| ᠬᠤᠶᠠᠷ ᠠᠭᠤᠯᠠ ᠬᠤᠶᠠᠷ ᠴᠡᠴᠡᠷᠯᠢᠭ᠄ ᠬᠤᠩ ᠱᠠᠨ ᠠᠭᠤᠯᠠ᠂ ᠡᠮᠦᠨ᠎ᠡ ᠠᠭᠤᠯᠠ ᠪᠤᠯᠤᠨ ᠴᠢᠶᠤᠤ | ᠪᠸᠢ ᠶᠢᠨ ᠨᠠᠷᠠᠰᠤᠨ ᠮᠤᠳᠤᠨ ᠴᠡᠴᠡᠷᠯᠢᠭ᠂ ᠬᠠᠶᠢᠯᠠᠷ ᠨᠠᠷᠠᠰᠤᠨ ᠴᠡᠴᠡᠷᠯᠢᠭ᠃ | ᠭᠤᠤᠯ ᠤᠨ ᠳᠠᠷᠤᠭ᠎ᠠ ᠶᠢᠨ ᠳᠦᠷᠢᠮ᠄ ᠡᠯ᠎ᠡ ᠱᠠᠲᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ︽ | ᠭᠤᠤᠯ ᠤᠨ ᠳᠠᠷᠤᠭ᠎ᠠ︾ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ᠂ | ᠤᠰᠤᠨ ᠤ ᠪᠤᠵᠠᠷᠳᠤᠯ ᠢ ᠰᠡᠷᠭᠡᠶᠢᠯᠡᠨ ᠵᠠᠰᠠᠬᠤ᠂ ᠤᠰᠤᠨ ᠤ ᠤᠷᠴᠢᠨ ᠲᠤᠭᠤᠷᠢᠨ ᠢ ᠰᠠᠶᠢᠵᠢᠷᠠᠭᠤᠯᠬᠤ᠂ ᠤᠰᠤᠨ ᠤ | ᠠᠮᠢ ᠠᠬᠤᠢ ᠶᠢ ᠰᠡᠷᠭᠦᠭᠡᠬᠦ ᠪᠠᠷ ᠭᠤᠤᠯ ᠡᠭᠦᠷᠭᠡ ᠪᠤᠯᠭᠠᠭᠰᠠᠨ ᠭᠤᠤᠯ ᠮᠦᠷᠡᠨ ᠢ ᠬᠠᠮᠢᠶᠠᠷᠬᠤ ᠪᠠ ᠬᠠᠮᠠᠭᠠᠯᠠᠬᠤ | ᠠᠵᠢᠯ ᠢ ᠬᠠᠷᠢᠭᠤᠴᠠᠨ᠂ ᠵᠤᠬᠢᠶᠠᠨ ᠪᠠᠶᠢᠭᠤᠯᠵᠤ᠂ ᠤᠳᠤᠷᠢᠳᠤᠨ᠎ᠠ᠃ | ︽ᠪᠠᠭᠤᠯᠭᠠᠵᠤ᠂ ᠬᠠᠮᠢᠶᠠᠷᠬᠤ᠂ ᠦᠢᠯᠡᠴᠢᠯᠡᠭᠡᠨ︾ ᠤ ᠦᠭᠡᠷᠡᠴᠢᠯᠡᠯᠲᠡ᠄ ᠵᠠᠰᠠᠭ ᠢ ᠴᠤᠮᠬᠠᠳᠬᠠᠨ | ᠡᠷᠬᠡ ᠶᠢ ᠳᠤᠷᠤᠭᠰᠢ ᠪᠠᠭᠤᠯᠭᠠᠵᠤ᠂ ᠪᠠᠭᠤᠯᠠᠭᠠᠬᠤ ᠬᠠᠮᠢᠶᠠᠷᠬᠤ ᠶᠢ ᠤᠶᠠᠯᠳᠤᠭᠤᠯᠤᠨ᠂ ᠦᠢᠯᠡᠴᠢᠯᠡᠭᠡ ᠶᠢ | ᠰᠢᠯᠢᠳᠡᠭᠵᠢᠭᠦᠯᠬᠦ᠃ | ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠨᠡᠶᠢᠲᠡᠯᠡᠬᠦ᠄ ᠪᠠᠶᠢᠴᠠᠭᠠᠭᠳᠠᠬᠤ ᠡᠲᠡᠭᠡᠳ ᠢ ᠲᠠᠰᠢᠷᠠᠮ ᠢᠶᠠᠷ | ᠰᠤᠩᠭᠤᠵᠤ᠂ ᠬᠠᠤᠯᠢ ᠬᠡᠷᠡᠭᠵᠢᠭᠦᠯᠬᠦ ᠪᠠᠶᠢᠴᠠᠭᠠᠭᠴᠢ ᠶᠢ ᠲᠠᠰᠢᠷᠠᠮ ᠢᠶᠠᠷ ᠰᠤᠩᠭᠤᠨ ᠲᠤᠮᠢᠯᠠᠵᠤ᠂ ᠰᠤᠩᠭᠤᠨ | ᠪᠠᠶᠢᠴᠠᠭᠠᠭᠰᠠᠨ ᠪᠠᠶᠢᠳᠠᠯ ᠪᠤᠯᠤᠨ ᠦᠷ᠎ᠡ ᠳ᠋ᠦᠩ ᠢ ᠢᠯᠡ ᠨᠡᠶᠢᠲᠡᠯᠡᠨ᠎ᠡ᠃ | ᠤᠯᠠᠨ ᠦᠨᠡᠮᠯᠡᠯ ᠢ ᠨᠢᠭᠡᠳᠬᠡᠨ᠂ ᠨᠢᠭᠡ ᠦᠨᠡᠮᠯᠡᠯ ᠳᠤ ᠨᠢᠭᠡ ᠳ᠋ᠤᠭᠠᠷ᠄ ᠦᠢᠯᠡᠳᠪᠦᠷᠢ ᠬᠤᠳᠠᠯᠳᠤᠭᠠᠨ ᠤ | ᠡᠵᠡᠩᠨᠡᠯᠲᠡ ᠶᠢᠨ ᠦᠨᠡᠮᠯᠡᠯ᠂ ᠵᠤᠬᠢᠶᠠᠨ ᠪᠠᠶᠢᠭᠤᠯᠤᠯᠲᠠ ᠶᠢᠨ ᠲᠦᠯᠦᠭᠡᠨ ᠤ ᠦᠨᠡᠮᠯᠡᠯ᠂ ᠭᠠᠶᠢᠯᠢ ᠶᠢᠨ ᠶᠠᠪᠤᠳᠠᠯ ᠤᠨ | ᠳᠠᠩᠰᠠᠯᠠᠯᠲᠠ ᠶᠢᠨ ᠲᠦᠯᠦᠭᠡᠨ ᠤ ᠦᠨᠡᠮᠯᠡᠯ ︽ᠭᠤᠷᠪᠠ ᠶᠢ ᠨᠢᠭᠡᠳᠬᠡᠨ︾ ᠳᠠᠩᠰᠠᠯᠠᠬᠤ ᠳᠦᠷᠢᠮ ᠤᠨ | ᠦᠭᠡᠷᠡᠴᠢᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠨᠡᠶᠢᠭᠡᠮ ᠤᠨ ᠳᠠᠭᠠᠳᠬᠠᠯ ᠤᠨ | ᠳᠠᠩᠰᠠᠯᠠᠯᠲᠠ ᠶᠢᠨ ᠦᠨᠡᠮᠯᠡᠯ᠂ ᠪᠦᠷᠢᠳᠬᠡᠯ ᠤᠨ ᠳᠠᠩᠰᠠᠯᠯᠠᠲᠠ ᠶᠢᠨ ᠦᠨᠡᠮᠯᠡᠯ ᠵᠡᠷᠭᠡ ᠬᠠᠮᠢᠶ᠎ᠠ ᠪᠦᠬᠦᠢ ᠤᠯᠠᠨ | ᠦᠨᠡᠮᠯᠡᠯ ᠢ ᠤᠯᠠᠮ ᠨᠢᠭᠡ ᠠᠯᠬᠤᠮ ᠨᠢᠭᠡᠳᠬᠡᠵᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠠᠭ᠎ᠠ | ᠮᠦᠴᠢᠷ ᠠᠴᠠ ᠨᠢᠭᠡ ᠡᠵᠡᠩᠨᠡᠯᠲᠡ ᠶᠢᠨ ᠦᠨᠡᠮᠯᠡᠯ᠂ ᠨᠢᠭᠡ ᠨᠡᠶᠢᠭᠡᠮ ᠤᠨ ᠢᠲᠡᠭᠡᠮᠵᠢ ᠶᠢᠨ ᠲᠦᠯᠦᠭᠡᠨ ᠤ ᠳ᠋ᠤᠭᠠᠷ ᠢ | ᠬᠢᠨᠠᠨ ᠲᠠᠷᠬᠠᠭᠠᠨ᠎ᠠ᠃ | ᠡᠮ ᠤᠨ ᠵᠦᠢᠯ ᠬᠤᠳᠠᠯᠳᠤᠨ ᠠᠪᠬᠤ ︽ᠬᠤᠶᠠᠷ ᠪᠠᠷᠢᠮᠲᠠ ᠶᠢᠨ ᠳᠦᠷᠢᠮ︾᠄ ᠡᠮ ᠤᠨ ᠵᠦᠢᠯ ᠳᠤ | ᠦᠢᠯᠡᠳᠪᠦᠷᠢᠯᠡᠯ ᠠᠴᠠ ᠡᠵᠡᠩᠨᠡᠯᠲᠡ ᠶᠢᠨ ᠠᠵᠤ ᠠᠬᠤᠶᠢᠯᠠᠯ ᠳᠤ ᠬᠦᠷᠬᠦ ᠳᠤ ᠨᠢᠭᠡ ᠪᠠᠷᠢᠮᠲᠠ ᠬᠢᠵᠦ᠂ | ᠡᠵᠡᠩᠨᠡᠯᠲᠡ ᠶᠢᠨ ᠠᠵᠤ ᠠᠬᠤᠶᠢᠯᠠᠯ ᠠᠴᠠ ᠡᠮᠴᠢᠯᠡᠭᠡᠨ ᠤ ᠪᠠᠶᠢᠭᠤᠯᠤᠮᠵᠢ ᠳᠤ ᠬᠦᠷᠬᠦ ᠳᠤ ᠨᠢᠭᠡ ᠪᠠᠷᠢᠮᠲᠠ ᠬᠢᠨ᠎ᠡ᠃ | ᠠᠶᠦᠯᠭᠦᠢ ᠦᠢᠯᠡᠳᠪᠦᠷᠢᠯᠡᠯ ᠤᠨ 1+8 ᠳᠦᠷᠢᠮ ᠤᠨ ᠰᠢᠰᠲ᠋ᠧᠮ᠄ 1 ᠶᠡᠷᠦᠩᠬᠡᠢ ᠴᠤᠭᠴᠠ ᠶᠢᠨ | ᠨᠠᠶᠢᠳᠠᠪᠤᠷᠢᠵᠢᠭᠤᠯᠬᠤ ᠲᠦᠰᠦᠯ ᠪᠠ 8 ᠲᠦᠷᠦᠯ ᠤᠨ ᠢᠵᠢ ᠪᠦᠷᠢᠳᠦᠭᠰᠡᠨ ᠳᠦᠷᠢᠮ᠃ ᠶᠡᠷᠦᠩᠬᠡᠢ ᠴᠤᠭᠴᠠ ᠶᠢᠨ | ᠨᠠᠶᠢᠳᠠᠪᠤᠷᠢᠵᠢᠭᠤᠯᠬᠤ ᠲᠦᠰᠦᠯ ᠪᠤᠯ᠄ ︽ᠠᠶᠦᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠨ ᠨᠠᠶᠢᠳᠠᠪᠤᠷᠢᠵᠢᠭᠤᠯᠬᠤ ᠲᠦᠰᠦᠯ︾︔ 8 ᠲᠦᠷᠦᠯ ᠤᠨ ᠢᠵᠢ ᠪᠦᠷᠢᠳᠦᠭᠰᠡᠨ ᠳᠦᠷᠢᠮ ᠨᠢ ᠲᠤᠰᠪᠤᠷᠢ | ᠄ ︽ᠠᠶᠦᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ︾᠂ ︽ᠠᠶᠦᠯᠭᠦᠢ | ᠦᠢᠯᠡᠳᠪᠦᠷᠢᠯᠡᠯ ᠤᠨ ᠡᠳᠦᠷ ᠤᠨ ᠪᠠᠶᠢᠴᠠᠭᠠᠯᠲᠠ᠂ ᠰᠠᠷ᠎ᠠ ᠶᠢᠨ ᠲᠤᠬᠢᠷᠠᠭᠤᠯᠤᠯᠲᠠ᠂ ᠤᠯᠠᠷᠢᠯ ᠤᠨ ᠵᠠᠳᠠᠯᠤᠯᠲᠠ᠂ | ᠤᠨ ᠤ ᠳ᠋ᠦᠩᠨᠡᠯᠲᠡ ᠶᠢᠨ ᠳᠦᠷᠢᠮ︾᠂ ︽ᠠᠶᠦᠯᠭᠦᠢ ᠦᠢᠯᠡᠳᠪᠦᠷᠢᠯᠡᠯ ᠤᠨ ᠢᠯᠡᠴᠢᠯᠡᠨ ᠵᠠᠭᠠᠯᠳᠤᠬᠤ᠂ ᠱᠠᠩᠨᠠᠨ | ᠵᠤᠷᠢᠭᠵᠢᠭᠤᠯᠬᠤ ᠠᠷᠭ᠎ᠠ ᠬᠡᠮᠵᠢᠶ᠎ᠡ ︵ᠲᠤᠷᠰᠢᠨ ᠬᠡᠷᠡᠭᠯᠡᠬᠦ︶︾᠂ ︽ᠠᠶᠦᠯᠭᠦᠢ ᠦᠢᠯᠡᠳᠪᠦᠷᠢᠯᠡᠯ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠲᠦᠰᠦᠯ︾᠂ ︽ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ | ᠠᠶᠦᠯᠭᠦᠢ ᠦᠢᠯᠡᠳᠪᠦᠷᠢᠯᠡᠯ ᠤᠨ ︿ᠬᠠᠷ᠎ᠠ ᠳᠠᠩᠰᠠ﹀ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ︾᠂ ︽ᠠᠶᠦᠯᠭᠦᠢ | ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠢ ᠤᠷᠢᠨ ᠬᠡᠷᠡᠭᠯᠡᠬᠦ ᠠᠷᠭ᠎ᠠ ᠬᠡᠮᠵᠢᠶ᠎ᠡ︾᠂ ︽ᠠᠶᠦᠯᠭᠦᠢ | ᠦᠢᠯᠡᠳᠪᠦᠷᠢᠯᠡᠯ ᠤᠨ ᠴᠢᠮᠡᠭᠡᠯᠡᠭᠴᠢ ᠶᠢᠨ ᠳᠦᠷᠢᠮ︾᠂ ︽ᠠᠶᠦᠯᠭᠦᠢ ᠦᠢᠯᠡᠳᠪᠦᠷᠢᠯᠡᠯ ᠤᠨ ᠢᠯᠡᠴᠢᠯᠡᠬᠦ ᠠᠵᠢᠯ ᠤᠨ | ᠳᠦᠷᠢᠮ︾᠃ | ᠭᠤᠷᠪᠠ ᠶᠢ ᠠᠳᠠᠯᠢᠳᠬᠠᠨ ᠨᠢᠭᠡ ᠶᠢ ᠴᠡᠭᠴᠡᠯᠡᠬᠦ᠄ ᠪᠤᠳᠠᠲᠠᠢ ᠠᠵᠢᠯ ᠬᠢᠵᠦ᠂ ᠵᠤᠷᠢᠭᠲᠠᠢ ᠡᠭᠦᠷᠭᠡᠯᠡᠨ᠂ | ᠵᠤᠷᠢᠭᠤᠯᠬᠤ ᠶᠢ ᠠᠳᠠᠯᠢᠳᠬᠠᠨ᠂ ︽ᠠᠰᠢᠭ ᠯᠨ ᠦᠵᠡᠪᠡᠯ ᠰᠢᠨᠤᠬᠤ︾ ᠬᠡᠯᠪᠡᠷᠢ ᠶᠢᠨ ᠢᠯᠵᠢᠷᠠᠯ ᠢ ᠴᠡᠭᠴᠡᠯᠡᠨ | ᠵᠠᠰᠠᠨ᠎ᠠ᠃ | ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ᠄ ᠴᠢᠬᠤᠯᠠ ᠶᠡᠭᠡ ᠠᠶᠤᠯ ᠲᠦᠭᠰᠢᠭᠦᠷᠢ ᠶᠢ | ᠨᠠᠮᠬᠠᠳᠬᠠᠨ ᠰᠢᠢᠳᠪᠦᠷᠢᠯᠡᠬᠦ᠂ ᠤᠨᠤᠴᠠᠲᠠᠢ ᠪᠠᠷ ᠶᠠᠳᠠᠭᠤ ᠶᠢ ᠳᠡᠳᠬᠦᠬᠦ᠂ ᠪᠤᠬᠢᠷᠳᠤᠯ ᠢ ᠰᠡᠷᠭᠡᠶᠢᠯᠡᠨ ᠵᠠᠰᠠᠬᠤ | ᠪᠤᠭᠤᠮᠲᠠ ᠰᠢᠪᠲᠤᠯᠬᠤ ᠳᠠᠶᠢᠯᠯᠠᠳᠤᠭᠠᠨ᠃ | ᠨᠢᠭᠡ ᠲᠤᠭᠤᠷᠢᠭ ᠬᠤᠶᠠᠷ ᠭᠦᠷᠢᠶᠡᠯᠡᠩ᠄ ᠨᠢᠭᠡ ᠲᠤᠭᠤᠷᠢᠭ ᠪᠤᠯ ᠶᠡᠷᠦᠩᠬᠡᠶᠢᠯᠡᠭᠰᠡᠨ ᠭᠠᠶᠢᠯᠢ ᠶᠢ ᠪᠠᠲᠤᠯᠠᠬᠤ | ᠬᠦᠷᠢᠶᠡᠯᠡᠩ ᠲᠤᠭᠤᠷᠢᠭ᠂ ︽ᠬᠤᠶᠠᠷ ᠭᠦᠷᠢᠶᠡᠯᠡᠩ︾ ᠪᠤᠯ ᠭᠠᠶᠢᠯᠢ ᠶᠢ ᠪᠠᠲᠤᠯᠠᠬᠤ ᠪᠠᠷᠠᠭᠠᠨ ᠭᠦᠢᠯᠭᠡᠭᠡᠨ ᠤ ᠲᠦᠪ | ᠪᠤᠯᠤᠨ ᠬᠤᠩ ᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ᠃ | ᠠᠭᠠᠷ ᠢ ᠴᠡᠪᠡᠷᠰᠢᠭᠦᠯᠬᠦ ᠠᠷᠪᠠᠨ ᠵᠤᠷᠪᠤᠰ᠂ ᠤᠰᠤ ᠶᠢ ᠴᠡᠪᠡᠷᠰᠢᠭᠦᠯᠬᠦ ᠠᠷᠪᠠᠨ ᠵᠤᠷᠪᠤᠰ᠂ ᠭᠦᠷᠦᠰᠦ | ᠰᠢᠷᠦᠢ ᠶᠢ ᠬᠠᠮᠠᠭᠠᠯᠠᠬᠤ ᠠᠷᠪᠠᠨ ᠵᠤᠷᠪᠤᠰ᠄ ︽ᠠᠭᠠᠷ ᠢ ᠴᠡᠪᠡᠷᠰᠢᠭᠦᠯᠬᠦ ᠠᠷᠪᠠᠨ ᠵᠤᠷᠪᠤᠰ︾ ᠪᠤᠯ ︽ᠠᠭᠠᠷ | ᠮᠠᠨᠳᠡᠯ ᠤᠨ ᠪᠤᠵᠠᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠦᠪᠵᠢᠭᠦᠯᠭᠡ︾ ︵ᠲᠦᠷᠦ ᠲᠠᠷᠬᠠᠭᠠᠭᠰᠠᠨ ﹇ | 2013﹈ 37 ᠲᠤᠭᠠᠲᠤ︶ ᠶᠢ ᠵᠢᠭᠠᠵᠤ ᠪᠤᠢ︔ ︽ᠤᠰᠤ ᠶᠢ ᠴᠡᠪᠡᠷᠰᠢᠭᠦᠯᠬᠦ ᠠᠷᠪᠠᠨ ᠵᠤᠷᠪᠤᠰ︾ ᠨᠢ ︽ | ᠤᠰᠤᠨ ᠤ ᠪᠤᠵᠠᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠦᠪᠵᠢᠭᠦᠯᠭᠡ︾ ︵﹇2015﹈ 17 ᠲᠤᠭᠠᠲᠤ | ︶ ᠶᠢ ᠵᠢᠭᠠᠵᠤ ᠪᠠᠶᠢᠨ᠎ᠠ︔ ︽ᠭᠦᠷᠦᠰᠦ ᠰᠢᠷᠦᠢ ᠶᠢ ᠬᠠᠮᠠᠭᠠᠯᠠᠬᠤ ᠠᠷᠪᠠᠨ ᠵᠤᠷᠪᠤᠰ︾ ᠪᠤᠯ ︽ᠬᠦᠷᠦᠰᠦ ᠰᠢᠷᠦᠢ | ᠶᠢᠨ ᠪᠤᠬᠢᠷᠳᠦᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠦᠪᠵᠢᠭᠦᠯᠭᠡ︾ ︵ᠲᠦᠷᠦ ᠲᠠᠷᠬᠠᠭᠠᠭᠰᠠᠨ ﹇2016﹈ | 31 ᠲᠤᠭᠠᠲᠤ︶ ᠶᠢ ᠵᠢᠭᠠᠵᠤ ᠪᠤᠢ᠃ | | |