| | ᠤᠢᠢᠷ᠎ᠠ ᠳᠤ᠂ ᠠᠷᠤ ᠬᠤᠷᠴᠢᠨ ᠬᠤᠰᠢᠭᠤᠨ ᠤ ᠰᠢᠨ᠎ᠡ ᠬᠤᠲᠠ ᠲᠤᠭᠤᠷᠢᠭ ᠤᠨ ᠲᠠᠮᠢᠷ ᠤᠨ ᠤᠷᠳᠤᠨ ᠳᠤ᠂ | ᠤᠯᠠᠭᠠᠨᠬᠠᠳᠠ ᠬᠤᠲᠠ ᠶᠢᠨ ᠭᠡᠷᠡᠯ ᠵᠢᠷᠤᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠬᠤ᠋ ᠭᠦᠸᠧ ᡁᠢ | ᠠᠪᠤᠭᠠᠢ ᠶᠢᠨ ︽ᠮᠠᠨᠵᠤ ᠶᠢᠨ ᠮᠠᠩᠬᠠᠨ ᠪᠠᠭᠤᠴᠠ︾ ᠭᠡᠷᠡᠯ ᠵᠢᠷᠤᠭ ᠤᠨ ᠲᠤᠰᠬᠠᠢ ᠪᠦᠲᠦᠭᠡᠯ ᠤᠨ ᠦᠵᠡᠭᠦᠯᠦᠯᠭᠡ | ᠶᠠᠪᠤᠭᠳᠠᠬᠰᠠᠨ ᠪᠠᠶᠢᠨ᠎ᠠ᠃ ᠲᠤᠰ ᠤᠳᠠᠭᠠᠨ ᠤ ᠦᠵᠡᠭᠦᠯᠦᠯᠭᠡ ᠶᠢ ᠠᠷᠤ ᠬᠤᠷᠴᠢᠨ ᠬᠤᠰᠢᠭᠤᠨ ᠤ ᠭᠡᠷᠡᠯ | ᠵᠢᠷᠤᠭᠴᠢᠳ ᠤᠨ ᠨᠡᠶᠢᠭᠡᠮᠯᠢᠭ᠂ ᠠᠷᠤ ᠬᠤᠷᠴᠢᠨ ᠬᠤᠰᠢᠭᠤᠨ ᠤ ᠮᠠᠨᠵᠤ ᠦᠨᠳᠦᠰᠦᠲᠡᠨ ᠤ ᠰᠤᠶᠤᠯ ᠤᠨ | ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠪᠡ᠃ | ᠦᠵᠡᠭᠦᠯᠦᠯᠭᠡ ᠳᠤ ᠠᠷᠤ ᠬᠤᠷᠴᠢᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠠᠷᠤ ᠬᠤᠷᠴᠢᠨ ᠬᠤᠰᠢᠭᠤᠨ ᠤ ᠮᠠᠨᠵᠤ ᠦᠨᠳᠦᠰᠦᠲᠡᠨ ᠤ ᠰᠤᠶᠤᠯ ᠤᠨ ᠨᠡᠶᠢᠭᠡᠮᠯᠢᠭ᠂ | ᠠᠷᠤ ᠬᠤᠷᠴᠢᠨ ᠬᠤᠰᠢᠭᠤᠨ ᠤ ᠭᠡᠷᠡᠯ ᠵᠢᠷᠤᠭᠴᠢᠳ ᠤᠨ ᠨᠡᠶᠢᠭᠡᠮᠯᠢᠭ᠂ ᠵᠢᠭᠠᠰᠤᠲᠠᠢ ᠪᠠᠯᠭᠠᠰᠤ ᠶᠢᠨ ᠨᠠᠮ ᠤᠨ | ᠬᠤᠷᠢᠶ᠎ᠠ ᠵᠡᠷᠭᠡ ᠶᠢᠨ ᠬᠠᠷᠢᠭᠤᠴᠠᠯᠭᠠᠳᠠᠨ ᠪᠠ ᠵᠢᠭᠠᠰᠤᠲᠠᠢ ᠪᠠᠯᠭᠠᠰᠤ ᠶᠢᠨ ᠬᠡᠰᠡᠭ ᠮᠠᠨᠵᠤ ᠦᠨᠳᠦᠰᠦᠲᠡᠨ᠂ ᠭᠡᠷᠡᠯ | ᠵᠢᠷᠤᠭ ᠤᠨ ᠳᠤᠷ᠎ᠠ ᠪᠠᠭ᠋ᠠᠲᠠᠳ ᠵᠡᠷᠭᠡ ᠵᠠᠭᠤ ᠭᠠᠷᠤᠢ ᠬᠦᠮᠦᠨ ᠤᠷᠤᠯᠴᠠᠪᠠ᠃ | ᠲᠤᠰ ᠤᠳᠠᠭᠠᠨ ᠤ ᠦᠵᠡᠬᠦᠯᠦᠯᠭᠡ ᠳᠤ ᠬᠤ᠋ ᠭᠦᠸᠧ ᡁᠢ ᠠᠪᠤᠭᠠᠢ ᠵᠢᠭᠠᠰᠤᠲᠠᠢ ᠪᠠᠯᠭᠠᠰᠤ ᠶᠢᠨ ᠮᠠᠨᠵᠤ | ᠦᠨᠳᠦᠰᠦᠲᠡᠨ ᠤ ᠠᠵᠤ ᠠᠮᠢᠳᠤᠷᠠᠯ ᠢ ᠲᠤᠰᠬᠠᠭᠰᠠᠨ ᠤᠬᠢ ᠰᠢᠯᠢᠳᠡᠭ 30 ᠪᠦᠲᠦᠭᠡᠯ ᠢᠶᠠᠨ ᠰᠤᠩᠭᠤᠵᠤ ᠳᠡᠯᠭᠡᠨ | ᠦᠵᠡᠭᠦᠯᠵᠠᠢ᠃ ᠤᠢᠢᠯᠠᠭᠠᠬᠰᠠᠨ ᠢᠶᠠᠷ᠂ ᠵᠢᠭᠠᠰᠤᠲᠠᠢ ᠳᠠᠬᠢ ᠮᠠᠨᠵᠤ ᠦᠨᠳᠦᠰᠦᠲᠡᠨ ᠪᠤᠯ ᠠᠷᠤ ᠬᠤᠷᠴᠢᠨ | ᠬᠤᠰᠢᠭᠤᠨ ᠤ ᠨᠤᠶᠠᠳ ᠲᠠᠢ ᠤᠷᠤᠭ ᠬᠤᠯᠪᠤᠭᠰᠠᠨ ᠴᠢᠩ ᠤᠯᠤᠰ ᠤᠨ ᠲᠤᠯᠭᠤᠷ ᠲᠦᠷᠦ ᠶᠢ ᠪᠠᠶᠢᠭᠤᠯᠤᠭᠰᠠᠨ | ᠨᠤᠷᠬᠠᠴᠢ ᠶᠢᠨ ᠳᠡᠭᠦᠦ ᠱᠤᠷᠬᠠᠴᠢ ᠶᠢᠨ ᠭᠡᠷ ᠠᠶᠢᠮᠠᠭ ᠤᠨ ᠳᠦᠷᠪᠡᠨ ᠭᠡᠭᠡ ︵ᠭᠦᠩᠵᠦ︶ ᠶᠢᠨ ᠨᠢᠭᠡ ᠪᠤᠯᠬᠤ ᠰᠢᠶᠠᠨ | ᠵᠢᠶᠦ᠋ᠨ ᠭᠡᠭᠡ ᠶᠢ ᠳᠠᠭᠠᠵᠤ ᠢᠷᠡᠭᠰᠡᠨ ︵1669 ᠤᠨ ᠤ 9 ᠰᠠᠷ᠎ᠠ ᠳᠤ︶ ᠮᠠᠨᠵᠤ ᠦᠨᠳᠦᠰᠦᠲᠡᠨ ᠤ ᠬᠤᠶᠢᠴᠢᠰ | ᠪᠤᠯᠬᠤ ᠪᠦᠭᠡᠳ ᠲᠡᠳᠡ ᠰᠢᠶᠠᠨ ᠵᠢᠶᠦ᠋ᠨ ᠭᠡᠭᠡ ︵ᠪᠠᠳᠮ᠎ᠠ ᠲᠠᠶᠢᠵᠢ ᠶᠢᠨ ᠮᠠᠨᠵᠤ ᠬᠠᠲᠤᠨ︶ ᠶᠢᠨ ᠤᠩᠭᠤᠨ ᠢ ᠦᠶ᠎ᠡ | ᠤᠯᠠᠷᠢᠨ ᠰᠠᠬᠢᠭᠠᠳ ᠨᠢᠭᠡᠨᠲᠡ 300 ᠭᠠᠷᠤᠢ ᠵᠢᠯ ᠪᠤᠯᠵᠤ ᠡᠳᠦᠭᠡ ᠨᠢᠭᠡᠨᠲᠡ ᠮᠤᠩᠭᠤᠯ ᠦᠨᠳᠦᠰᠦᠲᠡᠨ ᠲᠠᠢ | ᠠᠭᠤᠰᠤᠯᠴᠠᠨ ᠦᠭᠡ ᠬᠡᠯᠡ ᠦᠰᠦᠭ ᠪᠢᠴᠢᠭ᠂ ᠬᠤᠪᠴᠠᠰᠤ ᠵᠠᠰᠠᠯ ᠵᠠᠩ ᠳᠠᠳᠬᠠᠯ ᠵᠡᠷᠭᠡ ᠨᠢ ᠨᠢᠭᠡᠨᠲᠡ ᠮᠤᠩᠭᠤᠯ | ᠪᠤᠯᠤᠨ ᠬᠤᠪᠢᠷᠠᠵᠠᠢ᠃ ᠲᠡᠳᠡᠨ ᠢ ᠪᠠᠰᠠ ᠦᠪᠦᠷ ᠮᠠᠨᠵᠤ ᠭᠡᠳᠡᠭ᠃ | ᠭᠡᠷᠡᠯ ᠵᠢᠷᠤᠭᠴᠢᠨ ᠬᠤ᠋ ᠭᠦᠸᠧ ᡁᠢ 2013 ᠤᠨ ᠠᠴᠠ ᠵᠢᠭᠠᠰᠤᠲᠠᠢ ᠪᠠᠯᠭᠠᠰᠤ ᠶᠢᠨ ᠮᠠᠨᠵᠤ | ᠦᠨᠳᠦᠰᠦᠲᠡᠨ ᠤ ᠠᠶᠢᠯ ᠰᠠᠭᠤᠷᠢᠰᠢᠯ ᠢᠶᠠᠷ ᠠᠷᠪᠠ ᠭᠠᠷᠤᠢ ᠤᠳᠠᠭ᠎ᠠ ᠬᠦᠷᠴᠤ ᠮᠠᠨᠵᠤ ᠦᠨᠳᠦᠰᠦᠲᠡᠨ᠂ ᠮᠤᠩᠭᠤᠯ | ᠦᠨᠳᠦᠰᠦᠲᠡᠨ ᠤ ᠠᠵᠤ ᠠᠮᠢᠳᠤᠷᠠᠯ ᠢ ᠤᠢᠢᠯᠠᠭᠠᠵᠤ ᠭᠦᠨᠵᠡᠭᠡᠶᠢᠷᠡᠨ ᠮᠠᠨᠵᠤ ᠮᠤᠩᠭᠤᠯ ᠦᠨᠳᠦᠰᠦᠲᠡᠨ ᠤ ᠠᠵᠤ | ᠠᠮᠢᠳᠤᠷᠠᠯ᠂ ᠨᠡᠶᠢᠭᠡᠮ ᠤᠷᠴᠢᠨ᠂ ᠭᠡᠷ ᠪᠠᠷᠢᠯᠭ᠎ᠠ᠂ ᠨᠠᠶᠢᠷ ᠨᠠᠭᠠᠳᠤᠮ᠂ ᠡᠳ᠋ᠯᠡᠯ ᠬᠡᠷᠡᠭᠰᠡᠯ᠂ ᠵᠠᠩ ᠠᠭᠠᠯᠢ ᠵᠡᠷᠭᠡ | ᠤᠯᠠᠨ ᠲᠠᠯ᠎ᠠ ᠦᠷᠬᠡᠨ ᠬᠠᠷᠠᠭᠠᠰᠤ ᠠᠴᠠ ᠰᠡᠭᠦᠳᠡᠷᠯᠡᠨ ᠮᠡᠳᠡᠭᠡᠯᠡᠵᠡᠢ᠃ 2016 ᠤᠨ ᠳᠤ ᠲᠡᠭᠦᠨ ᠤ ︽ | ᠮᠠᠨᠵᠤ ᠶᠢᠨ ᠮᠠᠩᠬᠠᠨ ᠪᠠᠭᠤᠴᠠ︾ ᠭᠡᠬᠦ 30 ᠬᠤᠪᠢ ᠰᠡᠭᠦᠳᠡᠷ ᠨᠢ ᠳᠤᠮᠳᠠᠳᠤ ᠤᠯᠤᠰ ᠤᠨ ᠦᠨᠳᠦᠰᠦᠲᠡᠨ ᠤ | ᠮᠦᠵᠠᠢ ᠳᠤ ᠬᠠᠳᠠᠭᠠᠯᠠᠭᠳᠠᠨ᠂ 2017 ᠤᠨ ᠳᠤ ︽ᠮᠠᠨᠵᠤ ᠶᠢᠨ ᠮᠠᠩᠬᠠᠨ ᠪᠠᠭᠤᠴᠠ ︾ ᠬᠡᠬᠦ ᠭᠡᠷᠡᠯ ᠵᠢᠷᠤᠭ ᠤᠨ | ᠪᠦᠲᠦᠭᠡᠯ ᠨᠢ ᠳᠤᠮᠳᠠᠳᠤ ᠤᠯᠤᠰ ᠤᠨ ᠭᠠᠷᠤᠳᠢ ᠭᠡᠷᠡᠯ ᠵᠢᠷᠤᠭ ᠤᠨ ᠬᠤᠤᠰ ᠵᠢᠯ ᠤᠨ ᠳᠡᠯᠭᠡᠨ ᠦᠵᠡᠭᠦᠯᠦᠯᠭᠡ ᠶᠢᠨ | ᠬᠠᠮᠤᠭ ᠦᠨᠳᠦᠷ ︽ᠠᠯᠲᠠᠨ ᠭᠠᠷᠤᠳᠢ︾ ᠱᠠᠩᠨᠠᠯ ᠢ ᠲᠤᠰᠪᠠ᠃ | ᠭᠡᠷᠡᠯ ᠵᠢᠷᠤᠭᠴᠢᠨ ᠬᠤ᠋ ᠭᠦᠸᠧ ᡁᠢ᠂ ᠬᠢᠲᠠᠳ ᠦᠨᠳᠦᠰᠦᠲᠡᠨ᠂ 1964 ᠤᠨ ᠳᠤ ᠲᠦᠷᠦᠪᠡ᠃ | ᠳᠤᠮᠳᠠᠳᠤ ᠤᠯᠤᠰ ᠤᠨ ᠭᠡᠷᠡᠯ ᠵᠢᠷᠤᠭᠴᠢᠳ ᠤᠨ ᠨᠡᠶᠢᠭᠡᠮᠯᠢᠭ ᠤᠨ ᠭᠡᠰᠢᠭᠦᠨ᠂ ᠦᠪᠦᠷ ᠮᠤᠩᠭᠤᠯ ᠤᠨ ᠤᠯᠠᠭᠠᠨᠬᠠᠳᠠ | ᠬᠤᠲᠠ ᠶᠢᠨ ᠰᠤᠶᠤᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠰᠢᠰᠲ᠋ᠧᠮ ᠤᠨ ᠲᠤᠰᠬᠠᠢ ᠲᠤᠰᠢᠶᠠᠯᠲᠤ ᠭᠡᠷᠡᠯ | ᠵᠢᠷᠤᠭᠴᠢᠨ᠂ ᠤᠯᠠᠭᠠᠨᠬᠠᠳᠠ ᠬᠤᠲᠠ ᠶᠢᠨ ᠭᠡᠷᠡᠯ ᠵᠢᠷᠤᠭᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ ᠵᠡᠷᠭᠡ | ᠨᠡᠶᠢᠭᠡᠮ ᠤᠨ ᠲᠤᠰᠢᠶᠠᠯ ᠢ ᠬᠠᠷᠢᠭᠤᠴᠠᠵᠤ ᠪᠤᠢ᠃ 2012 ᠤᠨ ᠠᠴᠠ ᠤᠳᠤ ᠪᠤᠯᠳᠠᠯ᠎ᠠ ᠲᠡᠭᠦᠨ ᠤ ᠭᠡᠷᠡᠯ | ᠵᠢᠷᠤᠭ ᠤᠨ ᠪᠦᠲᠦᠭᠡᠯ ᠨᠢ ᠤᠯᠤᠰ ᠮᠤᠵᠢ ᠤᠷᠤᠨ ᠬᠤᠲᠠ ᠶᠢᠨ ᠶᠡᠭᠡ ᠪᠠᠭ᠎ᠠ ᠭᠡᠷᠡᠯ ᠵᠢᠷᠤᠭ ᠤᠨ ᠦᠵᠡᠭᠦᠯᠦᠯᠭᠡ ᠳᠤ | ᠠᠷᠪᠠ ᠭᠠᠷᠤᠢ ᠤᠳᠠᠭ᠎ᠠ ᠲᠡᠷᠢᠭᠦᠨ ᠱᠠᠩᠨᠠᠯ ᠲᠤᠰᠴᠠᠢ᠃ | |