︽ᠵᠠᠰᠠᠭ ᠤᠨ ᠬᠤᠲᠤᠭᠤᠷ︾ ᠭᠡᠬᠦ ᠨᠤᠮ ᠤᠨ ᠲᠤᠬᠠᠢ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2018-04-09
       ᠵᠤᠬᠢᠶᠠᠭᠴᠢ ᠮ᠊᠂ ᠬᠠᠰᠪᠠᠭᠠᠨ᠎ᠠ᠂ ᠤᠷᠳᠤᠰ ᠬᠤᠲᠠ ᠶᠢᠨ ᠤᠲᠤᠭ ᠤᠨ ᠡᠮᠦᠨᠡᠲᠦ ᠬᠤᠰᠢᠭᠤᠨ ᠤ ᠨᠠᠩᠰᠤ ᠪᠠᠯᠭᠠᠰᠤᠨ ᠤ ᠪᠠᠶᠠᠨᠬᠤᠷᠠᠬᠤ ᠭᠠᠴᠠᠭᠠᠨ ᠤ ᠬᠠᠩᠭᠠᠢ ᠶᠢᠨ ᠲᠤᠭᠤᠷᠢᠮ ᠤᠨ ᠨᠤᠲᠤᠭ ᠲᠤ ᠲᠦᠷᠦᠪᠡ᠃        ᠮ᠊᠂ ᠬᠠᠰᠪᠠᠭᠠᠨ᠎ᠠ ᠵᠠᠯᠠᠭᠤ ᠽᠠᠨᠳᠠᠨ ᠨᠠᠰᠤ ᠪᠠᠨ ᠬᠦᠳᠡᠭᠡ ᠶᠢᠨ ᠬᠠᠷ᠎ᠠ ᠪᠤᠷᠤ ᠠᠮᠢᠳᠤᠷᠠᠯ ᠤᠨ ᠳᠤᠮᠳᠠ ᠦᠩᠭᠡᠷᠡᠭᠡᠵᠦ᠂ ᠭᠤᠴᠢ ᠵᠠᠪᠳᠤᠬᠤ ᠨᠠᠰᠤᠨ ᠠᠴᠠ ᠪᠠᠨ ᠡᠬᠢᠯᠡᠨ ᠤᠷᠠᠨ ᠵᠤᠬᠢᠶᠠᠯ ᠤᠷᠤᠯᠳᠤᠨ ᠤᠷᠤᠨ ᠤ ᠲᠤᠲᠤᠨ᠎ᠠ ᠭᠠᠳᠠᠨᠠᠬᠢ ᠰᠡᠳᠬᠦᠯ ᠳᠡᠭᠡᠷ᠎ᠡ ᠦᠭᠦᠯᠡᠯᠭᠡ ᠨᠠᠶᠢᠷᠠᠭᠤᠯᠤᠯ᠂ ᠲᠤᠭᠤᠵᠢ ᠶᠢᠨ ᠵᠤᠬᠢᠶᠠᠯ ᠨᠡᠶᠢᠲᠡᠯᠡᠭᠦᠯᠵᠦ ᠪᠠᠶᠢᠭᠰᠠᠨ ᠢᠶᠠᠨ 36 ᠨᠠᠰᠤᠨ ᠳᠡᠭᠡᠷ᠎ᠡ ᠪᠠᠨ ᠠᠩᠬᠠᠳᠠᠭᠴᠢ ᠷᠤᠮᠠᠨ ︽ᠵᠠᠰᠠᠭ ᠤᠨ ᠬᠤᠲᠤᠭᠤᠷ︾ ᠢᠶᠠᠨ ᠡᠬᠢᠯᠡᠨ ᠪᠢᠴᠢᠵᠦ᠂ 1991 ᠤᠨ ᠳᠤ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠨᠤᠮ ᠪᠤᠯᠭᠠᠨ ᠬᠡᠪᠯᠡᠭᠦᠯᠪᠡ᠃ ᠳᠠᠷᠠᠭᠠᠴᠢ ᠶᠢᠨ ᠷᠤᠮᠠᠨ ︽ᠲᠡᠷᠡ ᠬᠤᠯᠠ ᠶᠢᠨ ᠪᠠᠷ᠎ᠠ︾ ᠶᠢ ᠨᠢ ᠦᠨᠳᠦᠰᠦᠲᠡᠨ ᠤ ᠬᠡᠪᠯᠡᠯ ᠤᠨ ᠬᠤᠷᠢᠶ᠎ᠠ ᠬᠡᠪᠯᠡᠵᠦ᠂ 2002 ᠤᠨ ᠳᠤ ᠲᠠᠬᠢᠵᠤ ᠬᠡᠪᠯᠡᠪᠡ᠃ ᠭᠤᠷᠪᠠᠳᠠᠬᠢ ᠷᠤᠮᠠᠨ ︽ᠪᠦᠰᠡᠭᠦᠢ ᠪᠠᠷᠠᠭᠠᠨ ᠽᠠᠮᠪᠤᠯᠢᠩ︾ ᠢ ᠨᠢ ᠦᠪᠦᠷ ᠮᠤᠩᠭᠤᠯ ᠤᠨ ᠰᠤᠶᠤᠯ ᠤᠨ ᠬᠡᠪᠯᠡᠯ ᠤᠨ ᠬᠤᠷᠢᠶ᠎ᠠ ᠬᠡᠪᠯᠡᠵᠦ᠂ ᠳᠦᠷᠪᠡᠳᠡᠬᠢ ᠷᠤᠮᠠᠨ ︽ᠨᠤᠲᠤᠭ ᠤᠨ ᠬᠠᠯᠠᠭᠤᠨ ᠰᠢᠷᠤᠢ︾ ᠶᠢ ᠨᠢ ᠦᠨᠳᠦᠰᠦᠲᠡᠨ ᠤ ᠬᠡᠪᠯᠡᠯ ᠤᠨ ᠬᠤᠷᠢᠶ᠎ᠠ ᠬᠡᠪᠯᠡᠪᠡ᠃
       ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠷᠠᠨ ᠵᠤᠬᠢᠶᠠᠯ ᠤᠨ ᠱᠠᠩᠨᠠᠯ ︽ᠰᠤᠯᠤᠩᠭ᠎ᠠ︾ ᠱᠠᠩᠨᠠᠯ ᠢ ᠤᠷᠢᠳ ᠬᠤᠵᠢᠳ ᠭᠤᠷᠪᠠᠨᠲᠠ ᠬᠦᠷᠲᠡᠭᠰᠡᠨ ᠪᠠ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ︽ᠦᠪᠡᠷᠲᠡᠭᠡᠨ ᠰᠤᠷᠴᠤ ᠴᠢᠳᠠᠪᠤᠷᠢᠲᠠᠨ ᠪᠤᠯᠤᠭᠰᠠᠨ︾ ᠤ ᠱᠠᠩᠨᠠᠯ ᠢ ᠬᠦᠷᠲᠡᠪᠡ᠃        ᠮ᠊᠂ ᠬᠠᠰᠪᠠᠭᠠᠨ᠎ᠠ ᠤᠳᠤ ᠳᠤᠮᠳᠠᠳᠤ ᠤᠯᠤᠰ ᠤᠨ ᠵᠤᠬᠢᠶᠠᠯᠴᠢᠳ ᠤᠨ ᠨᠡᠶᠢᠭᠡᠮᠯᠢᠭ ᠤᠨ ᠭᠡᠰᠢᠭᠦᠨ᠂ ︽ᠠᠯᠲᠠᠨ ᠭᠠᠨᠳᠠᠷᠢ︾ ᠰᠡᠳᠬᠦᠯ ᠤᠨ ᠳᠡᠳ᠋ ᠶᠡᠷᠦᠩᠬᠡᠢ ᠨᠠᠶᠢᠷᠠᠭᠤᠯᠤᠭᠴᠢ᠂ ᠨᠠᠶᠢᠷᠠᠭᠤᠯᠬᠤ ᠬᠡᠯᠲᠡᠰ ᠤᠨ ᠡᠷᠬᠢᠯᠡᠭᠴᠢ ᠪᠠᠷ ᠠᠵᠢᠯᠯᠠᠵᠤ ᠪᠤᠢ᠃
