| ᠮᠠᠷᠢᠶᠠᠳᠠᠢ ᠬᠦᠮᠦᠨ ᠤ ᠶᠡᠭᠡ ᠲᠠᠷᠢᠬᠢ ᠲᠦᠷᠭᠡᠨ ᠦᠳᠡᠯᠳᠡᠭ | ᠮᠠᠷᠢᠶ᠎ᠠ ᠪᠤᠯ ᠡᠯ ᠠ ᠵᠦᠢᠯ ᠤᠨ ᠤᠵᠢᠬ ᠡᠪᠡᠳᠴᠢᠨ ᠢ ᠡᠭᠦᠰᠭᠡᠳᠡᠭ ᠲᠦᠮᠡᠨ ᠨᠢᠬᠦᠯ ᠤᠨ ᠦᠨᠳᠦᠰᠦ | ᠪᠤᠯᠬᠤ ᠲᠤᠯᠠ ᠴᠢᠰᠤᠨ ᠲᠠᠷᠤᠯᠳᠠ ᠦᠨᠳᠦᠷ ᠡᠪᠡᠳᠴᠢᠨ᠂ ᠲᠦᠯᠡᠢ ᠡᠪᠡᠳᠴᠢᠨ ᠵᠢᠷᠦᠭᠡ ᠴᠢᠰᠤᠨ ᠰᠤᠳᠠᠯ ᠤᠨ | ᠡᠪᠡᠳᠴᠢᠨ ᠵᠡᠷᠭᠡ ᠶᠢ ᠠᠪᠴᠢᠷᠠᠳᠠᠬ᠃ ︽ᠦᠳᠡᠯᠦᠭᠰᠡᠨ ᠮᠡᠳᠡᠷᠡᠯ ᠤᠨ ᠹᠢᠽᠢᠤᠯᠤᠬᠢ︾ ᠰᠡᠳᠬᠦᠯ ᠳᠤ ᠨᠡᠶᠢᠳᠡᠯᠡᠭᠰᠡᠨ | ᠰᠤᠳᠤᠯᠭᠠᠨ ᠤ ᠦᠬᠦᠯᠡᠯ ᠳᠤ ᠵᠢᠭᠠᠵᠤ ᠭᠠᠷᠭᠠᠬᠰᠠᠨ ᠨᠢ᠂ ᠪᠡᠶ᠎ᠠ ᠶᠢᠨ ᠬᠦᠨᠳᠦ ᠪᠠᠷᠢᠮᠵᠢᠶ᠎ᠠ ᠠᠴᠠ ᠭᠡᠳᠦᠷᠡᠭᠰᠡᠨ | ᠬᠦᠮᠦᠨ ᠤ ᠶᠡᠭᠡ ᠲᠠᠷᠢᠬᠢ ᠨᠢ ᠨᠠᠰᠤ ᠰᠠᠴᠠᠭᠤ ᠡᠴᠡᠩᠭᠡᠢ ᠬᠦᠮᠦᠨ ᠠᠴᠠ 10 ᠨᠠᠰᠤ ᠦᠳᠡᠯᠳᠡᠭ ᠪᠦᠭᠡᠳ | ᠢᠯᠠᠩᠭᠤᠶ᠎ᠠ ᠢᠳᠡᠷ ᠨᠠᠰᠤᠨ ᠤ ᠮᠠᠷᠢᠶᠠᠳᠠᠢ ᠬᠦᠮᠦᠨ ᠤ ᠶᠡᠭᠡ ᠲᠠᠷᠢᠬᠢ ᠨᠢ ᠨᠡᠩ ᠲᠦᠷᠭᠡᠨ ᠦᠳᠡᠯᠳᠡᠭ ᠭᠡᠵᠡᠢ᠃ | ᠬᠠᠷᠢᠴᠠᠭᠤᠯᠤᠬᠰᠠᠨ ᠰᠤᠳᠤᠯᠭᠠᠨ ᠢᠯᠡᠷᠡᠭᠦᠯᠦᠭᠰᠡᠨ ᠢᠶᠠᠷ᠂ ᠪᠡᠶ᠎ᠠ ᠶᠢᠨ ᠬᠦᠨᠳᠦ ᠶᠢᠨ ᠪᠠᠷᠢᠮᠵᠢᠶ᠎ᠠ ᠠᠴᠠ ᠭᠡᠳᠦᠷᠡᠭᠰᠡᠨ | ᠬᠦᠮᠦᠨ ᠤ ᠶᠡᠭᠡ ᠲᠠᠷᠢᠬᠢᠨ ᠤ ᠴᠠᠭᠠᠨ ᠡᠳ᠋ ᠨᠢ ᠡᠴᠡᠩᠭᠡᠢ ᠬᠦᠮᠦᠨ ᠠᠴᠠ ᠬᠤᠯᠠ ᠪᠠᠭ᠎ᠠ ᠪᠠᠶᠢᠳᠠᠬ᠃ ᠶᠡᠭᠡ | ᠲᠠᠷᠢᠬᠢᠨ ᠤ ᠴᠠᠭᠠᠨ ᠡᠳ᠋ ᠨᠢ ᠶᠡᠭᠡ ᠲᠠᠷᠢᠬᠢᠨ ᠤ ᠴᠠᠭᠠᠨ ᠦᠡᠭᠭᠡᠳᠦ ᠮᠡᠳᠡᠷᠡᠯ ᠤᠨ ᠨᠡᠭᠡᠳᠡᠰᠦ ᠶᠤᠮ᠂ ᠡᠨᠡ ᠨᠢ ᠶᠡᠭᠡ | ᠲᠠᠷᠢᠬᠢᠨ ᠤ ᠠᠳᠠᠯᠢ ᠪᠤᠰᠤ ᠲᠤᠭᠤᠷᠢᠬ ᠢ ᠬᠤᠯᠪᠤᠵᠤ ᠮᠡᠳᠡᠭᠡ ᠵᠠᠩᠬᠢ ᠶᠢᠨ ᠰᠤᠯᠢᠯᠴᠠᠭ᠎ᠠ ᠶᠢ ᠠᠬᠢᠭᠤᠯᠳᠠᠬ᠃ | ᠡᠶᠢᠮᠦ ᠠᠴᠠ ᠭᠡᠳᠦ ᠮᠠᠷᠢᠶᠠᠯᠠᠬᠰᠠᠳ ᠡᠷᠭᠡᠪᠰᠢ ᠮᠠᠷᠢᠶ᠎ᠠ ᠪᠠᠨ ᠰᠢᠭᠤᠷᠠᠭᠤᠯᠬᠤ ᠭᠡᠷᠡᠭᠳᠡᠢ᠃ ᠡᠮᠴᠢ ᠶᠢᠨ | ᠲᠠᠨᠢᠯᠴᠠᠭᠤᠯᠬᠤ ᠪᠠᠷ᠂ ᠮᠠᠷᠢᠶ᠎ᠠ ᠪᠠᠨ ᠰᠢᠭᠤᠷᠠᠭᠤᠯᠬᠤ ᠶᠢᠨ ᠬᠠᠮᠤᠬ ᠤᠨ ᠦᠨᠳᠦᠰᠦᠨ ᠵᠦᠢᠯ ᠨᠢ ᠰᠢᠩᠭᠡᠭᠡᠨ ᠠᠪᠬᠤ | ᠡᠨᠧᠷᠬᠢ ᠨᠢ ᠡᠨᠧᠷᠬᠢ ᠶᠢᠨ ᠬᠤᠷᠤᠬᠳᠠᠯ ᠠᠴᠠ ᠪᠠᠭ᠎ᠠ ᠪᠠᠶᠢᠬᠤ ᠭᠡᠷᠡᠭᠳᠡᠢ᠃ ᠲᠡᠭᠡᠬᠦ ᠳᠡᠭᠡᠨ ᠡᠳᠦᠷ ᠪᠦᠷᠢ ᠡᠩ ᠤᠨ | ᠴᠠᠬ ᠠᠴᠠ 500 ᠺᠠᠯᠤᠷᠢ ᠢᠯᠴᠢ ᠶᠢ ᠲᠤᠳᠠᠭᠤ ᠰᠢᠩᠭᠡᠭᠡᠨ ᠠᠪᠬᠤ ᠪᠤᠶᠤ ᠢᠯᠡᠬᠦᠦ ᠬᠤᠷᠤᠬᠳᠠᠭᠤᠯᠪᠠᠯ ᠰᠠᠶ᠋ᠢ | ᠮᠠᠷᠢᠶ᠎ᠠ ᠰᠢᠭᠤᠷᠠᠭᠤᠯᠬᠤ ᠵᠤᠷᠢᠯᠭ᠎ᠠ ᠳᠠᠭᠠᠨ ᠬᠦᠷᠴᠤ ᠲᠡᠶᠢᠯᠦᠨ᠎ᠠ᠂ ᠡᠩ ᠤᠨ ᠪᠠᠶᠢᠳᠠᠯ ᠳᠤ ᠮᠠᠷᠢᠶ᠎ᠠ ᠪᠠᠨ ᠭᠠᠷᠠᠬ ᠲᠤ | 1 ᠵᠢᠩ ᠰᠢᠭᠤᠷᠠᠭᠤᠯᠵᠤ᠂ ᠬᠤᠶᠠᠷ ᠭᠠᠷᠠᠬ ᠲᠤ 1 ᠺᠢᠯᠦᠭᠷᠠᠮ ᠰᠢᠭᠤᠷᠠᠭᠤᠯᠬᠤ ᠨᠢ ᠮᠠᠷᠢᠶ᠎ᠠ ᠰᠢᠭᠤᠷᠠᠭᠤᠯᠬᠤ ᠠᠮᠤᠷ | ᠲᠦᠪᠰᠢᠨ ᠠᠷᠭ᠎ᠠ ᠳᠤ ᠲᠤᠭᠠᠴᠠᠭᠳᠠᠨ᠎ᠠ ᠭᠡᠵᠡᠢ᠃ | ᠲᠠᠮᠠᠬᠢ ᠲᠠᠳᠠᠵᠤ ᠠᠷᠢᠬᠢ ᠤᠤᠭᠤᠬᠤ ᠨᠢ ᠶᠡᠭᠡ ᠲᠠᠷᠢᠬᠢ ᠶᠢ ᠪᠢᠳᠠᠭᠤ ᠪᠤᠯᠭᠠᠳᠠᠬ | ︽ᠠᠷᠢᠬᠢᠨ ᠲᠤᠬᠯᠠᠭᠠᠮ ᠤᠬᠠᠭᠠᠨ ᠲᠤᠮᠤᠭ᠎ᠠ ᠠᠯᠳᠠᠭᠤᠯᠤᠨ᠎ᠠ︾ ᠭᠡᠳᠡᠭ ᠨᠢ ᠨᠠᠭᠠᠳᠤᠮ ᠱᠤᠭ ᠤᠨ ᠦᠭᠡ | ᠲᠡᠳᠦᠢ ᠪᠢᠰᠢ ᠶᠤᠮ᠃ ᠠᠩᠭ᠍ᠯᠢ ᠶᠢᠨ ᠨᠤᠷᠽᠠᠨᠪᠦᠷᠢᠶ ᠠ ᠶᠡᠭᠡ ᠰᠤᠷᠭᠠᠭᠤᠯᠢ ᠶᠢᠨ ᠰᠤᠳᠤᠯᠭᠠᠨ ᠤ ᠪᠦᠯᠬᠦᠮ | ᠨᠡᠶᠢᠳᠡ ᠶᠢᠨ ︽ᠤᠶᠤᠨ ᠮᠡᠳᠡᠷᠡᠯ ᠤᠨ ᠡᠪᠡᠳᠴᠢᠨ ᠤ ᠵᠦᠢ ᠶᠢᠨ ᠰᠤᠳᠤᠯᠤᠯ ᠤᠨ ᠡᠮᠦᠨ᠎ᠠ ᠵᠠᠬ᠎ᠠ︾ ᠰᠡᠳᠬᠦᠯ ᠳᠤ | ᠨᠡᠶᠢᠳᠡᠯᠡᠭᠰᠡᠨ ᠰᠤᠳᠤᠯᠭᠠᠨ ᠳᠤ ᠬᠠᠷᠠᠭᠤᠯᠤᠬᠰᠠᠨ ᠢᠶᠠᠷ᠂ ᠲᠠᠮᠠᠬᠢ ᠠᠷᠢᠬᠢ ᠶᠢ ᠶᠡᠭᠡᠪᠡᠷ ᠲᠠᠳᠠᠵᠤ ᠤᠤᠭᠤᠳᠠᠬ | ᠬᠦᠮᠦᠨ ᠤ ᠴᠡᠭᠡᠵᠢᠯᠡᠬᠦ ᠴᠢᠳᠠᠪᠤᠷᠢ ᠨᠢ ᠶᠡᠭᠡᠪᠡᠷ ᠬᠤᠬᠢᠷᠠᠳᠠᠬ᠂ ᠲᠠᠮᠠᠬᠢ ᠠᠷᠢᠬᠢ ᠶᠢ ᠶᠡᠭᠡᠪᠡᠷ ᠡᠳ᠋ᠯᠡᠳᠡᠭ ᠬᠦᠮᠦᠨ ᠳᠤ | ᠨᠡᠩ ︽ᠲᠠᠪᠬᠤᠷ ᠴᠤᠬᠢᠯᠳᠠ︾ ᠶᠢᠨ ᠨᠦᠯᠦᠭᠡᠯᠡᠯ ᠪᠤᠢ ᠪᠤᠯᠳᠠᠬ ᠭᠡᠵᠡᠢ᠃ ᠲᠠᠮᠠᠬᠢ ᠲᠠᠳᠠᠬᠤ ᠪᠠᠨ ᠵᠤᠬᠰᠤᠵᠤ | ᠠᠷᠢᠬᠢ ᠤᠤᠭᠤᠬᠤ ᠭᠡᠮᠵᠢᠶ᠎ᠠ ᠪᠠᠨ ᠬᠢᠵᠠᠭᠠᠷᠯᠠᠬᠤ ᠨᠢ ᠶᠠᠭᠤᠨ ᠠᠴᠠ ᠴᠤ ᠴᠢᠬᠤᠯᠠ ᠶᠤᠮ᠂ ᠠᠷᠢᠬᠢ ᠲᠠᠮᠠᠬᠢ ᠠᠴᠠ | ᠰᠠᠯᠵᠤ ᠶᠠᠳᠠᠬᠰᠠᠳ ᠭᠡᠮᠡᠨ ᠤᠨᠤᠰᠢᠯᠠᠬᠳᠠᠬᠰᠠᠨ ᠬᠦᠮᠦᠨ ᠡᠷᠬᠡᠪᠰᠢ ᠡᠮᠴᠢᠯᠡᠭᠡᠨ ᠤ ᠠᠷᠭ᠎ᠠ ᠪᠠᠷᠢᠯ ᠢᠶᠠᠷ ᠡᠨᠡᠬᠦ | ᠰᠢᠨᠤᠯ ᠢᠶᠠᠨ ᠠᠷᠢᠯᠭᠠᠬᠤ ᠭᠡᠷᠡᠭᠳᠡᠢ᠃ | ᠪᠡᠶ᠎ᠠ ᠪᠠᠨ ᠲᠠᠪᠳᠠᠨ ᠪᠤᠯᠪᠠᠰᠤᠷᠠᠭᠤᠯᠬᠤ ᠨᠢ ᠶᠡᠭᠡ ᠲᠠᠷᠢᠬᠢ ᠶᠢ ᠬᠤᠪᠢᠷᠠᠭᠤᠯᠳᠠᠬ | ᠶᠡᠭᠡ ᠲᠠᠷᠢᠬᠢ ᠪᠠᠨ ᠨᠡᠩ ᠰᠡᠴᠡᠨ ᠰᠡᠷᠬᠦᠯᠡᠩ ᠪᠤᠯᠭᠠᠬᠤ ᠳᠤ ᠪᠡᠶ᠎ᠡ ᠪᠠᠨ ᠲᠠᠪᠳᠠᠨ ᠪᠤᠯᠪᠠᠰᠤᠷᠠᠭᠤᠯᠬᠤ ᠨᠢ | ᠪᠤᠳᠤᠵᠤ ᠤᠯᠤᠰᠢ ᠦᠭᠡᠢ ᠰᠠᠶᠢᠨ ᠦᠷ ᠠ ᠳ᠋ᠦᠡᠭ ᠢ ᠤᠯᠳᠠᠬ᠃ ᠰᠤᠳᠤᠯᠭᠠᠨ ᠬᠠᠷᠠᠭᠤᠯᠤᠬᠰᠠᠨ ᠢᠶᠠᠷ᠂ ᠪᠡᠶ᠎ᠠ ᠪᠠᠨ | ᠲᠠᠪᠳᠠᠨ ᠪᠤᠯᠪᠠᠰᠤᠷᠠᠭᠤᠯᠪᠠᠯ ᠶᠡᠭᠡ ᠲᠠᠷᠢᠬᠢ ᠶᠢ ᠬᠤᠪᠢᠷᠠᠭᠤᠯᠤᠨ᠎ᠠ ᠭᠡᠵᠡᠢ᠃ ᠬᠦᠴᠢᠯᠳᠦ᠋ᠷᠦᠭᠴᠢᠳᠦ ᠭᠦᠳᠡᠯᠭᠡᠭᠡᠨ | ᠬᠢᠭᠰᠡᠨ ᠤ ᠲᠠᠷᠠᠭ᠎ᠠ ᠶᠡᠭᠡ ᠲᠠᠷᠢᠬᠢ ᠶᠢᠨ ᠰᠡᠳᠬᠢᠬᠦᠢ ᠦᠨᠡᠭᠡᠷ ᠬᠤᠪᠢᠷᠠᠬᠰᠠᠨ ᠢ ᠰᠤᠳᠤᠯᠭᠠᠨ ᠢᠯᠡᠷᠡᠬᠦᠯᠪᠡ᠃ | ᠲᠠᠮᠢᠷ ᠤᠨ ᠬᠦᠳᠡᠯᠭᠡᠭᠡᠨ ᠨᠢ ᠬᠦᠮᠦᠨ ᠤ ᠪᠡᠶ᠎ᠠ ᠶᠢ ᠨᠡᠩ ᠲᠡᠬᠦᠯᠳᠡᠷ ᠬᠦᠴᠦ ᠴᠢᠳᠠᠯ ᠪᠠ ᠨᠡᠩ ᠪᠠᠳᠠᠷᠠᠩᠭᠤᠢ | ᠴᠤᠬ ᠰᠦᠯᠳᠡ ᠲᠠᠢ ᠪᠤᠯᠭᠠᠬᠤ ᠠᠴᠠ ᠭᠠᠳᠠᠨ᠎ᠠ᠂ ᠪᠠᠰᠠ ︽ᠲᠠᠷᠢᠬᠢᠨ ᠤ ᠴᠢᠳᠠᠯ ᠢ ᠲᠡᠰ ᠲᠡᠪᠰᠢᠬᠦᠯᠳᠡᠭ︾ ᠶᠤᠮ᠃ | ᠲᠤᠰᠬᠠᠢ ᠮᠡᠷᠭᠡᠵᠢᠯᠳᠡᠨ ᠤ ᠲᠠᠨᠢᠯᠴᠠᠭᠤᠯᠬᠤ ᠪᠠᠷ᠂ ᠬᠦᠮᠦᠨ ᠪᠡᠶ᠎ᠠ ᠪᠠᠨ ᠲᠠᠪᠳᠠᠨ ᠪᠤᠯᠪᠠᠰᠤᠷᠠᠭᠤᠯᠬᠤ ᠨᠢ ᠪᠡᠶ᠎ᠠ | ᠮᠠᠬᠠᠪᠤᠳ ᠤᠨ ᠡᠯ᠎ᠠ ᠰᠢᠰᠲ᠋ᠧᠮ ᠤᠨ ᠴᠢᠳᠠᠯ ᠢ ᠴᠢᠩᠭᠠᠷᠠᠭᠤᠯᠵᠤ᠂ ᠵᠤᠬᠢᠴᠠᠩᠭᠤᠢ ᠴᠢᠨᠠᠷ ᠢ ᠪᠠᠳᠤᠯᠠᠨ᠎ᠠ᠂ ᠡᠬᠦᠨ ᠳᠤ | ᠲᠠᠷᠢᠬᠢᠨ ᠤ ᠡᠰ ᠤᠨ ᠪᠤᠯᠪᠠᠰᠤᠷᠠᠯ ᠴᠤ ᠪᠠᠭᠳᠠᠨ᠎ᠠ ᠭᠡᠵᠡᠢ᠃ ᠡᠬᠦᠨ ᠤ ᠲᠠᠭᠠᠤ ᠮᠡᠷᠭᠡᠵᠢᠯ ᠴᠢᠳᠠᠪᠤᠷᠢ ᠶᠢᠨ ᠴᠢᠨᠠᠷᠳᠠᠢ | ᠬᠦᠳᠡᠯᠭᠡᠭᠡᠨ ᠢ ᠰᠤᠩᠭᠤᠪᠠᠯ ᠶᠡᠭᠡ ᠲᠠᠷᠢᠬᠢᠨ ᠤ ᠡᠰ ᠲᠠᠰᠤᠷᠠᠯ ᠦᠭᠡᠢ ᠰᠡᠳᠬᠢᠳᠡᠭ ᠠᠴᠠ ᠮᠡᠳᠡᠷᠡᠯ ᠤᠨ ᠰᠢᠰᠲ᠋ᠧᠮ ᠤᠨ | ᠭᠠᠳᠠᠭᠠᠳᠤ ᠶᠢᠷᠳᠢᠨᠴᠤ ᠲᠠᠢ ᠤᠷᠪᠠᠯᠳᠤᠬᠤ ᠴᠢᠳᠠᠯ ᠳᠤ ᠰᠡᠳᠡᠯᠳᠡ ᠦᠭᠴᠤ᠂ ᠮᠠᠨ ᠤ ᠰᠡᠳᠬᠢᠬᠦ ᠴᠢᠳᠠᠪᠤᠷᠢ ᠶᠢ | ᠲᠡᠭᠡᠭᠰᠢᠯᠡᠬᠦᠯᠳᠡᠭ ᠲᠤᠯᠠ ᠡᠩ ᠤᠨ ᠦᠶ ᠠ ᠳᠤ ᠪᠦᠮᠪᠦᠭᠡᠨ ᠤ ᠲᠦᠷᠦᠯ ᠤᠨ ᠬᠦᠳᠡᠯᠭᠡᠭᠡᠨ ᠳᠤ ᠤᠷᠤᠯᠴᠠᠬᠤ ᠪᠤᠶᠤ | ᠤᠰᠤᠨ ᠳᠤ ᠤᠮᠪᠠᠭ᠋ᠤ ᠮᠡᠳᠦ ᠶᠢᠨ ᠬᠦᠳᠡᠯᠭᠡᠭᠡᠨ ᠢ ᠬᠢᠵᠤ ᠪᠠᠶᠢᠬᠤ ᠭᠡᠷᠡᠭᠳᠡᠢ᠃ | ᠨᠤᠮ ᠤᠡᠭᠰᠢᠬᠤ ᠲᠤᠷ᠎ᠠ ᠦᠭᠡᠢ ᠪᠤᠯ ᠦᠭᠡᠰ ᠤᠨ ᠰᠠᠩ ᠪᠢᠳᠠᠭᠤ ᠪᠤᠯᠳᠠᠬ | ︽ᠶᠠᠳᠠᠷᠠᠯ ᠲᠠᠢ ᠠᠮᠢᠳᠤᠷᠠᠯ᠂ ᠶᠠᠭᠠᠷᠠᠤ ᠠᠵᠢᠯ ᠳᠤ ᠨᠤᠮ ᠤᠡᠭᠰᠢᠬᠤ ᠵᠠᠪ ᠴᠢᠯᠦᠭᠡ ᠪᠠᠶᠢᠳᠠᠬ ᠦᠭᠡᠢ︾ | ᠭᠡᠵᠤ ᠬᠦᠮᠦᠰ ᠭᠡᠯᠡᠵᠡᠭᠡᠨᠠ᠃ ᠦᠨᠡᠨ ᠳᠡᠭᠡᠨ ᠨᠤᠮ ᠤᠡᠭᠰᠢᠬᠤ ᠨᠢ ᠤᠷᠤᠯᠠᠭᠤᠯᠵᠤ ᠪᠤᠯᠤᠰᠢ ᠦᠭᠡᠢ ᠤᠶᠤᠨ | ᠤᠬᠠᠭᠠᠨ ᠤ ᠲᠡᠵᠢᠭᠡᠯ ᠪᠤᠯᠬᠤ ᠲᠤᠯᠠ ᠶᠡᠭᠡ ᠲᠠᠷᠢᠬᠢᠨ ᠳᠤ ᠴᠤ ᠶᠡᠭᠡ ᠲᠤᠰᠠᠳᠠᠢ ᠪᠠᠶᠢᠳᠠᠬ᠃ ᠰᠤᠳᠤᠯᠭᠠᠨ ᠳᠤ | ᠬᠠᠷᠠᠭᠤᠯᠤᠬᠰᠠᠨ ᠢᠶᠠᠷ᠂ ᠬᠦᠮᠦᠰ ᠤᠨ ᠤᠡᠭᠰᠢᠯᠭ᠌ ᠠ ᠶᠢᠨ ᠶᠠᠪᠤᠴᠠ ᠳᠤ ᠴᠢᠰᠤ ᠨᠢ ᠶᠡᠭᠡ ᠲᠠᠷᠢᠬᠢᠨ ᠤ | ᠬᠠᠮᠢᠶᠠᠷᠤᠯᠳᠠ ᠶᠢᠨ ᠲᠤᠭᠤᠷᠢᠬ ᠠᠴᠠ ᠭᠠᠳᠠᠨᠠᠬᠢ ᠭᠡᠰᠡᠭ ᠲᠤ ᠤᠷᠤᠳᠠᠬ ᠠᠴᠠ ᠬᠦᠮᠦᠰ ᠤᠨ ᠰᠡᠳᠬᠢᠯ ᠰᠠᠨᠠᠭ᠎ᠠ ᠪᠠᠨ | ᠲᠦᠪᠯᠡᠷᠡᠬᠦᠯᠦᠨ ᠰᠤᠷᠤᠯᠴᠠᠬᠤ ᠳᠤ ᠠᠰᠢᠬᠳᠠᠢ ᠪᠠᠶᠢᠳᠠᠬ᠃ ᠭᠡᠳᠡᠯ᠎ᠠ ᠲᠧᠯᠸᠢᠰ ᠦᠵᠡᠬᠦ ᠪᠤᠶᠤ ᠺᠤᠮᠫᠢᠦ᠋ᠲ᠋ᠧᠷ ᠳᠡᠭᠡᠷ᠎ᠡ | ᠨᠠᠭᠠᠳᠬᠤ ᠦᠶᠡᠰ ᠶᠡᠭᠡ ᠲᠠᠷᠢᠬᠢᠨ ᠤ ᠬᠦᠭᠵᠢᠶᠡᠨᠳᠦ ᠦᠢᠯᠡᠴᠢᠯᠡᠭᠡ ᠪᠤᠢ ᠪᠤᠯᠳᠠᠬ ᠦᠭᠡᠢ᠃ ᠡᠶᠢᠮᠦ ᠠᠴᠠ ᠨᠤᠮ | ᠤᠡᠭᠰᠢᠬᠤ ᠲᠤᠷᠠᠳᠠᠢ ᠬᠦᠮᠦᠨ ᠨᠡᠩ ᠢᠳᠡᠷᠡᠭᠦᠨ ᠰᠤᠷᠤᠯᠴᠠᠬᠤ ᠴᠢᠳᠠᠪᠤᠷᠢ ᠪᠠ ᠨᠡᠪᠳᠡᠷᠡᠯᠴᠡᠨ ᠢᠯᠡᠳᠭᠡᠬᠦ | ᠴᠢᠳᠠᠪᠤᠷᠢ ᠲᠠᠢ ᠪᠠᠶᠢᠳᠠᠬ᠃ | ᠲᠠᠬᠢᠨ ᠲᠠᠪᠳᠠᠨ ᠰᠤᠷᠤᠯᠴᠠᠪᠠᠯ ᠶᠡᠭᠡ ᠲᠠᠷᠢᠬᠢ ᠰᠤᠷᠤᠯᠴᠠᠬᠤ ᠲᠤᠳᠤᠮ ᠴᠢᠩᠭᠠᠷᠠᠳᠠᠬ | ᠶᠡᠷᠦ ᠶᠢᠨ ᠦᠭᠡᠨ ᠳᠤ᠄ ︽ᠶᠡᠭᠡ ᠲᠠᠷᠢᠬᠢ ᠶᠢ ᠭᠡᠷᠡᠭᠯᠡᠬᠦ ᠲᠤᠳᠤᠮ ᠰᠡᠷᠬᠦᠯᠡᠩ ᠪᠤᠯᠳᠠᠬ︾ ᠭᠡᠳᠡᠭ᠃ ᠶᠡᠭᠡ | ᠲᠠᠷᠢᠬᠢ ᠪᠠᠨ ᠭᠡᠷᠡᠭᠯᠡᠬᠦ ᠲᠤᠳᠤᠮ ᠴᠢᠩᠭᠠᠷᠠᠭᠤᠯᠤᠶ᠎ᠠ ᠭᠡᠪᠡᠯ ᠲᠠᠰᠤᠷᠠᠯ ᠦᠭᠡᠢ ᠰᠤᠷᠤᠯᠴᠠᠬᠤ ᠨᠢ ᠮᠠᠰᠢ ᠰᠠᠶᠢᠨ ᠠᠷᠭ᠎ᠠ | ᠶᠤᠮ᠃ ᠵᠠᠯᠠᠭᠤ ᠪᠠᠭ᠎ᠠ ᠨᠠᠰᠤ ᠪᠤᠯ ᠬᠦᠮᠦᠨ ᠲᠦᠷᠦᠯᠬᠢᠳᠡᠨ ᠤ ᠮᠡᠷᠭᠡᠵᠢᠯ ᠴᠢᠳᠠᠪᠤᠷᠢ ᠪᠠᠨ ᠦᠷᠭᠡᠳᠭᠡᠵᠤ | ᠰᠤᠷᠤᠯᠴᠠᠯᠭ᠎ᠠ ᠪᠠᠨ ᠤᠯᠠᠮ ᠬᠦᠨᠵᠡᠬᠡᠶᠢᠷᠡᠬᠦᠯᠬᠦ ᠶᠢᠨ ︽ᠵᠠᠩᠬᠢᠯᠠᠭ᠎ᠠ ᠶᠢᠨ ᠦᠶ᠎ᠠ︾ ᠪᠤᠯᠬᠤᠷ ᠶᠡᠭᠡ ᠲᠠᠷᠢᠬᠢᠨ ᠳᠠᠬᠢ | ᠦᠷᠢᠰᠦᠯᠳᠦᠭᠡᠨ ᠤᠯᠠᠮ ᠬᠦᠴᠦᠷᠭᠡᠭᠵᠢᠨ᠂ ᠲᠤᠷᠤᠢ ᠪᠠᠭᠤᠷᠠᠢ ᠨᠢ ᠤᠯᠠᠮ ᠲᠤᠷᠦ᠋ᠢᠳᠠᠬᠤ ᠪᠠᠶᠢᠳᠠᠯ ᠢᠯᠡᠷᠡᠳᠡᠭ᠃ | ᠶᠡᠭᠡ ᠲᠠᠷᠢᠬᠢ ᠨᠢ ᠬᠦᠮᠦᠨ ᠢ ᠰᠤᠴᠢᠭᠠᠮ᠎ᠠ ᠭᠡᠪᠰᠢᠮᠡᠭᠡᠢ ᠴᠢᠨᠠᠷᠳᠠᠢ ᠪᠤᠯᠬᠤᠷ ᠨᠠᠰᠤᠨ ᠳᠤ ᠬᠦᠷᠦᠭᠡᠳ ᠰᠢᠨ᠎ᠠ ᠮᠡᠷᠭᠡᠵᠢᠯ | ᠴᠢᠳᠠᠪᠤᠷᠢ ᠰᠤᠷᠬᠤ ᠳᠤ ᠨᠡᠯᠢᠶᠠᠳ ᠪᠡᠷᠭᠡ ᠪᠤᠯᠤᠬᠰᠠᠨ ᠴᠤ ᠲᠠᠬᠢᠨ ᠲᠠᠪᠳᠠᠨ ᠰᠤᠷᠤᠯᠴᠠᠵᠤ ᠪᠤᠯᠪᠠᠰᠤᠷᠠᠪᠠᠯ ᠶᠡᠭᠡ | ᠲᠡᠷᠢᠬᠢ ᠨᠢ ᠮᠦᠨ ᠯᠡ ᠭᠠᠶᠢᠬᠠᠮᠰᠢᠬ ᠢ ᠡᠭᠦᠳᠦᠨ ᠪᠦᠳᠦᠭᠡᠵᠤ ᠴᠢᠳᠠᠬᠤ ᠶᠤᠮ᠃ | ᠬᠦᠮᠦᠨ ᠰᠤᠷᠤᠯᠴᠠᠬᠤ ᠶᠠᠪᠤᠴᠠ ᠳᠠᠭᠠᠨ ᠵᠢᠮ᠎ᠡ ᠶᠤᠰᠤ ᠶᠢ ᠨᠢ ᠡᠵᠡᠮᠰᠢᠵᠤ ᠴᠢᠳᠠᠪᠠᠯ ᠲᠦᠷᠭᠡᠨ ᠰᠤᠷᠴᠤ | ᠴᠢᠳᠠᠳᠠᠬ ᠲᠠᠢ ᠠᠳᠠᠯᠢ ᠪᠠᠷ ᠶᠡᠭᠡ ᠲᠠᠷᠢᠬᠢ ᠨᠢ ᠮᠡᠳᠡᠭᠡ ᠵᠠᠩᠭᠢ ᠶᠢᠨ ᠰᠠᠳᠡᠯᠳᠡ ᠶᠢ ᠲᠠᠰᠤᠷᠠᠯ ᠦᠭᠡᠢ ᠬᠦᠯᠢᠶᠡᠵᠤ | ᠪᠠᠶᠢᠪᠠᠯ ᠠᠶᠠᠨᠳᠠᠭᠠᠨ ᠬᠦᠭᠵᠢᠯᠳᠡ ᠪᠠᠨ ᠤᠯᠳᠠᠬ᠃ ᠭᠡᠳᠡᠯ ᠠ ᠲᠠᠬᠢᠨ ᠲᠠᠪᠳᠠᠨ ᠰᠤᠷᠤᠯᠴᠠᠬᠤ ᠭᠡᠳᠡᠭ ᠨᠢ | ᠲᠠᠷᠢᠬᠢ ᠪᠠᠨ ᠭᠡᠳᠦᠷᠡᠳᠡᠯ᠎ᠠ ᠭᠡᠷᠡᠭᠯᠡᠬᠦ ᠶᠠᠪᠤᠳᠠᠯ ᠪᠢᠰᠢ᠂ ᠬᠠᠷᠢᠨ ᠲᠠᠷᠢᠬᠢ ᠪᠠᠨ ᠰᠢᠨᠵᠢᠯᠡᠬᠦ ᠤᠬᠠᠭᠠᠨᠴᠢ ᠪᠠᠷ ᠭᠡᠷᠡᠭᠯᠡᠵᠤ | ᠰᠤᠷᠬᠤ ᠶᠢ ᠭᠡᠯᠡᠵᠤ ᠪᠤᠢ᠃ | | |