ᠭᠠᠷ ᠤᠳᠠᠰᠤᠨ ᠳᠠᠭᠠᠨ ᠴᠠᠬᠢᠯᠭᠠᠨ ᠴᠡᠨᠡᠭᠯᠡᠬᠦ ᠳᠤ ᠨᠢᠬᠡ ᠯᠡ ᠤᠳᠠᠭ᠎ᠠ ᠳᠤ 100% ᠬᠦᠷᠬᠡᠬᠦ ᠨᠢ ᠵᠦᠪ ᠤᠤ
ᠨᠡᠶᠢᠲᠡᠯᠡᠭᠰᠡᠨ ᠴᠠᠭ᠄
2018-03-15
       ᠲᠠᠨᠤᠰ ᠡᠩ ᠤᠨ ᠦᠶ᠎ᠡ ᠳᠡᠭᠡᠨ ᠭᠠᠷ ᠤᠳᠠᠰᠤᠨ ᠳᠠᠭᠠᠨ ᠴᠠᠬᠢᠯᠭᠠᠨ ᠴᠡᠨᠡᠭᠯᠡᠬᠦ ᠳᠤ ᠰᠢᠭᠤᠳ 100% ᠬᠦᠷᠳᠡᠯ᠎ᠡ ᠴᠡᠨᠡᠭᠯᠡᠬᠦ ᠤᠤ︖ ᠡᠰᠡᠬᠦᠯ᠎ᠡ ᠨᠢᠬᠡ ᠰᠦᠨᠢ ᠳᠡᠭᠡᠨ ᠴᠠᠬᠢᠯᠭᠠᠨ ᠴᠡᠨᠡᠭᠯᠡᠬᠡᠳ ᠤᠨᠳᠠᠳᠠᠭ ᠤᠤ︖ ᠡᠰᠡᠪᠡᠯ ᠭᠠᠷ ᠤᠳᠠᠰᠦ ᠶᠢᠨ ᠴᠢᠨᠢ ᠴᠠᠬᠢᠯᠭᠠᠨ ᠪᠦᠷᠢᠮᠦᠰᠦᠨ ᠦᠬᠡᠢ ᠪᠤᠯᠬᠤ ᠳᠤ ᠰᠠᠶ᠋ᠢ ᠴᠠᠬᠢᠯᠭᠠᠨ ᠴᠡᠨᠡᠭᠯᠡᠳᠡᠭ ᠤᠤ︖        1. ᠭᠠᠷ ᠤᠳᠠᠰᠤᠨ ᠳᠤ ᠴᠠᠬᠢᠯᠭᠠᠨ ᠴᠡᠨᠡᠭᠯᠡᠬᠦ ᠬᠠᠮᠤᠭ ᠰᠠᠶᠢᠨ ᠠᠷᠭ᠎ᠠ ᠪᠤᠯ ᠲᠠᠷᠤᠢ ᠵᠠᠪᠰᠢᠶᠠᠨ ᠪᠠᠶᠢᠵᠦ ᠯᠡ ᠪᠠᠶᠢᠪᠠᠯ ᠴᠠᠬᠢᠯᠭᠠᠨ ᠴᠡᠨᠡᠭᠯᠡᠵᠦ ᠪᠠᠶᠢᠪᠠᠯ ᠵᠦᠢᠳᠠᠢ᠂ ᠬᠡᠳᠦᠨ ᠮᠢᠨᠦ᠋ᠲ ᠴᠡᠨᠡᠭᠯᠡᠭᠰᠡᠨ ᠴᠦ ᠬᠠᠮᠢᠶ᠎ᠠ ᠦᠬᠡᠢ᠃ ᠡᠨᠡ ᠨᠢ ᠭᠠᠷ ᠤᠳᠠᠰᠤ ᠶᠢᠨ ᠳ᠋ᠢᠶᠠᠨ ‍ᠤᠤᠢ ᠲᠤ ᠬᠠᠯᠠ ᠦᠬᠡᠢ᠃        2. ᠭᠠᠷ ᠤᠳᠠᠰᠤ ᠶᠢᠨ ᠴᠠᠬᠢᠯᠭᠠᠨ ᠪᠦᠷᠢᠮᠦᠰᠦᠨ ᠦᠬᠡᠢ ᠪᠤᠯᠬᠤ ᠦᠶ᠎ᠡ ᠳᠤ ᠴᠠᠬᠢᠯᠭᠠᠨ ᠴᠡᠨᠡᠭᠯᠡᠬᠦ ᠨᠢ ᠵᠤᠬᠢᠰ ᠦᠬᠡᠢ᠃ ᠡᠨᠡ ᠨᠢ ᠭᠠᠷ ᠤᠳᠠᠰᠤ ᠶᠢᠨ ᠳ᠋ᠢᠶᠠᠨ ‍ᠤᠤᠢ ᠶᠢ ᠬᠤᠷᠳᠤᠨ ᠪᠠᠷᠠᠭᠳᠠᠭᠤᠯᠤᠨ᠎ᠠ᠃        3. ᠬᠠᠮᠤᠭ ᠰᠠᠶᠢᠨ ᠨᠢ ᠭᠠᠷ ᠤᠳᠠᠰᠤ ᠶᠢᠨ ᠢᠶᠠᠨ ᠳ᠋ᠢᠶᠠᠨ ‍ᠤᠤᠢ ᠤᠨ ᠴᠠᠬᠢᠯᠭᠠᠨ ᠢ 65% — 75% ᠶᠢᠨ ᠬᠤᠭᠤᠷᠤᠨᠳᠦ ᠪᠠᠶᠢᠯᠭᠠᠪᠠᠯ ᠵᠤᠬᠢᠰᠳᠠᠢ᠃ ᠡᠬᠦᠨ ᠢ ᠪᠠᠷᠢᠮᠳᠠᠯᠠᠵᠦ ᠲᠡᠶᠢᠯᠬᠦ ᠦᠬᠡᠢ ᠪᠤᠯ ᠠᠳᠠᠭ ᠪᠠᠭ᠎ᠠ ᠳᠠᠭᠠᠨ 45% — 75% ᠤᠨ ᠬᠤᠭᠤᠷᠤᠨᠳᠦ ᠪᠠᠶᠢᠯᠭᠠᠬᠤ ᠶᠢ ᠪᠠᠷᠢᠮᠳᠠᠯᠠᠬᠤ ᠬᠡᠷᠡᠭᠳᠠᠢ᠃        4. ᠳ᠋ᠢᠶᠠᠨ ‍ᠤᠤᠢ ᠤᠨ ᠴᠠᠬᠢᠯᠭᠠᠨ ᠤ ᠬᠡᠮᠵᠢᠶ᠎ᠡ ᠲᠤᠤᠷ᠎ᠠ ᠪᠠᠶᠢᠬᠤ ᠦᠶ᠎ᠡ ᠳᠤ ᠨᠢᠬᠡ ᠯᠡ ᠲᠡᠭᠡᠷ᠎ᠡ 100% ᠲᠤ ᠬᠦᠷᠳᠡᠯ᠎ᠡ ᠴᠡᠨᠡᠭᠯᠡᠵᠦ ᠪᠤᠯᠬᠤ ᠦᠬᠡᠢ᠃       5. ᠰᠦᠨᠢᠵᠢᠨ ᠭᠠᠷ ᠤᠳᠠᠰᠤᠨ ᠳᠠᠭᠠᠨ ᠴᠠᠬᠢᠯᠭᠠᠨ ᠴᠡᠨᠡᠭᠯᠡᠵᠦ ᠪᠤᠯᠬᠤ ᠦᠬᠡᠢ᠃        6. ᠭᠠᠷ ᠤᠳᠠᠰᠤ ᠶᠢᠨ ᠴᠠᠬᠢᠯᠭᠠᠨ ᠤ ᠬᠡᠮᠵᠢᠶ᠎ᠡ 100% ᠲᠤ ᠬᠦᠷᠦᠭᠰᠡᠭᠡᠷ ᠲᠠᠷᠤᠢ ᠳᠤᠨᠢ ᠴᠠᠬᠢᠯᠭᠠᠨ ᠴᠡᠨᠡᠭᠯᠡᠬᠦ ᠪᠠᠨ ᠵᠤᠭᠰᠤᠬᠤ ᠬᠡᠷᠡᠭᠳᠠᠢ᠃ ᠬᠡᠷᠪᠡ ᠨᠡᠶᠢᠳᠡᠮ ᠳᠡᠭᠡᠨ ᠴᠠᠬᠢᠯᠭᠠᠨ ᠴᠡᠨᠡᠭᠯᠡᠬᠦ ᠬᠡᠪ ᠲᠡᠭᠡᠨ ᠪᠠᠶᠢᠬᠤ ᠳᠤ ᠬᠦᠷᠪᠡᠯ ᠳ᠋ᠢᠶᠠᠨ ‍ᠤᠤᠢ ᠶᠢᠨ ᠪᠠᠷᠠᠭᠳᠠᠬᠤ ᠨᠢ ᠮᠠᠰᠢ ᠲᠦᠷᠬᠡᠨ ᠶᠤᠮ᠃
 
ᠢᠷᠡᠯᠲᠡ᠄ ᠤᠯᠠᠭᠠᠨᠬᠠᠳᠠ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号