        ᠵᠠᠰᠠᠭ ᠤᠨ ᠬᠤᠲᠤᠭᠤᠷ ᠭᠡᠳᠡᠭ ᠪᠤᠯ ᠤᠤᠯ ᠤᠨ ᠵᠠᠰᠠᠭ ᠬᠤᠰᠢᠭᠤᠨ ︵ᠤᠳᠤ ᠶᠢᠨ ᠡᠵᠡᠨ ᠬᠤᠷᠤᠭ᠎ᠠ ᠬᠤᠰᠢᠭᠤ︶ ᠲᠥᠪ ᠪᠠᠶᠢᠭᠰᠠᠨ ᠵᠠᠰᠠᠭ ᠱᠠᠩ ᠠᠴᠠ ᠪᠠᠷᠠᠭᠤᠨᠰᠢ ᠪᠠᠨ ᠪᠠᠶᠢᠭ᠎ᠠ ᠬᠤᠳᠤᠭᠤᠷ ᠭᠠᠵᠠᠷ ᠢ ᠵᠢᠭᠠᠵᠤ ᠪᠤᠢ᠃ ᠪᠠᠷᠤᠭᠯᠠᠪᠠᠯ ᠬᠤᠶᠢᠰᠢ ᠤᠷᠤᠭᠰᠢ ᠪᠠᠨ ᠬᠡᠳᠤᠨ ᠠᠷᠪᠠᠨ ᠭᠠᠵᠠᠷ ᠤᠷᠳᠤ᠂ ᠵᠡᠭᠦᠨᠰᠢ ᠪᠠᠷᠠᠭᠤᠨᠰᠢ ᠬᠤᠷᠢ ᠭᠤᠴᠢᠨ ᠭᠠᠵᠠᠷ ᠬᠢᠷᠢᠲᠠᠢ ᠥᠷᠭᠡᠨ᠂ ᠡ᠊ᠨᠡ ᠭᠠᠵᠠᠷ ᠨᠢ ᠵᠠᠰᠠᠭ ᠱᠠᠩ ᠪᠠᠶᠢᠭᠰᠠᠨ ᠭᠠᠵᠠᠷ ᠤᠨ ᠪᠠᠷᠠᠭᠤᠨ ᠤᠷᠤᠢ ᠳᠡᠭᠡᠷ᠎ᠡ ᠭᠠᠷᠤᠭᠠᠳ ᠬᠠᠷᠠᠪᠠᠯ ᠪᠥᠬᠦᠨ ᠢᠶᠠᠷ ᠢᠶᠠᠨ ᠲᠤᠳᠤ ᠬᠠᠷᠠᠭᠳᠠᠳᠠᠭ᠂ ᠲᠥᠷᠤᠭᠦᠦ ᠵᠠᠭᠤᠨ ᠤ ᠨᠠᠶᠠᠭᠠᠳ ᠤᠨ ᠪᠤᠯᠲᠠᠯ᠎ᠠ ᠡ᠊ᠨᠡ ᠬᠤᠳᠤᠭᠤᠷ ᠤᠨ ᠳᠤᠮᠳᠠᠭᠤᠷ ᠶᠡᠭᠡ ᠪᠠᠭ᠎ᠠ ᠭᠤᠷᠪᠠᠨ ᠭᠤᠦᠯ ᠤᠷᠤᠰᠴᠤ᠂ ᠬᠤᠲᠤᠭᠤᠷ ᠤᠨ ᠡᠮᠤᠨ᠎ᠡ ᠠᠮᠠᠨ ᠳᠤ ᠨᠡᠶᠢᠯᠡᠭᠡᠳ ᠤᠷᠤᠭᠰᠢ ᠪᠠᠨ ᠲᠡᠮᠡᠭᠡᠨ ᠬᠠᠳᠠᠨ ᠴᠠᠭᠠᠨ ᠨᠠᠭᠤᠷ ᠤᠷᠤᠭᠤ ᠴᠢᠳᠬᠤᠵᠤ ᠪᠠᠶᠢᠭᠰᠠᠨ᠂ ᠤᠳᠤ ᠪᠤᠯᠬᠤ ᠳᠤ ᠨᠢᠭᠡ ᠠᠯᠳᠠ ᠬᠢᠷᠢ ᠥᠷᠭᠡᠨ ᠭᠤᠦᠯ ᠤᠨ ᠤᠷᠤ ᠥᠯᠡᠳᠡᠭᠡᠳ ᠪᠠᠭ᠎ᠠ ᠰᠠᠭ᠎ᠠ ᠤᠰᠤ ᠰᠢᠪᠡᠷᠴᠦ᠂ ︽ᠠᠮᠢᠳᠤ ᠶᠢᠨ ᠭᠤᠦᠯ︾ ᠭᠡᠬᠦ ᠨᠡᠷ᠎ᠡ ᠪᠠᠨ ᠬᠠᠳᠠᠭᠠᠯᠠᠭᠰᠠᠭᠠᠷ ᠪᠤᠢ᠃
