| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ | ᠰᠢᠯᠭᠠᠯᠲᠠ ᠶᠢᠨ ᠲᠥᠪ ᠤᠨ 20 ᠤ ᠡᠳᠦᠷ ᠤᠨ ᠠᠯᠪᠠᠨ ᠤ ᠲᠠᠯ᠎ᠠ ᠶᠢᠨ ᠪᠢᠴᠢᠯ ᠪᠯᠤᠭ ᠳᠡᠭᠡᠷ᠎ᠡ ᠨᠡᠶᠢᠲᠡᠯᠡᠭᠰᠡᠨ ᠢᠶᠠᠷ᠂ | 2018 ᠣᠨ ᠳᠤ ᠤᠯᠤᠰ ᠤᠨ ᠲᠤᠰᠬᠠᠶ ᠲᠥᠯᠥᠪᠯᠡᠭᠡ᠂ ᠣᠷᠣᠨ ᠨᠤᠲᠤᠭ ᠤᠨ ᠲᠤᠰᠬᠠᠶ ᠲᠥᠯᠥᠪᠯᠡᠭᠡ ᠪᠠ ᠶᠡᠭᠡ ᠳᠡᠭᠡᠳᠦ | ᠰᠤᠷᠭᠠᠭᠤᠯᠢ ᠶᠢᠨ ᠲᠤᠰᠬᠠᠶ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠡᠭᠦᠨ ᠳᠤ᠄ ᠶᠡᠭᠡ ᠳᠡᠭᠡᠳᠦ | ᠰᠤᠷᠭᠠᠭᠤᠯᠢ ᠶᠢᠨ ᠲᠤᠰᠬᠠᠶ ᠲᠥᠯᠥᠪᠯᠡᠭᠡ ᠳᠤ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯᠲᠡᠢ᠂ ᠦᠨᠳᠦᠰᠦᠲᠡᠨ ᠤ | ᠭᠠᠵᠠᠷ ᠣᠷᠣᠨ ᠤ ᠬᠤᠰᠢᠭᠤ ︵ᠰᠢᠶᠠᠨ᠂ ᠬᠤᠳᠠ︶ ᠠᠴᠠ ᠳᠣᠷᠣᠭᠰᠢᠬᠢ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠢᠷᠭᠠᠭᠤ ᠴᠢᠷᠮᠠᠶᠢᠨ ᠰᠤᠷᠤᠯᠴᠠᠳᠠᠭ᠂ ᠬᠢᠷᠢ ᠪᠦᠲᠦᠮᠵᠢ ᠨᠢ ᠰᠢᠯᠢᠳᠡᠭ ᠬᠥᠳᠡᠭᠡ ᠲᠣᠰᠬᠤᠨ ᠤ | ᠰᠤᠷᠤᠭᠴᠢ ᠶᠢ ᠬᠠᠨᠳᠤᠯᠭ᠎ᠠ ᠲᠠᠢ ᠡᠯᠰᠡᠨ᠎ᠡ᠃ ᠰᠤᠷᠤᠭᠴᠢ ᠡᠯᠰᠡᠬᠦ ᠰᠤᠷᠭᠠᠭᠤᠯᠢ ᠨᠢ ᠰᠤᠷᠭᠠᠨ ᠬᠥᠮᠦᠵᠢᠯ ᠤᠨ ᠶᠠᠮᠤᠨ ᠤ | ᠰᠢᠭᠤᠳ ᠬᠠᠷᠢᠶᠠᠲᠤ ᠶᠡᠭᠡ ᠳᠡᠭᠡᠳᠦ ᠰᠤᠷᠭᠠᠭᠤᠯᠢ ᠪᠣᠯᠤᠨ ᠪᠣᠰᠣᠳ ᠪᠡᠶ᠎ᠡ ᠪᠠᠨ ᠳᠠᠭᠠᠭᠠᠨ ᠰᠣᠷᠣᠭᠴᠢ ᠡᠯᠰᠡᠬᠦ | ᠲᠤᠷᠰᠢᠯᠲᠠ ᠶᠢᠨ ᠶᠡᠭᠡ ᠳᠡᠭᠡᠳᠦ ᠰᠤᠷᠭᠠᠭᠤᠯᠢ ᠪᠣᠯᠣᠨ᠎ᠠ᠃ | ᠲᠠᠨᠢᠯᠴᠠᠭᠤᠯᠤᠭᠰᠠᠨ ᠢᠶᠠᠷ᠂ ᠨᠡᠷ᠎ᠡ ᠮᠡᠳᠡᠭᠦᠯᠦᠨ ᠰᠢᠯᠭᠠᠭᠤᠯᠬᠤ ᠰᠤᠷᠤᠭᠴᠢᠳ ᠡᠷᠬᠡᠪᠰᠢ ᠳᠣᠣᠷᠠᠬᠢ 3 ᠵᠦᠢᠯ ᠤᠨ | ᠦᠨᠳᠦᠰᠦᠨ ᠨᠥᠬᠦᠴᠡᠯ ᠢ ᠬᠠᠮᠲᠤ ᠳᠤᠨᠢ ᠪᠦᠷᠢᠯᠳᠦᠭᠦᠯᠬᠦ ᠬᠡᠷᠡᠭᠲᠡᠶ᠄ 2018 ᠣᠨ ᠤ ᠨᠢᠭᠡᠳᠦᠯᠲᠡᠶ ᠰᠢᠯᠭᠠᠯᠲᠠ ᠳᠤ ᠨᠡᠷ᠎ᠡ | ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠬᠤ︔ ᠲᠤᠰ ᠬᠥᠮᠦᠨ ᠵᠢᠴᠢ ᠲᠡᠭᠦᠨ ᠤ ᠠᠪᠤ ᠡᠵᠢ ᠪᠤᠶᠤ ᠬᠠᠤᠯᠢ ᠪᠠᠷ | ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠡᠷᠦᠬᠡ ᠠᠮᠠ ᠨᠢ ᠪᠠᠶᠢᠭ᠎ᠠ ᠭᠠᠵᠠᠷ ᠤᠨ ᠬᠡᠷᠡᠭᠵᠢᠭᠦᠯᠵᠦ ᠪᠦᠬᠦᠢ | ᠬᠡᠪᠴᠢᠶᠡᠨ ᠳᠠᠬᠢ ᠬᠥᠳᠡᠭᠡ ᠲᠣᠰᠬᠤᠨ ᠳᠤ ᠪᠠᠶᠢᠬᠤ ᠪᠠ ᠲᠤᠰ ᠬᠥᠮᠦᠨ ᠨᠢ ᠲᠤᠬᠠᠶ ᠶᠢᠨ ᠭᠠᠵᠠᠷ ᠲᠠᠭᠠᠨ ᠦᠷᠭᠦᠯᠵᠢᠯᠡᠨ 3 | ᠵᠢᠯ ᠠᠴᠠ ᠳᠡᠭᠡᠭᠰᠢ ᠡᠷᠦᠬᠡ ᠠᠮᠠ ᠶᠢᠨ ᠳᠠᠩᠰᠠ ᠲᠠᠢ ᠪᠠᠶᠢᠬᠤ︔ ᠲᠤᠰ ᠬᠥᠮᠦᠨ ᠨᠢ ᠡᠷᠦᠬᠡ ᠠᠮᠠ ᠶᠢᠨ ᠳᠠᠩᠰᠠ ᠪᠠᠶᠢᠭ᠎ᠠ | ᠰᠢᠶᠠᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠭᠤᠷᠪᠠᠨ ᠵᠢᠯ ᠳᠠᠷᠠᠭᠠᠯᠠᠨ ᠪᠣᠳᠠᠲᠠᠶ ᠪᠠᠷ ᠰᠤᠷᠤᠯᠴᠠᠭᠰᠠᠨ | ᠪᠠᠶᠢᠬᠤ ᠬᠡᠷᠡᠭᠲᠡᠶ᠃ | ᠣᠶᠢᠯᠠᠭᠠᠭᠰᠠᠨ ᠢᠶᠠᠷ᠂ 3 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ᠂ ᠬᠤᠯᠪᠣᠭᠳᠠᠯ ᠪᠦᠬᠦᠢ ᠶᠡᠭᠡ ᠳᠡᠭᠡᠳᠦ | ᠰᠤᠷᠭᠠᠭᠤᠯᠢ ᠨᠤᠭᠤᠳ ᠰᠤᠷᠤᠭᠴᠢ ᠡᠯᠰᠡᠬᠦ ᠲᠣᠪᠴᠢ ᠳᠦᠷᠢᠮ ᠨᠡᠶᠢᠲᠡᠯᠡᠵᠦ᠂ ᠰᠢᠯᠭᠠᠭᠤᠯᠤᠭᠴᠢ ᠨᠡᠷ᠎ᠡ ᠮᠡᠳᠡᠭᠦᠯᠬᠦ | ᠭᠤᠶᠤᠴᠢᠯᠠᠯ ᠢᠶᠠᠨ ᠭᠦᠢᠴᠡᠳᠬᠡᠨ᠎ᠡ᠃ ︵ᠪᠣᠳᠠᠲᠠᠶ ᠨᠡᠷ᠎ᠡ ᠮᠡᠳᠡᠭᠦᠯᠬᠦ ᠠᠷᠭ᠎ᠠ ᠶᠢ ᠰᠤᠷᠭᠠᠨ ᠬᠥᠮᠦᠵᠢᠯ ᠤᠨ ᠶᠠᠮᠤᠨ ᠤ ᠶᠡᠭᠡ | ᠳᠡᠭᠡᠳᠦ ᠰᠤᠷᠭᠠᠭᠤᠯᠢ ᠳᠤ ᠰᠢᠯᠭᠠᠬᠤ ᠰᠢᠯᠭᠠᠯᠲᠠ ᠶᠢᠨ ᠢᠯᠡ ᠲᠠᠪᠴᠠᠩ ᠪᠠ ᠶᠡᠭᠡ ᠳᠡᠭᠡᠳᠦ ᠰᠤᠷᠭᠠᠭᠤᠯᠢ ᠶᠢᠨ ᠲᠤᠰᠬᠠᠶ | ᠲᠥᠯᠥᠪᠯᠡᠭᠡ ᠬᠡᠷᠡᠭᠵᠢᠭᠦᠯᠬᠦ ᠬᠠᠮᠢᠶ᠎ᠠ ᠪᠦᠬᠦᠢ ᠶᠡᠭᠡ ᠳᠡᠭᠡᠳᠦ ᠰᠤᠷᠭᠠᠭᠤᠯᠢ ᠶᠢᠨ ᠨᠡᠶᠢᠲᠡᠯᠡᠭᠰᠡᠨ ᠬᠠᠮᠢᠶ᠎ᠠ ᠪᠦᠬᠦᠢ ᠠᠭᠤᠯᠭ᠎ᠠ ᠶᠢ | ᠯᠠᠪᠯᠠᠭᠠᠷᠠᠢ︶︔ 4 ᠳ᠋ᠦ᠋ᠭᠡᠷ ᠰᠠᠷ᠎ᠠ ᠶᠢᠨ ᠡᠴᠦᠰ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠰᠢᠯᠭᠠᠭᠤᠯᠤᠭᠰᠠᠳ ᠤᠨ | ᠦᠨᠳᠦᠰᠦᠨ ᠨᠥᠬᠦᠴᠡᠯ ᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠬᠤ ᠳᠤ ᠬᠢᠷᠢ ᠲᠡᠩᠴᠡᠭᠰᠡᠨ ᠨᠡᠷᠡᠰ ᠢ ᠨᠡᠶᠢᠲᠡ ᠳᠤ | ᠵᠠᠷᠯᠠᠨ᠎ᠠ︔ 5 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ᠂ ᠬᠤᠯᠪᠣᠭᠳᠠᠯ ᠪᠦᠭᠦᠢ ᠶᠡᠭᠡ ᠳᠡᠭᠡᠳᠦ ᠰᠤᠷᠭᠠᠭᠤᠯᠢ ᠪᠣᠰᠣᠳ | ᠦᠨᠳᠦᠰᠦᠨ ᠨᠥᠬᠦᠴᠡᠯ ᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠬᠤ ᠳᠤ ᠬᠢᠷᠢ ᠲᠡᠩᠴᠡᠭᠰᠡᠨ ᠨᠡᠷᠡᠰ ᠢ ᠨᠡᠶᠢᠲᠡ ᠳᠤ | ᠵᠠᠷᠯᠠᠨ᠎ᠠ᠃ | ᠥᠪᠥᠷ ᠮᠣᠩᠭᠤᠯ ᠤᠨ 80 ᠬᠤᠰᠢᠭᠤ ᠰᠢᠶᠠᠨ ᠢ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠲᠥᠯᠥᠪᠯᠡᠭᠡ ᠶᠢᠨ | ᠰᠤᠷᠤᠭᠴᠢ ᠶᠢᠨ ᠢᠷᠡᠯᠲᠡ ᠶᠢᠨ ᠭᠠᠵᠠᠷ ᠣᠷᠣᠨ ᠪᠣᠯᠭᠠᠪᠠ᠂ ᠡᠳᠡᠭᠡᠷ ᠨᠢ ᠲᠤᠰ ᠲᠤᠰ᠄ ᠲᠦᠮᠡᠳ ᠵᠡᠭᠦᠨ ᠬᠤᠰᠢᠭᠤ᠂ | ᠲᠣᠭᠲᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ᠂ ᠦᠴᠦᠸᠠᠨ ᠰᠢᠶᠠᠨ᠂ ᠰᠢᠭᠤᠶᠢᠲᠤ ᠲᠣᠭᠤᠷᠢᠭ᠂ | ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ᠂ ᠲᠦᠮᠡᠳ ᠪᠠᠷᠠᠭᠤᠨ ᠬᠤᠰᠢᠭᠤ᠂ ᠭᠦᠶᠡᠩ ᠰᠢᠶᠠᠨ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤ᠂ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ | ᠯᠢᠨᠰᠢ ᠰᠢᠶᠠᠨ᠂ ᠬᠡᠰᠢᠭᠲᠡᠨ ᠬᠤᠰᠢᠭᠤ᠂ ᠣᠩᠨᠢᠭᠤᠳ ᠬᠤᠰᠢᠭᠤ᠂ ᠬᠠᠷᠠᠴᠢᠨ ᠬᠤᠰᠢᠭᠤ᠂ ᠨᠢᠩᠴᠧᠩ ᠰᠢᠶᠠᠨ᠂ ᠠᠤᠬᠠᠨ | ᠬᠤᠰᠢᠭᠤ᠂ ᠮᠠᠨᠵᠤᠤᠷ ᠬᠤᠳᠠ᠂ ᠵᠠᠯᠠᠨ ᠠᠶᠢᠯ ᠬᠤᠳᠠ᠂ ᠶᠠᠭᠰᠢ ᠬᠤᠳᠠ᠂ ᠭᠡᠭᠡᠨ ᠭᠤᠣᠯ ᠬᠤᠳᠠ᠂ ᠡᠷᠭᠦᠨ᠎ᠡ ᠬᠤᠳᠠ᠂ | ᠠᠷᠤᠨ ᠬᠤᠰᠢᠭᠤ᠂ ᠮᠣᠷᠢᠨ ᠳᠠᠪᠠᠭ᠎ᠠ ᠶᠢᠨ ᠳᠠᠭᠤᠷ ᠥᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ | ᠥᠪᠡᠷᠲᠡᠭᠡᠨ ᠵᠠᠰᠠᠬᠤ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠰᠢᠨ᠎ᠡ ᠪᠠᠷᠭᠤ ᠪᠠᠷᠠᠭᠤᠨ | ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠬᠠᠭᠤᠴᠢᠨ ᠪᠠᠷᠭᠤ ᠬᠤᠰᠢᠭᠤ᠂ ᠷᠠᠰᠢᠶᠠᠨ ᠬᠤᠳᠠ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠵᠠᠯᠠᠶᠢᠳ ᠬᠤᠰᠢᠭᠤ᠂ ᠲᠦᠴᠢᠦᠸᠠᠨ | ᠰᠢᠶᠠᠨ᠂ ᠬᠤᠣᠯᠢᠨ ᠭᠤᠣᠯ ᠬᠤᠳᠠ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ | ᠬᠤᠶᠢᠲᠤ ᠬᠤᠰᠢᠭᠤ᠂ ᠺᠠᠶᠢᠯᠦ ᠰᠢᠶᠠᠨ᠂ ᠬᠦᠷᠢᠶ᠎ᠡ ᠬᠤᠰᠢᠭᠤ᠂ ᠨᠠᠢᠮᠠᠨ ᠬᠤᠰᠢᠭᠤ᠂ ᠵᠠᠷᠤᠳ ᠬᠤᠰᠢᠭᠤ᠂ ᠡᠷᠢᠶᠡᠨ ᠬᠤᠳᠠ᠂ | ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠵᠡᠭᠦᠨ ᠦᠵᠦᠮᠦᠴᠢᠨ ᠬᠤᠰᠢᠭᠤ᠂ | ᠪᠠᠷᠠᠭᠤᠨ ᠦᠵᠦᠮᠦᠴᠢᠨ ᠬᠤᠰᠢᠭᠤ᠂ ᠲᠠᠶᠢᠫᠣᠰᠧ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ ᠬᠥᠪᠡᠭᠡᠲᠦ | ᠴᠠᠭᠠᠨ ᠬᠤᠰᠢᠭᠤ᠂ ᠰᠢᠯᠤᠭᠤᠨ ᠬᠦᠬᠡ ᠬᠤᠰᠢᠭᠤ᠂ ᠳᠤᠯᠤᠨ ᠨᠠᠭᠤᠷ ᠰᠢᠶᠠᠨ᠂ ᠹᠧᠩᠵᠧᠨ ᠬᠤᠳᠠ᠂ ᠵᠦᠸᠧᠽᠢ ᠰᠢᠶᠠᠨ᠂ | ᠬᠤᠸᠠᠳᠧ ᠰᠢᠶᠠᠨ᠂ ᠱᠠᠩᠳᠤ ᠰᠢᠶᠠᠨ᠂ ᠰᠢᠩ ᠾᠧ ᠰᠢᠶᠠᠨ᠂ ᠯᠢᠶᠠᠩᠴᠧᠩ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ | ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠳᠥᠷᠪᠡᠳ | ᠬᠤᠰᠢᠭᠤ᠂ ᠳᠠᠯᠠᠳ ᠬᠤᠰᠢᠭᠤ᠂ ᠵᠡᠭᠦᠨᠭᠠᠷ ᠬᠤᠰᠢᠭᠤ᠂ ᠤᠳᠤᠭ ᠤᠨ ᠡᠮᠦᠨᠡᠲᠦ ᠬᠤᠰᠢᠭᠤ᠂ ᠤᠳᠤᠭ ᠬᠤᠰᠢᠭᠤ᠂ | ᠬᠠᠩᠭᠢᠨ ᠬᠤᠰᠢᠭᠤ᠂ ᠦᠦᠰᠢᠨ ᠬᠤᠰᠢᠭᠤ᠂ ᠡᠵᠡᠨ ᠬᠤᠷᠤᠭ᠎ᠠ ᠬᠤᠰᠢᠭᠤ᠂ ᠦᠶᠤᠸᠠᠨ ᠰᠢᠶᠠᠨ᠂ ᠳ᠋ᠧᠩᠺᠧᠤ ᠰᠢᠶᠠᠨ᠂ | ᠤᠷᠠᠳ ᠤᠨ ᠡᠮᠦᠨᠡᠲᠦ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠤᠷᠠᠳ ᠤᠨ ᠬᠤᠶᠢᠲᠤ ᠬᠤᠰᠢᠭᠤ᠂ ᠬᠠᠩᠭᠢᠨ | ᠬᠤᠶᠢᠲᠤ ᠬᠤᠰᠢᠭᠤ᠂ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤ ᠪᠣᠯᠣᠨ ᠡᠵᠡᠨ᠎ᠡ ᠬᠤᠰᠢᠭᠤ ᠪᠣᠯᠣᠨ᠎ᠠ᠃ | |