ᠡᠷᠳᠡᠮ ᠮᠡᠳᠡᠯᠭᠡ ᠬᠤᠷᠠᠮᠳᠤᠭᠤᠯᠬᠤ ᠶᠢ ᠡᠭᠡᠨᠡᠭᠲᠡ ᠪᠠᠷᠢᠮᠲᠠᠯᠠᠪᠠᠯ ᠵᠤᠬᠢᠨ᠎ᠠ
ᠨᠡᠶᠢᠲᠡᠯᠡᠭᠰᠡᠨ ᠴᠠᠭ᠄
2018-03-15
       ᠡᠷᠳᠡᠮ ᠮᠡᠳᠡᠯᠭᠡ ᠬᠤᠷᠠᠮᠳᠤᠭᠤᠯᠬᠤ ᠶᠠᠪᠤᠳᠠᠯ ᠪᠤᠯ ᠦᠷᠭᠡᠨ ᠤᠯᠠᠨ ᠵᠠᠯᠠᠭᠤᠴᠤᠳ ᠤᠨ ᠡᠮᠦᠨ᠎ᠡ ᠲᠠᠯᠪᠢᠭᠳᠠᠵᠤ ᠪᠠᠶᠢᠭ᠎ᠠ ᠲᠤᠶᠢᠯ ᠤᠨ ᠴᠢᠬᠤᠯᠠ ᠲᠤᠯᠭᠠᠮ᠎ᠠ ᠠᠰᠠᠭᠤᠳᠠᠯ ᠪᠤᠯᠤᠨ᠎ᠠ᠃ ᠰᠢᠵᠢᠷ ᠠᠯᠲᠠᠨ ᠰᠠᠶᠢᠬᠠᠨ ᠡᠷᠡᠨ ᠳᠡᠭᠡᠨ ᠪᠠᠶᠢᠭ᠎ᠠ ᠵᠠᠯᠠᠭᠤ ᠪᠠᠭᠠᠴᠤᠳ ᠵᠠᠪᠠᠯ ᠡᠷᠳᠡᠮ ᠮᠡᠳᠡᠯᠭᠡ ᠡᠵᠡᠮᠰᠢᠬᠦ ᠡᠷᠳᠡᠨᠢ ᠶᠢᠨ ᠰᠠᠭᠤᠷᠢ ᠶᠢ ᠰᠠᠶᠢᠨ ᠲᠠᠯᠪᠢᠵᠤ᠂ ᠡᠷᠳᠡᠮ ᠮᠡᠳᠡᠯᠭᠡ ᠶᠢ ᠲᠠᠰᠤᠷᠠᠯᠲᠠ ᠦᠭᠡᠢ ᠬᠤᠷᠠᠮᠳᠤᠭᠤᠯᠬᠤ ᠰᠠᠶᠢᠨ ᠰᠠᠶᠢᠬᠠᠨ ᠵᠠᠩ ᠳᠠᠳᠬᠠᠯ ᠲᠠᠢ ᠪᠤᠯᠤᠨ ᠬᠦᠮᠦᠵᠢᠭᠳᠡᠪᠡᠯ ᠵᠤᠬᠢᠨ᠎ᠠ᠃        ᠰᠤᠷᠭᠠᠭᠤᠯᠢ ᠪᠤᠯ ᠡᠷᠳᠡᠮ ᠮᠡᠳᠡᠯᠭᠡ ᠤᠯᠠᠮᠵᠢᠯᠠᠬᠤ ᠭᠠᠯ ᠭᠤᠯᠤᠮᠲᠠ᠂ ᠰᠠᠭᠤᠷᠢᠨ ᠭᠠᠵᠠᠷ ᠪᠤᠯᠤᠨ᠎ᠠ᠃ ᠡᠶᠢᠮᠦ ᠠᠴᠠ ᠰᠤᠷᠭᠠᠭᠤᠯᠢ ᠳᠤ ᠰᠤᠷᠤᠯᠴᠠᠵᠤ ᠪᠠᠶᠢᠭ᠎ᠠ ᠵᠠᠯᠠᠭᠤ ᠪᠠᠭᠠᠴᠤᠳ ᠬᠠᠮᠤᠭ ᠲᠡᠷᠢᠭᠦᠨ ᠳᠤ ᠬᠢᠴᠢᠶᠡᠯ ᠢᠶᠠᠨ ᠰᠠᠶᠢᠲᠤᠷ ᠰᠤᠷᠬᠤ ᠬᠡᠷᠡᠭᠲᠡᠢ᠃ ᠬᠢᠴᠢᠶᠡᠯ ᠳᠡᠭᠡᠷ᠎ᠡ ᠪᠠᠭᠰᠢ ᠶᠢᠨ ᠲᠠᠶᠢᠯᠪᠤᠷᠢᠯᠠᠬᠤ ᠶᠢ ᠰᠡᠳᠬᠢᠯ ᠲᠠᠯᠪᠢᠨ ᠨᠢᠮᠪᠠᠢ ᠰᠤᠨᠤᠰᠴᠤ᠂ ᠲᠠᠰᠬᠠᠯ ᠳᠠᠭᠠᠭᠠᠯᠭᠠᠪᠤᠷᠢ ᠶᠢ ᠨᠠᠷᠢᠨ ᠬᠢᠨᠠᠮᠠᠭᠠᠢ ᠭᠦᠢᠴᠡᠳ ᠰᠠᠶᠢᠲᠤᠷ ᠭᠦᠢᠴᠡᠳᠬᠡᠬᠦ ᠶᠢᠨ ᠬᠠᠮᠲᠤ ᠬᠢᠴᠢᠶᠡᠯ ᠤᠨ ᠭᠠᠳᠠᠨᠠᠬᠢ ᠰᠤᠯᠠ ᠰᠡᠯᠡᠭᠦᠦ ᠴᠠᠭ ᠢ ᠨᠠᠨᠳᠢᠩᠨᠠᠨ ᠠᠰᠢᠭᠯᠠᠵᠤ ᠰᠤᠷᠤᠭᠰᠠᠨ ᠢᠶᠠᠨ ᠳᠠᠪᠲᠠᠵᠤ ᠰᠠᠭᠤᠭᠳᠠᠯ ᠢᠶᠠᠨ ᠭᠦᠨᠵᠡᠭᠡᠶᠢᠷᠡᠭᠦᠯᠬᠦ ᠬᠡᠷᠡᠭᠲᠡᠢ᠃ ᠴᠢᠬᠤᠯᠠ ᠲᠠᠢ ᠦᠶᠡᠰ ᠲᠤ ᠬᠢᠴᠢᠶᠡᠯ ᠤᠨ ᠳᠡᠪᠲᠡᠷ ᠲᠠᠢ ᠪᠠᠨ ᠤᠶᠠᠯᠳᠤᠭᠤᠯᠤᠨ ᠯᠠᠪᠯᠠᠯᠲᠠ ᠶᠢᠨ ᠪᠢᠴᠢᠭ ᠮᠠᠲ᠋ᠧᠷᠢᠶᠠᠯ ᠪᠠ ᠪᠤᠰᠤᠳ ᠨᠤᠮ ᠪᠢᠴᠢᠭ ᠢ ᠤᠩᠰᠢᠵᠤ ᠬᠢᠴᠢᠶᠡᠯ ᠤᠨ ᠠᠭᠤᠯᠭ᠎ᠠ ᠰᠤᠷᠤᠭᠰᠠᠨ ᠵᠦᠢᠯᠡᠰ ᠢᠶᠠᠨ ᠤᠶᠢᠯᠠᠭᠠᠨ ᠡᠵᠡᠮᠰᠢᠬᠦ ᠳᠤ ᠬᠠᠪᠰᠤᠷᠤᠮᠵᠢ ᠪᠤᠯᠭᠠᠵᠤ᠂ ᠨᠦᠭᠦᠭᠡ ᠲᠠᠯ᠎ᠠ ᠪᠠᠷ ᠡᠷᠳᠡᠮ ᠮᠡᠳᠡᠯᠭᠡ ᠶᠢᠨ ᠬᠦᠷᠢᠶ᠎ᠡ ᠬᠡᠪᠴᠢᠶ᠎ᠡ ᠪᠠᠨ ᠲᠠᠰᠤᠷᠠᠯᠲᠠ ᠦᠭᠡᠢ ᠦᠷᠭᠡᠳᠬᠡᠵᠦ ᠪᠤᠯᠤᠨ᠎ᠠ᠃ ᠪᠠᠭ᠎ᠠ ᠪᠠᠭ᠎ᠠ ᠪᠠᠷ ᠬᠤᠷᠠᠮᠳᠤᠭᠤᠯᠵᠤ ᠠᠯᠬᠤᠮ ᠠᠯᠬᠤᠮ ᠢᠶᠠᠷ ᠤᠷᠤᠭᠰᠢᠯᠠᠬᠤ ᠪᠤᠯ ᠡᠷᠳᠡᠮ ᠮᠡᠳᠡᠯᠭᠡ ᠡᠵᠡᠮᠰᠢᠬᠦ ᠶᠢᠨ ᠪᠦᠲᠦᠮᠵᠢᠲᠡᠢ ᠠᠷᠭ᠎ᠠ ᠪᠤᠯᠤᠨ᠎ᠠ᠃ ︽ᠨᠢᠭᠡ ᠯᠡ ᠡᠮᠬᠦ ᠪᠠᠷ ᠴᠠᠳᠬᠤ︾ ᠶᠢ ᠴᠡᠭᠡᠷᠯᠡᠵᠦ᠂ ︽ᠵᠡᠭᠦᠦ ᠶᠢ ᠴᠤᠭᠯᠠᠭᠤᠯᠵᠤ ᠵᠡᠭᠡᠲᠦᠦ ᠪᠤᠯᠭᠠᠬᠤ︾ ᠵᠤᠷᠢᠭ ᠰᠠᠨᠠᠭ᠎ᠠ ᠶᠢ ᠪᠠᠷᠢᠮᠲᠠᠯᠠᠨ ᠰᠢᠷᠭᠠᠭᠤ ᠬᠠᠲᠠᠭᠤᠵᠢᠯᠲᠠᠢ ᠰᠤᠷᠤᠯᠴᠠᠪᠠᠯ ᠵᠤᠬᠢᠨ᠎ᠠ᠃ ᠡᠷᠳᠡᠮ ᠮᠡᠳᠡᠯᠭᠡ ᠬᠤᠷᠠᠮᠳᠤᠭᠤᠯᠬᠤ ᠳᠤ ᠬᠢᠴᠢᠶᠡᠩᠭᠦᠢ ᠪᠠᠷ ᠬᠡᠵᠢᠶᠡᠳᠡ ᠰᠡᠳᠬᠢᠯ ᠦᠯᠦ ᠬᠠᠨᠤᠬᠤ ᠤᠪᠤᠷ ᠢ ᠪᠠᠷᠢᠮᠲᠠᠯᠠᠨ ᠰᠤᠷᠤᠯᠴᠠᠬᠤ ᠬᠡᠷᠡᠭᠲᠡᠢ᠃ ᠮᠡᠳᠡᠯᠭᠡ ᠶᠢᠨ ᠳᠠᠯᠠᠢ ᠪᠤᠯ ᠦᠵᠦᠭᠦᠷ ᠬᠢᠵᠠᠭᠠᠷ ᠦᠭᠡᠢ ᠦᠷᠭᠡᠨ ᠠᠭᠤᠳᠠᠮ ᠭᠡᠳᠡᠭ ᠢ ᠭᠦᠢᠴᠡᠳ ᠤᠶᠢᠯᠠᠭᠠᠵᠤ᠂ ᠬᠠᠭᠠᠰ ᠬᠤᠭᠤᠰ ᠮᠡᠳᠡᠭᠰᠡᠨ ᠳᠡᠭᠡᠨ ᠬᠠᠨᠤᠨ ᠰᠠᠭᠰᠠᠭᠤᠷᠠᠵᠤ ᠤᠭᠲᠤ ᠪᠤᠯᠬᠤ ᠦᠭᠡᠢ᠃ ᠡᠷᠳᠡᠮ ᠮᠡᠳᠡᠯᠭᠡ ᠬᠤᠷᠠᠮᠳᠤᠭᠤᠯᠬᠤ ᠳᠤ ᠤᠷᠲᠤ ᠬᠤᠭᠤᠴᠠᠭ᠎ᠠ ᠦᠨᠢᠲᠡ ᠪᠠᠷᠢᠮᠲᠠᠯᠠᠬᠤ ᠬᠡᠷᠡᠭᠲᠡᠢ᠃ ᠮᠢᠩ ᠤᠯᠤᠰ ᠤᠨ ᠯᠢ ᠱᠢ ᠵᠠᠸ᠋ᠨ ᠤ ︽ᠡᠪᠡᠰᠦᠨ ᠡᠮ ᠤᠨ ᠵᠤᠷ︾ ᠲᠤ ᠵᠠᠰᠠᠪᠤᠷᠢ ᠤᠷᠤᠭᠤᠯᠬᠤ ᠳᠠᠭᠠᠨ ᠵᠠᠯᠠᠭᠤ ᠠᠴᠠ ᠪᠠᠨ ᠦᠲᠡᠯᠲᠡᠯ᠎ᠡ 27 ᠵᠢᠯ ᠤᠨ ᠴᠠᠭ ᠢ ᠬᠡᠷᠡᠭᠰᠡᠨ ᠬᠠᠲᠠᠭᠤᠵᠢᠯᠲᠠᠢ ᠲᠡᠮᠡᠴᠡᠭᠰᠡᠨ ᠵᠤᠷᠢᠭ ᠰᠠᠨᠠᠭ᠎ᠠ ᠶᠢ ᠪᠢᠳᠡ ᠰᠤᠷᠤᠯᠴᠠᠨ ᠪᠠᠳᠠᠷᠠᠭᠤᠯᠪᠠᠯ ᠵᠤᠬᠢᠨ᠎ᠠ᠃ ᠬᠡᠷᠪᠡ ᠬᠤᠶᠠᠷ ᠡᠳᠦᠷ ᠵᠢᠭᠠᠰᠤ ᠠᠩᠨᠠᠪᠠᠯ ᠭᠤᠷᠪᠠᠨ ᠡᠳᠦᠷ ᠲᠤᠤᠷ ᠢᠶᠠᠨ ᠬᠠᠲᠠᠭᠠᠬᠤ ᠤᠪᠤᠷ ᠢᠶᠠᠷ ᠰᠤᠷᠤᠯᠴᠠᠪᠠᠯ ᠶᠠᠭᠠᠬᠢᠭᠰᠠᠨ ᠴᠦ ᠰᠠᠶᠢᠨ ᠦᠷ᠎ᠡ ᠳ᠋ᠦᠩ ᠢ ᠤᠯᠵᠤ ᠴᠢᠳᠠᠬᠤ ᠦᠭᠡᠢ ᠭᠡᠳᠡᠭ ᠢ ᠲᠤᠳᠤᠷᠬᠠᠢ ᠮᠡᠳᠡᠬᠦ ᠬᠡᠷᠡᠭᠲᠡᠢ᠃ ᠲᠡᠭᠷᠢ ᠶᠢᠨ ᠳᠤᠤᠷ᠎ᠠ ᠭᠠᠵᠠᠷ ᠤᠨ ᠳᠡᠭᠡᠷ᠎ᠡ ᠬᠦᠴᠦ ᠭᠠᠷᠭᠠᠨ ᠬᠦᠯᠦᠰᠦ ᠤᠷᠤᠰᠬᠠᠵᠤ ᠬᠦᠳᠡᠯᠮᠦᠷᠢᠯᠡᠬᠦ ᠦᠭᠡᠢ ᠪᠠᠷ ᠤᠯᠳᠠᠭ ᠶᠠᠭᠤᠮ᠎ᠠ ᠭᠡᠵᠦ ᠶᠡᠷᠦᠨᠢ ᠪᠠᠶᠢᠳᠠᠭ ᠦᠭᠡᠢ ᠶᠤᠮ᠃ ᠮᠡᠳᠡᠯᠭᠡ ᠬᠤᠷᠠᠮᠳᠤᠭᠤᠯᠬᠤ ᠰᠤᠷᠤᠯᠴᠠᠯᠭ᠎ᠠ ᠴᠦ ᠡᠭᠦᠨ ᠯᠦᠭᠡ ᠡᠭᠡᠭᠡ ᠠᠳᠠᠯᠢᠬᠠᠨ ᠪᠠᠶᠢᠳᠠᠭ᠃ ᠰᠤᠷᠬᠤ ᠲᠤᠲᠤᠮ ᠭᠦᠨᠵᠡᠭᠡᠶᠢᠷᠡᠵᠦ᠂ ᠭᠦᠨᠵᠡᠭᠡᠶᠢᠷᠡᠬᠦ ᠲᠤᠲᠤᠮ ᠬᠦᠴᠢᠷ ᠪᠡᠷᠬᠡᠰᠢᠶᠡᠯ ᠤᠯᠠᠨ ᠲᠤᠬᠢᠶᠠᠯᠳᠤᠳᠠᠭ  ᠨᠢ ᠶᠠᠷᠢᠶᠠᠨ ᠦᠭᠡᠢ᠃ ᠭᠡᠲᠡᠯ᠎ᠡ ᠡᠭᠦᠨ ᠢ ᠲᠠᠰᠤᠷᠠᠯ ᠦᠭᠡᠢ ᠢᠯᠠᠨ ᠳᠠᠪᠠᠭᠴᠢ ᠰᠠᠶ᠋ᠢ ᠨᠡᠩ ᠤᠯᠠᠨ ᠡᠷᠳᠡᠮ ᠮᠡᠳᠡᠯᠭᠡ ᠶᠢ ᠬᠤᠷᠠᠮᠳᠤᠭᠤᠯᠵᠤ ᠴᠢᠳᠠᠬᠤ ᠨᠢ ᠯᠠᠪᠲᠠᠢ ᠶᠤᠮ᠃        ᠬᠦᠮᠦᠨ ᠭᠡᠮᠡᠭᠴᠢ ᠲᠦᠷᠦᠯᠬᠢ ᠡᠷᠳᠡᠮ ᠮᠡᠳᠡᠯᠭᠡ ᠲᠠᠢ ᠪᠤᠰᠤ᠂ ᠰᠤᠷᠤᠯᠴᠠᠬᠤ ᠪᠠᠷ ᠳᠠᠮᠵᠢᠨ ᠮᠡᠳᠡᠯᠭᠡ ᠡᠵᠡᠮᠰᠢᠵᠦ ᠡᠷᠳᠡᠮ ᠲᠠᠢ ᠪᠤᠯᠳᠠᠭ᠃ ᠬᠤᠷᠠᠮᠳᠤᠭᠤᠯᠭ᠎ᠠ ᠪᠤᠯ ᠳᠠᠷᠤᠢ ᠡᠷᠳᠡᠮ ᠮᠡᠳᠡᠯᠭᠡ ᠪᠠᠨ ᠲᠠᠰᠤᠷᠠᠯᠲᠠ ᠦᠭᠡᠢ ᠪᠠᠲᠤᠳᠬᠠᠬᠤ ᠬᠠᠮᠤᠭ ᠤᠨ ᠠᠰᠢᠭ ᠲᠠᠢ ᠮᠦᠷᠲᠡᠭᠡᠨ ᠡᠷᠬᠢᠮ ᠰᠠᠶᠢᠨ ᠠᠷᠭ᠎ᠠ ᠮᠦᠨ᠃ ᠡᠶᠢᠨᠬᠦ ᠡᠷᠳᠡᠮ ᠮᠡᠳᠡᠯᠭᠡ ᠬᠤᠷᠠᠮᠳᠤᠭᠤᠯᠬᠤ ᠶᠢ ᠡᠭᠡᠨᠡᠭᠲᠡ ᠪᠠᠷᠢᠮᠲᠠᠯᠠᠪᠠᠯ ᠵᠤᠬᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号