᠪᠦᠯᠦᠭᠯᠡᠯ ᠤᠯᠠᠨ ᠤᠯᠤᠰ ᠤᠨ ᠨᠤᠤᠰᠤᠨ ᠨᠡᠬᠡᠮᠡᠯ ᠤᠨ | ᠦᠢᠯᠡᠳᠪᠦᠷᠢᠴᠢᠨ ᠤ ᠨᠡᠶᠢᠭᠡᠮᠯᠢᠭ ᠲᠤ ᠤᠷᠤᠨ᠂ ᠠᠵᠤ ᠠᠬᠤᠶᠢᠯᠠᠯ ᠤᠨ ᠠᠰᠢᠭ ᠤᠷᠤᠯᠭ᠎ᠠ ᠶᠢᠨ ᠶᠡᠷᠦᠩᠬᠡᠢ ᠲᠤᠭ᠎ᠠ | 4.5% ᠨᠡᠮᠡᠭᠳᠡᠪᠡ᠃ ᠪᠡᠯᠡ ᠤᠷᠤᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠤᠨ᠂ 53 ᠲᠦᠷᠦᠯ | ᠵᠦᠢᠯ ᠢ ᠠᠷᠠᠯᠵᠢᠶᠠᠴᠢᠨ ᠤᠷᠢᠵᠤ ᠨᠠᠶᠢᠳᠠᠪᠤᠷᠢᠵᠢᠭᠤᠯᠵᠤ᠂ 81 ᠳ᠋ᠦᠩᠰᠢᠭᠤᠷ ᠲᠦᠭᠦᠷᠢᠭ ᠤᠨ ᠬᠦᠷᠦᠩᠭᠡ ᠶᠢ ᠲᠠᠲᠠᠨ | ᠤᠷᠤᠭᠤᠯᠵᠤ᠂ 13% ᠨᠡᠮᠡᠭᠳᠡᠪᠡ︔ ᠳᠠᠯ᠎ᠠ ᠶᠢᠰᠦᠨ 5000 ᠲᠦᠮᠡᠨ ᠲᠦᠭᠦᠷᠢᠭ ᠠᠴᠠ ᠳᠡᠭᠡᠭᠰᠢᠬᠢ | ᠭᠤᠤᠯᠳᠠᠯᠭ᠎ᠠ ᠲᠠᠢ ᠲᠦᠷᠦᠯ ᠵᠦᠢᠯ ᠢ ᠡᠬᠢᠯᠡᠨ ᠪᠠᠶᠢᠭᠤᠯᠵᠤ᠂ 152 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠪᠠ᠃ ᠮᠦᠩᠭᠦᠨ ᠭᠦᠢᠯᠭᠡᠭᠡᠨ ᠤ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠂ ᠭᠤᠤᠯᠳᠠᠯᠭ᠎ᠠ ᠲᠠᠢ | ᠳᠤᠮᠳᠠ ᠪᠠᠭ᠎ᠠ ᠠᠵᠤ ᠠᠬᠤᠶᠢᠯᠠᠯ ᠢ ᠬᠠᠪᠰᠤᠷᠤᠨ 11 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ 10 | ᠡᠷᠦᠬᠡ ᠠᠵᠤ ᠠᠬᠤᠶᠢᠯᠠᠯ ᠤᠯᠠᠨ ᠳᠡᠰ ᠳᠠᠪᠬᠤᠷᠭᠠᠲᠤ ᠬᠦᠷᠦᠩᠭᠡ ᠶᠢᠨ ᠵᠠᠬ᠎ᠠ ᠳᠡᠯᠭᠡᠭᠦᠷ ᠲᠤ ᠤᠷᠤᠪᠠ᠃ | ︵ᠬᠤᠶᠠᠷ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠪᠠ᠃ | ᠠᠵᠤ ᠦᠢᠯᠡᠳᠪᠦᠷᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠪᠡ᠃ ᠶᠢᠨ ᠵᠢᠶᠠᠨ ᠬᠦᠷᠡᠯ ᠤᠨ ᠦᠢᠯᠡᠰ ᠢ | ᠨᠡᠭᠦᠯᠭᠡᠨ ᠴᠢᠳᠠᠮᠵᠢ ᠶᠢ ᠦᠷᠭᠡᠳᠬᠡᠵᠦ᠂ ᠶᠤᠸᠠᠨ ᠯᠢᠶᠠᠨ ᠪᠤᠯᠤᠳ ᠲᠡᠮᠦᠷ ᠤᠨ ᠬᠠᠪᠲᠠᠰᠤ ᠤᠷᠲᠤᠳᠬᠠᠨ ᠴᠢᠳᠬᠤᠬᠤ | ᠳᠠᠷᠤᠴᠠ᠂ ᠤᠯᠠᠭᠠᠨᠬᠠᠳᠠ ᠶᠢᠨ ᠡᠮ ᠤᠨ ᠦᠢᠯᠡᠰ ᠬᠤᠲᠠ ᠠᠴᠠ ᠤᠬᠤᠷᠢᠨ ᠬᠦᠷᠢᠶᠡᠯᠩ ᠳᠤ ᠤᠷᠤᠬᠤ ᠵᠡᠷᠭᠡ | ᠤᠯᠠᠮᠵᠢᠯᠠᠯᠲᠤ ᠠᠵᠤ ᠦᠢᠯᠡᠰ ᠢ ᠳᠡᠰ ᠳᠡᠪᠰᠢᠭᠦᠯᠬᠦ ᠲᠦᠷᠦᠯ ᠵᠦᠢᠯ ᠢ ᠨᠠᠶᠢᠳᠠᠪᠤᠷᠢᠵᠢᠭᠤᠯᠤᠨ᠂ ᠶᠡᠭᠡ ᠳ᠋ᠠᠶᠢᠲ᠋ᠠ ᠶᠢᠨ | ᠠᠵᠤ ᠦᠢᠯᠡᠰ ᠤᠨ ᠬᠦᠷᠢᠶᠡᠯᠡᠩ᠂ ᠲᠦᠸᠧ ᠵᠢᠶᠠ ᠡᠯᠧᠺᠲᠷᠤᠨ ᠤ ᠠᠵᠤ ᠦᠢᠯᠡᠰ ᠤᠨ ᠬᠦᠷᠢᠶᠡᠯᠡᠩ᠂ ᠲᠠᠢ ᠯᠢᠩ | ᠬᠠᠢ ᠴᠤᠸᠠᠩ ᠠᠮᠢᠳᠤ ᠪᠤᠳᠠᠰ ᠤᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ᠂ ᠹᠦ᠋ ᠯᠧ ᠠᠯᠺᠧᠨ ᠤ ᠠᠵᠤ | ᠦᠢᠯᠡᠰᠵᠢᠭᠰᠡᠨ ᠰᠠᠭᠤᠷᠢᠨ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠦᠷᠦᠯ ᠵᠦᠢᠯ ᠢ ᠠᠬᠢᠭᠤᠯᠵᠤ᠂ | ᠵᠢᠩ ᠳ᠋ᠦᠩ ᠹᠠᠩ᠂ ᠬᠠᠩ ᠰᠢᠶᠣᠣ ᠪᠤᠯᠤᠳ ᠪᠦᠲᠦᠴᠡ᠂ ᠹᠠᠩ ᠶᠤᠸᠠᠨ ᠡᠮ ᠤᠨ ᠦᠢᠯᠡᠰ᠂ ᠲᠢᠶᠠᠨ ᠬᠤᠸᠠᠩ | ᠡᠮ ᠤᠨ ᠦᠢᠯᠡᠰ ᠵᠡᠷᠭᠡ ᠲᠤᠯᠤᠭᠠᠶᠢᠯᠠᠭᠴᠢ ᠠᠵᠤ ᠠᠬᠤᠶᠢᠯᠠᠯ ᠲᠠᠢ ᠭᠦᠨᠵᠡᠭᠡᠢ ᠬᠠᠮᠵᠢᠯᠴᠠᠬᠤ ᠶᠢ ᠪᠡᠶᠡᠯᠡᠭᠦᠯᠵᠦ᠂ | 14 ᠡᠷᠦᠬᠡ ᠠᠵᠤ ᠠᠬᠤᠶᠢᠯᠠᠯ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ᠨᠡᠭᠦᠨ ᠰᠠᠭᠤᠷᠢᠰᠢᠵᠤ᠂ | ᠲᠡᠮᠦᠷᠯᠢᠭ ᠬᠠᠶᠢᠯᠤᠭᠤᠯᠬᠤ ᠦᠢᠯᠡᠰ ᠤᠨ ᠡᠵᠡᠯᠡᠬᠦ ᠬᠠᠷᠢᠴᠠᠯ ᠳᠤᠷᠤᠭᠰᠢᠯᠠᠭᠠᠳ 61.5% ᠪᠤᠯᠪᠠ᠂ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠡᠵᠡᠯᠡᠬᠦ ᠬᠠᠷᠢᠴᠠᠯ ᠳᠡᠭᠡᠭᠰᠢᠯᠡᠭᠡᠳ 12% | ᠪᠤᠯᠪᠠ᠃ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ | ᠠᠵᠢᠯ ᠢ ᠪᠠᠲᠤᠲᠠᠢ ᠦᠷᠨᠢᠭᠦᠯᠪᠡ᠃ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ᠲᠠᠬᠢᠨᠲᠠ ᠤᠯᠤᠰ ᠤᠨ | ᠳᠡᠰ ᠤᠨ ᠰᠢᠯᠢᠳᠡᠭ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠢᠷᠠᠭᠤ ᠠᠯᠳᠠᠷ ᠢ ᠬᠦᠷᠲᠡᠵᠦ᠂ 470 | ᠳ᠋ᠦᠩᠰᠢᠭᠤᠷ ᠲᠦᠭᠦᠷᠢᠭ ᠤᠨ ᠰᠤᠯᠢᠯᠴᠠᠭᠠᠨ ᠤ ᠭᠦᠢᠯᠭᠡᠭᠡᠨ ᠤ ᠲᠤᠭ᠎ᠠ ᠶᠢ ᠪᠡᠶᠡᠯᠡᠭᠦᠯᠵᠦ᠂ ᠲᠢᠶᠧ ᠹᠠ ᠤᠳᠤ | ᠦᠶ᠎ᠡ ᠶᠢᠨ ᠪᠠᠷᠠᠭᠠᠨ ᠭᠦᠢᠯᠭᠡᠭᠡᠨ ᠤ ᠰᠠᠭᠤᠷᠢᠨ᠂ ᠶᠢᠨ ᠽᠧ ᠲᠦᠷᠭᠡᠨ ᠭᠤᠪᠢᠭᠤᠯᠭ᠎ᠠ ᠶᠢᠨ ᠪᠠᠷᠠᠭᠠᠨ ᠭᠦᠢᠯᠭᠡᠭᠡᠨ ᠤ | ᠲᠤᠬᠢᠷᠠᠭᠤᠯᠤᠨ ᠬᠦᠷᠭᠡᠬᠦ ᠲᠦᠪ ᠵᠡᠷᠭᠡ ᠲᠦᠷᠦᠯ ᠵᠦᠢᠯ ᠪᠦᠬᠦ ᠲᠠᠯ᠎ᠠ ᠪᠠᠷ ᠠᠵᠢᠯ ᠡᠬᠢᠯᠡᠵᠦ᠂ ᠵᠢᠩ ᠳ᠋ᠦᠩ ᠤᠷᠤᠨ | ᠬᠡᠪᠴᠢᠶᠡᠨ ᠤ ᠴᠢᠨᠠᠷᠲᠠᠢ ᠬᠤᠪᠢᠶᠠᠷᠢᠯᠠᠨ ᠬᠦᠷᠭᠡᠬᠦ ᠲᠦᠪ ᠢ ᠲᠦᠷᠭᠡᠨ ᠭᠤᠪᠢᠭᠤᠯᠭ᠎ᠠ ᠶᠢᠨ ᠠᠵᠤ ᠦᠢᠯᠡᠰ ᠤᠨ | ᠬᠦᠷᠢᠶᠡᠯᠡᠩ ᠳᠤ ᠰᠠᠭᠤᠷᠢᠰᠢᠭᠤᠯᠪᠠ᠃ ᠭᠠᠶᠢᠯᠢ ᠶᠢ ᠪᠠᠲᠤᠯᠠᠬᠤ ᠪᠠᠷᠠᠭᠠᠨ ᠭᠦᠢᠯᠭᠡᠭᠡᠨ ᠤ ᠲᠦᠪ ᠤᠨ ᠠᠷᠠᠯᠵᠢᠶᠠᠨ ᠤ | ᠲᠤᠭ᠎ᠠ 1.5 ᠳ᠋ᠦᠩᠰᠢᠭᠤᠷ ᠲᠦᠭᠦᠷᠢᠭ ᠬᠦᠷᠴᠦ᠂ ᠤᠯᠠᠨ ᠤᠯᠤᠰ ᠤᠨ ᠲᠦᠷᠭᠡᠨ ᠭᠤᠪᠢᠭᠤᠯᠭ᠎ᠠ ᠶᠢᠨ ᠬᠢᠨᠠᠨ | ᠬᠠᠮᠢᠶᠠᠷᠤᠯᠲᠠ ᠶᠢᠨ ᠲᠦᠪ ᠢ ᠪᠠᠶᠢᠭᠤᠯᠵᠤ᠂ ᠳ᠋ᠦᠩ ᠵᠢᠶᠠᠩ ᠤᠨ ᠭᠠᠶᠢᠯᠢ ᠶᠢ ᠪᠠᠲᠤᠯᠠᠬᠤ ᠭᠠᠷᠠᠮ ᠤᠨ ᠦᠢᠯᠡᠳᠪᠦᠷᠢ | ᠬᠤᠳᠠᠯᠳᠤᠭᠠᠨ ᠤ ᠬᠢᠨ ᠤ ᠡᠷᠬᠡ ᠤᠯᠭᠤᠯᠲᠠ ᠶᠢ ᠳᠠᠮᠵᠢᠬᠤ ᠦᠭᠡᠢ ᠪᠠᠷ ᠠᠷᠠᠯᠵᠢᠶᠠᠴᠢᠨ ᠬᠢᠯᠢ ᠶᠢᠨ ᠭᠠᠳᠠᠨᠠᠬᠢ ᠵᠠᠬ᠎ᠠ | ᠳᠡᠯᠭᠡᠭᠦᠷ ᠠᠴᠠ ᠬᠤᠳᠠᠯᠳᠤᠨ ᠠᠪᠴᠤ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠪᠤᠷᠤᠯᠠᠭᠤᠯᠵᠤ ᠪᠠᠶᠢᠭ᠎ᠠ ᠮᠠᠰᠢᠨ | ᠲᠡᠷᠭᠡ ᠪᠤᠯᠤᠨ ᠭᠠᠳᠠᠭᠠᠳᠤ ᠠᠴᠠ ᠤᠷᠤᠭᠤᠯᠵᠤ ᠪᠠᠶᠢᠭ᠎ᠠ ᠪᠠᠷᠠᠭ᠎ᠠ ᠶᠢᠨ ᠰᠢᠭᠤᠳ ᠡᠵᠡᠩᠨᠡᠯᠲᠡ ᠶᠢᠨ ᠠᠵᠢᠯ ᠢ ᠲᠠᠲᠠᠨ | ᠠᠪᠴᠢᠷᠠᠵᠤ᠂ ︽ᠪᠦᠬᠦ ᠪᠦᠮᠪᠦᠷᠴᠡᠭ ᠠᠴᠠ ᠬᠤᠳᠠᠯᠳᠤᠨ ᠠᠪᠴᠤ ᠪᠦᠬᠦ ᠪᠦᠮᠪᠦᠷᠴᠡᠭ ᠲᠤ ᠬᠤᠳᠠᠯᠳᠤᠬᠤ︾ ᠲᠡᠶᠢᠰᠢ | ᠲᠦᠷᠭᠡᠨ ᠤᠷᠤᠭᠰᠢᠯᠠᠪᠠ᠃ ᠬᠠᠭᠤᠴᠢᠨ ᠵᠠᠬ᠎ᠠ ᠳᠡᠯᠭᠡᠭᠦᠷ ᠢ ᠬᠤᠲᠠ ᠠᠴᠠ ᠤᠬᠤᠷᠢᠭᠤᠯᠤᠨ ᠬᠦᠷᠢᠶᠡᠯᠡᠩ ᠳᠤ | ᠤᠷᠤᠭᠤᠯᠬᠤ ᠶᠢ ᠡᠬᠢᠯᠡᠭᠦᠯᠪᠡ᠃ ᠯᠦᠩ ᠲᠧᠩ ᠤᠯᠠᠨ ᠤᠯᠤᠰ ᠤᠨ ᠠᠭᠤᠳᠠᠮ ᠲᠠᠯᠠᠪᠠᠢ ᠶᠢᠨ ᠭᠤᠤᠯ ᠴᠤᠭᠴᠠ | ᠠᠵᠢᠯ ᠳᠠᠭᠤᠰᠴᠤ᠂ ᠸᠠᠨ ᠶᠤᠸᠠᠢ ᠠᠭᠤᠳᠠᠮ ᠲᠠᠯᠠᠪᠠᠢ ᠤᠳᠠᠯ ᠦᠭᠡᠢ ᠠᠰᠢᠭᠯᠠᠯᠲᠠ ᠳᠤ ᠤᠷᠤᠬᠤ ᠪᠤᠯᠤᠨ᠎ᠠ᠃ 15 | ᠡᠷᠦᠬᠡ ᠠᠵᠤ ᠠᠬᠤᠶᠢᠯᠠᠯ ᠠᠷᠤ ᠭᠠᠵᠠᠷ ᠤᠨ ᠮᠦᠩᠭᠦᠨ ᠭᠦᠢᠯᠭᠡᠭᠡᠨ ᠤ ᠵᠢᠵᠢᠭ ᠪᠠᠯᠭᠠᠰᠤ ᠪᠤᠯᠤᠨ ᠤᠮᠠᠷᠠᠲᠤ | ᠤᠷᠤᠨ ᠤ ᠦᠩᠭᠡᠲᠦ ᠲᠡᠮᠦᠷᠯᠢᠭ ᠤᠨ ᠶᠡᠷᠦᠩᠬᠡᠢ ᠬᠡᠯᠲᠡᠰ ᠤᠨ ᠰᠠᠭᠤᠷᠢᠨ ᠳᠤ ᠨᠡᠭᠦᠨ ᠰᠠᠭᠤᠷᠢᠰᠢᠪᠡ᠃ | ᠵᠤᠭᠠᠴᠠᠭᠰᠠᠳ ᠢ ᠲᠦᠪᠯᠡᠷᠡᠭᠦᠯᠦᠨ ᠲᠠᠷᠬᠠᠭᠠᠬᠤ ᠴᠢᠳᠠᠮᠵᠢ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ 279 | ᠲᠦᠮᠡᠨ ᠬᠦᠮᠦᠨ ᠤᠳᠠᠭ᠎ᠠ ᠵᠤᠭᠠᠴᠠᠭᠰᠠᠳ ᠢ ᠬᠦᠯᠢᠶᠡᠨ ᠵᠤᠴᠢᠯᠠᠵᠤ᠂ 63 ᠳ᠋ᠦᠩᠰᠢᠭᠤᠷ ᠲᠦᠭᠦᠷᠢᠭ ᠤᠨ | ᠵᠤᠭᠠᠴᠠᠯ ᠤᠨ ᠤᠷᠤᠯᠭ᠎ᠠ ᠤᠯᠪᠠ᠃ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠰᠢᠰᠲ᠋ᠧᠮ ᠢ | ᠢᠳᠡᠪᠬᠢᠲᠡᠢ ᠪᠠᠶᠢᠭᠤᠯᠪᠠ᠃ ᠭᠠᠵᠠᠷ ᠰᠢᠷᠦᠢ ᠶᠢᠨ ᠡᠷᠭᠢᠯᠲᠡ ᠶᠢᠨ ᠨᠤᠷᠮ᠎ᠠ᠂ ᠬᠤᠷᠰᠢᠭᠰᠠᠨ ᠵᠤᠬᠢᠶᠠᠨ | ᠪᠠᠶᠢᠭᠤᠯᠤᠯᠲᠠ ᠶᠢᠨ ᠪᠦᠷᠬᠦᠴᠡ ᠶᠢᠨ ᠨᠤᠷᠮ᠎ᠠ ᠪᠤᠯᠤᠨ ᠲᠠᠷᠢᠶᠠᠯᠠᠩ ᠤᠨ ᠪᠦᠲᠦᠭᠡᠭᠳᠡᠭᠦᠨ ᠢ ᠲᠤᠬᠠᠢ ᠶᠢᠨ ᠭᠠᠵᠠᠷ | ᠲᠤᠨᠢ ᠪᠤᠯᠪᠠᠰᠤᠷᠠᠭᠤᠯᠤᠨ ᠤᠯᠠᠷᠢᠭᠤᠯᠤᠭᠰᠠᠨ ᠨᠤᠷᠮ᠎ᠠ ᠲᠤᠰᠪᠤᠷᠢ 55%᠂ 56.5% ᠪᠤᠯᠤᠨ 58% ᠬᠦᠷᠴᠦ᠂ | ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ ᠶᠢᠨ ᠲᠤᠷᠰᠢᠯᠲᠠ ᠶᠢᠨ | ᠬᠤᠰᠢᠭᠤ ᠰᠢᠶᠠᠨ ᠪᠤᠯᠪᠠ᠃ | | | ︵ᠦᠷᠭᠦᠯᠵᠢᠯᠡᠯ ᠪᠤᠢ︶ | | |