3 ᠳ᠋ᠤᠭᠠᠷ ᠰᠠᠷ᠎ᠠ ᠶᠢᠨ 5 ᠤ ᠡᠳᠦᠷ᠂ 2018 ᠣᠨ ᠤ ᠪᠠᠭᠰᠢ ᠶᠢᠨ ᠬᠢᠷᠢ ᠬᠡᠮ ᠢ ᠦᠨᠡᠮᠰᠢᠨ ᠲᠣᠭᠲᠠᠭᠠᠬᠤ ︽ | ᠰᠤᠷᠭᠠᠨ ᠬᠥᠮᠦᠵᠢᠯ ᠤᠨ ᠤᠬᠠᠭᠠᠨ︾ ︽ᠰᠤᠷᠭᠠᠨ ᠬᠥᠮᠦᠵᠢᠯ ᠤᠨ ᠰᠡᠳᠬᠢᠴᠡ ᠵᠦᠶ︾ ᠶᠢᠨ ᠰᠢᠯᠭᠠᠯᠲᠠ ᠳᠤ ᠨᠡᠷ᠎ᠡ | ᠮᠡᠳᠡᠭᠦᠯᠬᠦ ᠠᠵᠢᠯ ᠡᠬᠢᠯᠡᠪᠡ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠪᠠ ᠰᠦᠢᠳᠬᠡᠯ ᠲᠤᠰᠢᠶᠠᠬᠤ ᠴᠠᠭ ᠨᠢ᠄ 3 ᠳ᠋ᠤᠭᠠᠷ | ᠰᠠᠷ᠎ᠠ ᠶᠢᠨ 5 ᠤ ᠡᠳᠦᠷ — 3 ᠳ᠋ᠤᠭᠠᠷ ᠰᠠᠷ᠎ᠠ ᠶᠢᠨ 12 ᠤᠨ ᠡᠳᠦᠷ ᠤᠨ 17᠄ 00 ᠬᠦᠷᠲᠡᠯ᠎ᠡ ᠶᠠᠪᠤᠭᠳᠠᠨ᠎ᠠ᠂ | ᠬᠤᠭᠤᠴᠠᠭ᠎ᠠ ᠦᠩᠭᠡᠷᠡᠪᠡᠯ ᠲᠠᠬᠢᠵᠦ ᠭᠦᠢᠴᠡᠳᠬᠡᠵᠦ ᠦᠭᠬᠦ ᠦᠭᠡᠢ᠃ | ᠨᠡᠷ᠎ᠡ ᠮᠡᠳᠡᠭᠦᠯᠬᠦ ᠨᠥᠬᠦᠴᠡᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ | ᠳᠠᠩᠰᠠ ᠲᠠᠢ ᠬᠥᠮᠦᠰ︔ ᠭᠠᠳᠠᠷ ᠤᠷᠤᠨ ᠤ ᠡᠷᠦᠬᠡ ᠠᠮᠠ ᠶᠢᠨ ᠳᠠᠩᠰᠠ ᠲᠠᠢ ᠪᠥᠭᠡᠳ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠳᠤ ᠠᠵᠢᠯᠯᠠᠵᠤ ᠪᠠᠶᠢᠭ᠎ᠠ ᠬᠦᠮᠦᠰ ᠪᠤᠯ ᠪᠠᠶᠢᠭᠤᠯᠭ᠎ᠠ | ᠨᠢᠭᠡᠴᠡ ᠪᠠᠷ ᠢᠶᠠᠨ ᠠᠵᠢᠯ ᠤᠨ ᠭᠡᠷᠡᠴᠢ ᠬᠢᠯᠭᠡᠨ᠎ᠡ᠃ | ᠠᠩᠬ᠎ᠠ ᠵᠡᠷᠭᠡ ᠶᠢᠨ ᠳᠡᠰ᠄ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠳᠤ ᠨᠡᠷ᠎ᠡ ᠮᠡᠳᠡᠭᠦᠯᠦᠨ ᠰᠢᠯᠭᠠᠭᠤᠯᠤᠭᠰᠠᠳ ᠪᠤᠯ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ | ᠠᠩᠭᠢ ᠠᠴᠠ ᠲᠡᠭᠦᠰᠦᠭᠰᠡᠨ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠶᠢᠬᠤ ᠬᠡᠷᠡᠭᠲᠡᠶ︔ ᠳᠤᠮᠳᠠ | ᠵᠡᠷᠭᠡ ᠶᠢᠨ ᠳᠡᠰ᠄ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠳᠤ ᠨᠡᠷ᠎ᠡ ᠮᠡᠳᠡᠭᠦᠯᠦᠨ ᠰᠢᠯᠭᠠᠭᠤᠯᠤᠭᠰᠠᠳ ᠪᠤᠯ ᠶᠡᠭᠡ ᠰᠤᠷᠭᠠᠭᠤᠯᠢ ᠶᠢᠨ ᠵᠢᠩᠬᠢᠨᠢ ᠠᠩᠬᠢ ᠠᠴᠠ ᠲᠡᠭᠦᠰᠦᠭᠰᠡᠨ | ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠶᠢᠬᠤ ᠬᠡᠷᠡᠭᠲᠡᠶ︔ ᠳᠡᠭᠡᠳᠦ ᠵᠡᠷᠭᠡ ᠶᠢᠨ ᠳᠡᠰ᠄ ᠡᠩ ᠤᠨ | ᠶᠡᠭᠡ ᠳᠡᠭᠡᠳᠦ ᠰᠤᠷᠭᠠᠭᠤᠯᠢ ᠪᠤᠶᠤ ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠳᠤ ᠨᠡᠷ᠎ᠡ ᠮᠡᠳᠡᠭᠦᠯᠬᠦ | ᠠᠵᠢᠯᠯᠠᠵᠤ ᠪᠠᠶᠢᠭ᠎ᠠ ᠪᠠᠭᠰᠢ ᠪᠤᠯ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠠᠴᠠ ᠲᠡᠭᠦᠰᠦᠭᠰᠡᠨ ᠪᠠ ᠲᠡᠭᠦᠨ ᠠᠴᠠ | ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠶᠢᠬᠤ ᠬᠡᠷᠡᠭᠲᠡᠶ ᠪᠥᠭᠡᠳ ᠶᠡᠭᠡ ᠳᠡᠭᠡᠳᠦ ᠰᠤᠷᠭᠠᠭᠤᠯᠢ ᠶᠢᠨ ᠠᠵᠢᠯ ᠳᠤ ᠪᠠᠶᠢᠭ᠎ᠠ | ᠪᠤᠶᠤ ᠨᠢᠭᠡᠨᠲᠡ ᠤᠷᠢᠭᠳᠠᠭᠰᠠᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠪᠠᠶᠢᠬᠤ ᠬᠡᠷᠡᠭᠲᠡᠢ᠃ ᠡᠭᠦᠨ ᠤ ᠵᠡᠷᠭᠡᠴᠡᠭᠡᠪᠡᠷ᠂ | ᠮᠠᠨ ᠤ ᠣᠷᠣᠨ ᠤ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠭᠤᠷᠪᠠᠳᠤᠭᠠᠷ | ᠠᠩᠭᠢ ᠶᠢᠨ ᠰᠤᠷᠤᠭᠴᠢ ᠵᠢᠴᠢ ᠲᠡᠭᠦᠨ ᠠᠴᠠ ᠳᠡᠭᠡᠭᠰᠢᠬᠢ ᠰᠤᠷᠤᠭᠴᠢ ᠪᠣᠯᠤᠨ ᠠᠰᠫᠢᠷᠠᠨᠲ ᠪᠤᠯ ᠰᠤᠷᠤᠯᠴᠠᠵᠤ ᠪᠠᠶᠢᠭ᠎ᠠ | ᠰᠤᠷᠭᠠᠭᠤᠯᠢ ᠶᠢᠨ ᠢᠶᠠᠨ ᠬᠢᠵᠦ ᠦᠭᠭᠦᠭᠰᠡᠨ ᠰᠤᠷᠤᠯᠭ᠎ᠠ ᠶᠢᠨ ᠭᠡᠷᠡᠴᠢ ᠪᠠᠷ ᠢᠶᠠᠨ ᠵᠣᠬᠢᠴᠠᠩᠭᠤᠶ ᠲᠡᠰ ᠳᠠᠪᠬᠤᠷᠭ᠎ᠠ ᠶᠢᠨ | ᠪᠠᠭᠰᠢ ᠶᠢᠨ ᠬᠢᠷᠢ ᠬᠡᠮ ᠢ ᠦᠨᠡᠮᠰᠢᠨ ᠲᠣᠭᠲᠠᠭᠠᠬᠤ ᠰᠢᠯᠭᠠᠯᠲᠠ ᠳᠤ ᠨᠡᠷ᠎ᠡ ᠮᠡᠳᠡᠭᠦᠯᠦᠨ ᠰᠢᠯᠭᠠᠭᠤᠯᠵᠤ ᠪᠤᠯᠤᠨ᠎ᠠ︔ | ᠣᠷᠣᠨ ᠤ ᠭᠠᠳᠠᠨᠠᠬᠢ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠮᠠᠨ ᠤ ᠤᠷᠤᠨ ᠤ ᠰᠤᠷᠤᠭᠴᠢ ᠪᠤᠯ | ᠲᠤᠬᠠᠢ ᠶᠢᠨ ᠵᠢᠯ ᠤᠨ ᠶᠡᠭᠡ ᠳᠡᠭᠡᠳᠦ ᠰᠤᠷᠭᠠᠭᠤᠯᠢ ᠳᠤ ᠡᠯᠰᠡᠭᠰᠡᠨ ᠮᠡᠳᠡᠭᠡ ᠵᠠᠩᠭᠢ ᠪᠤᠶᠤ ᠰᠤᠷᠤᠯᠴᠠᠵᠤ ᠪᠠᠶᠢᠭ᠎ᠠ | ᠰᠤᠷᠭᠠᠭᠤᠯᠢ ᠶᠢᠨ ᠢᠶᠠᠨ ᠬᠢᠵᠦ ᠦᠭᠭᠦᠭᠰᠡᠨ ᠰᠤᠷᠤᠯᠭ᠎ᠠ ᠶᠢᠨ ᠭᠡᠷᠡᠴᠢ ᠪᠠᠷ ᠢᠶᠠᠨ ᠵᠣᠬᠢᠴᠠᠩᠭᠤᠶ ᠲᠡᠰ ᠳᠠᠪᠬᠤᠷᠭ᠎ᠠ ᠶᠢᠨ | ᠪᠠᠭᠰᠢ ᠶᠢᠨ ᠬᠢᠷᠢ ᠬᠡᠮ ᠳᠤ ᠰᠢᠯᠭᠠᠭᠤᠯᠵᠤ ᠪᠤᠯᠤᠨ᠎ᠠ᠂ ᠭᠡᠪᠡᠴᠦ ᠪᠠᠭᠰᠢ ᠶᠢᠨ ᠬᠢᠷᠢ ᠬᠡᠮ ᠤᠨ ᠦᠨᠡᠮᠯᠡᠯ ᠭᠤᠶᠤᠴᠢᠯᠠᠬᠤ | ᠦᠶ᠎ᠡ ᠳᠤ᠂ ᠡᠷᠬᠡᠪᠰᠢ ᠮᠠᠨ ᠤ ᠣᠷᠣᠨ ᠤ ᠤᠳᠤ ᠶᠢᠨ ᠬᠡᠷᠡᠭᠵᠢᠭᠦᠯᠵᠦ ᠪᠠᠶᠢᠭ᠎ᠠ ᠬᠤᠯᠪᠣᠭᠳᠠᠯ ᠪᠦᠬᠦᠢ ᠲᠦᠷᠦ ᠶᠢᠨ | ᠪᠤᠳᠤᠯᠭ᠎ᠠ ᠶᠤᠰᠤᠭᠠᠷ ᠭᠤᠶᠤᠴᠢᠯᠠᠬᠤ ᠬᠡᠷᠡᠭᠲᠡᠢ᠃ | ᠰᠢᠯᠭᠠᠬᠤ ᠴᠠᠭ ᠪᠠ ᠬᠢᠴᠢᠶᠡᠯ ᠲᠥᠷᠥᠯ᠄ 2018 ᠤᠨ ᠤ 4 ᠳ᠋ᠦ᠋ᠭᠡᠷ ᠰᠠᠷ᠎ᠠ ᠶᠢᠨ 14 ᠤ ᠡᠳᠦᠷ ᠤᠨ | ᠦᠳᠡ ᠶᠢᠨ ᠡᠮᠦᠨ᠎ᠡ 9᠄ 00 — 11᠄ 30 ᠰᠤᠷᠭᠠᠨ ᠬᠥᠮᠦᠵᠢᠯ ᠤᠨ ᠤᠬᠠᠭᠠᠨ ᠰᠢᠯᠭᠠᠨ᠎ᠠ︔ ᠦᠳᠡ ᠶᠢᠨ | ᠬᠤᠶᠢᠨ᠎ᠠ 14᠄ 00 — 17᠄ 