︽ᠶᠤᠨᠳᠤᠨ ᠤ ᠵᠤᠬᠢᠶᠠᠯ ᠤᠨ ᠲᠡᠭᠦᠪᠦᠷᠢ︾  ᠶᠢᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2018-03-16
        ︽ᠶᠤᠨᠳᠤᠨ ᠤ ᠵᠤᠬᠢᠶᠠᠯ ᠤᠨ ᠲᠡᠭᠦᠪᠦᠷᠢ︾ ︵ᠵᠢᠷᠭᠤᠭᠠᠨ ᠪᠤᠳᠢ︶ ᠪᠤᠯ ᠮᠠᠨ ᠤ ᠤᠷᠤᠨ ᠤ ᠰᠤᠨᠢᠨ ᠮᠡᠳᠡᠭᠡᠨ ᠤ ᠠᠬᠠᠮᠠᠳ ᠠᠵᠢᠯᠲᠠᠨ ᠶᠤᠨᠳᠤᠨ ᠨᠦᠬᠦᠷ ᠤᠨ 50 ᠭᠠᠷᠤᠢ ᠵᠢᠯ ᠤᠨ ᠬᠤᠭᠤᠴᠠᠭᠠᠨ ᠳᠤ ᠪᠢᠴᠢᠭᠰᠡᠨ ᠵᠤᠬᠢᠶᠠᠯ ᠪᠦᠲᠦᠭᠡᠯ ᠤᠨ ᠡᠮᠬᠢᠳᠬᠡᠯ ᠮᠦᠨ᠃ ᠲᠤᠰ ᠲᠡᠭᠦᠪᠦᠷᠢ ᠨᠢ ᠮᠠᠨ ᠤ ᠤᠷᠤᠨ ᠤ ᠰᠤᠨᠢᠨ ᠮᠡᠳᠡᠭᠡᠨ ᠤ ᠠᠵᠢᠯᠲᠠᠨ ᠤ ᠪᠢᠴᠢᠭᠰᠡᠨ ᠠᠩᠬᠠᠳᠠᠭᠴᠢ ᠰᠤᠨᠢᠨ ᠮᠡᠳᠡᠭᠡᠨ ᠤ ᠲᠡᠭᠦᠪᠦᠷᠢ ᠪᠤᠯᠤᠭᠰᠠᠨ ᠢᠶᠠᠷ ᠢᠶᠠᠨ ᠤᠨᠴᠠᠯᠠᠭᠳᠠᠬᠤ ᠪᠦᠭᠡᠳ ︽ᠰᠤᠨᠢᠨ ᠮᠡᠳᠡᠭᠡᠨ ᠤ ᠰᠤᠳᠤᠯᠤᠯ ᠤᠨ ᠡᠷᠳᠡᠨᠢ ᠰᠢᠭᠦᠮᠡᠭ︾᠂ ︽ᠰᠤᠨᠢᠨ ᠮᠡᠳᠡᠭᠡᠨ ᠤ ᠦᠨᠡᠯᠡᠮᠵᠢ︾᠂ ︽ᠮᠤᠩᠭᠤᠯ ᠰᠤᠳᠤᠯᠤᠯ ᠤᠨ ᠡᠷᠳᠡᠨᠢ ᠰᠢᠭᠦᠮᠡᠭ︾᠂ ︽ᠵᠠᠭᠤᠨ ᠵᠢᠯ ᠤᠨ ᠮᠤᠩᠭᠤᠯ ᠰᠤᠳᠤᠯᠤᠯ︾᠂ ︽ᠰᠢᠨᠵᠢᠯᠡᠬᠦ ᠤᠬᠠᠭᠠᠨ ᠢ ᠳᠡᠯᠭᠡᠷᠡᠭᠦᠯᠬᠦᠢ︾᠂ ︽ᠤᠳᠬ᠎ᠠ ᠵᠤᠬᠢᠶᠠᠯ᠂ ᠤᠷᠴᠢᠭᠤᠯᠭ᠎ᠠ᠂ ᠮᠢᠨᠦ ᠬᠡᠯᠡᠭᠰᠡᠨ ᠪᠠ ᠨᠠᠮᠠᠶᠢ ᠬᠡᠯᠡᠭᠰᠡᠨ︾ ᠵᠡᠷᠭᠡ 6 ᠪᠤᠳᠢ ᠪᠠᠷ ᠪᠦᠷᠢᠯᠳᠦᠵᠦ᠂ 2000 ᠭᠠᠷᠤᠢ ᠵᠤᠬᠢᠶᠠᠯ᠂ 400 ᠭᠠᠷᠤᠢ ᠬᠠᠪᠰᠤᠷᠤᠯᠲᠠ ᠵᠢᠷᠤᠭ᠂ 353 ᠲᠦᠮᠡᠨ ᠦᠭᠡ ᠪᠦᠬᠦᠢ ᠲᠤᠮᠤᠬᠠᠨ ᠪᠦᠲᠦᠭᠡᠯ ᠪᠤᠯᠵᠠᠢ᠃        ᠵᠤᠬᠢᠶᠠᠭᠴᠢ ᠶᠤᠨᠳᠤᠨ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶᠠᠨ ᠳᠤ 35 ᠵᠢᠯ ᠠᠵᠢᠯᠯᠠᠵᠤ ᠂ ᠰᠤᠨᠢᠨ ᠮᠡᠳᠡᠭᠡᠨ ᠤ ᠠᠵᠢᠯ ᠳᠤ ᠤᠳᠠᠭᠠᠨ ᠵᠢᠯ ᠵᠢᠳᠬᠦᠨ ᠠᠵᠢᠯᠯᠠᠭᠰᠠᠨ ᠤ ᠪᠠᠨ ᠬᠠᠷᠢᠭᠤ ︽ᠤᠯᠠᠭᠠᠨᠬᠦᠦ ᠶᠢᠨ ᠮᠤᠩᠭᠤᠯ ᠬᠡᠯᠡ ᠪᠢᠴᠢᠭ ᠤᠨ ᠱᠠᠩᠨᠠᠯ︾ ᠵᠡᠷᠭᠡ ᠱᠠᠩᠨᠠᠯ ᠬᠦᠬᠢᠭᠦᠯᠦᠯ ᠬᠦᠷᠲᠡᠵᠦ ᠶᠠᠪᠤᠵᠠᠢ᠃        ᠤᠩᠰᠢᠭᠴᠢᠳ ᠲᠤ ᠨᠢᠭᠤᠷ ᠵᠤᠯᠭᠠᠵᠤ ᠪᠤᠢ ᠲᠤᠰ ᠪᠦᠲᠦᠭᠡᠯ ᠠᠴᠠ ᠪᠢᠳᠡ ᠮᠠᠨ ᠤ ᠤᠷᠤᠨ ᠤ ᠮᠤᠩᠭᠤᠯ ᠰᠤᠨᠢᠨ ᠮᠡᠳᠡᠭᠡᠨ ᠤ ᠠᠵᠢᠯ ᠤᠨ ᠲᠡᠦᠬᠡᠨ ᠵᠠᠮᠨᠠᠯ᠂ ᠮᠤᠩᠭᠤᠯ ᠬᠡᠯᠡ ᠪᠢᠴᠢᠭ ᠤᠨ ᠠᠵᠢᠯ ᠤᠨ ᠲᠡᠦᠬᠡᠨ ᠲᠦᠢᠮᠦ ᠲᠠᠢ ᠲᠤᠳᠤᠷᠬᠠᠢ ᠬᠡᠮᠵᠢᠶᠡᠨ ᠳᠤ ᠲᠠᠨᠢᠯᠴᠠᠨ ᠭᠦᠨᠵᠡᠭᠡᠢ ᠤᠶᠢᠯᠠᠭᠠᠯᠲᠠ ᠠᠪᠴᠤ ᠪᠤᠯᠤᠨ᠎ᠠ᠃
 
ᠢᠷᠡᠯᠲᠡ᠄ ᠮᠤᠩᠭᠤᠯ ᠬᠡᠯᠡ ᠪᠢᠴᠢᠭ ᠰᠡᠳᠬᠦᠯ ᠤᠨ 2018 ᠤᠨ ᠤ ᠭᠤᠷᠪᠠᠳᠤᠭᠠᠷ ᠬᠤᠭᠤᠴᠠᠭ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号