ᠪᠦᠳᠦᠭᠡᠨ ᠪᠠᠶᠢᠭᠤᠯᠥᠯᠳᠡ ᠶᠢᠨ ᠪᠠᠷᠢᠯᠭ᠎ᠠ ᠶᠢᠨ ᠨᠡᠶᠢᠭᠡᠮ ᠤᠨ ᠪᠠᠳᠣᠯᠠᠭ᠎ᠠ ᠶᠢᠨ ᠰᠦᠢᠳᠭᠡᠯ ᠬᠤᠷᠢᠶᠡᠬᠤ ᠶᠢ ᠳᠦᠷ ᠵᠤᠠᠠᠰᠣᠭᠠᠬᠤ ᠶᠢᠨ ᠬᠤᠯᠪᠤᠠᠠᠳᠡᠯ ᠪᠦᠬᠦᠢ ᠣᠴᠢᠷ ᠤᠳ ᠤᠨ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2018-04-25
                   ᠥᠪᠥᠷ ᠵᠠᠰᠠᠭ ᠲᠠᠷᠬᠠᠭᠠᠭᠰᠠᠨ ︹2017︺ 156 ᠳ᠋ᠤᠭᠠᠷ ᠲᠤᠭᠠᠳᠤ                  12 ᠳ᠋ᠤᠭᠠᠷ ᠰᠠᠷ᠎ᠠ ᠶᠢᠨ 28 ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄        2006 ᠣᠨ ᠤ 3 ᠳ᠋ᠣᠭᠠᠷ ᠰᠡᠷ᠎ᠠ ᠶᠢᠨ 1 ᠤ ᠡᠳᠣᠷ ︽ᠦᠪᠤᠷ ᠮᠣᠩᠭᠤᠯ ᠤᠨ ᠦᠪᠡᠷᠳᠡᠭᠡᠨ ᠵᠠᠰᠬᠠᠥ ᠣᠷᠣᠨ ᠤ ᠪᠦᠳᠦᠭᠡᠨ ᠪᠠᠶᠢᠭᠤᠯᠥᠯᠳᠡ ᠶᠢᠨ ᠪᠠᠷᠢᠯᠭ᠎ᠠ ᠶᠢᠨ ᠨᠡᠶᠢᠭᠡᠮ ᠤᠨ ᠪᠠᠳᠣᠯᠠᠭ᠎ᠠ ᠶᠢᠨ ᠰᠦᠢᠳᠭᠡᠯ ᠢ ᠴᠣᠠᠠᠯᠠᠭᠤᠯᠥᠨ ᠬᠠᠮᠢᠶᠡᠷᠬᠤ ᠠᠷᠭ᠎ᠠ︾ ︵ᠦᠪᠤᠷ ᠮᠣᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠤ ᠵᠠᠷᠯᠢᠭ 143 ᠳ᠋ᠣᠭᠠᠷ ᠲᠣᠭᠠᠲᠤ︶ ᠶᠢ ᠭᠡᠷᠡᠭᠵᠢᠬᠦᠯᠥᠭᠰᠡᠨ ᠠᠴᠠ ᠨᠠᠰᠢ᠂ ᠪᠡᠷᠢᠯᠭ᠎ᠠ ᠶᠢᠨ ᠦᠢᠯᠡᠰ ᠤᠨ ᠠᠵᠦ ᠠᠬᠤᠶᠢᠯᠠᠯ ᠤᠨ ᠨᠡᠶᠢᠭᠡᠮ ᠤᠨ ᠪᠠᠳᠣᠯᠠᠭ᠎ᠠ ᠶᠢᠨ ᠪᠡᠯᠡ ᠮᠦᠡᠭᠬᠦ ᠶᠢᠨ ᠵᠠᠮ ᠮᠦᠷ ᠢ ᠲᠣᠠᠠᠳᠠᠭᠤᠨ ᠪᠠᠶᠢᠯᠭᠠᠬᠤ᠂ ᠪᠡᠷᠢᠯᠭ᠎ᠠ ᠶᠢᠨ ᠦᠢᠯᠡᠰ ᠤᠨ ᠠᠵᠦ ᠠᠬᠤᠶᠢᠯᠠᠯ ᠤᠨ ᠠᠵᠢᠯᠳᠡᠨ ᠤ ᠬᠠᠦᠯᠢ ᠶᠣᠰᠣᠨ ᠤ ᠡᠷᠬᠡ ᠠᠰᠢᠭ ᠢ ᠪᠠᠳᠣᠯᠠᠬᠤ᠂ ᠪᠦᠬᠦ ᠣᠷᠣᠨ ᠤ ᠪᠡᠷᠢᠯᠭ᠎ᠠ ᠶᠢᠨ ᠦᠢᠯᠡᠰ ᠤᠨ ᠡᠷᠡᠬᠦᠯ ᠢᠶᠠᠷ ᠬᠦᠭᠵᠢᠬᠦ ᠵᠡᠷᠭᠡ ᠳᠡᠯ᠎ᠠ ᠪᠠᠷ ᠢᠳᠡᠪᠬᠢ ᠦᠢᠯᠡᠳᠣᠯ ᠦᠵᠡᠬᠦᠯᠪᠡ᠃ ᠣᠳᠣᠬᠠᠨ ᠳᠤ᠂ ᠮᠠᠨ ᠤ ᠣᠷᠣᠨ ᠤ ᠪᠡᠷᠢᠯᠭ᠎ᠠ ᠶᠢᠨ ᠠᠵᠦ ᠠᠬᠤᠶᠢᠯᠠᠯ ᠤᠨ ᠠᠵᠢᠯᠳᠡᠨ ᠤ ᠨᠡᠶᠢᠭᠡᠮ ᠤᠨ ᠪᠠᠳᠣᠯᠠᠭ᠎ᠠ ᠶᠢ ᠨᠢᠭᠡᠨᠳᠡ ᠣᠷᠣᠨ ᠨᠣᠳᠤᠭ ᠤᠨ ᠨᠡᠶᠢᠭᠡᠮ ᠤᠨ ᠲᠠᠭᠠᠳᠬᠠᠯ ᠤᠨ ᠨᠢᠭᠡᠳᠦᠯᠳᠡᠢ ᠳᠥᠯᠥᠪᠯᠡᠬᠦ ᠬᠠᠮᠢᠶᠡᠷᠦᠯᠳᠡ ᠳᠤ ᠣᠷᠣᠭᠤᠯᠵᠦ᠂ ᠳᠡᠳᠡᠨ ᠤ ᠡᠷᠬᠡ ᠠᠰᠢᠭ ᠢ ᠨᠢᠭᠡᠨᠳᠡ ᠨᠡᠯᠢᠶᠡᠳ ᠰᠠᠶᠢᠨ ᠪᠠᠳᠣᠯᠠᠪᠠ᠃ ᠨᠠᠮ ᠤᠨ ᠲᠥᠪ ᠬᠤᠷᠢᠶ᠎ᠠ ᠪᠤᠯᠥᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠪᠠᠭᠤᠯᠭᠠᠬᠤ ᠬᠠᠮᠢᠶᠡᠷᠬᠤ ᠦᠢᠯᠡᠴᠢᠯᠡᠬᠦ︾ ᠦᠭᠡᠷᠡᠴᠢᠯᠡᠯᠳᠡ ᠶᠢᠨ ᠪᠠᠶᠢᠷᠢᠯᠠᠭᠤᠯᠥᠯᠳᠡ ᠶᠢᠨ ᠱᠠᠭᠠᠷᠳᠡᠯᠭ᠎ᠠ ᠶᠢ ᠬᠢᠨᠠᠮᠠᠭᠠᠢ ᠲᠣᠣᠱᠯᠠᠭᠤᠯᠥᠨ ᠨᠠᠶᠢᠳᠡᠪᠦᠷᠢᠵᠢᠭᠤᠯᠵᠦ᠂ ᠰᠦᠢᠳᠭᠡᠯ ᠬᠤᠷᠢᠶᠡᠬᠤ ᠶᠢ ᠢᠯᠭᠠᠷᠡᠭᠤᠯᠬᠤ ᠦᠭᠡᠷᠡᠴᠢᠯᠡᠯᠳᠡ ᠶᠢ ᠣᠯᠡᠮ ᠨᠢᠭᠡ ᠠᠯᠬᠤᠮ ᠠᠬᠢᠭᠤᠯᠥᠨ᠂ ᠰᠦᠢᠳᠭᠡᠯ ᠬᠤᠷᠢᠶᠠᠬᠤ ᠠᠵᠢᠯᠯᠠᠭ᠎ᠠ ᠶᠢ ᠵᠢᠷᠣᠮᠵᠢᠭᠤᠯᠵᠦ᠂ ᠵᠠᠬ᠎ᠠ ᠳᠡᠯᠭᠡᠬᠦᠷ ᠤᠨ ᠠᠮᠢᠵᠢᠷᠡᠯ ᠤᠨ ᠬᠦᠴᠣᠨ ᠢ ᠪᠦᠳᠦᠮᠵᠢᠳᠡᠢ ᠬᠦᠭᠵᠢᠬᠡᠬᠦ ᠶᠢᠨ ᠲᠣᠰᠠᠳᠡ᠂ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠠᠴᠠ 2018 ᠣᠨ ᠤ 1 ᠳ᠋ᠣᠭᠡᠷ ᠰᠡᠷ᠎ᠠ ᠶᠢᠨ 1 ᠤ ᠡᠳᠣᠷ ᠠᠴᠠ ᠡᠬᠢᠯᠡᠨ᠂ ᠦᠪᠡᠷᠳᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠳᠣᠷᠡᠬᠢ ᠰᠢᠨ᠎ᠡ ᠪᠠᠷ ᠠᠵᠢᠯ ᠡᠬᠢᠯᠡᠬᠦᠯᠥᠭᠰᠡᠨ ᠪᠡᠷᠢᠯᠭ᠎ᠠ ᠶᠢᠨ ᠪᠦᠳᠦᠭᠡᠨ ᠪᠠᠶᠢᠭᠤᠯᠥᠯᠳᠡ ᠶᠢᠨ ᠳᠥᠷᠦᠯ ᠵᠦᠢᠯ ᠳᠤ᠂ ᠪᠦᠳᠦᠭᠡᠨ ᠪᠠᠶᠢᠭᠤᠯᠥᠯᠳᠡ ᠶᠢᠨ ᠪᠡᠷᠢᠯᠭ᠎ᠠ ᠶᠢᠨ ᠨᠡᠶᠢᠭᠡᠮ ᠤᠨ ᠪᠠᠳᠣᠯᠠᠭ᠎ᠠ ᠶᠢᠨ ᠰᠦᠢᠳᠭᠡᠯ ᠬᠤᠷᠢᠶᠡᠬᠤ ᠶᠢ ᠳᠥᠷ ᠵᠤᠠᠠᠰᠣᠭᠠᠵᠦ᠂ ᠪᠡᠷᠢᠯᠭ᠎ᠠ ᠶᠢᠨ ᠠᠵᠦ ᠠᠬᠤᠶᠢᠯᠠᠯ ᠨᠢ ᠣᠯᠥᠰ ᠪᠠ ᠦᠪᠡᠷᠳᠡᠭᠡᠨ ᠵᠠᠰᠠᠬᠤ ᠣᠷᠣᠨ ᠤ ᠬᠤᠯᠪᠤᠠᠠᠳᠡᠯ ᠪᠦᠬᠦᠢ ᠪᠡᠷᠢᠯᠭ᠎ᠠ ᠶᠢᠨ ᠣᠠᠠᠰᠠᠷᠡᠭᠤᠯᠬᠤ ᠠᠵᠢᠯ ᠤᠨ ᠰᠦᠢᠳᠭᠡᠯ ᠤᠨ ᠳᠥᠷᠦᠯ ᠵᠦᠢᠯ ᠤᠨ ᠪᠦᠷᠢᠯᠳᠦᠭᠰᠡᠨ ᠳᠥᠷᠥ ᠶᠢᠨ ᠪᠤᠳᠣᠯᠭ᠎ᠠ ᠶᠢᠨ ᠲᠣᠠᠠᠳᠠᠭᠠᠯ ᠶᠣᠰᠣᠭᠠᠷ᠂ ᠠᠵᠦ ᠠᠬᠤᠶᠢᠯᠠᠯ ᠤᠨ ᠠᠵᠢᠯᠳᠡᠨ ᠤ ᠨᠡᠶᠢᠭᠡᠮ ᠤᠨ ᠪᠠᠳᠣᠯᠠᠭ᠎ᠠ ᠶᠢᠨ ᠠᠵᠢᠯ ᠢ ᠦᠨᠡᠨᠬᠦ ᠰᠠᠶᠢᠳᠣᠷ ᠬᠢᠬᠦ ᠭᠡᠷᠡᠭᠳᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号