00 ᠰᠤᠷᠭᠠᠨ ᠬᠥᠮᠦᠵᠢᠯ ᠤᠨ ᠰᠡᠳᠬᠢᠴᠡ ᠵᠦᠶ ᠰᠢᠯᠭᠠᠨ᠎ᠠ᠃ | ᠠᠩᠬᠠᠷᠤᠭᠤᠰᠢᠲᠠᠶ ᠵᠦᠢᠯ ᠭᠡᠪᠡᠯ᠂ ᠳᠠᠩ ᠲᠥᠷᠥᠯ ᠤᠨ ᠬᠢᠷᠢ ᠪᠦᠲᠦᠮᠵᠢ ᠨᠢ ᠬᠢᠷᠢ ᠲᠡᠩᠴᠡᠭᠰᠡᠨ ᠰᠢᠯᠭᠠᠭᠤᠯᠤᠭᠴᠢ | ᠳᠠᠩ ᠲᠥᠷᠥᠯ ᠤᠨ ᠬᠢᠴᠢᠶᠡᠯ ᠤᠨ ᠰᠢᠯᠭᠠᠯᠲᠠ ᠶᠢᠨ ᠬᠢᠷᠢ ᠲᠡᠩᠴᠡᠭᠰᠡᠨ ᠬᠢᠷᠢ ᠪᠦᠲᠦᠮᠵᠢ ᠶᠢᠨ ᠬᠦᠴᠦᠨ ᠲᠠᠢ ᠬᠤᠭᠤᠴᠠᠭᠠᠨ | ᠳᠣᠲᠣᠷ᠎ᠠ ︵ᠭᠠᠭᠴᠠ ᠲᠥᠷᠥᠯ ᠤᠨ ᠬᠢᠷᠢ ᠪᠦᠲᠦᠮᠵᠢ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠤᠶᠠᠷ ᠵᠢᠯ ᠤᠨ ᠳᠣᠲᠣᠷ᠎ᠠ︶ | ᠦᠭᠡᠷ᠎ᠡ ᠨᠢᠭᠡ ᠲᠦᠷᠦᠯ ᠤᠨ ᠰᠢᠯᠭᠠᠯᠲᠠ ᠳᠤ ᠨᠡᠷ᠎ᠡ ᠮᠡᠳᠡᠭᠦᠯᠦᠨ ᠰᠢᠯᠭᠠᠭᠤᠯᠵᠤ ᠪᠤᠯᠤᠨ᠎ᠠ᠂ ᠲᠤᠬᠠᠶᠢᠯᠠᠪᠠᠯ 2016 ᠣᠨ᠂ | 2017 ᠣᠨ ᠳᠤ ᠳᠠᠩ ᠲᠥᠷᠥᠯ ᠤᠨ ᠬᠢᠷᠢ ᠪᠦᠲᠦᠮᠵᠢ ᠨᠢ ᠬᠢᠷᠢ ᠲᠡᠩᠴᠡᠭᠰᠡᠨ ᠰᠢᠯᠭᠠᠭᠤᠯᠤᠭᠴᠢ 2018 ᠣᠨ ᠳᠤ | ᠦᠭᠡᠷ᠎ᠡ ᠨᠢᠭᠡ ᠲᠦᠷᠦᠯ ᠤᠨ ᠰᠢᠯᠭᠠᠯᠲᠠ ᠳᠤ ᠨᠡᠷ᠎ᠡ ᠮᠡᠳᠡᠭᠦᠯᠦᠨ ᠰᠢᠯᠭᠠᠭᠤᠯᠵᠤ ᠪᠤᠯᠤᠨ᠎ᠠ᠂ 2016 ᠣᠨ ᠠᠴᠠ ᠡᠮᠦᠨ᠎ᠡ | ᠣᠯᠤᠭᠰᠠᠨ ᠳᠠᠩ ᠲᠥᠷᠥᠯ ᠤᠨ ᠬᠢᠴᠢᠶᠡᠯ ᠤᠨ ᠰᠢᠯᠭᠠᠯᠲᠠ ᠶᠢᠨ ᠬᠢᠷᠢ ᠲᠡᠩᠴᠡᠭᠰᠡᠨ ᠬᠢᠷᠢ ᠪᠦᠲᠦᠮᠵᠢ ᠬᠦᠴᠦᠨ ᠦᠭᠡᠢ᠃ | ᠪᠣᠳᠠᠲᠠᠶ ᠪᠠᠶᠢᠳᠠᠯ ᠢ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ | ᠰᠦᠯᠵᠢᠶᠡᠨ ᠳᠤ ᠭᠠᠷᠴᠤ ᠮᠠᠨ ᠤ ᠣᠷᠣᠨ ᠤ ᠲᠤᠰ ᠵᠦᠢᠯ ᠤᠨ ᠰᠢᠯᠭᠠᠯᠲᠠ ᠶᠢᠨ ᠬᠤᠯᠪᠣᠭᠳᠠᠯ ᠪᠦᠬᠦᠢ ᠲᠦᠷᠦ ᠶᠢᠨ | ᠪᠤᠳᠤᠯᠭ᠎ᠠ ᠶᠢᠨ ᠲᠤᠭᠲᠠᠭᠠᠯ ᠢ ᠯᠠᠪᠯᠠᠨ ᠦᠵᠡᠵᠦ ᠪᠤᠯᠤᠨ᠎ᠠ᠃ | |