ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ | | | | ᠤᠯᠠᠭᠠᠨᠬᠠᠳᠠ ᠵᠠᠰᠠᠭ ᠲᠠᠷᠬᠠᠭᠠᠭᠰᠠᠨ ﹇2018﹈ 13 ᠲᠤᠭᠠᠲᠤ | | ᠤᠳᠤ ᠦᠶ᠎ᠡ ᠶᠢᠨ ᠠᠳᠤᠭᠤᠨ ᠤ ᠠᠵᠤ ᠦᠢᠯᠡᠰ ᠤᠨ ᠬᠦᠭᠵᠢᠯᠲᠡ ᠶᠢ | ᠠᠬᠢᠭᠤᠯᠬᠤ ᠲᠤᠬᠠᠢ ᠤᠯᠠᠭᠠᠨᠬᠠᠳᠠ ᠬᠤᠲᠠ ᠶᠢᠨ ᠠᠷᠠᠳ ᠤᠨ | ᠵᠠᠰᠠᠭ ᠤᠨ ᠤᠷᠳᠤᠨ ᠤ ᠰᠠᠨᠠᠯ | | | | ᠡᠯ᠎ᠡ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠬᠤᠲᠠ ᠶᠢᠨ ᠰᠢᠭᠤᠳ ᠬᠠᠷᠢᠶ᠎ᠠ | ᠬᠠᠮᠢᠶ᠎ᠠ ᠪᠦᠬᠦᠢ ᠵᠦᠪᠯᠡᠯ ᠠᠯᠪᠠᠨ ᠭᠡᠷ ᠲᠤᠪᠴᠢᠶ᠎ᠠ ᠳᠤ᠄ | | ᠮᠠᠨ ᠤ ᠬᠤᠲᠠ ᠶᠢᠨ ᠰᠢᠯᠢᠳᠡᠭ ᠴᠢᠨᠠᠷ ᠤᠨ ᠠᠳᠤᠭᠤᠨ ᠤ ᠡᠭᠦᠯᠳᠡᠷ ᠬᠢᠭᠡᠳ ᠡᠬᠢ ᠪᠠᠶᠠᠯᠢᠭ ᠤᠨ | ᠬᠠᠮᠠᠭᠠᠯᠠᠯᠲᠠ ᠶᠢ ᠴᠢᠩᠭᠠᠳᠬᠠᠵᠤ᠂ ᠮᠠᠨ ᠤ ᠬᠤᠲᠠ ᠶᠢᠨ ᠤᠳᠤ ᠦᠶ᠎ᠡ ᠶᠢᠨ ᠠᠳᠤᠭᠤᠨ ᠤ ᠠᠵᠤ ᠦᠢᠯᠡᠰ ᠤᠨ | ᠬᠦᠭᠵᠢᠯᠲᠡ ᠶᠢ ᠠᠬᠢᠭᠤᠯᠬᠤ ᠶᠢᠨ ᠲᠦᠯᠦᠭᠡ᠂ ︽ᠤᠳᠤ ᠦᠶ᠎ᠡ ᠶᠢᠨ ᠠᠳᠤᠭᠤᠨ ᠤ ᠠᠵᠤ ᠦᠢᠯᠡᠰ ᠤᠨ | ᠬᠦᠭᠵᠢᠯᠲᠡ ᠶᠢ ᠠᠬᠢᠭᠤᠯᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠰᠠᠨᠠᠯ︾ ︵ᠦᠪᠦᠷ ᠵᠠᠰᠠᠭ ᠲᠠᠷᠬᠠᠭᠠᠭᠰᠠᠨ ﹇2017﹈ 147 ᠲᠤᠭᠠᠲᠤ︶ ᠢ | ᠦᠨᠳᠦᠰᠦᠯᠡᠨ᠂ ᠮᠠᠨ ᠤ ᠬᠤᠲᠠ ᠶᠢᠨ ᠪᠤᠳᠠᠲᠤ ᠪᠠᠶᠢᠳᠠᠯ ᠲᠠᠢ ᠤᠶᠠᠯᠳᠤᠭᠤᠯᠵᠤ᠂ ᠳᠤᠤᠷᠠᠬᠢ ᠰᠠᠨᠠᠯ ᠢ ᠲᠤᠭᠲᠠᠭᠠᠪᠠ᠃ | | ᠨᠢᠭᠡ᠂ ᠠᠳᠤᠭᠤᠨ ᠤ ᠡᠭᠦᠯᠳᠡᠷ ᠢ ᠬᠠᠮᠠᠭᠠᠯᠠᠬᠤ ᠪᠠ ᠡᠭᠦᠯᠳᠡᠷ ᠰᠠᠶᠢᠵᠢᠷᠠᠭᠤᠯᠤᠨ ᠦᠷᠡᠵᠢᠭᠦᠯᠬᠦ ᠠᠵᠢᠯ ᠢ | ᠴᠢᠩᠭᠠᠳᠬᠠᠨ᠎ᠠ | ︵ᠨᠢᠭᠡ︶ ᠮᠤᠩᠭᠤᠯ ᠮᠤᠷᠢ ᠵᠡᠷᠭᠡ ᠤᠷᠤᠨ ᠨᠤᠲᠤᠭ ᠤᠨ ᠡᠭᠦᠯᠳᠡᠷ ᠤᠨ ᠡᠬᠢ ᠪᠠᠶᠠᠯᠢᠭ ᠤᠨ | ᠬᠠᠮᠠᠭᠠᠯᠠᠯᠲᠠ ᠶᠢ ᠴᠢᠩᠭᠠᠳᠬᠠᠨ᠎ᠠ᠃ ᠦᠪᠡᠷᠲᠡᠭᠡᠨ ᠵᠠᠰᠠᠬᠤ ᠤᠷᠤᠨ ᠤ ᠮᠤᠩᠭᠤᠯ ᠮᠤᠷᠢ ᠵᠡᠷᠭᠡ ᠤᠷᠤᠨ ᠨᠤᠲᠤᠭ ᠤᠨ | ᠡᠭᠦᠯᠳᠡᠷ ᠤᠨ ᠬᠠᠮᠠᠭᠠᠯᠠᠯᠲᠠ ᠬᠢᠭᠡᠳ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠲᠠᠢ ᠢᠳᠡᠪᠬᠢᠲᠡᠢ ᠬᠠᠮᠵᠢᠯᠴᠠᠨ᠂ | ᠮᠤᠩᠭᠤᠯ ᠮᠤᠷᠢ ᠲᠦᠪᠯᠡᠷᠡᠭᠰᠡᠨ ᠤᠷᠤᠨ ᠳᠤ ᠭᠤᠤᠯ ᠪᠤᠯᠬᠤ ᠠᠵᠢᠷᠭᠠᠨ ᠲᠠᠯᠠᠪᠠᠢ ᠪᠠᠶᠢᠭᠤᠯᠬᠤ ᠶᠢ ᠵᠤᠷᠢᠭᠵᠢᠭᠤᠯᠤᠨ᠂ | ᠠᠳᠤᠭᠤᠨ ᠤ ᠡᠭᠦᠯᠳᠡᠷ ᠢ ᠴᠡᠪᠡᠷᠵᠢᠭᠦᠯᠦᠨ ᠰᠡᠷᠭᠦᠭᠡᠬᠦ ᠠᠵᠢᠯ ᠢ ᠦᠷᠨᠢᠭᠦᠯᠦᠨ᠎ᠡ᠃ ᠭᠤᠤᠯ ᠪᠤᠯᠬᠤ ᠠᠵᠢᠷᠭᠠᠨ | ᠲᠠᠯᠠᠪᠠᠢ ᠶᠢ ᠤᠯᠤᠰ ᠬᠢᠭᠡᠳ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠦᠷᠦᠯ ᠵᠦᠢᠯ ᠢᠶᠠᠷ ᠮᠡᠳᠡᠭᠦᠯᠬᠦ ᠶᠢ | ᠳᠡᠮᠵᠢᠨ᠎ᠡ᠃ ᠤᠯᠤᠰ ᠬᠢᠭᠡᠳ ᠦᠪᠡᠷᠲᠡᠭᠡᠨ ᠵᠠᠰᠠᠬᠤ ᠤᠷᠤᠨ ᠠᠴᠠ ᠮᠠᠨ ᠤ ᠬᠤᠲᠠ ᠳᠤ ᠡᠬᠢ ᠪᠠᠶᠠᠯᠢᠭ ᠤᠨ | ᠬᠦᠮᠦᠷᠭᠡ ᠪᠠᠶᠢᠭᠤᠯᠬᠤ᠂ ᠡᠬᠢ ᠪᠠᠶᠠᠯᠢᠭ ᠤᠨ ᠬᠦᠳᠡᠯᠦᠩᠭᠦᠢ ᠬᠢᠨᠠᠨ ᠬᠡᠮᠵᠢᠯᠲᠡ ᠬᠢᠬᠦ ᠪᠠ ᠭᠧᠨ ᠤ ᠬᠡᠮᠵᠢᠨ | ᠲᠤᠭᠲᠠᠭᠠᠯᠲᠠ ᠬᠢᠬᠦ ᠵᠡᠷᠭᠡ ᠰᠢᠨᠵᠢᠯᠡᠭᠡ ᠰᠤᠳᠤᠯᠭᠠᠨ ᠪᠠ ᠬᠠᠮᠠᠭᠠᠯᠠᠬᠤ ᠠᠵᠢᠯ ᠦᠷᠨᠢᠭᠦᠯᠬᠦ ᠶᠢ ᠰᠠᠶᠢᠲᠤᠷ ᠬᠠᠮᠵᠢᠨ᠎ᠠ᠃ | ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠲᠦᠷᠦᠭᠦᠯᠡᠨ᠂ ᠬᠤᠲᠠ ᠶᠢᠨ ᠬᠦᠭᠵᠢᠭᠦᠯᠦᠯᠲᠡ | ᠦᠭᠡᠷᠡᠴᠢᠯᠡᠯᠲᠡ ᠶᠢᠨ ᠲᠤᠪᠴᠢᠶ᠎ᠠ᠂ ᠰᠢᠨᠵᠢᠯᠡᠭᠡ ᠮᠡᠷᠭᠡᠵᠢᠯ ᠤᠨ ᠲᠤᠪᠴᠢᠶ᠎ᠠ ᠬᠠᠷᠢᠭᠤᠴᠠᠯᠭ᠎ᠠ ᠶᠤᠰᠤᠭᠠᠷ ᠬᠤᠪᠢᠳᠠᠨ | ᠬᠠᠷᠢᠭᠤᠴᠠᠵᠤ᠂ ᠡᠯ᠎ᠡ ᠬᠤᠰᠢᠭᠤ ᠰᠢᠶᠠᠨ ᠲᠤᠭᠤᠷᠢᠭ ᠤᠨ ᠵᠠᠰᠠᠭ ᠤᠨ ᠤᠷᠳᠤᠨ ᠬᠠᠮᠵᠢᠯᠴᠠᠨ᠎ᠠ︶ | ︵ᠬᠤᠶᠠᠷ︶ ᠲᠤᠰ ᠭᠠᠵᠠᠷ ᠤᠷᠤᠨ ᠤ ᠰᠢᠯᠢᠳᠡᠭ ᠡᠭᠦᠯᠳᠡᠷ ᠤᠨ ᠠᠳᠤᠭᠤᠨ ᠤ ᠰᠦᠷᠦᠭ ᠢ ᠦᠷᠭᠡᠳᠬᠡᠵᠦ | ᠦᠷᠡᠵᠢᠭᠦᠯᠬᠦ ᠠᠵᠢᠯ ᠢ ᠲᠦᠷᠭᠡᠨ ᠠᠬᠢᠭᠤᠯᠤᠨ᠎ᠠ᠃ ᠲᠤᠰ ᠭᠠᠵᠠᠷ ᠤᠷᠤᠨ ᠤ ᠰᠢᠯᠢᠳᠡᠭ ᠮᠤᠩᠭᠤᠯ ᠮᠤᠷᠢᠨ ᠤ | ᠡᠭᠦᠯᠳᠡᠷ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠠᠳᠤᠭᠤ ᠮᠠᠯᠯᠠᠬᠤ ᠲᠤᠮᠤ ᠡᠷᠦᠬᠡ᠂ ᠲᠤᠰᠬᠠᠢ | ᠬᠤᠷᠰᠢᠶᠠᠵᠢᠯ᠂ ᠠᠳᠤᠭᠤᠨ ᠤ ᠠᠵᠤ ᠦᠢᠯᠡᠰ ᠤᠨ ᠲᠤᠯᠤᠭᠠᠶᠢᠯᠠᠭᠴᠢ ᠠᠵᠤ ᠠᠬᠤᠶᠢᠯᠠᠯ ᠵᠡᠷᠭᠡ ᠨᠢ ᠭᠠᠳᠠᠭᠠᠳᠤ ᠠᠴᠠ | ᠰᠢᠯᠢᠳᠡᠭ ᠰᠠᠶᠢᠨ ᠲᠤᠰᠬᠠᠢ ᠬᠡᠷᠡᠭᠯᠡᠭᠡᠨ ᠤ ᠡᠭᠦᠯᠳᠡᠷ ᠢ ᠤᠷᠤᠭᠤᠯᠵᠤ ᠴᠤᠯ ᠡᠭᠦᠯᠳᠡᠷ ᠪᠤᠶᠢᠵᠢᠭᠤᠯᠤᠨ | ᠦᠷᠡᠵᠢᠭᠦᠯᠬᠦ ᠶᠢ ᠵᠤᠷᠢᠭᠵᠢᠭᠤᠯᠤᠨ ᠳᠡᠮᠵᠢᠵᠦ᠂ ᠤᠨᠴᠠ ᠰᠢᠯᠢᠳᠡᠭ ᠡᠭᠦᠯᠳᠡᠷ ᠤᠨ ᠨᠤᠲᠤᠭᠵᠢᠭᠤᠯᠬᠤ ᠶᠢ | ᠠᠬᠢᠭᠤᠯᠤᠨ᠎ᠠ᠃ ᠲᠤᠰ ᠭᠠᠵᠠᠷ ᠤᠷᠤᠨ ᠤ ᠠᠳᠤᠭᠤᠨ ᠤ ᠡᠭᠦᠯᠳᠡᠷ ᠰᠠᠶᠢᠵᠢᠷᠠᠭᠤᠯᠤᠨ ᠦᠰᠬᠡᠨ ᠦᠷᠡᠵᠢᠭᠦᠯᠬᠦ | ᠲᠠᠯᠠᠪᠠᠢ ᠶᠢ ᠪᠠᠶᠢᠭᠤᠯᠤᠨ ᠲᠡᠭᠦᠯᠳᠡᠷᠵᠢᠭᠦᠯᠵᠦ᠂ ᠴᠤᠯᠤ ᠴᠡᠪᠡᠷ ᠡᠭᠦᠯᠳᠡᠷ ᠤᠨ ᠠᠳᠤᠭᠤ ᠶᠢ ᠦᠷᠡᠵᠢᠭᠦᠯᠦᠨ | ᠪᠤᠶᠢᠵᠢᠭᠤᠯᠬᠤ ᠲᠦᠰᠦᠯ ᠢ ᠲᠤᠭᠲᠠᠭᠠᠨ ᠪᠦᠷᠢᠨᠰᠢᠭᠦᠯᠵᠦ᠂ ᠠᠵᠢᠷᠭᠠᠨ ᠤ ᠭᠤᠤᠯ ᠰᠦᠷᠦᠭ ᠤᠨ ᠬᠡᠪᠴᠢᠶ᠎ᠡ ᠶᠢ | ᠦᠷᠭᠡᠳᠬᠡᠨ᠂ ᠰᠢᠯᠢᠳᠡᠭ ᠡᠭᠦᠯᠳᠡᠷ ᠤᠨ ᠠᠵᠢᠷᠭ᠎ᠠ ᠶᠢᠨ ᠦᠷᠡᠰ ᠬᠠᠩᠭᠠᠬᠤ ᠴᠢᠳᠠᠮᠵᠢ ᠶᠢ ᠨᠡᠮᠡᠭᠳᠡᠭᠦᠯᠦᠨ᠎ᠡ᠃ | ᠠᠳᠤᠭᠤᠨ ᠤ ᠡᠭᠦᠯᠳᠡᠷ ᠰᠠᠶᠢᠵᠢᠷᠠᠭᠤᠯᠬᠤ ᠮᠡᠷᠭᠡᠵᠢᠯ ᠤᠨ ᠦᠢᠯᠡᠴᠢᠯᠡᠭᠡᠨ ᠢ ᠳᠡᠯᠭᠡᠷᠡᠭᠦᠯᠬᠦ ᠲᠤᠭᠲᠠᠯᠴᠠᠭ᠎ᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠰᠢᠯᠢᠳᠡᠭ ᠡᠭᠦᠯᠳᠡᠷ ᠤᠨ ᠠᠵᠢᠷᠭ᠎ᠠ ᠶᠢ ᠬᠡᠷᠡᠭᠯᠡᠬᠦ ᠨᠤᠷᠮ᠎ᠠ ᠶᠢ ᠳᠡᠭᠡᠭᠰᠢᠯᠡᠭᠦᠯᠦᠨ᠂ | ᠡᠭᠦᠯᠳᠡᠷ ᠰᠦᠷᠦᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠤᠪᠴᠢᠶ᠎ᠠ ᠲᠦᠷᠦᠭᠦᠯᠡᠨ᠂ ᠬᠠᠮᠢᠶ᠎ᠠ ᠪᠦᠬᠦᠢ ᠬᠤᠰᠢᠭᠤ ᠰᠢᠶᠠᠨ ᠲᠤᠭᠤᠷᠢᠭ ᠤᠨ ᠵᠠᠰᠠᠭ ᠤᠨ ᠤᠷᠳᠤᠨ | ᠬᠠᠮᠵᠢᠯᠴᠠᠨ᠎ᠠ︶ | ᠬᠤᠶᠠᠷ᠂ ᠤᠳᠤ ᠦᠶ᠎ᠡ ᠶᠢᠨ ᠠᠳᠤᠭᠤᠨ ᠤ ᠠᠵᠤ ᠦᠢᠯᠡᠰ ᠤᠨ ᠬᠦᠭᠵᠢᠯᠲᠡ ᠶᠢ ᠠᠬᠢᠭᠤᠯᠤᠨ᠎ᠠ | ︵ᠭᠤᠷᠪᠠ︶ ᠠᠳᠤᠭᠤᠨ ᠤ ᠠᠰᠢᠭ ᠰᠢᠮ᠎ᠡ ᠶᠢᠨ ᠦᠢᠯᠡᠳᠪᠦᠷᠢ ᠶᠢ ᠲᠦᠷᠭᠡᠨ ᠬᠦᠭᠵᠢᠭᠦᠯᠦᠨ᠎ᠡ᠃ | ᠠᠳᠤᠭᠤᠨ ᠤ ᠠᠰᠢᠭ ᠰᠢᠮ᠎ᠡ ᠶᠢ ᠦᠢᠯᠡᠳᠪᠦᠷᠢᠯᠡᠵᠦ ᠡᠳ᠋ᠰᠢᠭᠦᠯᠬᠦ ᠲᠤᠯᠤᠭᠠᠶᠢᠯᠠᠭᠴᠢ ᠠᠵᠤ ᠠᠬᠤᠶᠢᠯᠠᠯ ᠤᠨ | ᠬᠦᠭᠵᠢᠯᠲᠡ ᠶᠢ ᠳᠡᠮᠵᠢᠨ᠂ ᠳᠡᠭᠡᠳᠦ ᠳᠡᠰ ᠤᠨ ᠡᠷᠡᠭᠦᠯᠵᠢᠯ ᠤᠨ ᠰᠢᠷᠢᠰ ᠪᠦᠲᠦᠭᠡᠭᠳᠡᠭᠦᠨ ᠢ ᠰᠤᠳᠤᠯᠤᠨ ᠪᠦᠲᠦᠭᠡᠬᠦ ᠶᠢ | ᠵᠤᠷᠢᠭᠵᠢᠭᠤᠯᠤᠨ᠂ ᠠᠳᠤᠭᠤᠨ ᠤ ᠠᠰᠢᠭ ᠰᠢᠮ᠎ᠡ ᠶᠢᠨ ᠢᠳᠡᠭᠡᠨ ᠤᠮᠳᠠᠭᠠᠨ᠂ ᠡᠮ ᠡᠮᠨᠡᠯᠭᠡ ᠵᠢᠴᠢ ᠡᠷᠡᠭᠦᠯᠵᠢᠯ ᠤᠨ | ᠦᠨ᠎ᠡ ᠦᠷᠲᠡᠭ ᠢ ᠭᠦᠢᠴᠡᠳ ᠠᠭᠤᠳᠠᠯᠵᠤ᠂ ᠮᠤᠷᠢᠨ ᠤ ᠮᠢᠬ᠎ᠠ᠂ ᠴᠡᠭᠡ ᠵᠡᠷᠭᠡ ᠢᠳᠡᠭᠡᠨ ᠤᠮᠳᠠᠭᠠᠨ ᠤ ᠰᠢᠷᠢᠰ | ᠪᠦᠲᠦᠭᠡᠭᠳᠡᠭᠦᠨ ᠢ ᠨᠡᠭᠡᠭᠡᠵᠦ ᠬᠦᠭᠵᠢᠭᠦᠯᠦᠨ᠂ ᠴᠡᠭᠡ᠂ ᠮᠤᠷᠢᠨ ᠶᠠᠰᠤᠨ ᠤ ᠨᠤᠨᠳᠠᠭ᠂ ᠮᠤᠷᠢᠨ ᠴᠢᠰᠤᠨ ᠴᠠᠶᠢᠪᠠᠩ | ᠵᠡᠷᠭᠡ ᠪᠦᠲᠦᠭᠡᠭᠳᠡᠭᠦᠨ ᠤ ᠮᠤᠩᠭᠤᠯ ᠡᠮ ᠡᠮᠨᠡᠯᠭᠡ ᠶᠢᠨ ᠬᠦᠷᠢᠶ᠎ᠡ ᠳᠠᠬᠢ ᠬᠡᠷᠡᠭᠯᠡᠭᠡᠨ ᠢ ᠳᠡᠯᠭᠡᠷᠡᠭᠦᠯᠵᠦ᠂ ᠠᠵᠤ | ᠦᠢᠯᠡᠰ ᠤᠨ ᠬᠡᠯᠬᠢᠶᠡᠵᠢᠯ ᠢ ᠤᠷᠲᠤᠳᠬᠠᠨ ᠨᠡᠮᠡᠭᠳᠡᠯ ᠦᠷᠲᠡᠭ ᠢ ᠳᠡᠭᠡᠭᠰᠢᠯᠡᠭᠦᠯᠦᠨ᠎ᠡ᠃ ᠠᠳᠤᠭᠤᠨ ᠤ ᠠᠰᠢᠭ | ᠰᠢᠮ᠎ᠡ ᠶᠢᠨ ᠦᠢᠯᠡᠳᠪᠦᠷᠢᠯᠡᠯ ᠤᠨ ᠮᠡᠷᠭᠡᠵᠢᠯ ᠤᠨ ᠪᠠᠷᠢᠮᠵᠢᠶ᠎ᠠ ᠶᠤᠰᠤᠭᠠᠷ ᠠᠳᠤᠭᠤᠨ ᠤ ᠠᠰᠢᠭ ᠰᠢᠮ᠎ᠡ ᠶᠢᠨ | ᠦᠢᠯᠡᠳᠪᠦᠷᠢᠯᠡᠬᠦ᠂ ᠡᠳ᠋ᠰᠢᠭᠦᠯᠬᠦ᠂ ᠪᠤᠷᠤᠯᠠᠭᠤᠯᠬᠤ ᠵᠡᠷᠭᠡ ᠭᠤᠭᠴᠤᠭ᠎ᠠ ᠳᠠᠬᠢ ᠮᠡᠷᠭᠡᠵᠢᠯ ᠤᠨ ᠵᠢᠯᠤᠭᠤᠳᠤᠯᠭ᠎ᠠ ᠬᠢᠭᠡᠳ | ᠬᠠᠮᠢᠶᠠᠷᠤᠯᠲᠠ ᠦᠢᠯᠡᠴᠢᠯᠡᠭᠡ ᠶᠢ ᠰᠠᠶᠢᠲᠤᠷ ᠬᠢᠨ᠎ᠡ᠃ ᠡᠯ᠎ᠡ ᠠᠵᠢᠯ ᠲᠦᠷᠦᠯ ᠤᠨ ᠨᠡᠶᠢᠭᠡᠮᠯᠢᠭ ᠪᠦᠯᠬᠦᠮ ᠵᠢᠴᠢ | ᠡᠵᠡᠩᠨᠡᠯᠲᠡ ᠶᠢᠨ ᠭᠤᠤᠯ ᠴᠤᠭᠴᠠ ᠶᠢᠨ ᠠᠳᠤᠭᠤᠨ ᠤ ᠡᠭᠦᠯᠳᠡᠷ ᠵᠢᠴᠢ ᠬᠠᠮᠢᠶ᠎ᠠ ᠪᠦᠬᠦᠢ ᠪᠦᠲᠦᠭᠡᠭᠳᠡᠭᠦᠨ ᠤ ᠭᠠᠵᠠᠷ | ᠵᠦᠢ ᠶᠢᠨ ᠲᠡᠮᠳᠡᠭᠲᠦ ᠶᠢ ᠡᠷᠡᠮᠡᠯᠵᠢᠯᠡᠨ ᠳᠠᠩᠰᠠᠯᠠᠬᠤ ᠶᠢ ᠵᠤᠷᠢᠭᠵᠢᠭᠤᠯᠤᠨ ᠲᠡᠮᠵᠢᠵᠦ᠂ ᠤᠷᠤᠨ ᠨᠤᠲᠤᠭ ᠤᠨ ᠨᠡᠷᠡᠲᠦ | ᠲᠡᠮᠳᠡᠭᠲᠦ ᠶᠢ ᠪᠦᠲᠦᠭᠡᠨ᠎ᠡ᠃ ︵ᠬᠤᠲᠠ ᠶᠢᠨ ᠠᠵᠤ ᠠᠬᠤᠢ ᠰᠤᠷᠠᠭ ᠵᠠᠩᠭᠢ ᠶᠢᠨ ᠵᠦᠪᠯᠡᠯ ᠲᠦᠷᠦᠭᠦᠯᠡᠨ᠂ | ᠬᠤᠲᠠ ᠶᠢᠨ ᠰᠢᠨᠵᠢᠯᠡᠭᠡ ᠮᠡᠷᠭᠡᠵᠢᠯ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠡᠷᠡᠭᠦᠯ | ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠠᠵᠤ ᠦᠢᠯᠡᠳᠪᠦᠷᠢ ᠬᠤᠳᠠᠯᠳᠤᠭ᠎ᠠ ᠶᠠᠰᠤ ᠴᠢᠨᠠᠷ ᠢ ᠬᠢᠨᠠᠨ | ᠪᠠᠶᠢᠴᠠᠭᠠᠬᠤ ᠲᠤᠪᠴᠢᠶ᠎ᠠ ᠬᠠᠷᠢᠭᠤᠴᠠᠯᠭ᠎ᠠ ᠶᠤᠰᠤᠭᠠᠷ ᠬᠤᠪᠢᠳᠠᠨ ᠬᠠᠷᠢᠭᠤᠴᠠᠨ᠎ᠠ︶ | ︵ᠳᠦᠷᠪᠡ︶ ᠮᠤᠷᠢᠨ ᠤᠷᠤᠯᠳᠤᠭᠠᠨ ᠤ ᠲᠠᠮᠢᠷ ᠤᠨ ᠠᠵᠤ ᠦᠢᠯᠡᠰ ᠢ ᠤᠬᠠᠭᠤᠯᠤᠨ ᠳᠡᠯᠭᠡᠷᠡᠭᠦᠯᠬᠦ | ᠬᠦᠴᠦᠯᠡᠴᠡ ᠪᠠᠨ ᠴᠢᠩᠭᠠᠳᠬᠠᠵᠤ᠂ ᠮᠤᠷᠢᠨ ᠤᠷᠤᠯᠳᠤᠭᠠᠨ ᠬᠢᠭᠡᠳ ᠠᠳᠤᠭᠤᠨ ᠰᠤᠶᠤᠯ ᠤᠨ ᠲᠤᠭᠯᠠᠭᠠᠮ ᠤᠨ ᠠᠵᠤ | ᠦᠢᠯᠡᠰ ᠤᠨ ᠬᠦᠭᠵᠢᠯᠲᠡ ᠶᠢ ᠳᠡᠮᠵᠢᠨ᠂ ᠠᠷᠠᠯᠵᠢᠶᠠᠵᠢᠯᠲᠠ ᠶᠢᠨ ᠬᠢᠷᠢ ᠲᠦᠪᠰᠢᠨ ᠬᠢᠭᠡᠳ ᠠᠷᠠᠳ ᠲᠦᠮᠡᠨ ᠤ | ᠤᠷᠤᠯᠴᠠᠬᠤ ᠬᠡᠪᠴᠢᠶ᠎ᠡ ᠶᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠱᠠᠭᠠᠷᠳᠠᠯᠭ᠎ᠠ ᠳᠤ ᠨᠡᠶᠢᠴᠡᠭᠦᠯᠦᠨ | ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠮᠦᠷᠦᠶᠢᠴᠡᠭᠡᠨ ᠢ ᠰᠢᠨᠡᠴᠢᠯᠡᠨ ᠬᠦᠭᠵᠢᠭᠦᠯᠵᠦ᠂ ᠨᠦᠬᠦᠴᠡᠯ | ᠪᠤᠯᠤᠯᠴᠠᠭ᠎ᠠ ᠲᠠᠢ ᠭᠠᠵᠠᠷ ᠤᠷᠤᠨ ᠨᠢ ᠳᠡᠯᠡᠬᠡᠢ ᠶᠢᠨ ᠪᠠᠷᠢᠮᠵᠢᠶ᠎ᠠ ᠳᠤ ᠬᠦᠷᠦᠭᠰᠡᠨ ᠲᠤᠮᠤ ᠬᠡᠯᠪᠡᠷᠢ ᠶᠢᠨ ᠮᠤᠷᠢᠨ | ᠤᠷᠤᠯᠳᠤᠭᠠᠨ ᠪᠤᠶᠤ ᠮᠤᠷᠢᠨ ᠮᠡᠷᠭᠡᠵᠢᠯ ᠤᠨ ᠲᠤᠭᠯᠠᠯᠲᠠ ᠶᠢᠨ ᠢᠵᠢ ᠪᠦᠷᠢᠳᠦᠭᠰᠡᠨ ᠤᠷᠤᠯᠳᠤᠭᠠᠨ ᠤ ᠲᠠᠯᠠᠪᠤᠷ | ᠪᠠᠶᠢᠭᠤᠯᠵᠤ᠂ ᠤᠯᠤᠰ ᠤᠨ ᠲᠤᠲᠤᠭᠠᠲᠤᠬᠢ ᠤᠷᠤᠯᠳᠤᠭᠠᠨ ᠪᠤᠶᠤ ᠳᠡᠯᠡᠬᠡᠢ ᠶᠢᠨ ᠨᠡᠷᠡᠲᠦ ᠮᠦᠷᠦᠶᠢᠴᠡᠭᠡᠨ ᠢ | ᠡᠷᠬᠢᠯᠡᠬᠦ ᠪᠠᠷ ᠴᠢᠷᠮᠠᠶᠢᠨ᠎ᠠ᠃ ᠠᠳᠤᠭᠤᠨ ᠤ ᠦᠢᠯᠡᠰ ᠤᠨ ᠠᠵᠤ ᠠᠬᠤᠶᠢᠯᠠᠯ ᠤᠨ ᠤᠯᠤᠰ ᠤᠨ ᠳᠡᠰ ᠤᠨ ᠪᠡᠶ᠎ᠡ | ᠲᠠᠮᠢᠷ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠨᠢᠭᠡᠴᠡ ᠪᠤᠯᠬᠤ ᠶᠢ ᠳᠡᠮᠵᠢᠨ ᠵᠤᠷᠢᠭᠵᠢᠭᠤᠯᠤᠨ᠎ᠠ᠃ ︵ | ᠬᠤᠲᠠ ᠶᠢᠨ ᠪᠡᠶ᠎ᠡ ᠲᠠᠮᠢᠷ ᠤᠨ ᠲᠤᠪᠴᠢᠶ᠎ᠠ ᠲᠦᠷᠦᠭᠦᠯᠡᠨ᠂ ᠬᠤᠲᠠ ᠶᠢᠨ ᠰᠤᠶᠤᠯ ᠰᠤᠨᠢᠨ ᠮᠡᠳᠡᠭᠡ ᠷᠠᠳᠢᠤ᠋ | ᠲᠧᠯᠸᠢᠰ ᠤᠨ ᠲᠤᠪᠴᠢᠶ᠎ᠠ ᠬᠠᠷᠢᠭᠤᠴᠠᠯᠭ᠎ᠠ ᠶᠤᠰᠤᠭᠠᠷ ᠬᠤᠪᠢᠳᠠᠨ ᠬᠠᠷᠢᠭᠤᠴᠠᠨ᠎ᠠ︶ | ︵ᠲᠠᠪᠤ︶ ᠠᠳᠤᠭᠤᠨ ᠤ ᠠᠵᠤ ᠦᠢᠯᠡᠰ ᠪᠤᠯᠤᠨ ᠵᠢᠭᠤᠯᠴᠢᠯᠠᠯ ᠰᠡᠯᠡᠭᠦᠴᠡᠯ ᠤᠨ ᠠᠵᠤ ᠦᠢᠯᠡᠰ ᠤᠨ ᠭᠦᠨ | ᠤᠶᠠᠯᠳᠤᠯ ᠢ ᠲᠦᠯᠬᠢᠨ ᠠᠬᠢᠭᠤᠯᠤᠨ᠎ᠠ᠃ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠲᠡ ᠲᠠᠢ ᠤᠶᠠᠯᠳᠤᠭᠤᠯᠵᠤ | ᠂ ᠠᠳᠤᠭᠤ ᠪᠠᠷ ᠭᠤᠤᠯ ᠡᠯᠧᠮᠧᠨ᠋ᠲ ᠪᠤᠯᠭᠠᠭᠰᠠᠨ ᠤᠯᠠᠨ ᠡᠰᠢᠴᠢᠯᠡᠭᠰᠡᠨ ᠰᠤᠶᠤᠯ ᠵᠢᠭᠤᠯᠴᠢᠯᠠᠯ ᠰᠡᠯᠡᠭᠦᠴᠡᠯ ᠤᠨ | ᠲᠦᠷᠦᠯ ᠵᠦᠢᠯ ᠢ ᠨᠡᠭᠡᠭᠡᠨ ᠬᠦᠭᠵᠢᠭᠦᠯᠦᠨ᠎ᠡ᠃ ᠨᠦᠬᠦᠴᠡᠯ ᠪᠤᠯᠤᠯᠴᠠᠭ᠎ᠠ ᠲᠠᠢ ᠭᠠᠵᠠᠷ ᠤᠷᠤᠨ ᠤ ᠮᠤᠷᠢ ᠪᠠᠷ | ᠰᠡᠯᠡᠭᠦᠴᠡᠨ ᠵᠤᠭᠠᠴᠠᠬᠤ ᠵᠠᠮ ᠱᠤᠭᠤᠮ ᠢ ᠪᠠᠶᠢᠭᠤᠯᠵᠤ᠂ ᠠᠳᠤᠭᠤᠨ ᠰᠤᠶᠤᠯ ᠤᠨ ᠵᠢᠭᠤᠯᠴᠢᠯᠠᠯ ᠳᠤ ᠪᠡᠶᠡᠳᠡᠨ | ᠤᠷᠤᠯᠴᠠᠬᠤ ᠰᠠᠭᠤᠷᠢᠨ ᠭᠠᠵᠠᠷ ᠢ ᠪᠠᠶᠢᠷᠢᠯᠠᠭᠤᠯᠤᠨ ᠪᠠᠶᠢᠭᠤᠯᠬᠤ ᠶᠢ ᠳᠡᠮᠵᠢᠨ᠎ᠡ᠃ ᠬᠤᠲᠠ ᠶᠢᠨ ᠬᠠᠪᠢ ᠤᠶᠢᠷᠠᠯᠴᠠᠭ᠎ᠠ | ᠪᠤᠶᠤ ᠭᠤᠤᠯᠳᠠᠯᠭ᠎ᠠ ᠲᠠᠢ ᠵᠢᠭᠤᠯᠴᠢᠯᠠᠯ ᠤᠨ ᠭᠤᠤᠯ ᠱᠤᠭᠤᠮ ᠳᠠᠭᠠᠤ ᠭᠠᠳᠠᠭᠰᠢ ᠨᠡᠭᠡᠭᠡᠭᠰᠡᠨ ᠠᠳᠤᠭᠤᠨ ᠤ ᠭᠤᠤᠯ | ᠰᠡᠳᠦᠪᠲᠦ ᠴᠡᠴᠡᠷᠯᠢᠭ ᠵᠡᠷᠭᠡ ᠰᠡᠯᠡᠭᠦᠴᠡᠨ ᠴᠡᠩᠭᠡᠬᠦ ᠲᠠᠯᠠᠪᠤᠷ ᠪᠠᠶᠢᠭᠤᠯᠵᠤ᠂ ᠤᠯᠠᠨ ᠲᠦᠮᠡᠨ ᠳᠤ ᠤᠯᠠᠨ | ᠡᠰᠢᠴᠢᠯᠡᠭᠰᠡᠨ ᠰᠡᠯᠡᠭᠦᠴᠡᠨ ᠴᠡᠩᠭᠡᠬᠦ ᠬᠢᠭᠡᠳ ᠪᠡᠶ᠎ᠡ ᠪᠤᠯᠪᠠᠰᠤᠷᠠᠭᠤᠯᠬᠤ ᠬᠡᠯᠪᠡᠷᠢ ᠬᠠᠩᠭᠠᠨ ᠦᠭᠭᠦᠨ᠎ᠡ᠃ ᠠᠵᠤ | ᠠᠬᠤᠶᠢᠯᠠᠯ᠂ ᠮᠠᠯᠴᠢᠨ ᠲᠠᠷᠢᠶᠠᠴᠢᠳ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠤ ᠲᠤᠭᠤᠷᠢᠨ ᠳᠤ ᠬᠡᠭᠡᠷ᠎ᠡ | ᠭᠠᠳᠠᠨ᠎ᠠ ᠮᠤᠷᠢ ᠤᠨᠤᠬᠤ ᠵᠡᠷᠭᠡ ᠡᠵᠡᠩᠨᠡᠯᠲᠡ ᠶᠢᠨ ᠴᠢᠨᠠᠷᠲᠠᠢ ᠬᠦᠳᠡᠯᠭᠡᠭᠡᠨ ᠦᠷᠨᠢᠭᠦᠯᠬᠦ ᠶᠢ ᠵᠤᠷᠢᠭᠵᠢᠭᠤᠯᠤᠨ | ᠵᠢᠯᠤᠭᠤᠳᠴᠤ᠂ ᠰᠢᠨ᠎ᠡ ᠬᠡᠷᠡᠭᠯᠡᠭᠡᠨ ᠢ ᠪᠤᠢ ᠪᠤᠯᠭᠠᠨ᠎ᠠ᠃ ︵ᠬᠤᠲᠠ ᠶᠢᠨ ᠵᠢᠭᠤᠯᠴᠢᠯᠠᠯ ᠬᠦᠭᠵᠢᠯᠲᠡ ᠶᠢᠨ ᠵᠦᠪᠯᠡᠯ | ᠲᠦᠷᠦᠭᠦᠯᠡᠨ᠂ ᠬᠤᠲᠠ ᠶᠢᠨ ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ᠂ ᠰᠤᠶᠤᠯ ᠰᠤᠨᠢᠨ ᠮᠡᠳᠡᠭᠡ ᠷᠠᠳᠢᠤ᠋ | ᠲᠧᠯᠸᠢᠰ ᠲᠤᠪᠴᠢᠶ᠎ᠠ᠂ ᠵᠠᠮ ᠬᠠᠷᠢᠯᠴᠠᠭᠠᠨ ᠤ ᠲᠤᠪᠴᠢᠶ᠎ᠠ᠂ ᠤᠷᠤᠨ ᠰᠠᠭᠤᠴᠠ ᠪᠦᠲᠦᠭᠡᠨ ᠪᠠᠶᠢᠭᠤᠯᠤᠯᠲᠠ ᠶᠢᠨ | ᠲᠤᠪᠴᠢᠶ᠎ᠠ ᠬᠠᠷᠢᠭᠤᠴᠠᠯᠭ᠎ᠠ ᠶᠤᠰᠤᠭᠠᠷ ᠬᠤᠪᠢᠳᠠᠨ ᠬᠠᠷᠢᠭᠤᠴᠠᠨ᠎ᠠ︶ | ᠭᠤᠷᠪᠠ᠂ ᠬᠠᠮᠢᠶ᠎ᠠ ᠪᠦᠬᠦᠢ ᠦᠢᠯᠡᠴᠢᠯᠡᠭᠡᠨ ᠤ ᠲᠤᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ | ︵ᠵᠢᠷᠭᠤᠭ᠎ᠠ︶ ᠠᠳᠤᠭᠤᠨ ᠤ ᠠᠵᠤ ᠦᠢᠯᠡᠰ ᠤᠨ ᠰᠢᠨᠵᠢᠯᠡᠭᠡ ᠰᠤᠳᠤᠯᠭᠠᠨ ᠤ ᠬᠢᠷᠢ ᠲᠦᠪᠰᠢᠨ ᠵᠢᠴᠢ | ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠠᠭᠠᠨᠬᠠᠳᠠ ᠳᠡᠭᠡᠳᠦ ᠰᠤᠷᠭᠠᠭᠤᠯᠢ᠂ ᠤᠯᠠᠭᠠᠨᠬᠠᠳᠠ ᠶᠢᠨ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠵᠡᠷᠭᠡ ᠵᠢᠭᠠᠨ ᠰᠤᠷᠭᠠᠯᠲᠠ | ᠰᠢᠨᠵᠢᠯᠡᠭᠡ ᠰᠤᠳᠤᠯᠭᠠᠨ ᠢ ᠳᠡᠯᠭᠡᠷᠡᠭᠦᠯᠬᠦ ᠨᠢᠭᠡᠴᠡ ᠳᠤ ᠲᠦᠰᠢᠭᠯᠡᠨ᠂ ᠠᠳᠤᠭᠤᠨ ᠤ ᠡᠭᠦᠯᠳᠡᠷ ᠢ ᠬᠠᠮᠠᠭᠠᠯᠠᠨ | ᠪᠤᠶᠢᠵᠢᠭᠤᠯᠬᠤ᠂ ᠲᠡᠵᠢᠭᠡᠯ ᠪᠤᠷᠳᠤᠭᠠᠨ ᠤ ᠰᠢᠮ᠎ᠡ ᠲᠡᠵᠢᠭᠡᠯ᠂ ᠬᠢᠵᠢᠭ ᠭᠡᠮ ᠤᠨ ᠰᠡᠷᠭᠡᠶᠢᠯᠡᠯᠲᠡ ᠵᠢᠴᠢ ᠰᠢᠨᠵᠢᠯᠡᠭᠡ | ᠮᠡᠷᠭᠡᠵᠢᠯ ᠤᠨ ᠦᠷ᠎ᠡ ᠪᠦᠲᠦᠮᠵᠢ ᠶᠢ ᠤᠯᠠᠷᠢᠭᠤᠯᠬᠤ ᠲᠠᠯ᠎ᠠ ᠶᠢᠨ ᠠᠵᠢᠯ ᠤᠨ ᠬᠦᠴᠦᠯᠡᠴᠡ ᠪᠠᠨ ᠴᠢᠩᠭᠠᠳᠬᠠᠨ᠎ᠠ᠃ | ᠠᠵᠤ ᠠᠬᠤᠶᠢᠯᠠᠯ᠂ ᠰᠢᠨᠵᠢᠯᠡᠭᠡ ᠰᠤᠳᠤᠯᠭᠠᠨ ᠢ ᠳᠡᠯᠭᠡᠷᠡᠭᠦᠯᠬᠦ ᠪᠠᠶᠢᠭᠤᠯᠤᠮᠵᠢ ᠵᠢᠴᠢ ᠲᠤᠰᠬᠠᠢ ᠮᠡᠷᠭᠡᠵᠢᠯ ᠤᠨ ᠳᠡᠭᠡᠳᠦ | ᠰᠤᠷᠭᠠᠭᠤᠯᠢ ᠲᠠᠢ ᠨᠢᠭᠲᠠ ᠤᠶᠠᠯᠳᠤᠭᠰᠠᠨ ᠦᠢᠯᠡᠳᠪᠦᠷᠢ ᠰᠤᠷᠭᠠᠭᠤᠯᠢ ᠰᠤᠳᠤᠯᠭᠠᠨ ᠤ ᠲᠠᠪᠴᠠᠩ ᠢ ᠪᠠᠶᠢᠭᠤᠯᠤᠨ᠎ᠠ᠃ | ᠠᠳᠤᠭᠤᠨ ᠤ ᠲᠦᠷᠦᠯ ᠤᠨ ᠠᠮᠢᠲᠠᠨ ᠤ ᠬᠢᠵᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠵᠦ ᠤᠷᠢᠳᠴᠢᠯᠠᠨ | ᠮᠡᠳᠡᠭᠦᠯᠬᠦ ᠶᠢ ᠴᠢᠩᠭᠠᠳᠬᠠᠵᠤ᠂ ᠠᠳᠤᠭᠤᠨ ᠤ ᠲᠤᠰᠬᠠᠢ ᠡᠮ ᠡᠮᠨᠡᠯᠭᠡ ᠶᠢᠨ ᠪᠠᠶᠢᠭᠤᠯᠤᠮᠵᠢ ᠶᠢᠨ ᠬᠦᠭᠵᠢᠯᠲᠡ ᠶᠢ | ᠳᠡᠮᠵᠢᠨ᠎ᠡ᠃ ᠭᠠᠵᠠᠷ ᠤᠷᠤᠨ ᠤ ᠮᠠᠯ ᠤᠨ ᠡᠮᠴᠢ ᠶᠢᠨ ᠡᠩᠨᠡᠭᠡ ᠶᠢ ᠨᠢᠭᠡᠳᠬᠡᠵᠦ᠂ ᠲᠤᠰᠬᠠᠢ ᠮᠡᠷᠭᠡᠵᠢᠯ ᠤᠨ ᠡᠮ | ᠡᠮᠨᠡᠯᠭᠡ ᠶᠢᠨ ᠲᠦᠬᠦᠭᠡᠷᠦᠮᠵᠢ ᠶᠢ ᠪᠦᠷᠢᠳᠦᠭᠦᠯᠵᠦ ᠠᠳᠤᠭᠤᠨ ᠤ ᠲᠦᠷᠦᠯ ᠤᠨ ᠶᠡᠷᠦᠩᠬᠡᠢ ᠰᠠᠯᠠᠭᠠᠨ ᠤ ᠡᠮᠴᠢᠯᠡᠭᠡ | ᠵᠠᠰᠠᠯᠭ᠎ᠠ ᠶᠢᠨ ᠡᠩᠨᠡᠭᠡ ᠶᠢ ᠪᠠᠶᠢᠭᠤᠯᠤᠨ ᠬᠦᠮᠦᠵᠢᠭᠦᠯᠵᠦ᠂ ᠤᠨᠤᠰᠢᠯᠠᠨ ᠵᠠᠰᠠᠬᠤ ᠬᠢᠭᠡᠳ ᠤᠷᠤᠯᠳᠤᠭᠠᠨ ᠤ | ᠶᠠᠪᠤᠳᠠᠯ ᠤᠨ ᠡᠮᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠠᠳᠤᠭᠤ ᠮᠠᠯᠵᠢᠬᠤ ᠳᠤ ᠪᠦᠲᠦᠮᠵᠢᠲᠡᠢ | ᠮᠡᠷᠭᠡᠵᠢᠯ ᠤᠨ ᠵᠢᠯᠤᠭᠤᠳᠤᠯᠭ᠎ᠠ ᠪᠠ ᠦᠢᠯᠡᠴᠢᠯᠡᠭᠡ ᠶᠢ ᠬᠠᠩᠭᠠᠨ᠎ᠠ᠃ ᠠᠳᠤᠭᠤᠨ ᠤ ᠬᠢᠵᠢᠭ ᠭᠡᠮ ᠢ ᠰᠢᠯᠭᠠᠨ | ᠪᠠᠶᠢᠴᠠᠭᠠᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠠᠳᠤᠭᠤᠨ ᠤ ᠭᠠᠵᠠᠷ ᠤᠷᠤᠨ ᠠᠯᠤᠰᠯᠠᠨ ᠶᠠᠪᠤᠬᠤ ᠳᠤ | ᠰᠠᠭᠠᠳ ᠦᠭᠡᠢ ᠪᠠᠶᠢᠬᠤ ᠶᠢ ᠪᠠᠲᠤᠯᠠᠨ᠎ᠠ᠃ ︵ᠬᠤᠲᠠ ᠶᠢᠨ ᠰᠢᠨᠵᠢᠯᠡᠭᠡ ᠮᠡᠷᠭᠡᠵᠢᠯ ᠤᠨ ᠲᠤᠪᠴᠢᠶ᠎ᠠ᠂ ᠲᠠᠷᠢᠶᠠᠯᠠᠩ | ᠮᠠᠯ ᠠᠵᠤ ᠠᠬᠤᠢ ᠶᠢᠨ ᠲᠤᠪᠴᠢᠶ᠎ᠠ ᠲᠦᠷᠦᠭᠦᠯᠡᠨ᠂ ᠤᠯᠠᠭᠠᠨᠬᠠᠳᠠ ᠳᠡᠭᠡᠳᠦ ᠰᠤᠷᠭᠠᠭᠤᠯᠢ ᠵᠡᠷᠭᠡ ᠬᠠᠮᠵᠢᠯᠴᠠᠨ᠎ᠠ︶ | ︵ᠳᠤᠯᠤᠭ᠎ᠠ︶ ᠠᠳᠤᠭᠤᠨ ᠤ ᠠᠵᠤ ᠦᠢᠯᠡᠰ ᠤᠨ ᠰᠤᠯᠢᠯᠴᠠᠭ᠎ᠠ ᠬᠠᠮᠵᠢᠯᠴᠠᠭ᠎ᠠ ᠬᠢᠭᠡᠳ ᠰᠤᠷᠠᠭ | ᠵᠠᠩᠭᠢᠵᠢᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠨᠦᠬᠦᠴᠡᠯ ᠪᠤᠯᠤᠯᠴᠠᠭ᠎ᠠ ᠲᠠᠢ ᠭᠠᠵᠠᠷ ᠤᠷᠤᠨ | ᠬᠢᠭᠡᠳ ᠠᠵᠤ ᠠᠬᠤᠶᠢᠯᠠᠯ ᠨᠢ ᠠᠳᠤᠭᠤᠨ ᠤ ᠠᠵᠤ ᠦᠢᠯᠡᠰ ᠤᠨ ᠬᠠᠮᠵᠢᠯᠴᠠᠭ᠎ᠠ ᠬᠢᠬᠦ ᠶᠢ ᠶᠡᠬᠡᠪᠡᠷ ᠦᠷᠨᠢᠭᠦᠯᠵᠦ᠂ | ᠨᠦᠬᠦᠴᠡᠯ ᠪᠤᠯᠤᠯᠴᠠᠭ᠎ᠠ ᠲᠠᠢ ᠭᠠᠵᠠᠷ ᠤᠷᠤᠨ ᠨᠢ ᠳᠡᠯᠡᠬᠡᠶᠢᠵᠢᠭᠰᠡᠨ᠂ ᠲᠤᠰᠬᠠᠶᠢᠵᠢᠭᠰᠠᠨ ᠠᠳᠤᠭᠤᠨ ᠤ ᠦᠨ᠎ᠡ | ᠬᠠᠶᠠᠯᠴᠠᠨ ᠠᠷᠠᠯᠵᠢᠶᠠᠯᠠᠬᠤ ᠬᠢᠭᠡᠳ ᠠᠳᠤᠭᠤᠨ ᠤ ᠰᠤᠯᠢᠯᠴᠠᠬᠤ ᠲᠦᠪ ᠪᠠᠶᠢᠭᠤᠯᠵᠤ᠂ ᠮᠠᠨ ᠤ ᠬᠤᠲᠠ ᠶᠢᠨ ᠠᠳᠤᠭᠤ | ᠵᠢᠴᠢ ᠠᠳᠤᠭᠤᠨ ᠤ ᠠᠰᠢᠭ ᠰᠢᠮ᠎ᠡ ᠪᠠᠨ ᠠᠷᠠᠯᠵᠢᠶᠠᠯᠠᠬᠤ ᠳᠤ ᠲᠠᠪᠴᠠᠩ ᠬᠠᠩᠭᠠᠨ᠎ᠠ᠃ ᠦᠪᠡᠷᠲᠡᠭᠡᠨ ᠵᠠᠰᠠᠬᠤ | ᠤᠷᠤᠨ ᠤ ᠰᠤᠷᠠᠭ ᠵᠠᠩᠭᠢ ᠶᠢᠨ ᠲᠠᠪᠴᠠᠩ ᠬᠢᠭᠡᠳ ᠳ᠋ᠠᠶᠢᠲ᠋ᠠ ᠬᠦᠮᠦᠷᠭᠡ ᠲᠠᠢ ᠢᠳᠡᠪᠬᠢᠲᠡᠢ ᠵᠤᠯᠭᠠᠯᠳᠤᠭᠤᠯᠤᠨ | ᠠᠳᠤᠭᠤᠨ ᠤ ᠠᠵᠤ ᠦᠢᠯᠡᠰ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠬᠢᠭᠡᠳ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ︵ᠬᠤᠲᠠ ᠶᠢᠨ ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ ᠲᠦᠷᠦᠭᠦᠯᠡᠨ᠂ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠪᠡᠶ᠎ᠡ ᠲᠠᠮᠢᠷ ᠤᠨ ᠲᠤᠪᠴᠢᠶ᠎ᠠ ᠪᠠ ᠬᠠᠮᠢᠶ᠎ᠠ ᠪᠦᠬᠦᠢ | ᠬᠤᠰᠢᠭᠤ ᠰᠢᠶᠠᠨ ᠲᠤᠭᠤᠷᠢᠭ ᠤᠨ ᠵᠠᠰᠠᠭ ᠤᠨ ᠤᠷᠳᠤᠨ ᠬᠠᠮᠵᠢᠯᠴᠠᠨ᠎ᠠ︶ | ᠳᠦᠷᠪᠡ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠬᠠᠩᠭᠠᠨ᠎ᠠ | ︵ᠨᠠᠢᠮᠠ︶ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠲᠦᠷᠦ ᠶᠢᠨ ᠪᠤᠳᠤᠯᠭ᠎ᠠ ᠶᠢᠨ ᠳᠡᠮᠵᠢᠯᠭᠡ | ᠬᠠᠩᠭᠠᠨ᠎ᠠ᠃ ᠦᠪᠡᠷᠲᠡᠭᠡᠨ ᠵᠠᠰᠠᠬᠤ ᠤᠷᠤᠨ ᠤ ᠠᠳᠤᠭᠤᠨ ᠤ ᠠᠵᠤ ᠦᠢᠯᠡᠰ ᠢ ᠬᠦᠭᠵᠢᠭᠦᠯᠬᠦ ᠲᠤᠰᠬᠠᠢ | ᠲᠦᠷᠦᠯ ᠤᠨ ᠪᠡᠯᠡ ᠮᠦᠩᠭᠦᠨ ᠤ ᠳᠡᠮᠵᠢᠯᠭᠡ ᠶᠢ ᠢᠳᠡᠪᠬᠢᠲᠡᠢ ᠤᠯᠤᠨ᠎ᠠ᠃ ᠬᠤᠲᠠ ᠶᠢᠨ ᠡᠳ᠋ ᠤᠨ ᠵᠠᠰᠠᠭ ᠤᠨ | ᠲᠦᠰᠦᠪ ᠠᠴᠠ ᠵᠤᠬᠢᠬᠤ ᠲᠤᠭᠠᠨ ᠤ ᠪᠡᠯᠡ ᠮᠦᠩᠭᠦ ᠭᠠᠷᠭᠠᠵᠤ ᠬᠤᠲᠠ ᠶᠢᠨ ᠵᠠᠰᠠᠭ ᠤᠨ ᠤᠷᠳᠤᠨ ᠠᠴᠠ | ᠲᠤᠭᠲᠠᠭᠠᠭᠰᠠᠨ ᠭᠤᠤᠯᠳᠠᠯᠭ᠎ᠠ ᠲᠠᠢ ᠠᠵᠢᠷᠭᠠᠨ ᠲᠠᠯᠠᠪᠠᠢ ᠪᠤᠶᠤ ᠠᠳᠤᠭᠤᠨ ᠠᠵᠤ ᠦᠢᠯᠡᠰ ᠤᠨ ᠲᠦᠷᠦᠯ ᠵᠦᠢᠯ ᠳᠤ | ᠵᠤᠬᠢᠬᠤ ᠬᠡᠮᠵᠢᠶᠡᠨ ᠤ ᠬᠦᠦ ᠮᠦᠩᠭᠦ ᠶᠢᠨ ᠨᠦᠬᠦᠪᠦᠷᠢ ᠤᠯᠭᠤᠨ᠎ᠠ᠃ ᠲᠤᠰᠬᠠᠢ ᠠᠳᠤᠭᠤᠨ ᠤ ᠡᠭᠦᠯᠳᠡᠷ ᠤᠨ ᠡᠬᠢ | ᠪᠠᠶᠠᠯᠢᠭ ᠤᠨ ᠬᠠᠮᠠᠭᠠᠯᠠᠯᠲᠠ ᠵᠢᠴᠢ ᠡᠭᠦᠯᠳᠡᠷ ᠰᠠᠶᠢᠵᠢᠷᠠᠭᠤᠯᠤᠨ ᠦᠷᠡᠵᠢᠭᠦᠯᠦᠨ ᠪᠤᠶᠢᠵᠢᠭᠤᠯᠬᠤ᠂ ᠮᠤᠷᠢᠨ | ᠮᠡᠷᠭᠡᠰᠢᠯ ᠤᠨ ᠪᠡᠶ᠎ᠡ ᠲᠠᠮᠢᠷ᠂ ᠠᠳᠤᠭᠤ ᠲᠠᠢ ᠬᠠᠮᠢᠶ᠎ᠠ ᠲᠠᠢ ᠪᠡᠶ᠎ᠡ ᠪᠤᠯᠪᠠᠰᠤᠷᠠᠭᠤᠯᠬᠤ ᠰᠡᠯᠡᠭᠦᠴᠡᠯ᠂ ᠠᠳᠤᠭᠤᠨ ᠤ | ᠠᠰᠢᠭ ᠰᠢᠮ᠎ᠡ ᠶᠢᠨ ᠦᠢᠯᠡᠳᠪᠦᠷᠢᠯᠡᠬᠦ ᠰᠤᠳᠤᠯᠬᠤ ᠡᠳ᠋ᠰᠢᠭᠦᠯᠬᠦ ᠵᠢᠴᠢ ᠠᠳᠤᠭᠤᠨ ᠰᠤᠶᠤᠯ ᠤᠨ ᠠᠵᠤ ᠠᠬᠤᠶᠢᠯᠠᠯ | ᠵᠡᠷᠭᠡ ᠶᠢ ᠡᠷᠬᠢᠯᠡᠵᠦ ᠪᠠᠶᠢᠭ᠎ᠠ ᠠᠵᠤ ᠠᠬᠤᠶᠢᠯᠠᠯ ᠨᠢ ᠠᠩᠬᠠᠳᠠᠭᠴᠢ ᠦᠢᠯᠡᠳᠪᠦᠷᠢᠯᠡᠯ ᠡᠵᠡᠩᠨᠡᠯᠲᠡ ᠶᠢᠨ | ᠤᠷᠤᠯᠭ᠎ᠠ ᠶᠢᠨ ᠭᠠᠶᠢᠯᠢ ᠲᠤᠰᠢᠶᠠᠭᠰᠠᠨ ᠤᠨ ᠠᠴᠠ ᠡᠬᠢᠯᠡᠨ᠂ 5 ᠵᠢᠯ ᠤᠨ ᠲᠤᠲᠤᠷ᠎ᠠ ᠠᠵᠤ ᠠᠬᠤᠶᠢᠯᠠᠯ ᠤᠨ ᠠᠰᠢᠭ | ᠤᠯᠵᠠᠪᠤᠷᠢ ᠶᠢᠨ ᠭᠠᠶᠢᠯᠢ ᠶᠢᠨ ᠤᠷᠤᠨ ᠨᠤᠲᠤᠭ ᠤᠨ ᠬᠤᠪᠢᠳᠠᠬᠤ ᠬᠡᠰᠡᠭ ᠢ ᠬᠡᠯᠲᠦᠷᠢᠭᠦᠯᠦᠨ᠎ᠡ᠃ ᠪᠠᠷᠠᠭᠤᠨ ᠤᠷᠤᠨ ᠢ | ᠶᠡᠬᠡᠪᠡᠷ ᠨᠡᠭᠡᠭᠡᠨ ᠬᠦᠭᠵᠢᠭᠦᠯᠬᠦ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠳᠤ ᠨᠡᠶᠢᠴᠡᠭᠰᠡᠨ | ᠠᠳᠤᠭᠤᠨ ᠤ ᠠᠵᠤ ᠦᠢᠯᠡᠰ ᠵᠢᠴᠢ ᠦᠪᠡᠷᠲᠡᠭᠡᠨ ᠵᠠᠰᠠᠬᠤ ᠤᠷᠤᠨ ᠠᠴᠠ ᠲᠤᠭᠲᠠᠭᠠᠭᠰᠠᠨ ᠳᠡᠭᠡᠳᠦ ᠰᠢᠨ᠎ᠡ | ᠮᠡᠷᠭᠡᠵᠢᠯ ᠤᠨ ᠠᠳᠤᠭᠤᠨ ᠤ ᠠᠵᠤ ᠦᠢᠯᠡᠰ ᠢ ᠬᠠᠮᠢᠶ᠎ᠠ ᠪᠦᠬᠦᠢ ᠲᠤᠭᠲᠠᠭᠠᠯ ᠶᠤᠰᠤᠭᠠᠷ ᠠᠵᠤ ᠠᠬᠤᠶᠢᠯᠠᠯ ᠤᠨ | ᠠᠰᠢᠭ ᠤᠯᠵᠠᠪᠤᠷᠢ ᠶᠢᠨ ᠭᠠᠶᠢᠯᠢ ᠠᠴᠠ ᠬᠠᠰᠤᠵᠤ ᠬᠡᠯᠲᠦᠷᠢᠭᠦᠯᠦᠨ᠎ᠡ᠃ ᠠᠳᠤᠭᠤᠨ ᠤ ᠠᠵᠤ ᠦᠢᠯᠡᠰ ᠤᠨ ᠠᠵᠤ | ᠠᠬᠤᠶᠢᠯᠠᠯ ᠤᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠪᠦᠲᠦᠭᠡᠭᠳᠡᠭᠦᠨ ᠨᠡᠭᠡᠭᠡᠨ ᠠᠰᠢᠭᠯᠠᠬᠤ ᠳᠤ | ᠬᠡᠷᠡᠭᠯᠡᠭᠰᠡᠨ ᠰᠤᠳᠤᠯᠤᠯ ᠨᠡᠭᠡᠭᠡᠯᠲᠡ ᠶᠢᠨ ᠰᠦᠢᠳᠬᠡᠯ ᠢ ᠭᠠᠶᠢᠯᠢ ᠶᠢᠨ ᠬᠠᠤᠯᠢ ᠶᠢᠨ ᠲᠤᠭᠲᠠᠭᠠᠯ ᠶᠤᠰᠤᠭᠠᠷ | ᠭᠠᠶᠢᠯᠢ ᠠᠴᠠ ᠤᠯᠬᠤ ᠨᠤᠷᠮ᠎ᠠ ᠶᠢ ᠪᠤᠳᠤᠬᠤ ᠦᠶᠡᠰ ᠴᠤᠭᠭᠠᠷ ᠦᠯᠡᠳᠡᠭᠡᠬᠦ ᠶᠢ ᠵᠦᠪᠰᠢᠶᠡᠷᠡᠨ᠎ᠡ᠃ ︵ᠬᠤᠲᠠ ᠶᠢᠨ | ᠡᠳ᠋ ᠤᠨ ᠵᠠᠰᠠᠭ ᠤᠨ ᠲᠤᠪᠴᠢᠶ᠎ᠠ ᠲᠦᠷᠦᠭᠦᠯᠡᠨ᠂ ᠬᠤᠲᠠ ᠶᠢᠨ ᠤᠯᠤᠰ ᠤᠨ ᠭᠠᠶᠢᠯᠢ ᠶᠢᠨ ᠲᠤᠪᠴᠢᠶ᠎ᠠ᠂ ᠤᠷᠤᠨ | ᠨᠤᠲᠤᠭ ᠤᠨ ᠭᠠᠶᠢᠯᠢ ᠶᠢᠨ ᠲᠤᠪᠴᠢᠶ᠎ᠠ ᠬᠠᠷᠢᠭᠤᠴᠠᠯᠭ᠎ᠠ ᠶᠤᠰᠤᠭᠠᠷ ᠬᠤᠪᠢᠳᠠᠨ ᠬᠠᠷᠢᠭᠤᠴᠠᠨ᠎ᠠ︶ | ︵ᠶᠢᠰᠦ︶ ᠮᠦᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠬᠠᠩᠭᠠᠨ᠎ᠠ᠃ ᠤᠯᠠᠨ | ᠡᠰᠢᠴᠢᠯᠡᠭᠰᠡᠨ ᠠᠳᠤᠭᠤᠨ ᠤ ᠠᠵᠤ ᠦᠢᠯᠡᠰ ᠤᠨ ᠪᠡᠯᠡ ᠬᠤᠷᠠᠮᠳᠤᠭᠤᠯᠬᠤ ᠠᠷᠭ᠎ᠠ ᠵᠠᠮ ᠢ ᠪᠠᠶᠢᠭᠤᠯᠵᠤ᠂ ᠠᠵᠤ | ᠠᠬᠤᠶᠢᠯᠠᠯ᠂ ᠨᠡᠶᠢᠭᠡᠮ ᠤᠨ ᠬᠦᠷᠦᠩᠭᠡ ᠮᠦᠩᠭᠦ ᠵᠡᠷᠭᠡ ᠨᠢ ᠠᠳᠤᠭᠤᠨ ᠤ ᠠᠵᠤ ᠦᠢᠯᠡᠰ ᠤᠨ ᠬᠦᠭᠵᠢᠯᠲᠡ ᠳᠤ ᠪᠡᠯᠡ | ᠤᠷᠤᠭᠤᠯᠬᠤ ᠶᠢ ᠵᠤᠷᠢᠭᠵᠢᠭᠤᠯᠤᠨ᠎ᠠ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠤᠶᠤ ᠢᠲᠡᠭᠡᠮᠵᠢ ᠶᠢᠨ | ᠨᠤᠷᠮ᠎ᠠ ᠪᠠᠨ ᠵᠤᠬᠢᠰᠲᠠᠢ ᠳᠡᠭᠡᠭᠰᠢᠯᠡᠭᠦᠯᠵᠦ᠂ ᠠᠳᠤᠭᠤᠨ ᠤ ᠠᠵᠤ ᠦᠢᠯᠡᠰ ᠤᠨ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠴᠤᠭᠴᠠ ᠶᠢᠨ ᠬᠦᠭᠵᠢᠯᠲᠡ ᠶᠢ ᠳᠡᠮᠵᠢᠬᠦ ᠶᠢ ᠵᠤᠷᠢᠭᠵᠢᠭᠤᠯᠤᠨ᠎ᠠ᠃ ᠪᠡᠯᠡ ᠬᠤᠷᠠᠮᠳᠤᠭᠤᠯᠬᠤ | ᠮᠠᠶ᠋ᠢᠭ ᠤᠨ ᠪᠠᠲᠤᠯᠠᠪᠤᠷᠢ ᠶᠢᠨ ᠪᠠᠶᠢᠭᠤᠯᠤᠮᠵᠢ ᠠᠳᠤᠭᠤᠨ ᠤ ᠠᠵᠤ ᠦᠢᠯᠡᠰ ᠲᠤ ᠪᠠᠲᠤᠯᠠᠪᠤᠷᠢ ᠶᠢᠨ ᠮᠠᠶ᠋ᠢᠭ ᠢᠶᠠᠷ | ᠳᠡᠮᠵᠢᠬᠦ ᠶᠢ ᠵᠤᠷᠢᠭᠵᠢᠭᠤᠯᠤᠨ᠎ᠠ᠃ ︵ᠬᠤᠲᠠ ᠶᠢᠨ ᠮᠦᠩᠭᠦᠨ ᠭᠦᠢᠯᠭᠡᠭᠡᠨ ᠤ ᠠᠵᠢᠯ ᠤᠨ ᠲᠤᠪᠴᠢᠶ᠎ᠠ ᠲᠦᠷᠦᠭᠦᠯᠡᠨ | ᠬᠠᠷᠢᠭᠤᠴᠠᠨ᠎ᠠ︶ | ︵ᠠᠷᠪᠠ︶ ᠭᠠᠵᠠᠷ ᠬᠡᠷᠡᠭᠯᠡᠬᠦ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠬᠠᠩᠭᠠᠨ᠎ᠠ᠃ ᠠᠳᠤᠭᠤᠨ ᠤ | ᠠᠵᠤ ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠭᠠᠵᠠᠷ ᠰᠢᠷᠦᠢ | ᠬᠡᠷᠡᠭᠯᠡᠬᠦ ᠶᠡᠷᠦᠩᠬᠡᠢ ᠲᠦᠯᠦᠪᠵᠢᠭᠦᠯᠭᠡ ᠶᠢᠨ ᠱᠠᠭᠠᠷᠳᠠᠯᠭ᠎ᠠ ᠶᠤᠰᠤᠭᠠᠷ ᠭᠠᠵᠠᠷ ᠰᠢᠷᠦᠢ ᠬᠡᠷᠡᠭᠯᠡᠬᠦ ᠵᠢᠯ ᠤᠨ | ᠲᠦᠯᠦᠪᠯᠡᠭᠡᠨ ᠳᠤ ᠡᠩ ᠲᠡᠷᠢᠭᠦᠨ ᠳᠤ ᠤᠷᠤᠭᠤᠯᠬᠤ ᠶᠢᠨ ᠬᠠᠮᠲᠤ ᠵᠢᠯ ᠤᠨ ᠲᠦᠯᠦᠪᠯᠡᠭᠡ ᠶᠢ ᠳᠤᠷᠤᠭᠰᠢ ᠪᠠᠭᠤᠯᠭᠠᠬᠤ | ᠦᠶᠡᠰ ᠬᠡᠷᠡᠭᠯᠡᠬᠦ ᠭᠠᠵᠠᠷ ᠤᠨ ᠲᠤᠭ᠎ᠠ ᠨᠤᠷᠮ᠎ᠠ ᠶᠢᠨ ᠳᠡᠮᠵᠢᠯᠭᠡ ᠦᠵᠡᠭᠦᠯᠦᠨ᠎ᠡ᠃ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠬᠠᠳᠠᠭᠠᠯᠠᠭᠴᠠ ᠭᠠᠵᠠᠷ ᠢᠶᠠᠨ ᠳᠦᠷᠢᠶᠡᠰᠦᠯᠡᠭᠦᠯᠬᠦ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠬᠦᠷᠲᠡᠨ᠎ᠡ᠃ | ᠠᠳᠤᠭᠤᠨ ᠤ ᠠᠵᠤ ᠦᠢᠯᠡᠰ ᠤᠨ ᠬᠡᠷᠡᠭᠯᠡᠬᠦ ᠭᠠᠵᠠᠷ ᠨᠢ ᠲᠦᠯᠦᠪᠵᠢᠭᠦᠯᠭᠡ ᠳᠤ ᠨᠡᠶᠢᠴᠡᠨ ᠤᠤᠯ ᠤᠨ ᠬᠡᠷᠡᠭᠴᠡᠭᠡ ᠶᠢ | ᠨᠢ ᠦᠭᠡᠷᠡᠴᠢᠯᠡᠬᠦ ᠦᠭᠡᠢ ᠤᠷᠢᠳᠠᠯ ᠳᠤᠤᠷ᠎ᠠ ᠪᠠᠭᠲᠠᠭᠠᠮᠵᠢ ᠶᠢ ᠨᠢ ᠵᠤᠬᠢᠰᠲᠠᠢ ᠪᠠᠷ ᠨᠡᠮᠡᠭᠳᠡᠭᠦᠯᠵᠦ᠂ 5 ᠵᠢᠯ ᠤᠨ | ᠰᠢᠯᠵᠢᠯᠲᠡ ᠶᠢᠨ ᠬᠤᠭᠤᠴᠠᠭᠠᠨ ᠳᠤ ᠭᠠᠵᠠᠷ ᠰᠢᠷᠦᠢ ᠬᠤᠳᠠᠯᠳᠤᠭᠰᠠᠨ ᠬᠠᠩᠰᠢ ᠶᠢᠨ ᠵᠤᠭᠤᠰ ᠢ ᠬᠤᠷᠢᠶᠠᠬᠤ ᠦᠭᠡᠢ᠃ | ᠤᠯᠤᠰ ᠤᠨ ᠦᠮᠴᠢᠯᠡᠯᠲᠦ ᠬᠡᠷᠡᠭᠯᠡᠭᠡᠳᠦᠢ ᠭᠠᠵᠠᠷ ᠢ ᠠᠰᠢᠭᠯᠠᠨ᠂ ᠠᠳᠤᠭᠤᠨ ᠤ ᠠᠵᠤ ᠦᠢᠯᠡᠰ ᠤᠨ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠬᠢᠪᠡᠯ᠂ ᠤᠯᠤᠰ ᠤᠨ ᠬᠠᠮᠢᠶ᠎ᠠ ᠪᠦᠬᠦᠢ ᠭᠠᠵᠠᠷ ᠰᠢᠷᠦᠢ ᠬᠡᠷᠡᠭᠯᠡᠬᠦ ᠲᠦᠷᠦ ᠶᠢᠨ | ᠪᠤᠳᠤᠯᠭ᠎ᠠ ᠶᠢᠨ ᠬᠠᠷᠠᠭᠠᠯᠵᠠᠯ ᠢ ᠬᠦᠷᠲᠡᠭᠡᠨ᠎ᠡ᠃ ︵ᠬᠤᠲᠠ ᠶᠢᠨ ᠤᠯᠤᠰ ᠤᠨ ᠭᠠᠵᠠᠷ ᠰᠢᠷᠦᠢ ᠶᠢᠨ ᠲᠤᠪᠴᠢᠶ᠎ᠠ | ᠲᠦᠷᠦᠭᠦᠯᠡᠨ᠂ ᠬᠤᠲᠠ ᠶᠢᠨ ᠬᠦᠭᠵᠢᠭᠦᠯᠦᠯᠲᠡ ᠦᠭᠡᠷᠡᠴᠢᠯᠡᠯᠲᠡ ᠶᠢᠨ ᠲᠤᠪᠴᠢᠶ᠎ᠠ᠂ ᠬᠠᠮᠢᠶ᠎ᠠ ᠪᠦᠬᠦᠢ ᠬᠤᠰᠢᠭᠤ | ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠬᠠᠮᠵᠢᠯᠴᠠᠨ᠎ᠠ︶ | ᠡᠯ᠎ᠡ ᠭᠠᠵᠠᠷ ᠤᠷᠤᠨ ᠨᠢ ᠲᠤᠬᠠᠢ ᠶᠢᠨ ᠭᠠᠵᠠᠷ ᠤᠨ ᠢᠶᠠᠨ ᠪᠤᠳᠠᠲᠠᠢ ᠪᠠᠶᠢᠳᠠᠯ ᠠᠴᠠ ᠡᠭᠦᠰᠦᠨ᠂ ᠤᠳᠤ | ᠦᠶ᠎ᠡ ᠶᠢᠨ ᠠᠳᠤᠭᠤᠨ ᠤ ᠠᠵᠤ ᠦᠢᠯᠡᠰ ᠤᠨ ᠬᠦᠭᠵᠢᠯᠲᠡ ᠶᠢ ᠠᠬᠢᠭᠤᠯᠬᠤ ᠠᠵᠢᠯ ᠢ ᠲᠤᠬᠠᠢ ᠶᠢᠨ ᠭᠠᠵᠠᠷ ᠤᠨ | ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠲᠦᠯᠦᠪᠵᠢᠭᠦᠯᠭᠡ ᠳᠡᠭᠡᠨ ᠤᠷᠤᠭᠤᠯᠵᠤ᠂ ᠤᠳᠤ ᠦᠶ᠎ᠡ ᠶᠢᠨ | ᠠᠳᠤᠭᠤᠨ ᠤ ᠠᠵᠤ ᠦᠢᠯᠡᠰ ᠤᠨ ᠬᠦᠭᠵᠢᠯᠲᠡ ᠶᠢ ᠳᠡᠮᠵᠢᠬᠦ ᠲᠦᠬᠦᠷ ᠲᠦᠷᠦ ᠶᠢᠨ ᠪᠤᠳᠤᠯᠭ᠎ᠠ ᠬᠢᠭᠡᠳ ᠬᠠᠮᠢᠶ᠎ᠠ | ᠪᠦᠬᠦᠢ ᠠᠷᠭ᠎ᠠ ᠬᠡᠮᠵᠢᠶ᠎ᠡ ᠶᠢ ᠲᠤᠭᠲᠠᠭᠠᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ | ᠮᠦᠴᠢᠷ ᠨᠢ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠮᠵᠢᠯᠴᠠᠨ ᠤᠶᠠᠯᠳᠤᠭᠤᠯᠵᠤ ᠲᠤᠰ | ᠲᠤᠰ ᠤᠨ ᠡᠭᠦᠷᠭᠡᠯᠡᠨ ᠠᠪᠤᠭᠰᠠᠨ ᠬᠠᠷᠢᠭᠤᠴᠠᠯᠭ᠎ᠠ ᠡᠭᠦᠷᠭᠡ ᠪᠠᠨ ᠪᠡᠶᠡᠯᠡᠭᠦᠯᠵᠦ᠂ ᠮᠠᠨ ᠤ ᠬᠤᠲᠠ ᠶᠢᠨ ᠤᠳᠤ | ᠦᠶ᠎ᠡ ᠶᠢᠨ ᠠᠳᠤᠭᠤᠨ ᠤ ᠠᠵᠤ ᠦᠢᠯᠡᠰ ᠤᠨ ᠰᠠᠶᠢᠨ ᠪᠦᠭᠡᠳ ᠳᠦᠷᠭᠡᠨ ᠬᠦᠭᠵᠢᠬᠦ ᠶᠢ ᠬᠠᠮᠲᠤᠪᠡᠷ ᠲᠦᠯᠬᠢᠨ | ᠠᠬᠢᠭᠤᠯᠬᠤ ᠬᠡᠷᠡᠭᠲᠡᠢ᠃ | |