       ᠵᠤᠬᠢᠶᠠᠭᠴᠢ ᠲᠤᠰ ᠷᠤᠮᠠᠨ ᠢᠶᠠᠨ ᠪᠢᠴᠢᠬᠦ ᠭᠡᠵᠦ ︽ᠵᠠᠰᠠᠭ ᠤᠨ ᠬᠤᠲᠤᠭᠤᠷ ᠲᠤ ᠨᠢ ᠰᠠᠷ᠎ᠠ ᠢᠯᠡᠭᠦᠦ ᠬᠤᠶᠠᠷ ᠰᠠᠷ᠎ᠠ ᠶᠠᠪᠠᠭᠠᠨ ᠨᠢᠴᠦᠭᠦᠨ ᠢᠶᠠᠷ ᠶᠠᠪᠤᠵᠤ ᠨᠡᠶᠢᠭᠡᠮ ᠤᠨ ᠪᠠᠶᠢᠴᠠᠭᠠᠯᠲᠠ ᠬᠢᠭᠰᠡᠨ︔ ᠲᠡᠷᠡᠴᠢᠯᠡᠨ ᠲᠡᠨᠳᠡ ᠠᠴᠠ ᠦᠨᠳᠦᠰᠦᠯᠡᠵᠦ᠂ ᠤᠲᠤᠭ ᠬᠤᠰᠢᠭᠤ᠂ ᠤᠲᠤᠭ ᠤᠨ ᠡᠮᠦᠨᠡᠲᠦ ᠬᠤᠰᠢᠭᠤ᠂ ᠦᠦᠰᠢᠨ ᠬᠤᠰᠢᠭᠤ ᠴᠢᠨᠠᠭᠰᠢᠯᠠᠨ ᠱᠠᠨᠰᠢ ᠮᠤᠵᠢ ᠶᠢᠨ ᠲᠡᠮᠡᠭᠡᠲᠦ ︵ᠢᠦᠢ ᠯᠢᠨ︶ ᠬᠤᠲᠠ ᠬᠦᠷᠲᠡᠯ᠎ᠡ ᠶᠠᠪᠤᠵᠤ︾᠂ ᠲᠤᠰ ᠷᠤᠮᠠᠨ ᠢᠶᠠᠨ ᠪᠢᠴᠢᠭᠰᠡᠨ ᠪᠤᠯᠬᠤᠷ ᠦᠨᠡᠨ ᠤ ᠮᠦᠷ ᠲᠠᠢ᠂ ᠤᠯᠠᠨ ᠤ ᠰᠠᠭᠤᠷᠢ ᠲᠠᠢ ᠪᠦᠲᠦᠭᠡᠯ ᠪᠤᠯᠵᠠᠢ᠂ ᠭᠤᠤᠯ ᠳᠦᠷᠢ ᠯᠤᠷᠤᠢ ᠶᠢ ᠨᠤᠲᠤᠭ ᠤᠨ ᠪᠤᠭᠤᠷᠤᠯᠴᠤᠳ ᠲᠡᠶᠢᠮᠦ ᠬᠦᠮᠦᠨ ᠪᠠᠶᠢᠯ᠎ᠠ ᠭᠡᠯᠴᠡᠳᠡᠭ ᠭᠡᠨ᠎ᠡ ᠯᠠᠢ᠃        ︽ᠶᠠᠮᠠᠷ ᠨᠢᠭᠡ ᠤᠰᠤ ᠶᠢ ᠬᠠᠷᠠᠬᠤ ᠳᠤ ᠨᠠᠷᠠᠨ ᠳᠤ ᠭᠢᠯᠠᠯᠵᠠᠭᠰᠠᠨ ᠨᠠᠮᠵᠢᠭᠤᠨ ᠤᠰᠤ ᠪᠠᠨ ᠪᠤᠳᠤᠪᠠᠯ ᠨᠠᠳᠬᠤᠨ ᠲᠤᠶᠢᠯᠠᠭᠰᠠᠨ ᠲᠤᠭᠰᠢᠨ ᠤᠰᠤ ᠰᠦᠷᠯᠢᠭ ᠪᠠᠶᠢᠳᠠᠭ ᠰᠢᠦ ᠳ᠋ᠠ︾᠃ ︽3.26 ᠤ ᠬᠡᠷᠡᠭ ᠬᠤᠪᠢᠰᠤᠯ︾  ︵︽ᠶᠡᠭᠡ ᠵᠤᠤ ᠶᠢᠨ ᠴᠢᠭᠤᠯᠭᠠᠨ ᠤ ᠬᠡᠷᠡᠭ ᠬᠤᠪᠢᠰᠤᠯ︾︶ ᠡᠭᠦᠰᠦᠭᠰᠡᠨ ᠲᠡᠷᠡ ᠬᠦ ᠴᠠᠭ ᠦᠶ᠎ᠡ ᠳᠤ ᠵᠠᠰᠠᠭ ᠤᠨ ᠬᠤᠲᠤᠭᠤᠷ ᠤᠨ ᠡᠯ᠎ᠡ ᠳᠠᠪᠬᠤᠷᠭ᠎ᠠ ᠶᠢᠨ ᠬᠦᠮᠦᠰ ᠤᠨ ᠬᠤᠪᠢ ᠲᠠᠪᠢᠯᠠᠩ ᠴᠤᠬᠤᠮ ᠶᠠᠮᠠᠷᠰᠢᠦ ᠪᠠᠶᠢᠭᠰᠠᠨ ᠪᠤᠯ ᠭᠡᠳᠡᠭ ᠢ ᠲᠠ ᠪᠦᠬᠦᠨ ︽ᠵᠠᠰᠠᠭ ᠤᠨ ᠬᠤᠲᠤᠭᠤᠷ︾ ᠷᠤᠮᠠᠨ ᠤ ᠳᠦᠷᠢ ᠨᠦᠭᠦᠳ ᠠᠴᠠ ᠤᠯᠵᠤ ᠬᠠᠷᠠᠬᠤ ᠪᠤᠯᠤᠨ᠎ᠠ᠃        ᠲᠤᠰ ᠰᠦᠯᠵᠢᠶᠡᠨ ᠤ ᠨᠠᠶᠢᠷᠠᠭᠤᠯᠤᠭᠴᠢ ᠬᠡᠳᠦᠶᠢᠪᠡᠷ ︽ᠵᠠᠰᠠᠭ ᠤᠨ ᠬᠤᠲᠤᠭᠤᠷ︾ ᠷᠤᠮᠠᠨ ᠢ ᠠᠮᠲᠠᠷᠬᠠᠨ ᠤᠩᠰᠢᠭᠰᠠᠨ ᠪᠤᠯᠪᠠᠴᠤ ᠬᠦᠷᠲᠡᠭᠡᠯ ᠪᠤᠯᠤᠮᠠᠷ ᠲᠠᠨᠢᠯᠴᠠᠭᠤᠯᠭ᠎ᠠ ᠪᠤᠶᠤ ᠨᠤᠮ ᠤᠩᠰᠢᠭᠰᠠᠨ ᠲᠦᠷᠦᠭᠳᠡᠯ ᠪᠢᠴᠢᠵᠦ ᠴᠢᠳᠠᠭ᠎ᠠ ᠦᠭᠡᠢ ᠵᠦᠪᠬᠡᠨ ᠲᠤᠰ ᠨᠤᠮ ᠤᠨ ᠤᠷᠤᠰᠢᠯ ᠪᠤᠯᠤᠨ ᠵᠤᠬᠢᠶᠠᠭᠴᠢ ᠶᠢᠨ ᠲᠠᠨᠢᠯᠴᠠᠭᠤᠯᠭ᠎ᠠ ᠠᠴᠠ ᠬᠤᠪᠢᠶᠠᠯᠴᠠᠪᠠ᠃ ᠵᠠᠰᠠᠭ ᠤᠨ ᠬᠤᠲᠤᠭᠤᠷ᠂  ᠵᠠᠰᠠᠭ ᠬᠤᠰᠢᠭᠤ᠂  ᠲᠡᠮᠡᠭᠡᠲᠦ ᠬᠤᠲᠠ᠂  ︽3.26 ᠤ ᠬᠡᠷᠡᠭ ᠬᠤᠪᠢᠰᠤᠯ︾ ᠵᠡᠷᠭᠡ ᠨᠡᠷᠡᠰ ᠤᠨ ᠬᠠᠭᠠᠯᠲᠠᠨ ᠳᠠᠬᠢ ᠲᠠᠶᠢᠯᠪᠤᠷᠢ ᠶᠢ ᠲᠤᠰ ᠬᠦᠮᠦᠨ ᠤᠷᠳᠤᠰ ᠮᠤᠩᠭᠤᠯ ᠰᠦᠯᠵᠢᠶᠡᠨ ᠠᠴᠠ ᠯᠠᠪᠯᠠᠨ ᠬᠠᠷᠭᠤᠭᠤᠯᠵᠤ ᠳᠠᠭᠠᠯᠳᠤᠭᠤᠯᠪᠠ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号