1. ᠬᠤᠲᠠ ᠶᠢᠨ ᠵᠠᠰᠠᠨ ᠰᠠᠶᠢᠵᠢᠷᠠᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠳᠦᠭᠦᠮ ᠪᠦᠲᠦᠴᠡᠲᠦ | ᠤᠷᠤᠨ ᠰᠠᠭᠤᠴᠠ ᠶᠢᠨ ᠲᠤᠭᠤᠷᠢᠭ ᠤᠨ ᠦᠭᠡᠷᠡᠴᠢᠯᠡᠨ ᠪᠠᠶᠢᠭᠤᠯᠤᠯᠲᠠ ᠶᠢᠨ ᠡᠪᠦᠯ ᠤᠨ ᠤᠯᠠᠷᠢᠯ ᠤᠨ ᠬᠤᠷᠢᠶᠠᠨ | ᠲᠠᠲᠠᠪᠤᠷᠢᠯᠠᠬᠤ ᠠᠵᠢᠯ ᠢ ᠨᠠᠶᠢᠳᠠᠪᠤᠷᠢᠵᠢᠭᠤᠯᠤᠨ᠂ ᠳ᠋ᠦᠩ ᠴᠧᠩ᠂ ᠰᠢ ᠴᠧᠩ᠂ ᠰᠢ ᠨᠠᠨ ᠳ᠋ᠢ᠂ | ᠬᠠᠳᠠᠨᠬᠤᠰᠢᠭᠤ ᠶᠢᠨ ᠳᠦᠭᠦᠮ ᠪᠦᠲᠦᠴᠡᠲᠦ ᠤᠷᠤᠨ ᠰᠠᠭᠤᠴᠠ ᠶᠢᠨ ᠬᠤᠷᠢᠶᠠᠨ ᠲᠠᠲᠠᠪᠤᠷᠢᠯᠠᠬᠤ ᠡᠭᠦᠷᠭᠡ ᠶᠢ | ᠪᠡᠶᠡᠯᠡᠭᠦᠯᠦᠨ᠎ᠡ᠃ ᠯᠢᠦ ᠳ᠋ᠠ ᠹᠧᠨ ᠳᠦᠭᠦᠮ ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠨ ᠪᠠᠶᠢᠭᠤᠯᠤᠯᠲᠠ ᠶᠢ | ᠡᠬᠢᠯᠡᠭᠦᠯᠦᠨ᠂ ᠨᠡᠶᠢᠭᠡᠮ ᠤᠨ ᠬᠦᠷᠦᠩᠭᠡ ᠲᠠᠢ ᠬᠠᠮᠵᠢᠯᠴᠠᠵᠤ᠂ ᠪᠠᠢ ᠡᠾᠧ ᠬᠤᠸᠠ ᠶᠤᠸᠠᠨ᠂ ᠬᠤᠩ ᠱᠠᠨ ᠱᠢ ᠵᠢᠶᠠ | ᠵᠡᠷᠭᠡ ᠲᠠᠷᠬᠠᠢ ᠪᠤᠲᠠᠷᠬᠠᠢ ᠳᠦᠭᠦᠮ ᠪᠦᠲᠦᠴᠡᠲᠦ ᠲᠤᠭᠤᠷᠢᠭ ᠤᠨ ᠦᠭᠡᠷᠡᠴᠢᠯᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ | ᠃ ᠲᠢᠶᠧ ᠨᠠᠨ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠤᠨ ᠰᠤᠯᠠᠯᠠᠭᠰᠠᠨ ᠭᠠᠵᠠᠷ ᠤᠨ | ᠨᠡᠭᠡᠭᠡᠯᠲᠡ ᠬᠢᠵᠦ ᠪᠦᠲᠦᠭᠡᠨ ᠪᠠᠶᠢᠭᠤᠯᠬᠤ ᠬᠦᠴᠦᠯᠡᠴᠡ ᠪᠠᠨ ᠨᠡᠮᠡᠭᠳᠡᠭᠦᠯᠦᠨ᠂ ᠰᠠᠯᠪᠤᠷᠢ ᠵᠠᠮ ᠤᠨ ᠲᠤᠤᠷ᠂ ᠦᠶᠡᠷ ᠢ | ᠲᠠᠲᠠᠷᠠᠭᠤᠯᠬᠤ ᠰᠤᠪᠠᠭ ᠪᠤᠯᠤᠨ ᠭᠠᠵᠠᠷ ᠵᠦᠢ ᠶᠢᠨ ᠭᠠᠢ ᠭᠠᠮᠰᠢᠭ ᠤᠨ ᠰᠡᠷᠭᠡᠶᠢᠯᠡᠨ ᠵᠠᠰᠠᠯᠲᠠ ᠵᠡᠷᠭᠡ | ᠢᠨᠵᠧᠨᠧᠷᠢᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ | ᠰᠤᠶᠤᠯ ᠲᠠᠮᠢᠷ ᠤᠨ ᠠᠵᠢᠯᠠᠭᠠᠨ ᠤ ᠲᠦᠪ ᠢ ᠠᠰᠢᠭᠯᠠᠯᠲᠠ ᠳᠤ ᠤᠷᠤᠭᠤᠯᠤᠨ᠎ᠠ᠃ ᠬᠠᠭᠤᠴᠢᠨ ᠵᠡᠭᠡᠯᠢ ᠲᠤᠭᠤᠷᠢᠭ ᠤᠨ | ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠡᠬᠢᠯᠡᠭᠦᠯᠵᠦ᠂ 37 ᠲᠦᠮᠡᠨ ᠲᠡᠭᠰᠢ ᠳᠦᠷᠪᠡᠯᠵᠢᠨ ᠮᠧᠲᠷ ᠬᠠᠭᠤᠴᠢᠨ | ᠰᠠᠭᠤᠭᠠᠯᠢ ᠠᠷᠠᠳ ᠤᠨ ᠲᠤᠭᠤᠷᠢᠭ ᠢ ᠦᠭᠡᠷᠡᠴᠢᠯᠡᠨ ᠪᠠᠶᠢᠭᠤᠯᠤᠨ᠎ᠠ᠃ | 2. ᠬᠤᠲᠠ ᠲᠤᠭᠤᠷᠢᠭ ᠤᠨ ᠡᠵᠡᠩᠨᠡᠯᠲᠡ ᠪᠠᠲᠤᠯᠠᠭ᠎ᠠ ᠶᠢᠨ ᠴᠢᠳᠠᠪᠤᠷᠢ ᠶᠢ ᠶᠡᠭᠡ ᠬᠦᠴᠦᠨ ᠢᠶᠠᠷ | ᠨᠡᠮᠡᠭᠳᠡᠭᠦᠯᠦᠨ᠎ᠡ᠃ ︽ᠵᠠᠮ ᠬᠠᠷᠢᠯᠴᠠᠭᠠᠨ ᠤ ᠲᠦᠭᠵᠢᠷᠡᠯ ᠢ ᠨᠠᠮᠬᠠᠳᠬᠠᠬᠤ︾ ᠪᠠᠷ ᠵᠤᠭᠰᠤᠴᠠ ᠪᠤᠯᠭᠠᠨ᠂ ᠳᠤᠮᠳᠠ | ᠳᠤᠭᠤᠷᠢᠯ ᠲᠦᠷᠭᠡᠨ ᠵᠠᠮ᠂ ᠸᠧᠨ ᠯᠢᠶᠠᠨ ᠵᠠᠮ᠂ ᠰᠦᠩᠵᠸᠦ ᠵᠠᠮ ᠤᠨ ᠡᠮᠦᠨᠡᠰᠢ ᠨᠡᠪᠲᠡᠷᠡᠬᠦ ᠬᠡᠰᠡᠭ᠂ ᠨᠢᠩ ᠯᠠᠨ | ᠵᠠᠮ ᠤᠨ ᠤᠮᠠᠷᠠᠰᠢ ᠨᠡᠪᠲᠡᠷᠡᠬᠦ ᠬᠡᠰᠡᠭ᠂ ᠨᠢᠭᠡᠳᠦᠭᠡᠷ ᠵᠡᠭᠡᠯᠢ ᠶᠢᠨ ᠵᠡᠭᠦᠨᠰᠢ ᠨᠡᠪᠲᠡᠷᠡᠬᠦ ᠬᠡᠰᠡᠭ᠂ ᠯᠦᠩ ᠲᠸᠦ ᠱᠠᠨ | ᠵᠠᠮ ᠤᠨ ᠡᠮᠦᠨᠡᠰᠢ ᠨᠡᠪᠲᠡᠷᠡᠬᠦ᠂ ᠯᠢᠦ ᠳ᠋ᠠ ᠹᠧᠨ ᠬᠡᠰᠡᠭ ᠤᠨ ᠵᠠᠮ ᠤᠨ ᠲᠤᠤᠷ᠂ ᠢᠨᠵᠠᠭ᠎ᠠ ᠶᠢᠨ ᠭᠤᠤᠯ ᠤᠨ ᠦᠵᠡᠮᠵᠢ | ᠰᠤᠨᠢᠷᠬᠠᠬᠤ ᠶᠠᠪᠠᠭᠠᠨ ᠬᠦᠭᠦᠷᠭᠡ ᠵᠡᠷᠭᠡ ᠵᠠᠮ ᠬᠦᠭᠦᠷᠭᠡ ᠶᠢᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ | ᠳ᠋ᠠᠪᠠᠨ ᠵᠠᠮ ᠤᠨ ᠡᠮᠦᠨᠡᠰᠢ ᠨᠡᠪᠲᠡᠷᠡᠬᠦ ᠪᠤᠯᠤᠨ 306 ᠤᠯᠤᠰ ᠤᠨ ᠵᠠᠮ ᠢ ᠦᠷᠭᠡᠳᠬᠡᠨ ᠵᠠᠰᠠᠬᠤ ᠶᠢ ᠬᠡᠷᠡᠭᠵᠢᠭᠦᠯᠦᠨ᠂ | ᠬᠤᠩ ᠶᠤᠸᠠᠨ ᠶᠡᠭᠡ ᠵᠠᠮ ᠤᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠨᠡᠶᠢᠲᠡ ᠶᠢᠨ ᠵᠠᠮ ᠬᠠᠷᠢᠯᠴᠠᠭ᠎ᠠ ᠶᠢ ᠡᠩ | ᠲᠡᠷᠢᠭᠦᠨ ᠳᠤ ᠬᠦᠭᠵᠢᠭᠦᠯᠦᠨ᠎ᠡ᠃ ᠤᠶᠤᠨᠴᠢ ᠵᠠᠮ ᠬᠠᠷᠢᠯᠴᠠᠭ᠎ᠠ ᠶᠢ ᠶᠡᠭᠡ ᠬᠦᠴᠦᠨ ᠢᠶᠠᠷ ᠬᠦᠭᠵᠢᠭᠦᠯᠦᠨ᠂ ᠵᠠᠮ | ᠬᠠᠷᠢᠯᠴᠠᠭᠠᠨ ᠤ ᠠᠮᠤᠷ ᠲᠦᠪᠰᠢᠨ ᠤ ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠵᠠᠮ ᠬᠠᠷᠢᠯᠴᠠᠭ᠎ᠠ ᠶᠢ ᠵᠤᠬᠢᠶᠠᠨ | ᠪᠠᠶᠢᠭᠤᠯᠤᠨ ᠬᠠᠮᠢᠶᠠᠷᠬᠤ ᠶᠢ ᠴᠢᠩᠭᠠᠳᠬᠠᠨ᠂ ᠲᠢᠭᠯᠢᠮ ᠦᠭᠡᠢ ᠠᠴᠠ ᠪᠤᠯᠵᠤ ᠲᠦᠭᠵᠢᠷᠡᠬᠦ ᠶᠢ ᠬᠤᠷᠢᠭᠯᠠᠨ᠎ᠠ᠃ ︽ | ᠲᠤᠤᠷ ᠬᠤᠭᠤᠯᠠᠢ ᠶᠢ ᠰᠢᠨᠡᠳᠬᠡᠬᠦ︾ ᠪᠠᠷ ᠵᠤᠭᠰᠤᠴᠠ ᠪᠤᠯᠭᠠᠨ᠂ ᠪᠤᠷᠤᠭᠠᠨ ᠤ ᠤᠰᠤ᠂ ᠪᠤᠬᠢᠷ ᠤᠰᠤ ᠶᠢ ᠰᠠᠯᠭᠠᠨ | ᠤᠷᠤᠰᠬᠠᠬᠤ ᠲᠤᠰᠬᠠᠢ ᠲᠦᠷᠦᠯ ᠤᠨ ᠲᠦᠯᠦᠪᠵᠢᠭᠦᠯᠭᠡ ᠶᠢ ᠨᠠᠶᠢᠷᠠᠭᠤᠯᠵᠤ᠂ 74.6 ᠺᠢᠯᠦᠮᠧᠲᠷ ᠪᠤᠷᠤᠭᠠᠨ ᠤ ᠤᠰᠤ | ᠂ ᠪᠤᠬᠢᠷ ᠤᠰᠤᠨ ᠤ ᠬᠤᠭᠤᠯᠠᠢ ᠱᠤᠭᠤᠮ ᠢ ᠳᠡᠪᠢᠰᠬᠦ ᠪᠠ ᠦᠭᠡᠷᠡᠴᠢᠯᠡᠨ ᠵᠠᠰᠠᠵᠤ᠂ 168 ᠺᠢᠯᠦᠮᠧᠲᠷ ᠤᠰᠤ | ᠬᠠᠩᠭᠠᠬᠤ ᠬᠤᠭᠤᠯᠠᠢ᠂ 38 ᠺᠢᠯᠦᠮᠧᠲᠷ ᠲᠠᠬᠢᠨ ᠠᠰᠢᠭᠯᠠᠵᠤ ᠪᠦᠬᠦᠢ ᠤᠰᠤᠨ ᠤ ᠬᠤᠭᠤᠯᠠᠢ ᠱᠤᠭᠤᠮ ᠢ ᠰᠢᠨ᠎ᠡ ᠪᠠᠷ | ᠪᠠᠶᠢᠭᠤᠯᠵᠤ᠂ ᠶᠡᠷᠦᠩᠬᠡᠶᠢᠯᠡᠭᠰᠡᠨ ᠬᠤᠭᠤᠯᠠᠢ ᠬᠤᠩᠭᠢᠯ ᠤᠨ ᠪᠠᠶᠢᠭᠤᠯᠤᠯᠲᠠ ᠶᠢ ᠪᠡᠶᠡᠯᠡᠭᠦᠯᠦᠨ᠎ᠡ᠃ ︽ᠤᠶᠢᠵᠢᠭᠤᠯᠤᠨ | ᠨᠤᠭᠤᠭᠠᠷᠠᠭᠤᠯᠬᠤ ᠤᠷᠤᠨ ᠵᠠᠢ ᠶᠢ ᠨᠡᠮᠡᠭᠳᠡᠭᠦᠯᠭᠦ︾ ᠪᠠᠷ ᠵᠤᠭᠰᠤᠴᠠ ᠪᠤᠯᠭᠠᠨ᠂ ᠴᠢᠩ ᠡᠾᠧ ᠵᠠᠮ ᠤᠨ ᠪᠦᠰᠡᠯᠢᠭ | ᠴᠡᠴᠡᠷᠯᠢᠭ ᠢ ᠳᠡᠰ ᠳᠡᠪᠰᠢᠭᠦᠯᠦᠨ᠂ ᠬᠤᠲᠠ ᠶᠢᠨ ᠡᠮᠦᠨᠡᠬᠢ ᠪᠤᠰᠤᠭ᠎ᠠ ᠰᠤᠯᠪᠢᠴᠠᠭᠠᠲᠤ ᠤᠷᠤᠨ ᠤ ᠠᠮᠢ ᠠᠬᠤᠢ ᠶᠢᠨ | ᠴᠡᠴᠡᠷᠯᠢᠭ ᠢ ᠪᠠᠶᠢᠭᠤᠯᠵᠤ᠂ ︽ᠬᠤᠶᠠᠷ ᠠᠭᠤᠯᠠ ᠬᠤᠶᠠᠷ ᠴᠡᠴᠡᠷᠯᠢᠭ︾ ᠤᠨ ᠦᠵᠡᠮᠵᠢ ᠶᠢ ᠭᠤᠶᠤᠵᠢᠭᠤᠯᠬᠤ ᠪᠠ | ᠬᠤᠲᠠ ᠲᠤᠭᠤᠷᠢᠯ ᠤᠰᠤᠨ ᠰᠢᠰᠲ᠋ᠧᠮ ᠢ ᠴᠡᠭᠴᠡᠯᠡᠨ ᠵᠠᠰᠠᠵᠤ᠂ ᠵᠠᠮ ᠱᠤᠭᠤᠮ᠂ ᠰᠠᠭᠤᠭᠠᠯᠢ ᠲᠤᠭᠤᠷᠢᠭ ᠪᠠ ᠵᠡᠭᠡᠯᠢ | ᠭᠤᠳᠤᠮ ᠤᠨ ᠤᠶᠢᠵᠢᠭᠤᠯᠤᠯᠲᠠ ᠶᠢ ᠴᠢᠩᠭᠠᠳᠬᠠᠨ᠂ 72 ᠲᠦᠮᠡᠨ ᠲᠡᠭᠰᠢ ᠳᠦᠷᠪᠡᠯᠵᠢᠨ ᠮᠧᠲᠷ ᠬᠤᠲᠠ ᠶᠢᠨ | ᠨᠤᠭᠤᠭᠠᠨ ᠵᠦᠯᠭᠡ ᠶᠢ ᠰᠢᠨ᠎ᠡ ᠪᠠᠷ ᠤᠶᠢᠵᠢᠭᠤᠯᠬᠤ ᠪᠠ ᠵᠠᠰᠠᠨ ᠰᠢᠨᠡᠳᠬᠡᠨ᠎ᠡ᠃ ︽ᠴᠡᠭᠴᠡᠯᠡᠨ ᠵᠠᠰᠠᠵᠤ ᠳᠦᠷᠢ | ᠳᠦᠷᠬᠦ ᠶᠢ ᠦᠭᠡᠷᠡᠴᠢᠯᠡᠬᠦ︾ ᠪᠠᠷ ᠵᠤᠭᠰᠤᠴᠠ ᠪᠤᠯᠭᠠᠨ᠂ ᠲᠦᠭᠵᠢᠷᠡᠯ ᠢ ᠨᠠᠮᠬᠠᠳᠬᠠᠬᠤ ᠶᠢ ᠪᠠᠷᠢᠮᠲᠠᠯᠠᠵᠤ᠂ | ᠳᠦᠷᠢᠮᠵᠢᠭᠰᠡᠨ ᠠᠷᠠᠳ ᠲᠤ ᠳᠦᠭᠦᠮ ᠦᠵᠡᠭᠦᠯᠬᠦ ᠵᠠᠬ᠎ᠠ ᠳᠡᠯᠭᠡᠭᠦᠷ ᠵᠢᠴᠢ ᠤᠯᠠᠷᠢᠯ ᠤᠨ ᠴᠢᠨᠠᠷᠲᠠᠢ ᠵᠢᠮᠢᠰ | ᠨᠤᠭᠤᠭᠠᠨ ᠤ ᠵᠠᠬ᠎ᠠ ᠶᠢ ᠨᠡᠮᠡᠨ ᠲᠤᠬᠢᠷᠠᠭᠤᠯᠵᠤ᠂ ᠪᠤᠰᠤᠭ᠎ᠠ ᠴᠤᠭᠴᠠᠲᠤ ᠲᠡᠷᠭᠡ ᠵᠤᠭᠰᠤᠭᠠᠬᠤ ᠲᠠᠯᠠᠪᠠᠢ ᠶᠢᠨ | ᠪᠠᠶᠢᠭᠤᠯᠤᠯᠲᠠ ᠪᠠ ᠲᠡᠷᠭᠡ ᠵᠤᠭᠰᠤᠭᠠᠬᠤ ᠪᠠᠶᠢᠷᠢ ᠶᠢᠨ ᠲᠦᠯᠦᠪᠵᠢᠭᠦᠯᠭᠡ ᠶᠢ ᠲᠦᠷᠭᠡᠳᠬᠡᠨ᠂ ᠬᠠᠤᠯᠢ ᠪᠤᠰᠤ ᠪᠠᠷ | ᠪᠠᠶᠢᠭᠤᠯᠬᠤ᠂ ᠲᠡᠷᠭᠡ ᠵᠤᠭᠰᠤᠭᠠᠬᠤ ᠡᠮᠬᠢ ᠲᠢᠭᠯᠢᠮ᠂ ᠵᠠᠮ ᠤᠨ ᠬᠠᠵᠠᠭᠤ ᠶᠢᠨ ᠵᠠᠬ᠎ᠠ ᠳᠡᠯᠭᠡᠭᠦᠷ᠂ ᠵᠠᠷ ᠫᠠᠶᠢᠰᠠ | ᠢᠯᠡᠷᠬᠡᠶᠢᠯᠡᠯ ᠪᠤᠯᠤᠨ ᠪᠠᠷᠢᠯᠭ᠎ᠠ ᠶᠢᠨ ᠭᠠᠳᠠᠷᠭᠤ ᠶᠢᠨ ᠴᠡᠭᠴᠡᠯᠡᠨ ᠵᠠᠰᠠᠬᠤ ᠠᠵᠢᠯᠯᠠᠭᠠᠨ ᠢ ᠲᠦᠪᠯᠡᠷᠡᠭᠦᠯᠦᠨ | ᠦᠷᠨᠢᠭᠦᠯᠵᠦ᠂ ᠴᠢᠶᠤᠤ ᠪᠸᠢ ᠶᠢᠨ ᠪᠠᠶᠢᠭᠤᠯᠵᠤ ᠳᠠᠭᠤᠰᠤᠭᠰᠠᠨ ᠬᠡᠰᠡᠭ ᠪᠤᠯᠤᠨ ᠸᠠᠨ ᠳ᠋ᠠ ᠠᠷᠠᠯᠵᠢᠶᠠᠨ ᠤ ᠤᠷᠤᠨ ᠢ | ᠬᠤᠲᠠ ᠶᠢᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠤᠷᠤᠨ ᠪᠤᠯᠭᠠᠨ ᠴᠤᠭᠴᠠᠯᠠᠵᠤ᠂ ᠴᠡᠭ ᠢᠶᠠᠷ ᠤᠷᠤᠨ ᠢ | ᠳᠠᠶᠢᠴᠢᠯᠠᠨ᠂ ᠪᠦᠬᠦ ᠲᠠᠯ᠎ᠠ ᠪᠠᠷ ᠰᠢᠪᠲᠤᠯᠤᠨ᠎ᠠ᠃ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠠᠷᠢᠭᠤᠨ ᠴᠡᠪᠡᠷ ᠢ | ᠬᠠᠮᠠᠭᠠᠯᠠᠬᠤ ᠵᠠᠬ᠎ᠠ ᠳᠡᠯᠭᠡᠭᠦᠷᠵᠢᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠬᠡᠷᠡᠭᠵᠢᠭᠦᠯᠦᠨ᠂ ︽ | ᠵᠤᠷᠯᠤᠩ ᠤᠨ ᠬᠤᠪᠢᠰᠬᠠᠯ︾ ᠢ ᠡᠷᠡᠰ ᠭᠤᠶᠢᠪᠢᠰᠢ ᠦᠭᠡᠢ ᠠᠬᠢᠭᠤᠯᠵᠤ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ | ᠠᠷᠢᠭᠤᠨ ᠴᠡᠪᠡᠷ ᠢ ᠬᠠᠮᠠᠭᠠᠯᠠᠬᠤ ᠮᠧᠬᠠᠨᠢᠭᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | 3. ᠬᠤᠲᠠ ᠬᠦᠳᠡᠭᠡ ᠶᠢᠨ ᠬᠦᠭᠵᠢᠯᠲᠡ ᠶᠢᠨ ᠰᠠᠭᠤᠷᠢ ᠨᠦᠬᠦᠴᠡᠯ ᠢ ᠰᠠᠶᠢᠵᠢᠷᠠᠭᠤᠯᠤᠨ᠎ᠠ᠃ ᠲᠡᠮᠦᠷ | ᠵᠠᠮ ᠤᠨ ᠲᠠᠯ᠎ᠠ ᠪᠠᠷ᠂ ᠤᠯᠠᠭᠠᠨᠬᠠᠳᠠ ᠠᠴᠠ ᠪᠡᠭᠡᠵᠢᠩ ᠮᠦᠭᠳᠡᠨ ᠬᠦᠷᠬᠦ ᠠᠶᠠᠨᠴᠢᠳ ᠤᠨ ᠲᠤᠰᠬᠠᠢ ᠱᠤᠭᠤᠮ ᠤᠨ | ᠦᠷᠭᠦᠯᠵᠢᠯᠡᠯ ᠱᠤᠭᠤᠮ ᠢ ᠲᠦᠷᠭᠡᠪᠴᠢᠯᠡᠨ ᠪᠦᠲᠦᠭᠡᠨ ᠪᠠᠶᠢᠭᠤᠯᠵᠤ᠂ ᠵᠢᠯ ᠤᠨ ᠲᠤᠲᠤᠷ᠎ᠠ ᠵᠠᠮ ᠱᠤᠭᠤᠮ ᠢ | ᠳᠡᠪᠢᠰᠬᠦ ᠶᠢ ᠪᠠᠲᠤᠯᠠᠨ᠂ ᠵᠢᠩ ᠲᠦᠩ ᠲᠡᠮᠦᠷ ᠵᠠᠮ ᠤᠨ ᠴᠠᠬᠢᠯᠭᠠᠨᠴᠢᠯᠠᠭᠰᠠᠨ ᠦᠭᠡᠷᠡᠴᠢᠯᠡᠯᠲᠡ ᠪᠤᠯᠤᠨ ᠶᠧ ᡂᠢ | ᠲᠡᠮᠦᠷ ᠵᠠᠮ ᠤᠨ ᠴᠢᠳᠠᠮᠵᠢ ᠶᠢ ᠦᠷᠭᠡᠳᠬᠡᠬᠦ ᠦᠭᠡᠷᠡᠴᠢᠯᠡᠯᠲᠡ ᠶᠢ ᠪᠡᠶᠡᠯᠡᠭᠦᠯᠵᠦ᠂ ᠪᠠᠷᠠᠭᠠᠨ ᠭᠦᠢᠯᠭᠡᠭᠡᠨ ᠤ | ᠬᠦᠷᠢᠶᠡᠯᠡᠩ ᠲᠤᠭᠤᠷᠢᠭ ᠤᠨ ᠲᠡᠮᠦᠷ ᠵᠠᠮ ᠤᠨ ᠲᠤᠰᠬᠠᠢ ᠱᠤᠭᠤᠮ ᠤᠨ ᠦᠭᠡᠷᠡᠴᠢᠯᠡᠯᠲᠡ ᠶᠢ ᠲᠤᠶᠢᠯᠪᠤᠷᠢᠲᠠᠢ | ᠶᠠᠪᠤᠭᠳᠠᠭᠤᠯᠤᠨ᠎ᠠ᠃ ᠡᠨᠧᠷᠭᠢ ᠶᠢᠨ ᠰᠤᠷᠪᠤᠯᠵᠢ ᠶᠢᠨ ᠲᠠᠯ᠎ᠠ ᠪᠠᠷ᠂ ᠹᠦ᠋ ᠯᠦᠩ 2×50 ᠰᠠᠶ᠎ᠠ ᠸᠠᠲ ᠢᠯᠴᠢ | ᠴᠠᠬᠢᠯᠭᠠᠨ ᠢ ᠬᠠᠮᠲᠤ ᠳᠤ ᠨᠢ ᠬᠠᠩᠭᠠᠬᠤ ᠮᠠᠰᠢᠨ ᠪᠦᠯᠦᠭ ᠢ ᠡᠬᠢᠯᠡᠨ ᠪᠠᠶᠢᠭᠤᠯᠵᠤ᠂ ᠠᠭᠠᠷ ᠢ ᠴᠡᠪᠡᠷᠰᠢᠭᠦᠯᠬᠦ | ᠤᠯᠠᠭᠠᠨᠬᠠᠳᠠ ᠪᠤᠯᠤᠨ ᠸᠧᠨ ᠵᠦᠩ ᠤᠨ 220 ᠺᠢᠯᠦᠸᠤᠯᠲ ᠤᠨ ᠴᠠᠬᠢᠯᠭᠠᠨ ᠭᠦᠶᠦᠳᠡᠯ ᠢ ᠬᠤᠪᠢᠷᠠᠭᠤᠯᠤᠨ ᠬᠦᠷᠭᠡᠬᠦ | ᠢᠨᠵᠧᠨᠧᠷᠢᠩ ᠢ ᠠᠵᠢᠯ ᠳᠠᠭᠤᠰᠬᠠᠨ ᠡᠵᠡᠩᠨᠡᠯᠲᠡ ᠡᠬᠢᠯᠡᠭᠦᠯᠬᠦ ᠶᠢ ᠪᠠᠲᠤᠯᠠᠨ᠎ᠠ᠃ ᠤᠰᠤᠨ ᠠᠰᠢᠭᠯᠠᠯᠲᠠ ᠶᠢᠨ | ᠲᠠᠯ᠎ᠠ ᠪᠠᠷ᠂ ᠤᠷᠤᠨ ᠬᠡᠪᠴᠢᠶ᠎ᠡ ᠠᠯᠤᠰᠯᠠᠭᠰᠠᠨ ᠤᠰᠤ ᠲᠤᠬᠢᠷᠠᠭᠤᠯᠬᠤ ᠤᠯᠠᠭᠠᠨᠬᠠᠳᠠ ᠶᠢᠨ ᠰᠠᠯᠪᠤᠷᠢ ᠤᠷᠤᠰᠬᠠᠯ ᠤᠨ | ᠢᠨᠵᠧᠨᠧᠷᠢᠩ ᠢ ᠶᠡᠭᠡ ᠬᠦᠴᠦᠨ ᠢᠶᠠᠷ ᠠᠬᠢᠭᠤᠯᠵᠤ᠂ ᠭᠠᠵᠠᠷ ᠳᠡᠭᠡᠷᠡᠬᠢ ᠤᠰᠤ ᠶᠢ ᠬᠠᠰᠢᠵᠤ ᠬᠠᠳᠠᠭᠠᠯᠠᠨ ᠠᠰᠢᠭᠯᠠᠬᠤ | ᠢᠨᠵᠧᠨᠧᠷᠢᠩ ᠤᠨ ᠲᠦᠯᠦᠪᠵᠢᠭᠦᠯᠭᠡ ᠶᠢ ᠨᠠᠶᠢᠷᠠᠭᠤᠯᠤᠨ᠂ ᠵᠢᠯ ᠤᠨ ᠲᠤᠲᠤᠷ᠎ᠠ 5 ᠤᠰᠤ ᠬᠠᠳᠠᠭᠠᠯᠠᠬᠤ | ᠢᠨᠵᠧᠨᠧᠷᠢᠩ ᠢ ᠪᠠᠶᠢᠭᠤᠯᠤᠨ᠎ᠠ᠃ ᠰᠤᠷᠠᠭ ᠵᠠᠩᠭᠢ ᠶᠢᠨ ᠲᠤᠤᠷᠵᠢᠯ ᠤᠨ ᠲᠠᠯ᠎ᠠ ᠪᠠᠷ᠂ ᠤᠶᠤᠨᠴᠢ ᠬᠤᠲᠠ ᠶᠢᠨ | ᠪᠠᠶᠢᠭᠤᠯᠤᠯᠲᠠ ᠶᠢ ᠲᠦᠷᠭᠡᠳᠬᠡᠨ᠂ ᠬᠡᠷᠡᠭᠯᠡᠭᠡᠨ ᠤ ᠭᠡᠷᠡᠯ ᠰᠢᠷᠬᠡᠭ ᠤᠨ ᠭᠤᠤᠯ ᠲᠤᠤᠷᠵᠢᠯ ᠢ ᠨᠢᠭᠡᠲᠦᠯᠲᠡᠢ | ᠲᠦᠯᠦᠪᠵᠢᠭᠦᠯᠦᠨ ᠪᠠᠶᠢᠭᠤᠯᠵᠤ᠂ ᠤᠶᠤᠨᠴᠢ ᠦᠵᠦᠭᠦᠷ ᠤᠨ ᠪᠠᠷᠠᠭᠠᠨ ᠤ ᠬᠤᠯᠪᠤᠭᠠᠨ ᠤ ᠰᠦᠯᠵᠢᠶ᠎ᠡ ᠶᠢ | ᠨᠡᠶᠢᠯᠡᠭᠦᠯᠦᠨ ᠠᠰᠢᠭᠯᠠᠵᠤ᠂ ᠴᠢᠶᠤᠤ ᠪᠸᠢ ᠶᠢᠨ ᠪᠠᠶᠢᠭᠤᠯᠵᠤ ᠳᠠᠭᠤᠰᠤᠭᠰᠠᠨ ᠬᠡᠰᠡᠭ ᠪᠤᠯᠤᠨ ᠶᠠᠪᠠᠭᠠᠨ ᠵᠡᠭᠡᠯᠢ ᠶᠢᠨ | ᠠᠷᠠᠯᠵᠢᠶᠠᠨ ᠤ ᠴᠠᠭᠠᠷᠢᠭ ᠵᠡᠷᠭᠡ ᠭᠤᠤᠯᠳᠠᠯᠭ᠎ᠠ ᠲᠠᠢ ᠤᠷᠤᠨ ᠬᠡᠪᠴᠢᠶᠡᠨ ᠤ ᠤᠲᠠᠰᠤ ᠦᠭᠡᠢ ᠰᠦᠯᠵᠢᠶ᠎ᠡ ᠶᠢ ᠪᠦᠷᠢᠨ | ᠪᠦᠷᠬᠦᠭᠦᠯᠬᠦ ᠶᠢ ᠪᠡᠶᠡᠯᠡᠭᠦᠯᠦᠨ᠂ ᠤᠷᠤᠨ ᠬᠡᠪᠴᠢᠶᠡᠨ ᠤ ᠴᠢᠨᠠᠷᠲᠠᠢ ᠲᠦᠮᠡᠨ ᠪᠤᠳᠠᠰ ᠤᠨ ᠬᠤᠯᠪᠤᠯᠴᠠᠯ ᠰᠢᠰᠲ᠋ᠧᠮ ᠢ | ᠠᠯᠭᠤᠷ ᠢᠶᠠᠷ ᠪᠠᠶᠢᠭᠤᠯᠤᠨ᠎ᠠ᠃ | 4. ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ ᠶᠢᠨ ᠪᠠᠶᠢᠭᠤᠯᠤᠯᠲᠠ ᠶᠢ ᠰᠢᠪᠲᠤᠯᠤᠯᠲᠠ ᠲᠠᠢ | ᠠᠬᠢᠭᠤᠯᠤᠨ᠎ᠠ᠃ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ ᠨᠢ ᠬᠦᠳᠡᠭᠡ ᠲᠤᠰᠬᠤᠨ ᠢ ᠮᠠᠨᠳᠤᠭᠤᠯᠤᠨ | ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠲᠠᠪᠴᠠᠩ ᠪᠤᠯᠤᠭᠰᠠᠨ ᠤ ᠬᠤᠪᠢ ᠳᠤ᠂ ᠲᠠᠷᠢᠶᠠᠯᠠᠩ ᠤᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠬᠦᠲᠦᠴᠢ ᠪᠤᠯᠭᠠᠨ᠂ ᠰᠢᠨ᠎ᠡ ᠲᠠᠷᠢᠶᠠᠯᠠᠩ ᠢ | ᠬᠦᠭᠵᠢᠭᠦᠯᠵᠦ᠂ ᠰᠢᠨ᠎ᠡ ᠲᠠᠷᠢᠶᠠᠴᠢᠨ ᠢ ᠪᠤᠶᠢᠵᠢᠭᠤᠯᠤᠨ᠂ ᠰᠢᠨ᠎ᠡ ᠬᠦᠳᠡᠭᠡ ᠲᠤᠰᠬᠤᠨ ᠢ ᠪᠠᠶᠢᠭᠤᠯᠵᠤ᠂ | ᠲᠠᠷᠢᠶᠠᠯᠠᠩ ᠢ ᠡᠷᠡᠮᠡᠯᠵᠡᠯ ᠪᠦᠬᠦᠢ ᠠᠵᠤ ᠦᠢᠯᠡᠰ ᠪᠤᠯᠭᠠᠨ᠂ ᠲᠠᠷᠢᠶᠠᠴᠢᠨ ᠢ ᠲᠠᠲᠠᠬᠤ ᠬᠦᠴᠦᠨ ᠪᠦᠬᠦᠢ ᠠᠵᠢᠯ | ᠲᠦᠷᠦᠯ ᠪᠤᠯᠭᠠᠵᠤ᠂ ᠬᠦᠳᠡᠭᠡ ᠲᠤᠰᠬᠤᠨ ᠢ ᠠᠮᠤᠷ ᠵᠢᠷᠭᠠᠯᠲᠤ ᠦᠵᠡᠰᠬᠦᠯᠡᠩᠲᠦ ᠭᠡᠷ ᠤᠷᠤᠨ ᠪᠤᠯᠭᠠᠨ᠎ᠠ᠃ ᠬᠦᠳᠡᠭᠡ | ᠲᠤᠰᠬᠤᠨ ᠤ ᠶᠡᠷᠦᠩᠬᠡᠶᠢᠯᠡᠭᠰᠡᠨ ᠴᠤᠭᠴᠠ ᠶᠢᠨ ᠡᠯᠧᠮᠧᠨ᠋ᠲ ᠤᠨ ᠬᠦᠯᠢᠶᠡᠰᠦᠯᠡᠯ ᠢ ᠠᠯᠳᠠᠷᠠᠭᠠᠬᠤ ᠲᠤᠭᠤᠷᠢᠨ ᠳᠤ᠂ | ᠤᠯᠤᠰ ᠤᠨ ᠦᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠺᠤᠮᠫᠠᠨᠢ ᠶᠢᠨ ᠴᠢᠳᠠᠮᠵᠢ ᠶᠢ ᠪᠠᠳᠠᠷᠠᠭᠤᠯᠤᠨ᠂ | ᠬᠠᠮᠢᠶᠠᠷᠤᠯᠲᠠ ᠶᠢᠨ ᠬᠡᠯᠪᠡᠷᠢ ᠶᠢᠨ ᠰᠢᠨ᠎ᠡ ᠶᠢ ᠡᠭᠦᠳᠦᠨ ᠪᠠᠶᠢᠭᠤᠯᠵᠤ᠂ ᠲᠠᠷᠢᠶᠠᠨ ᠭᠠᠵᠠᠷ᠂ ᠤᠰᠤᠨ ᠠᠰᠢᠭᠯᠠᠯᠲᠠ᠂ | ᠪᠤᠬᠢᠷ ᠤᠰᠤ ᠶᠢ ᠴᠡᠪᠡᠷᠰᠢᠭᠦᠯᠬᠦ᠂ ᠵᠢᠭᠤᠯᠴᠢᠯᠠᠯ ᠤᠨ ᠵᠠᠰᠠᠮᠠᠯ ᠵᠠᠮ᠂ ᠬᠤᠪᠢ ᠪᠠᠷ ᠵᠢᠭᠤᠯᠴᠢᠯᠠᠬᠤ ᠮᠠᠰᠢᠨ ᠲᠡᠷᠭᠡᠨ ᠤ | ᠬᠤᠸᠠᠷᠡᠨ᠂ ᠵᠢᠭᠤᠯᠴᠢᠯᠠᠯ ᠤᠨ ᠵᠤᠷᠯᠤᠩ ᠵᠡᠷᠭᠡ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ | ᠭᠠᠵᠠᠷ ᠰᠢᠷᠦᠢ ᠶᠢᠨ ᠳᠥᠷᠢᠮᠵᠢᠯᠲᠦ ᠡᠷᠭᠢᠯᠲᠡ᠂ ᠪᠠᠶᠢᠰᠢᠩ ᠤᠨ ᠰᠠᠭᠤᠷᠢ ᠶᠢ ᠠᠰᠢᠭᠯᠠᠬᠤ ᠪᠤᠯᠤᠨ ᠤᠯᠠᠨ ᠡᠰᠢᠲᠦ | ᠠᠮᠢ ᠠᠬᠤᠢ ᠶᠢᠨ ᠰᠡᠷᠭᠦᠭᠡᠯᠲᠡ ᠶᠢᠨ ᠲᠤᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠢ ᠢᠳᠡᠪᠬᠢᠵᠢᠭᠦᠯᠦᠨ᠂ | ᠡᠯᠧᠮᠧᠨ᠋ᠲ ᠢ ᠢᠳᠡᠪᠬᠢᠵᠢᠭᠦᠯᠵᠦ᠂ ᠪᠡᠶᠡᠴᠢ ᠴᠤᠭᠴᠠ ᠶᠢ ᠢᠳᠡᠪᠬᠢᠵᠢᠭᠦᠯᠦᠨ᠎ᠡ᠃ ᠬᠦᠳᠡᠭᠡ ᠲᠤᠰᠬᠤᠨ ᠤ | ᠶᠡᠷᠦᠩᠬᠡᠶᠢᠯᠡᠭᠰᠡᠨ ᠴᠤᠭᠴᠠ ᠶᠢᠨ ᠠᠵᠤ ᠦᠢᠯᠡᠰ ᠤᠨ ᠳᠡᠰ ᠳᠠᠪᠬᠤᠷᠭ᠎ᠠ ᠶᠢ ᠳᠡᠭᠡᠭᠰᠢᠯᠡᠭᠦᠯᠬᠦ ᠲᠤᠭᠤᠷᠢᠨ ᠳᠤ᠂ | ᠠᠷᠠᠯᠵᠢᠶᠠᠴᠢᠨ ᠤᠷᠢᠵᠤ ᠪᠡᠯᠡ ᠲᠠᠲᠠᠬᠤ ᠬᠦᠴᠦᠯᠡᠴᠡ ᠪᠠᠨ ᠨᠡᠮᠡᠭᠳᠡᠭᠦᠯᠦᠨ᠂ ᠪᠦᠲᠦᠭᠡᠯᠴᠢ ᠲᠠᠷᠢᠶᠠᠯᠠᠩ᠂ ᠭᠤᠤᠯ | ᠰᠡᠳᠦᠪᠲᠦ ᠴᠡᠴᠡᠷᠯᠢᠭ᠂ ᠰᠤᠶᠤᠯ ᠵᠢᠭᠤᠯᠴᠢᠯᠠᠯ ᠤᠨ ᠵᠢᠵᠢᠭ ᠪᠠᠯᠭᠠᠰᠤ᠂ ᠺᠠᠩ ᠶᠠᠩ ᠯᠧ ᠶᠤᠸᠠᠨ ᠵᠡᠷᠭᠡ ᠲᠦᠷᠦᠯ | ᠵᠦᠢᠯ ᠢ ᠭᠤᠤᠯᠳᠠᠯᠭ᠎ᠠ ᠲᠠᠢ ᠲᠠᠲᠠᠨ ᠤᠷᠤᠭᠤᠯᠵᠤ᠂ ︽ᠴᠤᠭᠴᠠ ᠪᠦᠷᠢ ᠨᠢ ᠦᠪᠡᠷ ᠤᠨ ᠤᠨᠴᠠᠯᠢᠭ ᠲᠠᠢ ᠪᠠᠶᠢᠬᠤ︾ | ᠵᠠᠷᠴᠢᠮ ᠶᠤᠰᠤᠭᠠᠷ᠂ ᠳ᠋ᠤᠤ ᠭᠦ᠋ ᠡᠮᠦᠨ᠎ᠡ ᠠᠭᠤᠯᠠᠨ ᠤ ᠠᠮᠢ ᠠᠬᠤᠢ ᠶᠢᠨ ᠵᠢᠭᠤᠯᠴᠢᠯᠠᠯ ᠠᠷᠠᠯᠵᠢᠶᠠᠨ ᠤ ᠤᠷᠤᠨ᠂ | ᠬᠤᠩ ᠱᠠᠨ ᠬᠤᠸᠠ ᠳ᠋ᠦ᠋᠂ ᠲᠠᠷᠢᠶᠠᠯᠠᠩ ᠢ ᠴᠤᠭᠴᠠᠯᠠᠬᠤ ᠵᠡᠷᠭᠡ ᠲᠦᠷᠦᠯ ᠵᠦᠢᠯ ᠤᠨ ᠴᠢᠳᠠᠮᠵᠢ᠂ ᠠᠵᠤ ᠦᠢᠯᠡᠰ ᠤᠨ | ᠲᠦᠯᠦᠪ ᠢ ᠭᠦᠨ ᠠᠭᠤᠳᠠᠯᠠᠵᠤ᠂ ᠠᠵᠤ ᠦᠢᠯᠡᠰ ᠤᠨ ᠴᠢᠳᠠᠮᠵᠢ᠂ ᠰᠤᠶᠤᠯ ᠤᠨ ᠴᠢᠳᠠᠮᠵᠢ᠂ ᠵᠢᠭᠤᠯᠴᠢᠯᠠᠯ ᠤᠨ | ᠴᠢᠳᠠᠮᠵᠢ᠂ ᠨᠡᠶᠢᠭᠡᠮ ᠲᠤᠭᠤᠷᠢᠭ ᠤᠨ ᠴᠢᠳᠠᠮᠵᠢ ᠶᠢ ᠲᠦᠪᠯᠡᠷᠡᠭᠦᠯᠦᠨ ᠠᠭᠤᠰᠤᠯᠴᠠᠭᠤᠯᠬᠤ ᠶᠢ ᠠᠬᠢᠭᠤᠯᠤᠨ᠎ᠠ᠃ | ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠲᠤᠭᠤᠷᠢᠨ ᠳᠤ᠂ ᠲᠠᠷᠢᠶᠠᠴᠢᠳ ᠤᠨ ᠬᠤᠷᠰᠢᠶᠠᠵᠢᠯ ᠢᠶᠠᠷ ᠲᠠᠪᠴᠠᠩ | ᠪᠤᠯᠭᠠᠨ᠂ ᠲᠤᠯᠤᠭᠠᠶᠢᠯᠠᠭᠴᠢ ᠠᠵᠤ ᠠᠬᠤᠶᠢᠯᠠᠯ ᠪᠤᠯᠤᠨ ᠲᠠᠷᠢᠶᠠᠴᠢᠳ ᠤᠨ ᠠᠰᠢᠭ ᠲᠤᠰᠠ ᠬᠤᠯᠪᠤᠯᠳᠤᠨ | ᠠᠭᠤᠰᠤᠯᠴᠠᠭᠰᠠᠨ ᠲᠤᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠩ ᠢ ᠴᠢᠬᠤᠯᠠᠴᠢᠯᠠᠵᠦ᠂ ᠮᠡᠷᠭᠡᠵᠢᠯ ᠡᠵᠡᠮᠰᠢᠭᠰᠡᠨ᠂ | ᠡᠵᠡᠩᠨᠡᠯᠲᠡ ᠳᠤ ᠴᠢᠳᠠᠮᠠᠭᠠᠢ ᠰᠢᠨ᠎ᠡ ᠬᠡᠯᠪᠡᠷᠢ ᠶᠢᠨ ᠮᠡᠷᠭᠡᠵᠢᠯ ᠤᠨ ᠲᠠᠷᠢᠶᠠᠴᠢᠨ ᠢ ᠢᠳᠡᠪᠬᠢᠲᠡᠢ ᠪᠤᠶᠢᠵᠢᠭᠤᠯᠵᠤ᠂ | ᠲᠠᠷᠢᠶᠠᠴᠢᠳ ᠢ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ ᠶᠢᠨ ᠪᠠᠶᠢᠭᠤᠯᠤᠯᠲᠠ ᠳᠤ ᠭᠦᠢᠴᠡᠳ | ᠤᠷᠤᠯᠴᠠᠭᠤᠯᠤᠨ᠂ ᠲᠠᠷᠢᠶᠠᠴᠢᠳ ᠤᠨ ᠤᠷᠤᠯᠭ᠎ᠠ ᠶᠢ ᠦᠷᠭᠦᠯᠵᠢᠯᠡᠨ ᠯᠠᠪᠳᠠᠭᠤᠨ ᠨᠡᠮᠡᠭᠳᠡᠭᠦᠯᠬᠦ ᠶᠢ ᠠᠬᠢᠭᠤᠯᠤᠨ᠎ᠠ᠃ | ︵ᠭᠤᠷᠪᠠ︶ ᠠᠷᠠᠳ ᠤᠨ ᠠᠮᠢᠳᠤᠷᠠᠯ ᠨᠡᠶᠢᠭᠡᠮ ᠤᠨ ᠠᠵᠢᠯ ᠦᠢᠯᠡᠰ ᠤᠨ ᠬᠦᠭᠵᠢᠯᠲᠡ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠲᠦᠪ ᠪᠤᠯᠭᠠᠭᠰᠠᠨ ᠬᠦᠭᠵᠢᠯᠲᠡ ᠶᠢᠨ ᠦᠵᠡᠯ ᠰᠠᠨᠠᠭ᠎ᠠ | ᠪᠤᠯᠤᠨ ᠦᠨᠡᠨ ᠠᠴᠠ ᠵᠦᠪ ᠢ ᠡᠷᠢᠬᠦ ᠦᠵᠡᠯ ᠰᠠᠨᠠᠭᠠᠨ ᠤ ᠱᠤᠭᠤᠮ ᠢ ᠤᠶᠠᠯᠳᠤᠭᠤᠯᠬᠤ ᠶᠢ ᠪᠠᠷᠢᠮᠲᠠᠯᠠᠵᠤ᠂ ᠤᠯᠠᠨ | ᠲᠦᠮᠡᠨ ᠤ ᠬᠠᠨᠤᠮᠵᠢ ᠦᠭᠡᠢ ᠠᠰᠠᠭᠤᠳᠠᠯ ᠳᠤ ᠴᠢᠭᠯᠡᠭᠦᠯᠦᠨ᠂ ᠨᠠᠷᠢᠯᠢᠭ ᠲᠦᠯᠦᠪᠯᠡᠨ᠂ ᠤᠨᠤᠪᠴᠢᠲᠠᠢ ᠠᠷᠭ᠎ᠠ | ᠬᠡᠮᠵᠢᠶ᠎ᠡ ᠠᠪᠴᠤ᠂ ᠰᠡᠳᠬᠢᠯ ᠲᠠᠯᠪᠢᠨ ᠠᠵᠢᠯᠯᠠᠵᠤ᠂ ᠰᠠᠶᠢᠨ ᠤᠴᠢᠷ ᠢ ᠦᠨᠡᠨᠬᠦ ᠨᠠᠶᠢᠳᠠᠪᠤᠷᠢᠵᠢᠭᠤᠯᠤᠨ᠂ ᠦᠨᠡᠨ | ᠤᠴᠢᠷ ᠢ ᠰᠠᠶᠢᠲᠤᠷ ᠲᠤᠬᠢᠲᠠᠢ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠭᠡᠮᠵᠢᠲᠦ ᠲᠦᠷᠦᠭᠳᠡᠯ᠂ ᠵᠤᠯ ᠵᠢᠷᠭᠠᠯᠲᠤ | ᠲᠦᠷᠦᠭᠳᠡᠯ᠂ ᠠᠮᠤᠷ ᠲᠦᠪᠰᠢᠨ ᠲᠦᠷᠦᠭᠳᠡᠯ ᠢ ᠨᠡᠮᠡᠭᠳᠡᠭᠦᠯᠦᠨ᠎ᠡ᠃ | 1. ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠠᠵᠢᠯ | ᠤᠯᠭᠤᠯᠲᠠ ᠶᠢ ᠡᠩ ᠲᠡᠷᠢᠭᠦᠨ ᠳᠤ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ᠂ | ᠪᠦᠲᠦᠴᠡ ᠶᠢᠨ ᠴᠢᠨᠠᠷᠲᠠᠢ ᠠᠵᠢᠯ ᠤᠯᠭᠤᠯᠲᠠ ᠶᠢᠨ ᠵᠦᠷᠢᠴᠡᠯ ᠢ ᠬᠢᠨᠠᠮᠠᠭᠠᠢ ᠰᠠᠶᠢᠲᠤᠷ ᠰᠢᠢᠳᠪᠦᠷᠢᠯᠡᠵᠦ᠂ | ᠴᠡᠷᠢᠭ ᠠᠴᠠ ᠬᠠᠯᠠᠭᠳᠠᠭᠰᠠᠳ᠂ ᠤᠶᠤᠲᠠᠳ᠂ ᠲᠠᠷᠢᠶᠠᠴᠢᠳ ᠪᠤᠯᠤᠨ ᠬᠤᠲᠠ ᠪᠠᠯᠭᠠᠰᠤᠨ ᠤ ᠠᠵᠢᠯ ᠤᠯᠬᠤ ᠳᠤ | ᠬᠦᠴᠢᠷᠳᠡᠭᠰᠡᠳ ᠤᠨ ᠠᠵᠢᠯ ᠤᠯᠬᠤ᠂ ᠲᠠᠬᠢᠨ ᠠᠵᠢᠯ ᠤᠯᠬᠤ ᠶᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ | ᠲᠦᠮᠡᠨ ᠤᠯᠠᠨ ᠢᠶᠠᠷ ᠢᠶᠠᠨ ᠦᠢᠯᠡᠰ ᠪᠤᠰᠬᠠᠬᠤ ᠤᠷᠤᠨ ᠵᠠᠢ᠂ ᠨᠡᠪᠴᠢᠯᠡᠭᠦᠷ ᠤᠨ ᠰᠠᠭᠤᠷᠢᠨ ᠵᠡᠷᠭᠡ ︽ᠬᠤᠶᠠᠷ ᠢ | ᠪᠠᠶᠢᠭᠤᠯᠬᠤ︾ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠲᠦᠷᠦᠯ ᠤᠨ ᠦᠢᠯᠡᠰ ᠪᠤᠰᠬᠠᠭᠴᠢᠳ ᠤᠨ | ᠠᠵᠤ ᠦᠢᠯᠡᠰ ᠤᠨ ᠬᠡᠯᠬᠢᠶᠡᠰᠦ ᠶᠢᠨ ᠲᠤᠭᠤᠷᠢᠨ ᠳᠤ ᠰᠢᠨ᠎ᠡ ᠶᠢ ᠡᠭᠦᠳᠦᠨ ᠦᠢᠯᠡᠰ ᠪᠤᠰᠬᠠᠬᠤ ᠠᠵᠢᠯᠯᠠᠭᠠᠨ | ᠦᠷᠨᠢᠭᠦᠯᠬᠦ ᠶᠢ ᠳᠡᠮᠵᠢᠵᠦ᠂ ᠵᠢᠯ ᠤᠨ ᠲᠤᠲᠤᠷ᠎ᠠ ᠬᠤᠲᠠ ᠪᠠᠯᠭᠠᠰᠤᠨ ᠤ ᠠᠵᠢᠯ ᠤᠯᠤᠭᠰᠠᠳ ᠢ 9000 | ᠬᠦᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠠᠵᠢᠯ ᠤᠯᠤᠭᠰᠠᠳ ᠦᠭᠡᠢ ᠭᠡᠷ ᠪᠦᠯᠢ ᠦᠭᠡᠢ ᠪᠠᠶᠢᠬᠤ ᠶᠢ | ᠪᠠᠶᠠᠯᠠᠭᠦᠯᠦᠨ᠎ᠠ᠃ ᠬᠦᠳᠡᠯᠮᠦᠷᠢ ᠬᠦᠴᠦ ᠬᠡᠷᠡᠭᠰᠡᠬᠦ ᠰᠤᠷᠠᠭ ᠵᠠᠩᠭᠢ ᠶᠢᠨ ᠰᠦᠯᠵᠢᠶᠡᠨ ᠳᠠᠬᠢ ᠪᠦᠷᠢᠳᠬᠡᠨ | ᠳᠠᠩᠰᠠᠯᠠᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠡᠶ᠎ᠡ ᠵᠤᠬᠢᠴᠠᠯᠲᠤ ᠬᠦᠳᠡᠯᠮᠦᠷᠢ ᠶᠢᠨ | ᠬᠠᠷᠢᠴᠠᠭ᠎ᠠ ᠶᠢ ᠢᠳᠡᠪᠬᠢᠲᠡᠢ ᠴᠤᠭᠴᠠᠯᠠᠨ᠎ᠠ᠃ ᠤᠷᠴᠢᠨ ᠲᠤᠭᠤᠷᠢᠨ ᠤ ᠬᠠᠮᠠᠭᠠᠯᠠᠯᠲᠠ ᠪᠠ ᠨᠡᠶᠢᠭᠡᠮ ᠲᠤᠭᠤᠷᠢᠭ ᠤᠨ | ᠡᠮᠤᠨ᠎ᠡ ᠤᠳᠠᠰᠤᠨ ᠤ ᠠᠵᠢᠯᠲᠡᠳ ᠤᠨ ᠬᠠᠷᠠᠭᠠᠯᠵᠠᠯ ᠢ ᠲᠤᠬᠢᠷᠠᠭᠤᠯᠬᠤ ᠲᠤᠭᠲᠠᠴᠠ ᠶᠢ ᠪᠦᠷᠢᠨᠰᠢᠭᠦᠯᠦᠨ᠎ᠡ᠃ ᠡᠯ᠎ᠡ | ᠲᠦᠷᠦᠯ ᠤᠨ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠤᠳᠠ | ᠬᠦᠳᠡᠭᠡ ᠶᠢᠨ ᠶᠠᠳᠠᠭᠤ ᠬᠦᠴᠢᠷᠳᠡᠯᠲᠡᠢ ᠤᠯᠠᠨ ᠲᠦᠮᠡᠨ ᠢ ᠳᠡᠮᠵᠢᠨ ᠲᠤᠰᠠᠯᠠᠬᠤ ᠪᠠᠷᠢᠮᠵᠢᠶ᠎ᠠ ᠶᠢ ᠦᠷᠭᠦᠯᠵᠢᠯᠡᠨ | ᠳᠡᠭᠡᠭᠰᠢᠯᠡᠭᠦᠯᠵᠦ᠂ ᠨᠠᠰᠤᠲᠠᠨ ᠢ ᠠᠰᠠᠷᠠᠬᠤ᠂ ᠵᠡᠮᠳᠡᠭᠴᠦᠳ ᠢ ᠲᠤᠰᠠᠯᠠᠬᠤ᠂ ᠦᠨᠦᠴᠢᠨ ᠦᠷᠦᠭᠡᠰᠦᠨ ᠢ ᠲᠤᠰᠠᠯᠠᠨ | ᠳᠡᠮᠵᠢᠬᠦ᠂ ᠬᠠᠷᠠᠭᠠᠯᠵᠠᠬᠤ ᠵᠡᠷᠭᠡ ᠠᠰᠠᠷᠠᠮᠵᠢ ᠶᠢᠨ ᠦᠢᠯᠡᠰ ᠤᠨ ᠬᠦᠭᠵᠢᠯᠲᠡ ᠶᠢ ᠨᠢᠭᠡᠲᠦᠯᠲᠡᠢ ᠲᠦᠯᠦᠪᠵᠢᠭᠦᠯᠦᠨ | ᠠᠬᠢᠭᠤᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ | 2. ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ᠰᠤᠷᠭᠠᠨ | ᠬᠦᠮᠦᠵᠢᠯ ᠤᠨ ᠪᠠᠶᠢᠷᠢᠰᠢᠯ ᠪᠤᠯᠤᠨ ᠲᠡᠩᠴᠡᠭᠦᠷᠢᠰᠢᠭᠦᠯᠦᠨ ᠬᠦᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ | ᠲᠦᠯᠦᠪᠵᠢᠭᠦᠯᠭᠡ ᠶᠢ ᠨᠠᠶᠢᠳᠠᠪᠤᠷᠢᠵᠢᠭᠤᠯᠵᠤ᠂ ᠴᠢᠶᠤᠤ ᠪᠸᠢ ᠶᠢᠨ ᠳᠦᠷᠪᠡᠳᠦᠭᠡᠷ ᠳᠤᠮᠳᠠᠳᠤ ᠰᠤᠷᠭᠠᠭᠤᠯᠢ ᠶᠢᠨ | ᠬᠤᠪᠢᠶᠠᠷᠢ ᠰᠤᠷᠭᠠᠭᠤᠯᠢ᠂ ᠤᠯᠠᠭᠠᠨᠬᠠᠳᠠ ᠶᠢᠨ ᠳᠠᠪᠤᠳᠤᠭᠠᠷ ᠳᠤᠮᠳᠠᠳᠤ᠂ ᠠᠷᠪᠠᠳᠤᠭᠠᠷ ᠳᠤᠮᠳᠠᠳᠤ᠂ ᠳᠡᠭᠡᠳᠦ ᠰᠢᠨ᠎ᠡ | ᠲᠤᠭᠤᠷᠢᠭ ᠤᠨ ᠰᠤᠷᠭᠠᠭᠤᠯᠢ ᠵᠡᠷᠭᠡ ᠳᠤᠮᠳᠠᠳᠤ ᠪᠠᠭ᠎ᠠ ᠰᠤᠷᠭᠠᠭᠤᠯᠢ᠂ 25 ᠰᠠᠭᠤᠷᠢ ᠬᠡᠦᠬᠡᠳ ᠤᠨ ᠴᠡᠴᠡᠷᠯᠢᠭ ᠢ | ᠪᠠᠶᠢᠭᠤᠯᠬᠤ ᠪᠠ ᠦᠷᠭᠡᠳᠬᠡᠨ ᠪᠠᠶᠢᠭᠤᠯᠵᠤ᠂ ᠪᠦᠯᠦᠭᠴᠢᠯᠡᠭᠰᠡᠨ ᠰᠤᠷᠭᠠᠭᠤᠯᠢ ᠡᠷᠬᠢᠯᠡᠬᠦ ᠪᠦᠷᠬᠦᠴᠡ ᠶᠢᠨ ᠲᠠᠯᠠᠪᠠᠢ ᠶᠢ | ᠦᠷᠭᠡᠳᠬᠡᠨ᠂ ᠪᠠᠭᠰᠢ ᠶᠢᠨ ᠡᠩᠨᠡᠭᠡᠨ ᠤ ᠨᠦᠭᠡᠴᠡ ᠶᠢ ᠨᠡᠮᠡᠭᠳᠡᠭᠦᠯᠵᠦ᠂ ᠰᠢᠯᠢᠳᠡᠭ ᠴᠢᠨᠠᠷ ᠤᠨ ᠰᠤᠷᠭᠠᠨ | ᠬᠦᠮᠦᠵᠢᠯ ᠤᠨ ᠬᠠᠩᠭᠠᠯᠭ᠎ᠠ ᠶᠢ ᠪᠠᠲᠤᠯᠠᠨ᠂ ᠤᠯᠤᠰ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ | ᠲᠡᠩᠴᠡᠭᠦᠷᠢᠲᠦ ᠬᠦᠭᠵᠢᠯᠲᠡ ᠶᠢᠨ ᠪᠠᠷᠢᠮᠵᠢᠶ᠎ᠠ ᠳᠤ ᠬᠦᠷᠬᠦ ᠶᠢ ᠪᠠᠲᠤᠯᠠᠵᠤ᠂ ᠰᠤᠷᠬᠤ ᠨᠠᠰᠤᠨ ᠠᠴᠠ ᠡᠮᠦᠨᠡᠬᠢ | ᠬᠡᠦᠬᠡᠳ ᠤᠨ ᠴᠡᠴᠡᠷᠯᠢᠭ ᠲᠤ ᠤᠷᠤᠬᠤ ᠳᠤ ᠬᠦᠴᠢᠷ ᠪᠠᠶᠢᠬᠤ᠂ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠬᠢᠴᠢᠶᠡᠯ ᠤᠨ ᠭᠠᠳᠠᠨᠠᠬᠢ ᠳᠠᠷᠤᠭᠠᠰᠤ ᠬᠦᠨᠳᠦ᠂ ᠰᠤᠷᠭᠠᠭᠤᠯᠢ ᠰᠢᠯᠢᠬᠦ ᠬᠠᠯᠠᠭᠤᠷᠠᠯ᠂ ᠳᠤᠷ᠎ᠠ ᠪᠠᠷ | ᠠᠩᠭᠢ ᠡᠷᠬᠢᠯᠡᠵᠦ ᠬᠢᠴᠢᠶᠡᠯ ᠨᠦᠬᠦᠬᠦ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ︔ ᠰᠤᠷᠭᠠᠨ ᠬᠦᠮᠦᠵᠢᠯ ᠤᠨ | ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠢᠴᠢᠶᠡᠯ ᠤᠨ | ᠲᠢᠩᠬᠢᠮ ᠤᠨ ᠵᠢᠭᠠᠨ ᠰᠤᠷᠭᠠᠬᠤ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠩ ᠤᠨ ᠦᠨᠳᠦᠷ ᠳᠤᠮᠳᠠᠳᠤ ᠶᠢᠨ | ᠬᠢᠴᠢᠶᠡᠯᠯᠡᠭᠡ ᠶᠢᠨ ᠦᠭᠡᠷᠡᠴᠢᠯᠡᠯᠲᠡ ᠶᠢ ᠡᠬᠢᠯᠡᠭᠦᠯᠦᠨ᠎ᠡ︔ ᠨᠢᠭᠡᠳᠦᠭᠡᠷ ᠠᠵᠢᠯ ᠮᠡᠷᠭᠡᠵᠢᠯ ᠤᠨ ᠰᠤᠷᠭᠠᠭᠤᠯᠢ ᠶᠢᠨ | ᠭᠤᠤᠯᠳᠠᠯᠭᠠᠲᠤ ᠬᠢᠴᠢᠶᠡᠯ ᠲᠦᠷᠦᠯ ᠪᠤᠯᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠳᠡᠭᠡᠳᠦ | ᠮᠡᠷᠭᠡᠵᠢᠯ ᠤᠨ ᠴᠢᠳᠠᠪᠤᠷᠢᠲᠠᠨ ᠤ ᠨᠢᠭᠡᠳᠦᠭᠡᠷ ᠠᠵᠢᠯ ᠮᠡᠷᠭᠡᠵᠢᠯ ᠤᠨ ᠰᠤᠷᠭᠠᠭᠤᠯᠢ ᠳᠤ ᠢᠷᠡᠵᠦ ᠲᠤᠰᠬᠠᠢ ᠪᠠ | ᠬᠠᠪᠰᠤᠷᠭᠠᠭᠰᠠᠨ ᠪᠠᠭᠰᠢ ᠪᠤᠯᠬᠤ ᠶᠢ ᠵᠤᠷᠢᠭᠵᠢᠭᠤᠯᠤᠨ᠂ ᠴᠢᠨᠰᠠᠭ᠎ᠠ ᠰᠠᠶᠢᠲᠠᠢ ᠦᠪᠡᠷᠲᠡᠭᠡᠨ ᠵᠠᠰᠠᠬᠤ ᠤᠷᠤᠨ ᠤ | ᠦᠭᠡᠷᠡᠴᠢᠯᠡᠯᠲᠡ ᠬᠦᠭᠵᠢᠯᠲᠡ ᠶᠢᠨ ᠵᠢᠱᠢᠶ᠎ᠡ ᠦᠵᠡᠭᠦᠯᠬᠦ ᠰᠤᠷᠭᠠᠭᠤᠯᠢ ᠶᠢ ᠪᠠᠶᠢᠭᠤᠯᠤᠨ᠎ᠠ︔ ᠠᠷᠠᠳ ᠠᠴᠠ | ᠡᠷᠬᠢᠯᠡᠭᠰᠡᠨ ᠰᠤᠷᠭᠠᠨ ᠬᠦᠮᠦᠵᠢᠯ ᠢ ᠬᠢᠨᠠᠨ ᠵᠢᠯᠤᠭᠤᠳᠬᠤ ᠳᠦᠷᠢᠮᠵᠢᠯ ᠢ ᠪᠠᠶᠢᠭᠤᠯᠤᠨ᠂ ᠠᠷᠠᠳ ᠠᠴᠠ ᠡᠷᠬᠢᠯᠡᠭᠰᠡᠨ | ᠰᠤᠷᠭᠠᠨ ᠬᠦᠮᠦᠵᠢᠯ ᠢ ᠳᠦᠷᠢᠮᠵᠢᠭᠦᠯᠦᠨ ᠬᠦᠭᠵᠢᠭᠦᠯᠦᠨ᠎ᠡ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ | ᠦᠭᠡᠷᠡᠴᠢᠯᠡᠯᠲᠡ ᠶᠢ ᠠᠬᠢᠭᠤᠯᠤᠨ᠂ ᠬᠤᠶᠠᠳᠤᠭᠠᠷ ᠡᠮᠨᠡᠯᠭᠡ ᠶᠢᠨ ᠬᠤᠷᠢᠶᠠᠨ ᠤ ᠴᠢᠶᠤᠤ ᠪᠸᠢ ᠳᠠᠬᠢ ᠬᠤᠪᠢᠶᠠᠷᠢ | ᠡᠮᠨᠡᠯᠭᠡ ᠶᠢ ᠡᠬᠢᠯᠡᠨ ᠪᠠᠶᠢᠭᠤᠯᠵᠤ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢ ᠪᠠᠶᠢᠭᠤᠯᠤᠨ᠂ ᠦᠨᠳᠦᠰᠦᠨ | ᠱᠠᠲᠤᠨ ᠤ ᠮᠤᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠤᠩ ᠱᠠᠨ ᠡᠮᠴᠢᠯᠡᠭᠡᠨ ᠤ ᠪᠦᠯᠦᠭᠯᠡᠯ ᠢ ᠦᠨᠳᠦᠷ ᠪᠦᠲᠦᠮᠵᠢᠲᠡᠢ ᠠᠵᠢᠯᠯᠠᠭᠤᠯᠬᠤ ᠶᠢ ᠲᠦᠯᠬᠢᠨ | ᠠᠬᠢᠭᠤᠯᠤᠨ᠎ᠠ᠃ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠨ᠎ᠠ᠃ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭᠠᠨ ᠢ ᠦᠷᠭᠦᠯᠵᠢᠯᠡᠨ ᠦᠷᠨᠢᠭᠦᠯᠦᠨ᠎ᠡ᠃ ᠦᠨᠳᠦᠷ | ᠨᠠᠰᠤᠲᠠᠳ ᠤᠨ ᠠᠵᠢᠯ ᠦᠢᠯᠡᠰ ᠢ ᠶᠡᠭᠡ ᠬᠦᠴᠦᠨ ᠢᠶᠠᠷ ᠬᠦᠭᠵᠢᠭᠦᠯᠦᠨ᠂ ᠡᠮᠡᠭᠲᠡᠶᠢᠴᠦᠳ ᠬᠡᠦᠬᠡᠳ ᠤᠨ ᠬᠠᠤᠯᠢ | ᠶᠤᠰᠤᠨ ᠤ ᠡᠷᠬᠡ ᠠᠰᠢᠭ ᠢ ᠪᠠᠲᠤᠯᠠᠨ᠎ᠠ᠃ ᠪᠦᠬᠦ ᠠᠷᠠᠳ ᠢᠶᠠᠷ ᠢᠶᠠᠨ ᠴᠢᠬᠢᠷᠠᠭᠵᠢᠬᠤ ᠲᠦᠯᠦᠪᠯᠡᠭᠡ ᠶᠢ | ᠭᠦᠨᠵᠡᠭᠡᠶᠢᠷᠡᠭᠦᠯᠦᠨ ᠠᠬᠢᠭᠤᠯᠵᠤ᠂ ᠤᠯᠠᠨ ᠨᠡᠶᠢᠲᠡ ᠶᠢᠨ ᠲᠠᠮᠢᠷ ᠤᠨ ᠲᠦᠬᠦᠭᠡᠷᠦᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠂ 10 ᠮᠢᠨᠦ᠋ᠲ ᠤᠨ ᠡᠷᠡᠭᠦᠯᠵᠢᠯ ᠤᠨ ᠲᠤᠭᠤᠷᠢᠭ ᠢ ᠪᠠᠶᠢᠭᠤᠯᠤᠨ᠎ᠠ᠃ ᠰᠤᠶᠤᠯ ᠤᠨ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ︔ ᠤᠯᠠᠨ ᠨᠡᠶᠢᠲᠡ ᠶᠢᠨ | ᠰᠤᠶᠤᠯ ᠤᠨ ᠦᠢᠯᠡᠴᠢᠯᠡᠭᠡᠨ ᠤ ᠰᠦᠯᠵᠢᠶ᠎ᠡ ᠶᠢ ᠲᠡᠭᠦᠯᠳᠡᠷᠵᠢᠭᠦᠯᠦᠨ᠂ ᠤᠯᠠᠨ ᠲᠦᠮᠡᠨᠴᠢ ᠴᠢᠨᠠᠷᠲᠠᠢ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠰᠤᠶᠤᠯ ᠤᠨ ᠠᠵᠢᠯᠯᠠᠭᠠᠨ ᠢ ᠦᠷᠭᠡᠨ ᠬᠡᠪᠴᠢᠶ᠎ᠡ ᠪᠠᠷ ᠦᠷᠨᠢᠭᠦᠯᠦᠨ᠎ᠡ︔ ᠰᠤᠶᠤᠯ ᠤᠨ | ᠪᠠᠭᠤᠷᠢ ᠶᠢ ᠬᠠᠮᠠᠭᠠᠯᠠᠬᠤ ᠪᠤᠯᠤᠨ ᠠᠰᠢᠭᠯᠠᠬᠤ ᠶᠢ ᠴᠢᠩᠭᠠᠳᠬᠠᠨ᠂ ᠡᠯ ᠳ᠋ᠤᠤ ᠵᠢᠩᠽᠢ ᠶᠢᠨ ᠬᠠᠭᠤᠴᠢ ᠰᠤᠳᠤᠯᠤᠯ ᠤᠨ | ᠦᠯᠡᠳᠡᠭᠳᠡᠯ ᠤᠨ ᠴᠡᠴᠡᠷᠯᠢᠭ ᠤᠨ ᠪᠠᠶᠢᠭᠤᠯᠤᠯᠲᠠ ᠶᠢ ᠠᠬᠢᠭᠤᠯᠵᠤ᠂ ᠬᠤᠩ ᠱᠠᠨ ᠰᠤᠶᠤᠯ ᠤᠨ ᠦᠵᠡᠭᠦᠯᠭᠡ ᠶᠢᠨ | ᠲᠦᠪ ᠢ ᠪᠠᠶᠢᠭᠤᠯᠵᠤ ᠳᠠᠭᠤᠰᠬᠠᠨ ᠠᠵᠢᠯᠯᠠᠭᠤᠯᠬᠤ ᠶᠢ ᠬᠦᠴᠦᠯᠡᠨ ᠠᠬᠢᠭᠤᠯᠤᠨ᠎ᠠ︔ ᠰᠢᠨ᠎ᠡ ᠨᠢᠭᠡ ᠡᠷᠭᠢᠯᠭᠡᠨ ᠤ | ᠪᠦᠬᠦ ᠤᠯᠤᠰ ᠤᠨ ᠪᠤᠯᠪᠠᠰᠤᠨ ᠬᠤᠲᠠ ᠶᠢ ᠪᠠᠶᠢᠭᠤᠯᠬᠤ ᠠᠵᠢᠯ ᠢ ᠡᠬᠢᠯᠡᠭᠦᠯᠦᠨ᠎ᠡ᠃ | 3. ᠨᠡᠶᠢᠭᠡᠮ ᠤᠨ ᠶᠡᠭᠡ ᠴᠡᠭᠴᠡᠯᠡᠨ ᠵᠠᠰᠠᠯᠲᠠ ᠶᠢᠨ ᠰᠢᠰᠲ᠋ᠧᠮ ᠢ ᠪᠠᠶᠢᠭᠤᠯᠤᠨ᠎ᠠ᠃ ᠤᠯᠠᠨ ᠲᠦᠮᠡᠨ ᠤ | ᠦᠪᠡᠷᠲᠡᠭᠡᠨ ᠵᠠᠰᠠᠬᠤ ᠪᠠᠷ ᠰᠠᠭᠤᠷᠢ ᠪᠤᠯᠭᠠᠨ᠂ ᠰᠦᠯᠵᠢᠶ᠎ᠡ ᠶᠢ ᠨᠢᠭᠡᠳᠬᠡᠬᠦ᠂ ᠰᠤᠷᠠᠭ ᠵᠠᠩᠭᠢ ᠶᠢ ᠬᠠᠮᠲᠤᠪᠡᠷ ᠡᠳ᠋ᠯᠡᠬᠦ᠂ | ᠬᠤᠯᠪᠤᠭᠠᠯᠠᠨ ᠬᠦᠳᠡᠯᠦᠯᠴᠡᠬᠦ ᠶᠢ ᠠᠬᠢᠭᠤᠯᠤᠨ᠂ ᠬᠠᠮᠲᠤᠪᠡᠷ ᠪᠠᠶᠢᠭᠤᠯᠵᠤ ᠬᠠᠮᠲᠤᠪᠡᠷ ᠵᠠᠰᠠᠨ ᠬᠠᠮᠲᠤᠪᠡᠷ ᠡᠳ᠋ᠯᠡᠬᠦ | ᠨᠡᠶᠢᠭᠡᠮ ᠤᠨ ᠴᠡᠭᠴᠡᠯᠡᠨ ᠵᠠᠰᠠᠯᠲᠠ ᠶᠢᠨ ᠪᠦᠲᠦᠴᠡ ᠶᠢ ᠴᠤᠭᠴᠠᠯᠠᠵᠤ᠂ ᠪᠦᠬᠦ ᠤᠯᠤᠰ ᠤᠨ ᠨᠡᠶᠢᠭᠡᠮ ᠤᠨ ᠴᠡᠭᠴᠡᠯᠡᠨ | ᠵᠠᠰᠠᠯᠲᠠ ᠪᠤᠯᠤᠨ ᠦᠢᠯᠡᠴᠢᠯᠡᠭᠡᠨ ᠤ ᠰᠢᠨ᠎ᠡ ᠶᠢ ᠡᠭᠦᠳᠬᠦ ᠲᠤᠷᠰᠢᠯᠲᠠ ᠶᠢᠨ ᠤᠷᠤᠨ ᠤ ᠰᠢᠯᠭᠠᠨ ᠪᠠᠶᠢᠴᠠᠭᠠᠯᠲᠠ ᠶᠢ | ᠦᠩᠭᠡᠷᠡᠬᠦ ᠶᠢ ᠪᠠᠲᠤᠯᠠᠨ᠎ᠠ᠃ ᠶᠡᠷᠦᠩᠬᠡᠶᠢᠯᠡᠨ ᠵᠠᠰᠠᠯᠲᠠ᠂ ᠬᠤᠲᠠ ᠶᠢᠨ ᠬᠠᠮᠢᠶᠠᠷᠤᠯᠲᠠ᠂ ᠠᠮᠤᠷ ᠲᠦᠪᠰᠢᠨ ᠤ ᠬᠢᠨᠠᠨ | ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠤᠨ ᠰᠦᠯᠵᠢᠶᠡᠨ ᠲᠤᠤᠷᠵᠢᠯ ᠤᠨ ︽ᠤᠯᠠᠨ ᠰᠦᠯᠵᠢᠶ᠎ᠡ ᠶᠢ ᠨᠢᠭᠡᠳᠬᠡᠵᠦ︾᠂ | ᠭᠤᠷᠪᠠᠨ ᠱᠠᠲᠤᠨ ᠤ ᠨᠡᠶᠢᠭᠡᠮ ᠤᠨ ᠴᠡᠭᠴᠡᠯᠡᠨ ᠵᠠᠰᠠᠯᠲᠠ ᠶᠢᠨ ᠲᠤᠤᠷᠵᠢᠯ ᠢ ᠨᠢᠭᠡᠲᠦᠯᠲᠡᠢ ᠬᠤᠪᠢᠶᠠᠷᠢᠯᠠᠨ᠂ ᠨᠢᠭᠡ | ᠲᠤᠤᠷ ᠲᠤ ᠨᠢᠭᠡ ᠪᠦᠷᠢᠯᠳᠦᠭᠦᠨ᠂ ᠲᠤᠰᠬᠠᠢ ᠪᠠ ᠬᠠᠪᠰᠤᠷᠭᠠᠭᠰᠡᠨ ᠢ ᠵᠡᠷᠭᠡᠪᠡᠷ ᠬᠡᠷᠡᠭᠯᠡᠵᠦ᠂ ᠶᠡᠷᠦᠩᠬᠡᠶᠢᠯᠡᠨ | ᠬᠠᠷᠢᠭᠤᠴᠠᠯᠭ᠎ᠠ ᠭᠦᠢᠴᠡᠳᠬᠡᠵᠦ᠂ ᠨᠡᠶᠢᠭᠡᠮ ᠤᠨ ᠴᠡᠭᠴᠡᠯᠡᠨ ᠵᠠᠰᠠᠯᠲᠠ ᠶᠢᠨ ᠲᠤᠤᠷ ᠢ ᠪᠠᠶᠢᠭᠤᠯᠤᠨ᠎ᠠ᠃ ᠨᠡᠶᠢᠭᠡᠮ ᠤᠨ | ᠴᠡᠭᠴᠡᠯᠡᠨ ᠵᠠᠰᠠᠯᠲᠠ ᠶᠢᠨ ᠰᠤᠷᠠᠭ ᠵᠠᠩᠭᠢᠵᠢᠯᠲᠠ ᠶᠢ ᠠᠬᠢᠭᠤᠯᠤᠨ᠂ ᠬᠤᠲᠠ ᠶᠢᠨ ᠰᠠᠭᠤᠷᠢ ᠲᠤᠭ᠎ᠠ ᠪᠠᠷᠢᠮᠲᠠ᠂ ᠠᠵᠤ | ᠦᠢᠯᠡᠰ ᠤᠨ ᠲᠤᠭ᠎ᠠ ᠪᠠᠷᠢᠮᠲᠠ ᠪᠤᠯᠤᠨ ᠰᠠᠯᠠᠭ᠎ᠠ ᠮᠦᠴᠢᠷ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ | ᠨᠢᠭᠡᠳᠬᠡᠬᠦ ᠶᠢ ᠪᠡᠶᠡᠯᠡᠭᠦᠯᠵᠦ᠂ 96345 ᠠᠷᠠᠳ ᠤᠨ ᠠᠮᠢᠳᠤᠷᠠᠯ ᠤᠨ ᠬᠠᠯᠠᠮᠰᠢᠯ ᠤᠲᠠᠰᠤ ᠶᠢ ᠲᠤᠬᠢᠷᠠᠭᠤᠯᠤᠨ᠂ ︽ | ᠮᠠᠨ ᠤ ᠬᠤᠩ ᠱᠠᠨ︾ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠨᠡᠶᠢᠭᠡᠮ ᠤᠨ ᠴᠡᠭᠴᠡᠯᠡᠨ | ᠵᠠᠰᠠᠯᠲᠠ ᠶᠢᠨ ᠨᠢᠭᠡ ᠳᠠᠩᠰᠠ ᠶᠢ ᠪᠦᠷᠢᠯᠳᠦᠭᠦᠯᠦᠨ᠂ ᠠᠷᠠᠳ ᠤᠯᠠᠨ ᠢ ᠨᠢᠭᠡ ᠤᠲᠠᠰᠤ ᠪᠠᠷ ᠵᠠᠰᠠᠭ ᠤᠨ ᠤᠷᠳᠤᠨ ᠢ | ᠡᠷᠢᠵᠦ᠂ ᠨᠢᠭᠡ ᠳᠠᠷᠤᠪᠴᠢ ᠪᠠᠷ ᠤᠴᠢᠷ ᠰᠢᠢᠳᠪᠦᠷᠢᠯᠡᠬᠦ ᠪᠤᠯᠭᠠᠨ᠎ᠠ᠃ ᠲᠤᠭᠤᠷᠢᠭ ᠪᠠᠯᠭᠠᠰᠤ ᠲᠤᠰᠬᠤᠨ ᠭᠤᠷᠪᠠᠨ | ᠱᠠᠲᠤᠨ ᠤ ᠨᠡᠶᠢᠭᠡᠮ ᠤᠨ ᠴᠡᠭᠴᠡᠯᠡᠨ ᠵᠠᠰᠠᠯᠲᠠ ᠶᠢᠨ ᠲᠦᠪ ᠢ ᠪᠠᠶᠢᠭᠤᠯᠵᠤ᠂ ᠡᠯ᠎ᠡ ᠳᠡᠰ ᠳᠠᠪᠬᠤᠷᠭ᠎ᠠ ᠶᠢᠨ ᠬᠦᠴᠦᠨ | ᠪᠤᠯᠤᠨ ᠡᠬᠢ ᠪᠠᠶᠠᠯᠢᠭ ᠢ ᠲᠦᠪᠯᠡᠷᠡᠭᠦᠯᠦᠨ᠂ ᠰᠤᠷᠠᠭ ᠵᠠᠩᠭᠢ ᠶᠢ ᠬᠤᠯᠪᠤᠭᠠᠯᠠᠨ ᠴᠤᠭᠯᠠᠭᠤᠯᠵᠤ᠂ ᠠᠶᠤᠯ | ᠲᠦᠭᠰᠢᠭᠦᠷᠢ ᠶᠢ ᠢᠯᠡᠷᠡᠭᠦᠯᠵᠦ᠂ ᠬᠠᠮᠲᠤᠪᠡᠷ ᠤᠷᠤᠯᠴᠠᠨ ᠵᠦᠷᠢᠴᠡᠯ ᠢ ᠨᠠᠮᠬᠠᠳᠬᠠᠵᠤ᠂ ᠭᠡᠮ ᠰᠤᠭᠤᠭ ᠢ ᠠᠷᠢᠯᠭᠠᠨ᠂ | ᠲᠦᠷᠦ ᠶᠢᠨ ᠪᠤᠳᠤᠯᠭ᠎ᠠ᠂ ᠤᠯᠠᠨ ᠲᠦᠮᠡᠨ ᠳᠤ ᠦᠢᠯᠡᠴᠢᠯᠡᠬᠦ ᠶᠢ ᠬᠤᠯᠪᠤᠭᠠᠯᠠᠨ ᠨᠠᠶᠢᠳᠠᠪᠤᠷᠢᠵᠢᠭᠤᠯᠵᠤ᠂ ᠨᠡᠶᠢᠭᠡᠮ ᠤᠨ | ᠴᠡᠭᠴᠡᠯᠡᠨ ᠵᠠᠰᠠᠯᠲᠠ ᠶᠢᠨ ᠨᠢᠭᠡ ᠴᠤᠭᠴᠠᠵᠢᠬᠤ ᠶᠢ ᠪᠡᠶᠡᠯᠡᠭᠦᠯᠦᠨ᠎ᠡ᠃ | ︵ᠳᠦᠷᠪᠡ︶ ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠬᠦᠨᠳᠦ | ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠬᠠᠳᠬᠠᠵᠤ ᠰᠢᠢᠳᠪᠦᠷᠢᠯᠡᠨ᠂ ᠤᠨᠤᠴᠠᠲᠠᠢ ᠪᠠᠷ ᠶᠠᠳᠠᠭᠤ ᠶᠢ ᠳᠡᠳᠬᠦᠵᠦ | ᠂ ᠪᠤᠵᠠᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠤᠯ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ | ᠲᠤᠭᠤᠷᠢᠨ ᠳᠤ ᠬᠢᠭᠰᠡᠨ ᠴᠢᠬᠤᠯᠠ ᠶᠡᠭᠡ ᠪᠠᠶᠢᠷᠢᠯᠠᠭᠤᠯᠤᠯᠲᠠ ᠪᠤᠯᠤᠨ᠎ᠠ᠂ ᠡᠷᠬᠡᠪᠰᠢ ᠲᠤᠬᠢᠲᠠᠢ ᠠᠷᠭ᠎ᠠ ᠬᠡᠮᠵᠢᠶ᠎ᠡ | ᠠᠪᠴᠤ᠂ ᠳᠠᠶᠢᠯᠠᠯᠳᠤᠭᠠᠨ ᠤ ᠡᠴᠦᠰ ᠤᠨ ᠢᠯᠠᠯᠲᠠ ᠶᠢ ᠡᠷᠡᠰ ᠪᠠᠲᠤᠯᠠᠨ᠎ᠠ᠃ | 1. ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠬᠠᠳᠬᠠᠵᠤ ᠰᠢᠢᠳᠪᠦᠷᠢᠯᠡᠬᠦ ᠪᠤᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠡᠳ᠋ ᠤᠨ ᠵᠠᠰᠠᠭ ᠤᠨ ᠲᠦᠰᠦᠪ ᠤᠨ ᠰᠢᠰᠲ᠋ᠧᠮ ᠢ | ᠲᠡᠭᠦᠯᠳᠡᠷᠵᠢᠭᠦᠯᠦᠨ᠂ ᠡᠳ᠋ ᠤᠨ ᠵᠠᠰᠠᠭ ᠤᠨ ᠠᠴᠢᠶᠠᠯᠠᠬᠤ ᠴᠢᠳᠠᠪᠤᠷᠢ ᠶᠢᠨ ᠦᠨᠡᠯᠡᠯᠲᠡ ᠶᠢ ᠴᠢᠩᠭᠠᠳᠬᠠᠵᠤ᠂ | ᠵᠠᠰᠠᠭ ᠤᠨ ᠤᠷᠳᠤᠨ ᠤ ᠦᠷᠢ ᠦᠭᠴᠡᠭᠡᠨ ᠤ ᠨᠡᠮᠡᠭᠳᠡᠬᠦ ᠶᠢ ᠴᠢᠩᠭ᠎ᠠ ᠡᠵᠡᠮᠳᠡᠨ᠎ᠡ᠃ ᠰᠢᠰᠲ᠋ᠧᠮ ᠤᠨ ᠲᠤᠲᠤᠷᠠᠬᠢ | ᠠᠯᠪᠠᠨ ᠵᠢᠭᠡᠯᠡᠯᠭᠡ ᠶᠢᠨ ᠲᠡᠮᠳᠡᠭᠲᠦ ᠶᠢᠨ ᠪᠤᠰᠤ ᠦᠷᠢ ᠦᠭᠴᠡᠭᠡ ᠶᠢ ᠰᠢᠢᠳᠪᠦᠷᠢᠯᠡᠵᠦ᠂ ᠦᠷᠢ ᠦᠭᠴᠡᠭᠡᠨ ᠤ | ᠪᠦᠲᠦᠴᠡ ᠶᠢ ᠰᠢᠯᠢᠳᠡᠭᠵᠢᠭᠦᠯᠦᠨ᠂ ᠤᠨ ᠤ ᠦᠷᠢ ᠦᠭᠴᠡᠭᠡ ᠶᠢ ᠨᠠᠮᠬᠠᠳᠬᠠᠬᠤ ᠡᠭᠦᠷᠭᠡ ᠶᠢ ᠭᠦᠢᠴᠡᠳᠬᠡᠬᠦ ᠶᠢ | ᠪᠠᠲᠤᠯᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠬᠠᠤᠯᠢ ᠳᠦᠷᠢᠮ ᠲᠤᠭᠲᠠᠭᠠᠯ ᠠᠴᠠ ᠵᠦᠷᠢᠴᠡᠭᠰᠡᠨ | ᠮᠦᠩᠭᠦᠨ ᠭᠦᠢᠯᠭᠡᠭᠡᠨ ᠤ ᠠᠵᠢᠯᠯᠠᠭ᠎ᠠ ᠳᠤ ᠡᠷᠡᠰ ᠴᠤᠬᠢᠯᠲᠠ ᠦᠭᠭᠦᠨ᠎ᠡ᠃ ᠠᠶᠦᠯᠭᠦᠢ ᠦᠢᠯᠡᠳᠪᠦᠷᠢᠯᠡᠯ ᠤᠨ ᠬᠦᠷᠢᠶ᠎ᠡ | ᠬᠡᠪᠴᠢᠶᠡᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠶᠤᠯ ᠲᠦᠭᠰᠢᠭᠦᠷᠢ ᠶᠢᠨ ᠳᠡᠰ ᠢ ᠬᠠᠮᠢᠶᠠᠷᠤᠨ ᠡᠵᠡᠮᠳᠡᠬᠦ | ᠪᠤᠯᠤᠨ ᠭᠡᠮ ᠰᠤᠭᠤᠭ ᠢ ᠰᠢᠭᠰᠢᠨ ᠪᠠᠶᠢᠴᠠᠭᠠᠬᠤ ᠵᠡᠷᠭᠡ ᠬᠤᠶᠠᠷ ᠵᠤᠷᠪᠤᠰ ᠰᠡᠷᠭᠡᠶᠢᠯᠡᠯᠲᠡ ᠶᠢᠨ ᠱᠤᠭᠤᠮ ᠢ ᠪᠠᠲᠤ | ᠪᠠᠬᠢ ᠪᠠᠶᠢᠭᠤᠯᠵᠤ᠂ ᠠᠶᠦᠯᠭᠦᠢ ᠦᠢᠯᠡᠳᠪᠦᠷᠢᠯᠡᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠢᠳᠡᠭᠡᠨ ᠤ ᠵᠢᠵᠢᠭ | ᠦᠢᠯᠡᠳᠬᠡᠯ ᠤᠨ ᠭᠠᠵᠠᠷ ᠤᠨ ᠬᠤᠲᠠ ᠠᠴᠠ ᠤᠬᠤᠷᠢᠨ ᠬᠦᠷᠢᠶᠡᠯᠡᠩ ᠳᠤ ᠤᠷᠤᠬᠤ ᠶᠢ ᠠᠬᠢᠭᠤᠯᠤᠨ᠂ ᠤᠯᠤᠰ ᠤᠨ | ᠢᠳᠡᠭᠡᠨ ᠤ ᠠᠮᠤᠷ ᠲᠦᠪᠰᠢᠨ ᠬᠤᠲᠠ ᠶᠢ ᠪᠠᠶᠢᠭᠤᠯᠬᠤ ᠠᠵᠢᠯ ᠢ ᠡᠬᠢᠯᠡᠭᠦᠯᠵᠦ᠂ ᠠᠷᠠᠳ ᠲᠦᠮᠡᠨ ᠤ ᠢᠳᠡᠭᠡᠨ | ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠢ ᠪᠠᠲᠤᠯᠠᠨ᠎ᠠ᠃ ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠭ᠎ᠠ | ᠂ ᠬᠠᠷᠢᠭᠤᠴᠠᠯᠭᠠᠲᠤ ᠵᠠᠬᠢᠳᠠᠯ ᠰᠤᠷᠪᠤᠯᠵᠢᠯᠠᠭ᠎ᠠ᠂ ᠲᠦᠪ ᠴᠢᠭᠡᠴᠢ ᠵᠠᠬᠢᠳᠠᠯ ᠰᠤᠷᠪᠤᠯᠵᠢᠯᠠᠭ᠎ᠠ ᠶᠢ ᠠᠬᠢᠭᠤᠯᠤᠨ᠂ ᠡᠯ᠎ᠡ | ᠲᠦᠷᠦᠯ ᠤᠨ ᠵᠦᠷᠢᠴᠡᠯ ᠮᠦᠷᠭᠦᠯᠳᠦᠭᠡᠨ ᠢ ᠲᠤᠬᠠᠢ ᠶᠢᠨ ᠭᠠᠵᠠᠷ ᠲᠤᠨᠢ ᠴᠠᠭ ᠲᠤᠬᠠᠢ ᠳᠤᠨᠢ ᠬᠠᠤᠯᠢ ᠶᠤᠰᠤᠭᠠᠷ | ᠰᠢᠢᠳᠪᠦᠷᠢᠯᠡᠨ᠎ᠡ᠃ ︽ᠡᠩᠬᠡ ᠠᠮᠤᠭᠤᠯᠠᠩ ᠬᠤᠩ ᠱᠠᠨ︾ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ︽ᠤᠯᠠᠨ | ᠲᠦᠮᠡᠨᠴᠢ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠢᠨᠵᠧᠨᠧᠷᠢᠩ︾ ᠢ ᠠᠬᠢᠭᠤᠯᠵᠤ᠂ ᠶᠡᠯ᠎ᠡ ᠬᠢᠬᠦ ᠶᠢ ᠰᠡᠷᠭᠡᠶᠢᠯᠡᠨ | ᠴᠤᠬᠢᠯᠲᠠ ᠦᠭᠬᠦ ᠡᠯ᠎ᠡ ᠲᠦᠷᠦᠯ ᠤᠨ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠭᠡᠨᠡᠳᠲᠡ ᠶᠢᠨ ᠬᠡᠷᠡᠭ ᠢ | ᠰᠢᠢᠳᠪᠦᠷᠢᠯᠡᠬᠦ ᠪᠠᠴᠢᠮ ᠢ ᠠᠷᠭᠠᠴᠠᠬᠤ ᠲᠤᠭᠲᠠᠴᠠ ᠪᠠᠨ ᠪᠦᠷᠢᠨᠰᠢᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠰᠠᠭᠤᠷᠢᠨ ᠭᠠᠵᠠᠷ ᠤᠨ ᠪᠠᠶᠢᠭᠤᠯᠤᠯᠲᠠ ᠪᠤᠯᠤᠨ | ᠬᠠᠮᠢᠶᠠᠷᠤᠯᠲᠠ ᠪᠠᠨ ᠴᠢᠩᠭᠠᠳᠬᠠᠨ᠎ᠠ᠃ ᠠᠷᠪᠠᠳᠤᠭᠠᠷ ᠬᠤᠭᠤᠴᠠᠭᠠᠨ ᠤ ᠲᠤᠰᠬᠤᠨ ᠤ ᠵᠦᠪᠯᠡᠯ ᠤᠨ ᠬᠤᠭᠤᠴᠠᠭ᠎ᠠ | ᠰᠤᠯᠢᠬᠤ ᠠᠵᠢᠯ ᠢ ᠰᠠᠶᠢᠲᠤᠷ ᠬᠢᠨ᠎ᠡ᠃ ᠦᠨᠳᠦᠰᠦᠲᠡᠨ ᠱᠠᠰᠢᠨ ᠰᠤᠷᠲᠠᠬᠤᠨ ᠤ ᠠᠵᠢᠯ ᠶᠠᠪᠤᠳᠠᠯ ᠢ ᠬᠠᠤᠯᠢ | ᠶᠤᠰᠤᠭᠠᠷ ᠬᠠᠮᠢᠶᠠᠷᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠦᠮᠦᠵᠢᠯ ᠪᠤᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠰᠠᠶᠢᠲᠤᠷ ᠠᠳᠬᠤᠨ᠂ ᠬᠤᠶᠠᠷ ᠢ | ᠬᠦᠷᠢᠶᠡᠯᠡᠨ ᠬᠠᠮᠲᠤᠪᠡᠷ ᠪᠠᠶᠢᠭᠤᠯᠬᠤ ᠦᠷ᠎ᠡ ᠪᠦᠲᠦᠮᠵᠢ ᠶᠢ ᠪᠠᠲᠤᠳᠬᠠᠨ᠎ᠠ᠃ | 2. ᠤᠨᠤᠴᠠᠲᠠᠢ ᠪᠠᠷ ᠶᠠᠳᠠᠭᠤ ᠶᠢ ᠳᠡᠳᠬᠦᠬᠦ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ | ᠶᠠᠳᠠᠭᠤ ᠪᠠᠷ ᠳᠡᠳᠬᠦᠭᠳᠡᠬᠦ ᠡᠲᠡᠭᠡᠳ ᠤᠨ ᠬᠦᠳᠦᠯᠦᠩᠭᠦᠢ ᠲᠤᠬᠢᠷᠠᠭᠤᠯᠤᠯᠲᠠ ᠶᠢ ᠴᠢᠩᠭᠠᠳᠬᠠᠨ᠂ ᠶᠠᠳᠠᠭᠤ | ᠬᠦᠴᠢᠷᠳᠡᠯᠲᠡᠢ ᠬᠦᠮᠦᠰ ᠢ ᠳᠡᠳᠬᠦᠬᠦ ᠶᠤᠰᠤᠲᠠᠢ ᠶᠢ ᠳᠡᠳᠬᠦᠨ᠂ ᠶᠠᠳᠠᠭᠤ ᠠᠴᠠ ᠠᠩᠭᠢᠵᠢᠷᠠᠭᠰᠠᠳ ᠢ ᠳᠡᠳᠬᠦᠬᠦ ᠶᠢ | ᠵᠤᠭᠰᠤᠭᠠᠨ᠎ᠠ᠃ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ᠂ ᠡᠷᠡᠭᠦᠯᠵᠢᠯ ᠢᠶᠠᠷ ᠶᠠᠳᠠᠭᠤ ᠶᠢ ᠳᠡᠳᠬᠦᠬᠦ᠂ | ᠨᠡᠷᠢᠭᠡᠮ ᠤᠨ ᠪᠠᠲᠤᠯᠠᠭ᠎ᠠ ᠪᠠᠷ ᠳᠤᠤᠷ᠎ᠠ ᠵᠠᠬ᠎ᠠ ᠶᠢ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠵᠤ | ᠦᠢᠯᠡᠰ ᠢᠶᠠᠷ ᠶᠠᠳᠠᠭᠤ ᠶᠢ ᠳᠡᠳᠬᠦᠬᠦ ᠪᠠ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠴᠤᠭᠴᠠ ᠶᠢᠨ ᠬᠦᠭᠵᠢᠯᠲᠡ ᠶᠢ | ᠬᠠᠷᠢᠯᠴᠠᠨ ᠤᠶᠠᠯᠳᠤᠭᠤᠯᠵᠤ᠂ ᠶᠠᠳᠠᠭᠤ ᠶᠢ ᠳᠡᠳᠬᠦᠬᠦ ᠲᠦᠷᠦᠯ ᠵᠦᠢᠯ ᠤᠨ ᠬᠠᠲᠠᠭᠠᠯᠠᠯᠲᠠ ᠶᠢᠨ ᠬᠦᠮᠦᠷᠭᠡ ᠶᠢ | ᠪᠠᠶᠢᠭᠤᠯᠤᠨ᠂ ᠶᠠᠳᠠᠭᠤ ᠶᠢ ᠳᠡᠳᠬᠦᠬᠦ ᠠᠵᠤ ᠦᠢᠯᠡᠰ ᠤᠨ ᠲᠤᠰᠬᠠᠢ ᠲᠦᠷᠦᠯ ᠤᠨ ᠪᠡᠯᠡ ᠮᠦᠩᠭᠦ ᠶᠢᠨ | ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠶᠢ | ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠶᠠᠳᠠᠭᠤ ᠠᠴᠠ ᠠᠩᠭᠢᠵᠢᠷᠠᠬᠤ ᠦᠪᠡᠷ ᠤᠨ ᠤᠬᠠᠮᠰᠠᠷ ᠵᠤᠷᠢᠭ ᠢ | ᠬᠦᠪᠴᠢᠯᠡᠨ᠂ ᠰᠤᠷᠭᠠᠨ ᠬᠦᠮᠦᠵᠢᠯ ᠮᠡᠷᠭᠡᠵᠢᠯ ᠢᠶᠠᠷ ᠶᠠᠳᠠᠭᠤ ᠶᠢ ᠳᠡᠳᠬᠦᠵᠦ᠂ ᠴᠢᠳᠠᠪᠤᠷᠢ ᠪᠠᠷ ᠶᠠᠳᠠᠭᠤ ᠶᠢ | ᠳᠡᠳᠬᠦᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠶᠠᠳᠠᠭᠤ ᠬᠦᠴᠢᠷᠳᠡᠯᠲᠡᠢ ᠡᠷᠦᠬᠡ ᠳᠤ ᠠᠵᠢᠯ ᠮᠡᠷᠭᠡᠵᠢᠯ ᠤᠨ | ᠪᠤᠯᠪᠠᠰᠤᠷᠠᠯ ᠬᠦᠷᠲᠡᠭᠡᠵᠦ᠂ ᠬᠦᠳᠡᠯᠮᠦᠷᠢᠯᠡᠬᠦ ᠴᠢᠳᠠᠪᠤᠷᠢ ᠪᠦᠬᠦᠢ ᠶᠠᠳᠠᠭᠤ ᠬᠦᠴᠢᠷᠳᠡᠯᠲᠡᠢ ᠬᠦᠮᠦᠨ ᠠᠮᠠ ᠶᠢ ᠠᠵᠢᠯ | ᠮᠡᠷᠭᠡᠵᠢᠯ ᠤᠨ ᠴᠢᠳᠠᠪᠤᠷᠢ ᠲᠠᠢ ᠪᠤᠯᠭᠠᠨ᠎ᠠ᠃ ᠶᠠᠳᠠᠭᠤ ᠶᠢ ᠳᠡᠳᠬᠦᠬᠦ ᠪᠤᠭᠤᠮᠲᠠ ᠰᠢᠪᠲᠤᠯᠬᠤ ᠭᠠᠵᠠᠷ ᠤᠷᠤᠨ ᠤ | ᠬᠠᠷᠢᠭᠤᠴᠠᠯᠭ᠎ᠠ ᠶᠢ ᠴᠢᠩᠭᠠᠳᠬᠠᠨ᠂ ᠲᠤᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨᠠᠨ ᠰᠢᠯᠭᠠᠯᠲᠠ ᠶᠢ | ᠴᠢᠩᠭᠠᠳᠬᠠᠨ᠎ᠠ᠃ ᠲᠦᠷᠦ ᠶᠢᠨ ᠪᠤᠳᠤᠯᠭ᠎ᠠ ᠶᠢᠨ ᠶᠤᠰᠤᠭᠠᠷ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ | ᠠᠩᠭᠢᠵᠢᠷᠠᠭᠰᠠᠳ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠨ᠂ ᠶᠠᠳᠠᠭᠤ ᠠᠴᠠ ᠠᠩᠭᠢᠵᠢᠷᠠᠭᠤᠯᠬᠤ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ᠎ᠡ᠃ | 3. ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ | ᠤᠷᠴᠢᠨ ᠲᠤᠭᠤᠷᠢᠨ ᠢ ᠬᠠᠮᠠᠭᠠᠯᠠᠬᠤ ᠬᠢᠨᠠᠨ ᠪᠠᠶᠢᠴᠠᠭᠠᠯᠲᠠ ᠳᠤ ᠲᠤᠰᠬᠠᠭᠰᠠᠨ ᠰᠠᠨᠠᠯ ᠤᠨ ᠦᠭᠡᠷᠡᠴᠢᠯᠡᠨ ᠵᠠᠰᠠᠯᠲᠠ | ᠲᠠᠢ ᠤᠶᠠᠯᠳᠤᠭᠤᠯᠤᠨ᠂ 17 ᠲᠦᠷᠦᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠢᠨᠵᠧᠨᠧᠷᠢᠩ ᠢ | ᠨᠠᠶᠢᠳᠠᠪᠤᠷᠢᠵᠢᠭᠤᠯᠵᠤ᠂ ︽ᠠᠭᠠᠷ ᠢ ᠴᠡᠪᠡᠷᠰᠢᠭᠦᠯᠬᠦ ᠠᠷᠪᠠᠨ ᠵᠤᠷᠪᠤᠰ︾᠂ ︽ᠤᠰᠤ ᠶᠢ ᠴᠡᠪᠡᠷᠰᠢᠭᠦᠯᠬᠦ ᠠᠷᠪᠠᠨ | ᠵᠤᠷᠪᠤᠰ︾᠂ ︽ᠭᠦᠷᠦᠰᠦ ᠰᠢᠷᠦᠢ ᠶᠢ ᠬᠠᠮᠠᠭᠠᠯᠠᠬᠤ ᠠᠷᠪᠠᠨ ᠵᠤᠷᠪᠤᠰ︾ ᠢ ᠴᠢᠩᠭ᠎ᠠ ᠨᠠᠶᠢᠳᠠᠪᠤᠷᠢᠵᠢᠭᠤᠯᠤᠨ᠂ | ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠭᠠᠷ ᠤᠨ ᠪᠤᠬᠢᠷᠳᠤᠯ ᠢ | ᠰᠡᠷᠭᠡᠶᠢᠯᠡᠨ ᠵᠠᠰᠠᠬᠤ ᠠᠵᠢᠯᠯᠠᠭᠠᠨ ᠢ ᠬᠡᠷᠡᠭᠵᠢᠭᠦᠯᠵᠦ᠂ ᠤᠰᠠᠳᠬᠠᠬᠤ ᠪᠠ ᠴᠡᠭᠴᠡᠯᠡᠨ ᠵᠠᠰᠠᠬᠤ ᠶᠢ ᠤᠶᠠᠯᠳᠤᠭᠤᠯᠤᠨ | ᠪᠤᠬᠢᠷᠳᠤᠯ ᠢ ᠪᠠᠭᠠᠰᠬᠠᠵᠤ᠂ ᠬᠠᠮᠢᠶᠠᠷᠬᠤ ᠪᠠ ᠪᠠᠶᠢᠴᠠᠭᠠᠨ ᠰᠢᠢᠳᠪᠦᠷᠢᠯᠡᠬᠦ ᠶᠢ ᠤᠶᠠᠯᠳᠤᠭᠤᠯᠤᠨ ᠲᠤᠭᠤᠰᠤ ᠶᠢ | ᠳᠠᠷᠤᠵᠤ᠂ ᠲᠤᠲᠠᠭᠳᠠᠯ ᠢ ᠪᠠᠶᠢᠴᠠᠭᠠᠨ ᠢᠯᠡᠷᠡᠭᠦᠯᠵᠦ ᠨᠦᠬᠦᠪᠦᠷᠢᠯᠡᠬᠦ ᠪᠠ ᠲᠤᠭᠤᠷᠢᠨ ᠪᠠᠶᠢᠴᠠᠭᠠᠬᠤ ᠶᠢ | ᠤᠶᠠᠯᠳᠤᠭᠤᠯᠤᠨ ᠡᠰᠢ ᠰᠦᠷᠡᠯ ᠢ ᠡᠵᠡᠮᠳᠡᠵᠦ᠂ ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠤᠰᠤᠨ ᠤ ᠪᠤᠬᠢᠷᠳᠤᠯ ᠤᠨ ᠰᠡᠷᠭᠡᠶᠢᠯᠡᠨ ᠵᠠᠰᠠᠯᠲᠠ ᠶᠢ ᠴᠢᠩᠭᠠᠳᠬᠠᠨ᠂ ᠬᠤᠲᠠ ᠶᠢᠨ ᠪᠤᠬᠢᠷ ᠤᠰᠤᠨ ᠴᠤᠭᠴᠠ ᠶᠢ | ᠪᠦᠬᠦᠨ ᠢ ᠤᠰᠠᠳᠬᠠᠵᠤ᠂ ᠯᠤᠤᠬ᠎ᠠ ᠶᠢᠨ ᠭᠤᠤᠯ ᠤᠨ ᠳᠡᠭᠡᠳᠦ ᠤᠷᠤᠰᠬᠠᠯ ᠤᠨ ᠭᠤᠤᠯᠳᠠᠯᠭ᠎ᠠ ᠲᠠᠢ ᠤᠷᠤᠨ | ᠬᠡᠪᠴᠢᠶᠡᠨ ᠤ ᠠᠮᠢ ᠠᠬᠤᠢ ᠶᠢᠨ ᠪᠠᠶᠢᠭᠤᠯᠤᠯᠲᠠ ᠪᠤᠯᠤᠨ ᠰᠡᠷᠭᠦᠭᠡᠯᠲᠡ ᠶᠢᠨ ᠢᠨᠵᠧᠨᠧᠷᠢᠩ ᠢ ᠬᠡᠷᠡᠭᠵᠢᠭᠦᠯᠦᠨ᠂ ᠪᠦᠬᠦ | ᠤᠷᠤᠨ ᠬᠡᠪᠴᠢᠶᠡᠨ ᠤ 8 ᠵᠤᠷᠪᠤᠰ ᠭᠤᠤᠯ ᠢ ︽ᠭᠤᠤᠯ ᠤᠨ ᠳᠠᠷᠤᠭ᠎ᠠ ᠶᠢᠨ ᠳᠦᠷᠢᠮ︾ ᠢᠶᠠᠷ ᠬᠠᠮᠢᠶᠠᠷᠴᠤ᠂ ᠵᠡᠭᠦᠨ | ᠪᠠᠷᠠᠭᠤᠨ ᠬᠠᠲᠠᠮᠠᠯ ᠭᠤᠤᠯ ᠤᠨ ᠴᠡᠭᠴᠡᠯᠡᠨ ᠵᠠᠰᠠᠯᠲᠠ ᠪᠤᠯᠤᠨ ᠵᠢᠵᠢᠭ ᠤᠷᠤᠰᠬᠠᠯ ᠰᠠᠪᠠ ᠤᠷᠤᠨ ᠤ ᠴᠡᠭᠴᠡᠯᠡᠨ | ᠵᠠᠰᠠᠯᠲᠠ ᠶᠢ ᠠᠬᠢᠭᠤᠯᠤᠨ᠂ ᠤᠷᠤᠨ ᠬᠡᠪᠴᠢᠶᠡᠨ ᠤ ᠤᠰᠤᠨ ᠤ ᠤᠷᠴᠢᠨ ᠲᠤᠭᠤᠷᠢᠨ ᠤ ᠳᠦᠷᠢ ᠳᠦᠷᠰᠦ ᠶᠢ | ᠰᠠᠶᠢᠵᠢᠷᠠᠭᠤᠯᠤᠨ᠎ᠠ᠃ 60 ᠦᠪᠡᠷᠲᠡᠭᠡᠨ ᠬᠠᠩᠭᠠᠬᠤ ᠬᠤᠳᠳᠤᠭ ᠢ ᠵᠤᠭᠰᠤᠭᠠᠵᠤ᠂ ᠸᠧᠨ ᠵᠦᠩ ᠤᠨ ᠪᠤᠬᠢᠷ ᠤᠰᠤ | ᠰᠢᠢᠳᠪᠦᠷᠢᠯᠡᠬᠦ ᠦᠢᠯᠡᠳᠪᠦᠷᠢ᠂ ᠬᠤᠩ ᠮᠢᠶᠤᠤᠽᠢ ᠶᠢᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠬᠤᠶᠠᠳᠤᠭᠠᠷ ᠬᠤᠭᠤᠴᠠᠭ᠎ᠠ ᠪᠤᠯᠤᠨ 10 ᠲᠦᠮᠡᠨ ᠲᠤᠨ ᠲᠠᠬᠢᠨ ᠠᠰᠢᠭᠯᠠᠵᠤ ᠪᠤᠯᠬᠤ ᠤᠰᠤᠨ ᠤ ᠦᠢᠯᠡᠳᠪᠦᠷᠢ ᠶᠢ | ᠪᠠᠶᠢᠭᠤᠯᠤᠨ᠎ᠠ᠃ ᠭᠡᠷ ᠤᠨ ᠵᠢᠭᠦᠷᠲᠡᠨ ᠢ ᠲᠡᠵᠢᠭᠡᠨ ᠦᠷᠡᠵᠢᠭᠦᠯᠬᠦ ᠠᠴᠠ ᠪᠤᠯᠤᠭᠰᠠᠨ ᠪᠤᠬᠢᠷᠳᠤᠯ ᠢ ᠴᠡᠭᠴᠡᠯᠡᠨ ᠵᠠᠰᠠᠨ᠎ᠠ | ᠃ ᠬᠤᠭ ᠯᠤᠪᠰᠢ ᠶᠢ ᠰᠢᠲᠠᠭᠠᠨ ᠴᠠᠬᠢᠯᠭᠠᠨ ᠭᠠᠷᠭᠠᠬᠤ ᠲᠦᠷᠦᠯ ᠵᠦᠢᠯ ᠢ ᠪᠠᠶᠢᠭᠤᠯᠵᠤ᠂ ᠭᠠᠯ ᠲᠤᠭᠤᠭᠠᠨ ᠤ | ᠬᠠᠶᠠᠭᠳᠠᠮᠠᠯ ᠪᠤᠳᠠᠰ ᠢ ᠤᠷᠴᠢᠯᠳᠤᠭᠤᠯᠤᠨ ᠠᠰᠢᠭᠯᠠᠬᠤ ᠲᠦᠷᠦᠯ ᠵᠦᠢᠯ ᠢ ᠪᠠᠶᠢᠭᠤᠯᠤᠨ᠂ ᠬᠠᠶᠠᠭᠳᠠᠮᠠᠯ ᠪᠤᠯᠤᠳ᠂ | ᠪᠠᠷᠢᠯᠭ᠎ᠠ ᠶᠢᠨ ᠬᠤᠭ ᠯᠤᠪᠰᠢ ᠶᠢ ᠤᠷᠴᠢᠯᠳᠤᠭᠤᠯᠤᠨ ᠠᠰᠢᠭᠯᠠᠬᠤ ᠶᠢ ᠠᠬᠢᠭᠤᠯᠤᠨ᠎ᠠ᠃ | ᠭᠤᠷᠪᠠ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠎ᠡ | ᠰᠢᠨ᠎ᠡ ᠨᠢᠭᠡ ᠵᠢᠯ ᠤᠨ ᠠᠵᠢᠯ ᠢ ᠰᠠᠶᠢᠲᠤᠷ ᠬᠢᠬᠦ ᠳᠤ ᠵᠠᠰᠠᠭ ᠤᠨ ᠤᠷᠳᠤᠨ ᠤ ᠲᠤᠰ ᠪᠡᠶ᠎ᠡ ᠶᠢᠨ | ᠪᠠᠶᠢᠭᠤᠯᠤᠯᠲᠠ ᠪᠤᠯ ᠪᠠᠲᠤᠯᠠᠭ᠎ᠠ ᠪᠤᠯᠤᠨ᠎ᠠ᠃ ᠨᠠᠮ ᠢ ᠪᠦᠭᠦ ᠲᠡᠯ᠎ᠠ ᠪᠠᠷ ᠴᠢᠩᠭ᠎ᠠ ᠵᠠᠰᠠᠬᠤ ᠤᠯᠤᠰ ᠲᠦᠷᠦ ᠶᠢᠨ | ᠱᠠᠭᠠᠷᠳᠠᠯᠭ᠎ᠠ ᠪᠤᠯᠤᠨ ᠬᠦᠴᠢᠷ ᠪᠡᠷᠬᠡ ᠶᠢ ᠢᠯᠠᠨ ᠳᠠᠪᠠᠭ᠋ᠤ ᠬᠦᠭᠵᠢᠯᠲᠡ ᠶᠢᠨ ᠬᠦᠨᠳᠦ ᠡᠭᠦᠷᠭᠡ ᠶᠢᠨ ᠡᠮᠦᠨ᠎ᠡ᠂ | ᠵᠠᠰᠠᠭ ᠤᠨ ᠤᠷᠳᠤᠨ ᠤ ᠰᠢᠰᠲ᠋ᠧᠮ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ | ᠨᠠᠮ ᠤᠨ ᠲᠦᠪ ᠬᠤᠷᠢᠶᠠᠨ ᠤ ᠲᠦᠪᠯᠡᠷᠡᠩᠭᠦᠢ ᠨᠢᠭᠡᠲᠦᠭᠰᠡᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠬᠠᠮᠠᠭᠠᠯᠠᠨ᠂ | ᠤᠯᠤᠰ ᠲᠦᠷᠦ ᠶᠢᠨ ᠰᠠᠬᠢᠯᠭ᠎ᠠ ᠪᠠᠲᠤ ᠪᠤᠯᠤᠨ ᠤᠯᠤᠰ ᠲᠦᠷᠦ ᠶᠢᠨ ᠳᠦᠷᠢᠮ ᠲᠤᠭᠲᠠᠭᠠᠯ ᠢ ᠴᠢᠩᠭ᠎ᠠ ᠵᠢᠷᠦᠮᠯᠡᠵᠦ᠂ | ︽ᠳᠦᠷᠪᠡᠨ ᠤᠬᠠᠮᠰᠠᠷ︾ ᠪᠠ ︽ᠳᠦᠷᠪᠡᠨ ᠢᠲᠡᠭᠡᠯ︾ ᠢ ᠨᠡᠮᠡᠭᠳᠡᠭᠦᠯᠦᠨ᠂ ᠦᠨᠡᠨᠴᠢ ᠰᠢᠳᠤᠷᠭᠤ ᠠᠷᠢᠭᠤᠨ | ᠴᠢᠭᠡᠴᠢ ᠬᠠᠷᠢᠭᠤᠴᠠᠯᠭ᠎ᠠ ᠲᠠᠢ ᠪᠠᠶᠢᠬᠤ ᠬᠡᠷᠡᠭᠲᠡᠢ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ | ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠤᠨ ᠤᠷᠳᠤᠨ ᠤ ᠡᠭᠦᠷᠭᠡ | ᠴᠢᠳᠠᠮᠵᠢ ᠶᠢ ᠬᠠᠤᠯᠢ ᠶᠤᠰᠤᠭᠠᠷ ᠪᠦᠬᠦ ᠲᠠᠯ᠎ᠠ ᠪᠠᠷ ᠭᠦᠢᠴᠡᠳᠬᠡᠵᠦ᠂ ᠴᠢᠬᠤᠯᠠ ᠶᠡᠭᠡ ᠬᠡᠷᠡᠭ ᠤᠴᠢᠷ ᠤᠨ ᠬᠠᠤᠯᠢ | ᠶᠤᠰᠤᠨ ᠤ ᠬᠢᠨᠠᠨ ᠪᠠᠶᠢᠴᠠᠭᠠᠯᠲᠠ᠂ ᠲᠤᠭᠲᠠᠭᠤᠨ ᠲᠦᠭᠰᠢᠭᠦᠷᠢ ᠶᠢᠨ ᠦᠨᠡᠯᠡᠯᠲᠡ᠂ ᠬᠠᠮᠲᠤ ᠶᠢᠨ ᠰᠢᠢᠳᠪᠦᠷᠢ᠂ | ᠨᠡᠶᠢᠲᠡᠯᠡᠯ ᠵᠠᠷᠯᠠᠯ ᠪᠤᠯᠤᠨ ᠭᠡᠷᠡᠴᠢᠯᠡᠯᠲᠡ ᠰᠤᠨᠤᠰᠬᠤ ᠳᠦᠷᠢᠮ ᠢ ᠨᠡᠷᠢᠨ ᠬᠢᠨᠠᠮᠠᠭᠠᠢ ᠬᠡᠷᠡᠭᠵᠢᠭᠦᠯᠦᠨ᠂ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠤᠭᠲᠠᠭᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠤᠯᠤᠨ ᠤᠯᠤᠰ ᠲᠦᠷᠦ ᠶᠢᠨ | ᠵᠦᠪᠯᠡᠯᠭᠡᠨ ᠤ ᠠᠷᠠᠳᠴᠢᠯᠠᠯᠲᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠲᠤᠭᠲᠠᠮᠠᠯ ᠬᠤᠭᠤᠴᠠᠭ᠎ᠠ ᠲᠠᠢ ᠪᠠᠷ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠳᠤ ᠠᠵᠢᠯ ᠢᠶᠠᠨ | ᠬᠠᠷᠢᠭᠤ ᠮᠡᠳᠡᠭᠦᠯᠵᠦ᠂ ᠤᠯᠤᠰ ᠲᠦᠷᠦ ᠶᠢᠨ ᠵᠦᠪᠯᠡᠯᠭᠡᠨ ᠳᠤ ᠪᠠᠶᠢᠳᠠᠯ ᠢᠶᠠᠨ ᠮᠡᠳᠡᠭᠳᠡᠨ᠂ ᠠᠷᠠᠳ ᠤᠨ | ᠲᠦᠯᠦᠭᠡᠯᠡᠭᠴᠢᠳ ᠤᠨ ᠰᠠᠨᠠᠯ ᠪᠤᠯᠤᠨ ᠤᠯᠤᠰ ᠲᠦᠷᠦ ᠶᠢᠨ ᠵᠦᠪᠯᠡᠯᠭᠡᠨ ᠤ ᠳᠤᠷᠠᠳᠤᠯᠭ᠎ᠠ ᠶᠢ ᠨᠠᠷᠢᠨ ᠬᠢᠨᠠᠮᠠᠭᠠᠢ | ᠬᠦᠯᠢᠶᠡᠨ ᠰᠢᠢᠳᠪᠦᠷᠢᠯᠡᠨ᠎ᠡ᠃ ᠵᠠᠰᠠᠭ ᠤᠨ ᠶᠠᠪᠤᠳᠠᠯ ᠢ ᠢᠯᠡ ᠨᠡᠶᠢᠲᠡᠯᠡᠬᠦ ᠪᠠᠷᠢᠮᠵᠢᠶᠠᠵᠢᠭᠰᠠᠨ ᠪᠠᠶᠢᠭᠤᠯᠤᠯᠲᠠ ᠶᠢ | ᠠᠬᠢᠭᠤᠯᠤᠨ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢ ᠴᠢᠩᠭᠠᠳᠬᠠᠵᠤ᠂ ᠨᠡᠶᠢᠭᠡᠮ ᠤᠨ ᠬᠠᠯᠠᠮᠰᠢᠯ | ᠠᠩᠬᠠᠷᠤᠯ ᠳᠤ ᠬᠠᠷᠢᠭᠤ ᠲᠤᠰᠬᠠᠯ ᠦᠭᠭᠦᠨ᠎ᠡ᠃ ᠬᠠᠤᠯᠢ ᠶᠤᠰᠤᠭᠠᠷ ᠲᠤᠭᠤᠷᠢᠭ ᠢᠶᠠᠨ ᠵᠠᠰᠠᠬᠤ ᠠᠬᠢᠴᠠ ᠪᠠᠨ | ᠲᠦᠷᠭᠡᠳᠬᠡᠨ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ | ︽ᠳᠤᠯᠤᠭ᠎ᠠ ᠲᠠᠪᠤ︾ ᠶᠢᠨ ᠬᠠᠤᠯᠢ ᠲᠦᠭᠡᠮᠡᠯᠵᠢᠭᠦᠯᠬᠦ ᠶᠢ ᠭᠦᠨᠵᠡᠭᠡᠢ ᠦᠷᠨᠢᠭᠦᠯᠦᠨ᠂ ᠪᠦᠬᠦ ᠨᠡᠶᠢᠭᠡᠮ ᠤᠨ ᠬᠠᠤᠯᠢ ᠪᠠᠷ | ᠵᠠᠰᠠᠬᠤ ᠤᠶᠢᠯᠠᠭᠠᠭᠳᠠᠬᠤᠨ ᠢ ᠴᠢᠩᠭᠠᠳᠬᠠᠨ᠎ᠠ᠃ ᠵᠤᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠵᠤᠷᠢᠭ ᠰᠠᠨᠠᠭ᠎ᠠ ᠶᠢ | ᠴᠢᠩᠭᠠᠳᠬᠠᠨ᠎ᠠ᠃ ︽ᠵᠤᠷᠢᠭᠲᠠᠢ ᠠᠵᠢᠯᠯᠠᠵᠤ᠂ ᠴᠢᠳᠠᠮᠠᠭᠠᠢ ᠠᠵᠢᠯᠯᠠᠨ᠂ ᠠᠵᠢᠯᠯᠠᠵᠤ ᠴᠢᠳᠠᠭᠰᠠᠨ ᠪᠠᠶᠢᠬᠤ︾ ᠪᠠᠷ | ᠤᠮᠤᠭᠰᠢᠯ ᠪᠤᠯᠭᠠᠨ᠂ ︽ᠠᠵᠢᠯᠯᠠᠬᠤ ᠦᠭᠡᠢ᠂ ᠬᠤᠶᠢᠷᠭᠤᠰᠢᠬᠤ᠂ ᠬᠠᠭᠤᠷᠮᠠᠴᠢ ᠪᠠᠶᠢᠬᠤ︾ ᠪᠠᠷ ᠢᠴᠢᠭᠦᠷᠢ | ᠭᠤᠲᠤᠮᠰᠢᠭ ᠪᠤᠯᠭᠠᠬᠤ ᠬᠤᠷᠴᠠ ᠲᠤᠳᠤᠷᠬᠠᠢ ᠲᠤᠭ ᠲᠡᠮᠳᠡᠭ ᠢ ᠪᠤᠰᠬᠠᠨ᠂ ᠵᠤᠷᠢᠭᠵᠢᠭᠤᠯᠬᠤ ᠲᠤᠭᠲᠠᠴᠠ ᠪᠤᠯᠤᠨ | ᠲᠤᠲᠠᠭᠳᠠᠯ ᠢ ᠠᠭᠤᠴᠢᠯᠠᠵᠤ᠂ ᠵᠠᠯᠠᠷᠠᠭᠤᠯᠬᠤ ᠲᠤᠭᠲᠠᠴᠠ ᠶᠢ ᠪᠦᠷᠢᠨᠰᠢᠭᠦᠯᠵᠦ᠂ ᠰᠠᠨᠠᠭ᠎ᠠ ᠠᠮᠤᠷ ᠠᠵᠢᠯᠯᠠᠵᠤ᠂ | ᠰᠠᠶᠢᠲᠤᠷ ᠠᠵᠢᠯᠯᠠᠨ᠂ ᠵᠤᠷᠢᠭᠲᠠᠢ ᠠᠵᠢᠯᠯᠠᠬᠤ ᠰᠠᠶᠢᠨ ᠰᠠᠶᠢᠬᠠᠨ ᠤᠷᠴᠢᠨ ᠲᠤᠭᠤᠷᠢᠨ ᠢ ᠪᠠᠶᠢᠭᠤᠯᠤᠨ᠎ᠠ᠃ | ᠵᠠᠰᠠᠭ ᠤᠨ ᠰᠤᠷᠲᠠᠯ ᠪᠤᠯᠤᠨ ᠪᠠᠶᠢᠭᠤᠯᠭ᠎ᠠ ᠶᠢᠨ ᠪᠦᠲᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠵᠦᠪᠬᠡᠨ | ᠬᠡᠯᠡᠬᠡᠳ ᠬᠢᠬᠦ ᠦᠭᠡᠢ᠂ ᠰᠢᠯᠲᠠᠭᠯᠠᠨ ᠶᠠᠷᠳᠠᠭᠯᠠᠬᠤ᠂ ᠯᠤᠤ ᠶᠢᠨ ᠲᠤᠯᠤᠭᠠᠢ ᠪᠠᠷ ᠡᠬᠢᠯᠡᠭᠦᠯᠦᠭᠡᠳ ᠮᠤᠭᠠᠢ ᠶᠢᠨ | ᠰᠡᠭᠦᠯ ᠢᠶᠠᠷ ᠭᠦᠢᠴᠡᠭᠡᠬᠦ ᠵᠡᠷᠭᠡ ᠲᠦᠪ ᠪᠤᠰᠤ ᠬᠡᠪ ᠰᠤᠷᠲᠠᠯ ᠢ ᠡᠷᠡᠰ ᠲᠡᠪᠴᠡᠬᠦ ᠶᠢ ᠪᠠᠷᠢᠮᠲᠠᠯᠠᠨ᠎ᠠ᠃ ᠬᠢᠨᠡᠨ | ᠪᠠᠶᠢᠴᠠᠭᠠᠵᠤ ᠬᠢᠨᠡᠨ ᠰᠢᠯᠭᠠᠬᠤ ᠶᠢ ᠴᠢᠩᠭᠠᠳᠬᠠᠨ᠂ ᠠᠵᠢᠯ ᠢ ᠨᠠᠶᠢᠳᠠᠪᠤᠷᠢᠵᠢᠭᠤᠯᠬᠤ ᠬᠦᠴᠦᠯᠡᠴᠡ ᠰᠤᠯᠠ᠂ | ᠪᠦᠲᠦᠮᠵᠢ ᠳᠤᠤᠷ᠎ᠠ᠂ ᠠᠯᠭᠤᠷᠯᠠᠵᠤ ᠬᠠᠷᠢᠭᠤᠴᠠᠯᠭ᠎ᠠ ᠲᠦᠯᠬᠢᠬᠦ᠂ ᠬᠤᠳᠠᠯ ᠬᠡᠯᠡᠵᠦ ᠬᠠᠭᠤᠷᠮᠠᠭ ᠵᠤᠬᠢᠶᠠᠬᠤ ᠵᠡᠷᠭᠡ | ᠠᠵᠢᠯᠯᠠᠭ᠎ᠠ ᠳᠤ ᠴᠢᠩᠭ᠎ᠠ ᠬᠠᠷᠢᠭᠤᠴᠠᠯᠭ᠎ᠠ ᠲᠤᠯᠭᠠᠨ᠎ᠠ᠃ ᠴᠢᠭᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ | ︽ᠨᠢᠭᠡ ᠪᠠᠶᠢᠷᠢ ᠳᠤ ᠬᠤᠤᠰ ᠬᠠᠷᠢᠭᠤᠴᠠᠯᠭ᠎ᠠ︾ ᠶᠢᠨ ᠳᠦᠷᠢᠮ ᠢ ᠪᠠᠷᠢᠮᠲᠠᠯᠠᠨ᠂ ᠨᠠᠮ ᠤᠨ ᠰᠤᠷᠲᠠᠯ ᠴᠢᠭᠡᠴᠢ | ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠢᠷᠠᠯ ᠢ ᠡᠰᠡᠷᠭᠦᠴᠡᠬᠦ ᠲᠡᠮᠡᠴᠡᠯ ᠢ | ᠭᠦᠨᠵᠡᠭᠡᠶᠢᠷᠡᠭᠦᠯᠦᠨ ᠠᠬᠢᠭᠤᠯᠵᠤ᠂ ᠡᠭᠦᠰᠴᠦ ᠪᠠᠶᠢᠭ᠎ᠠ ᠢᠯᠵᠢᠷᠠᠯ ᠤᠨ ᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ᠃ | ᠬᠠᠷ᠎ᠠ ᠪᠦᠯᠦᠭ ᠬᠠᠷᠬᠢᠰ ᠭᠦᠴᠦᠨ ᠢ ᠤᠰᠠᠳᠬᠠᠵᠦ ᠠᠷᠢᠯᠭᠠᠬᠤ ᠪᠤᠯᠤᠨ ᠢᠯᠵᠢᠷᠠᠯ ᠢ ᠡᠰᠡᠷᠭᠦᠴᠡᠬᠦ ᠶᠢ | ᠤᠶᠠᠯᠳᠤᠭᠤᠯᠤᠨ᠂ ᠬᠠᠷ᠎ᠠ ᠪᠦᠯᠦᠭ ᠤᠨ ᠵᠤᠬᠢᠶᠠᠨ ᠪᠠᠶᠢᠭᠤᠯᠤᠯᠲᠠ ᠶᠢ ᠪᠠᠷᠢᠪᠴᠢᠯᠠᠬᠤ ᠮᠦᠷᠲᠡᠭᠡᠨ ᠪᠠᠰᠠ ᠲᠡᠭᠦᠨ ᠤ | ︽ᠬᠠᠮᠠᠭᠠᠯᠠᠯᠲᠠ ᠶᠢᠨ ᠰᠢᠬᠦᠷ︾ ᠢ ᠪᠠᠷᠢᠪᠴᠢᠯᠠᠨ᠎ᠠ᠃ ᠲᠤᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠶᠢ | ᠴᠢᠩᠭᠠᠳᠬᠠᠨ᠂ ᠠᠵᠢᠯᠲᠡᠨ ᠤ ᠤᠷᠤᠨ ᠲᠤᠭ᠎ᠠ᠂ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠵᠡᠷᠭᠡ | ᠳᠦᠷᠢᠮ ᠲᠤᠭᠲᠠᠭᠠᠯ ᠢ ᠲᠡᠭᠦᠯᠳᠡᠷᠵᠢᠭᠦᠯᠵᠦ᠂ ᠶᠠᠳᠠᠭᠤ ᠶᠢ ᠳᠡᠳᠬᠦᠨ ᠨᠡᠭᠡᠭᠡᠯᠲᠡ ᠬᠢᠬᠦ᠂ ᠵᠠᠰᠠᠭ ᠤᠨ ᠤᠷᠳᠤᠨ ᠤ | ᠬᠤᠳᠠᠯᠳᠤᠨ ᠠᠪᠬᠤ᠂ ᠢᠨᠵᠧᠨᠧᠷᠢᠩ ᠤᠨ ᠬᠢᠨᠠᠨ ᠦᠨᠡᠯᠡᠯᠲᠡ ᠵᠢᠴᠢ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ | ᠬᠦᠯᠢᠶᠡᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠬᠢᠨᠠᠨ | ᠪᠤᠳᠤᠯᠲᠠ ᠶᠢᠨ ᠪᠤᠭᠤᠮᠲᠠ ᠶᠢ ᠡᠮᠦᠨᠡᠰᠢᠯᠡᠭᠦᠯᠵᠦ᠂ ᠳᠦᠷᠢᠮ ᠤᠨ ᠲᠤᠭᠲᠠᠴᠠ ᠶᠢ ᠪᠠᠲᠤᠵᠢᠭᠤᠯᠤᠨ᠎ᠠ᠃ ᠲᠦᠪ ᠤᠨ | ᠨᠠᠢᠮᠠᠨ ᠲᠤᠭᠲᠠᠭᠠᠯ ᠢ ᠬᠡᠷᠡᠭᠵᠢᠭᠦᠯᠬᠦ ᠨᠠᠷᠢᠨ ᠳᠦᠷᠢᠮ ᠤᠨ ᠵᠤᠷᠢᠭ ᠰᠠᠨᠠᠭ᠎ᠠ ᠶᠢ ᠴᠢᠩᠭ᠎ᠠ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠡᠯᠪᠡᠷᠢ ᠶᠢᠨ ᠦᠵᠡᠯ᠂ ᠨᠤᠶᠠᠨᠴᠢ ᠰᠤᠷᠲᠠᠯ ᠤᠨ ᠰᠢᠨ᠎ᠡ ᠢᠯᠡᠷᠡᠯ ᠢ ᠳᠡᠭᠡᠳᠦ ᠬᠡᠮᠵᠢᠶ᠎ᠡ ᠪᠠᠷ | ᠰᠡᠷᠭᠡᠶᠢᠯᠡᠨ᠎ᠡ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠤᠯ ᠰᠡᠳᠦᠪᠲᠦ ᠬᠦᠮᠦᠵᠢᠯ ᠢ ᠦᠷᠨᠢᠭᠦᠯᠦᠨ᠂ ᠠᠷᠠᠳ ᠲᠦᠮᠡᠨ ᠤ ᠠᠯᠪᠠᠨ ᠵᠠᠷᠤᠴᠠ ᠶᠢᠨ ᠤᠭ ᠴᠢᠨᠠᠷ ᠢ | ᠪᠠᠷᠢᠮᠲᠠᠯᠠᠵᠤ᠂ ᠠᠷᠠᠳ ᠲᠦᠮᠡᠨ ᠳᠤ ᠬᠠᠷᠢᠭᠤᠴᠠᠵᠤ᠂ ᠠᠷᠠᠳ ᠲᠦᠮᠡᠨ ᠢ ᠬᠠᠨᠤᠮᠵᠢᠲᠠᠢ ᠰᠠᠨᠠᠭ᠎ᠠ ᠠᠮᠤᠷ ᠪᠠᠶᠢᠯᠭᠠᠨ᠎ᠠ᠃ | | ᠲᠦᠯᠦᠭᠡᠯᠡᠭᠴᠢᠳ ᠡ᠂ ᠴᠠᠭ ᠦᠶ᠎ᠡ ᠮᠠᠨ ᠳᠤ ᠡᠭᠦᠷᠭᠡ ᠠᠴᠢᠶᠠᠯᠠᠯ ᠤᠯᠭᠤᠵᠤ᠂ ᠵᠢᠳᠬᠦᠯ ᠲᠡᠮᠡᠴᠡᠯ ᠭᠡᠷᠡᠯ | ᠰᠠᠴᠤᠷᠠᠩᠭᠤᠢ ᠶᠢ ᠡᠭᠦᠳᠦᠨ ᠪᠦᠲᠦᠭᠡᠨ᠎ᠡ᠃ ᠪᠢᠳᠡ ᠰᠢ ᠶᠢᠨ ᠫᠢᠩ ᠨᠦᠬᠦᠷ ᠢᠶᠠᠷ ᠭᠤᠤᠯᠯᠠᠭᠴᠢ ᠪᠤᠯᠭᠠᠭᠰᠠᠨ | ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠲᠠ ᠪᠦᠯᠬᠦᠮᠳᠡᠨ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠤᠤᠷ᠎ᠠ᠂ ᠬᠦᠴᠦᠨ ᠴᠢᠳᠠᠯ ᠢᠶᠠᠨ ᠬᠠᠮᠲᠤᠳᠬᠠᠵᠤ᠂ ᠬᠠᠲᠠᠭᠤᠵᠢᠯᠲᠠᠢ ᠠᠵᠢᠯᠯᠠᠨ᠂ | ᠴᠢᠷᠮᠠᠶᠢᠨ ᠵᠢᠳᠬᠦᠵᠦ᠂ ᠵᠠᠮ ᠨᠡᠭᠡᠭᠡᠨ ᠤᠷᠤᠭᠰᠢᠯᠠᠵᠤ᠂ ᠬᠤᠩ ᠱᠠᠨ ᠤ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠰᠢᠨ᠎ᠡ ᠬᠠᠭᠤᠳᠠᠰᠤ ᠶᠢ ᠪᠢᠴᠢᠭᠯᠡᠨ᠂ ᠪᠦᠬᠦ ᠬᠤᠲᠠ ᠶᠢᠨ ᠠᠮᠢᠵᠢᠷᠠᠯ ᠤᠨ ᠬᠦᠴᠦᠨ ᠪᠢᠯᠬᠠᠭᠰᠠᠨ᠂ | ᠠᠵᠤ ᠠᠬᠤᠢ ᠴᠡᠴᠡᠭᠯᠡᠨ ᠬᠦᠭᠵᠢᠭᠰᠡᠨ᠂ ᠠᠮᠢ ᠠᠬᠤᠢ ᠶᠢᠨ ᠲᠤᠬᠢᠯᠢᠭ᠂ ᠪᠤᠯᠪᠠᠰᠤᠨ ᠡᠶ᠎ᠡ ᠵᠤᠬᠢᠴᠠᠯᠲᠤ ᠰᠤᠳᠤᠨ | ᠲᠤᠭᠤᠷᠢᠭ ᠢ ᠪᠠᠶᠢᠭᠤᠯᠬᠤ ᠪᠠᠷ ᠴᠢᠷᠮᠠᠶᠢᠵᠠᠭᠠᠶ᠎ᠠ︕ |